ᠡᠨᠡ ᠵᠢᠯ ᠤᠨ 5 ᠰᠠᠷ᠎ᠠ ᠶᠢᠨ 21 ᠤ ᠡᠳᠤᠷ ᠪᠤᠯ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠠᠴᠠ | ᠳᠤᠬᠳᠠᠭᠠᠬᠰᠠᠨ ᠠᠩᠬᠠᠳᠠᠬᠢ ︽ᠤᠯᠠᠨ ᠤᠯᠤᠰ ᠤᠨ ᠴᠠᠢ ᠶᠢᠨ ᠡᠳᠤᠷ︾ ᠪᠤᠯᠤᠨ᠎ᠠ᠃ ᠤᠯᠤᠰ ᠤᠨ ᠳᠡᠷᠢᠬᠦᠯᠡᠭᠴᠢ | ᠰᠢ ᠶᠢᠨ ᠫᠢᠩ ︽ᠤᠯᠠᠨ ᠤᠯᠤᠰ ᠤᠨ ᠴᠠᠢ ᠶᠢᠨ ᠡᠳᠦᠷ︾ ᠤᠨ ᠰᠢᠷᠢᠰ ᠠᠵᠢᠯᠯᠠᠭ᠎ᠠ ᠳᠤ ᠵᠠᠬᠢᠳᠠᠯ ᠢᠯᠡᠬᠡᠵᠥ | ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠴᠠᠢ ᠪᠤᠯ ᠳᠤᠮᠳᠠᠳᠤ ᠤᠯᠤᠰ ᠠᠴᠠ ᠢᠷᠡᠯᠳᠡ ᠲᠠᠢ ᠪᠠᠶᠢᠵᠤ᠂ ᠳᠠᠯᠠᠬᠡᠢ ᠳ᠋ᠠᠬᠢᠨ ᠳᠤ | ᠳᠡᠯᠬᠡᠷᠡᠭᠰᠡᠨ ᠶᠤᠮ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠠᠴᠠ ︽ᠤᠯᠠᠨ ᠤᠯᠤᠰ ᠤᠨ ᠴᠠᠢ ᠶᠢᠨ | ᠡᠳᠦᠷ︾ ᠢ ᠭᠠᠷᠭᠠᠬᠰᠠᠨ ᠨᠢ ᠳᠡᠯᠡᠬᠡᠢ ᠨᠡᠶᠢᠳᠡ ᠶᠢᠨ ᠬᠢᠨ ᠴᠠᠢ ᠶᠢᠨ ᠦᠨ᠎ᠡ ᠦᠷᠳᠡᠭ ᠢ ᠮᠡᠳᠡᠷᠡᠨ ᠴᠢᠬᠤᠯᠠᠴᠢᠯᠠᠵᠥ | ᠪᠠᠶᠢᠬᠤ ᠶᠢ ᠬᠠᠷᠠᠭᠤᠯᠵᠥ᠂ ᠴᠠᠢ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ᠂ ᠴᠠᠢ ᠶᠢᠨ ᠰᠤᠶᠤᠯ ᠢ | ᠪᠠᠳᠠᠷᠠᠭᠤᠯᠤᠨ ᠴᠡᠴᠡᠭᠯᠡᠬᠦᠯᠬᠦ ᠳᠤ ᠶᠡᠬᠡᠬᠡᠨ ᠠᠴᠢ ᠬᠤᠯᠪᠤᠬᠳᠠᠯ ᠲᠠᠢ᠃ ᠴᠠᠢ ᠶᠢᠨ ᠦᠢᠯᠡᠳᠪᠦᠷᠢᠯᠡᠯ ᠪᠠ | ᠬᠡᠷᠡᠭᠯᠡᠭᠡ ᠶᠢᠨ ᠳᠤᠮᠤ ᠤᠯᠤᠰ ᠪᠤᠯᠤᠬᠰᠠᠨ ᠤ ᠬᠤᠪᠢ ᠳᠤ᠂ ᠳᠤᠮᠳᠠᠳᠤ ᠤᠯᠤᠰ ᠳᠤᠷᠠᠳᠠᠶ᠎ᠠ ᠡᠯ᠎ᠡ | ᠳᠠᠯ᠎ᠠ ᠶᠢᠨ ᠬᠢᠨ ᠲᠠᠢ ᠬᠠᠮᠳᠤ ᠪᠠᠷ ᠪᠦᠬᠦ ᠳᠡᠯᠡᠬᠡᠢ ᠶᠢᠨ ᠴᠠᠢ ᠶᠢᠨ ᠠᠵᠥ ᠦᠢᠯᠡᠰ ᠤᠨ ᠦᠷᠬᠦᠯᠵᠢᠯᠡᠨ ᠡᠷᠡᠬᠦᠯ ᠢᠶᠠᠷ | ᠬᠦᠭᠵᠢᠬᠦ ᠶᠢ ᠠᠬᠢᠭᠤᠯᠵᠥ᠂ ᠴᠠᠢ ᠶᠢᠨ ᠰᠤᠶᠤᠯ ᠤᠨ ᠠᠭᠤᠰᠤᠯᠴᠠᠯ ᠬᠢᠬᠡᠳ ᠬᠠᠷᠢᠯᠴᠠᠨ ᠳᠤᠯᠢᠳᠠᠯ ᠢ | ᠬᠦᠨᠵᠡᠬᠡᠶᠢᠷᠡᠬᠦᠯᠤᠨ᠂ ᠨᠡᠩ ᠤᠯᠠᠨ ᠬᠦᠮᠦᠰ ᠲᠤ ᠴᠠᠢ ᠤᠮᠳᠠᠭᠠᠨ ᠢ ᠦᠢᠯᠠᠭᠠᠭᠤᠯᠤᠨ ᠴᠠᠢ ᠳᠤ ᠳᠤᠷᠠᠳᠠᠢ ᠪᠤᠯᠭᠠᠵᠤ᠂ | ᠴᠠᠢ ᠶᠢᠨ ᠦᠨᠦᠷ ᠠᠮᠳᠠ ᠶᠢ ᠬᠠᠮᠳᠤ ᠪᠠᠷ ᠠᠮᠳᠠᠯᠠᠨ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠡᠳ᠋ᠯᠡᠨ᠎ᠡ ᠬᠡᠵᠥ | ᠵᠢᠭᠠᠵᠥ ᠭᠠᠷᠭᠠᠪᠠ᠃ | ᠴᠠᠢ ᠪᠤᠯ ᠳᠡᠯᠡᠬᠡᠢ ᠶᠢᠨ ᠭᠤᠷᠪᠠᠨ ᠶᠡᠭᠡ ᠤᠮᠳᠠᠭᠠᠨ ᠤ ᠨᠢᠬᠡ ᠮᠦᠨ᠂ ᠪᠦᠬᠦ ᠳᠡᠯᠡᠬᠡᠢ ᠶᠢᠨ ᠴᠠᠢ ᠭᠠᠷᠳᠠᠬ | ᠤᠯᠤᠰ ᠪᠠ ᠭᠠᠵᠠᠷ ᠤᠷᠤᠨ 60 ᠭᠠᠷᠤᠢ ᠪᠠᠶᠢᠵᠥ᠂ ᠴᠠᠢ ᠤᠤᠭᠤᠳᠠᠭ ᠬᠦᠮᠦᠨ 20 ᠳ᠋ᠦᠩᠰᠢᠭᠤᠷ ᠢ ᠳᠠᠪᠠᠵᠤ ᠪᠤᠢ᠃ | ᠴᠠᠢ ᠶᠢᠨ ᠠᠵᠥ ᠠᠬᠤᠢ ᠶᠢᠨ ᠦᠨ᠎ᠠ ᠦᠷᠳᠡᠭ᠂ ᠨᠡᠶᠢᠬᠡᠮ ᠪᠠ ᠰᠤᠶᠤᠯ ᠤᠨ ᠦᠨ᠎ᠡ ᠦᠷᠳᠡᠭ ᠢ ᠮᠠᠬᠳᠠᠨ | ᠰᠠᠶᠢᠰᠢᠶᠠᠵᠥ᠂ ᠪᠦᠬᠦ ᠳᠡᠯᠡᠬᠡᠢ ᠶᠢᠨ ᠬᠦᠳᠡᠭᠡ ᠠᠵᠥ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ | ᠲᠦᠯᠦᠭᠡ᠂ 2019 ᠤᠨ ᠤ 12 ᠰᠠᠷ᠎ᠠ ᠳᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ | ᠬᠤᠷᠠᠯ ᠠᠴᠠ ᠵᠢᠯ ᠪᠦᠷᠢ ᠶᠢᠨ 5 ᠰᠠᠷ᠎ᠠ ᠶᠢᠨ 21 ᠤ ᠡᠳᠤᠷ ᠢ ︽ᠤᠯᠠᠨ ᠤᠯᠤᠰ ᠤᠨ ᠴᠠᠢ ᠶᠢᠨ ᠡᠳᠦᠷ︾ ᠢᠶᠠᠷ | ᠳᠤᠭᠳᠠᠭᠠᠪᠠ᠃ ᠡᠨᠡ ᠵᠢᠯ ᠤᠨ ︽ᠤᠯᠠᠨ ᠤᠯᠤᠰ ᠤᠨ ᠴᠠᠢ ᠶᠢᠨ ᠡᠳᠤᠷ︾ ᠤᠨ ᠬᠤᠭᠤᠴᠠᠭᠠᠨ ᠳᠤ᠂ ᠮᠠᠨ ᠤ | ᠤᠯᠤᠰ ᠤᠨ ᠬᠦᠳᠡᠭᠡ ᠠᠵᠥ ᠠᠬᠤᠢ ᠬᠦᠳᠡᠭᠡ ᠳᠤᠰᠬᠤᠨ ᠤ ᠶᠠᠮᠤᠨ ᠬᠢᠬᠡᠳ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ᠠᠮᠤ ᠪᠤᠳᠠᠭ᠎ᠠ ᠳᠠᠷᠢᠶᠠᠯᠠᠩ ᠤᠨ ᠵᠤᠬᠢᠶᠠᠨ ᠪᠠᠶᠢᠭᠤᠯᠤᠯᠳᠠ᠂ ᠵᠧᠵᠢᠶᠠᠩ ᠮᠤᠵᠢ ᠶᠢᠨ ᠵᠠᠰᠠᠬ ᠤᠨ | ᠤᠷᠳᠤᠨ ᠨᠢ ︽ᠴᠠᠢ ᠪᠠ ᠳᠡᠯᠡᠬᠡᠢ ᠶᠢᠷᠲᠢᠨᠴᠤ ᠬᠠᠮᠳᠤ ᠪᠠᠷ ᠠᠮᠳᠠᠯᠠᠵᠤ ᠬᠠᠮᠳᠤ ᠪᠠᠷ ᠡᠳ᠋ᠯᠡᠶ᠎ᠡ︾ ᠬᠡᠳᠡᠭ ᠢᠶᠠᠷ ᠭᠤᠤᠯ | ᠰᠡᠳᠦᠪ ᠢᠶᠠᠨ ᠪᠤᠯᠭᠠᠵᠥ᠂ ᠰᠦᠯᠵᠢᠶ᠎ᠡ ᠪᠠᠷ ᠳᠠᠮᠵᠢᠨ ᠰᠢᠷᠢᠰ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ | ᠦᠷᠨᠢᠬᠦᠯᠦᠭᠰᠡᠨ ᠪᠠᠶᠢᠨ᠎ᠠ᠃ |