ᠰᠢ ᠶᠢᠨ ᠫᠢᠩ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-22
   ᠤᠯᠤᠰ ᠤᠨ ᠳᠡᠷᠢᠬᠦᠯᠡᠭᠴᠢ ᠰᠢ ᠶᠢᠨ ᠫᠢᠩ 5 ᠰᠠᠷ᠎ᠠ ᠶᠢᠨ 20 ᠤ ᠤᠷᠤᠢ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠳᠤᠮᠳᠠᠳᠤ ᠤᠯᠤᠰ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠬᠦ ᠵᠠᠩᠬᠢᠯᠠᠭ᠎ᠠ ᠶᠢᠨ ᠦᠶ᠎ᠡ ᠳᠤ ᠪᠧᠩᠭᠠᠯ ᠤᠯᠤᠰ ᠤᠨ ᠨᠡᠶᠢᠬᠡᠮ ᠤᠨ ᠡᠯ᠎ᠡ ᠡᠳᠡᠬᠡᠳ ᠤᠨ ᠬᠢᠨ ᠠᠳᠠᠯᠢ ᠪᠤᠰᠤ ᠠᠷᠭ᠎ᠠ ᠬᠡᠯᠪᠡᠷᠢ ᠪᠠᠷ ᠳᠤᠮᠳᠠᠳᠤ ᠤᠯᠤᠰ ᠢ ᠳᠡᠮᠵᠢᠵᠥ᠂ ᠪᠧᠩᠭᠠᠯ ᠤᠯᠤᠰ ᠤᠨ ᠠᠷᠠᠳ ᠳᠦᠮᠡᠨ ᠤ ᠳᠤᠮᠳᠠᠳᠤ ᠤᠯᠤᠰ ᠤᠨ ᠠᠷᠠᠳ ᠳᠦᠮᠡᠨ ᠯᠦᠭᠡ ᠶᠢᠨ ᠭᠦᠨ ᠨᠦᠬᠦᠷᠯᠡᠯ ᠢ ᠢᠯᠡᠷᠡᠬᠦᠯᠪᠡ᠃ ᠤᠳᠤᠬᠠᠨ ᠳᠤ ᠡᠮᠤᠨᠡᠳᠤ ᠠᠽᠢᠶ᠎ᠠ ᠶᠢᠨ ᠭᠠᠵᠠᠷ ᠤᠷᠤᠨ ᠳᠤ ᠬᠢᠵᠢᠭ ᠤᠨ ᠪᠠᠶᠢᠳᠠᠯ ᠦᠷᠪᠢᠰᠤᠨ ᠳᠡᠯᠬᠡᠷᠡᠵᠥ᠂ ᠰᠡᠷᠬᠡᠶᠢᠯᠡᠨ ᠡᠵᠡᠮᠳᠡᠬᠦ ᠡᠬᠦᠷᠬᠡ ᠮᠦᠨ ᠬᠦ ᠪᠡᠷᠬᠡ ᠬᠠᠳᠠᠭᠤᠵᠢᠯᠳᠠᠢ ᠪᠠᠶᠢᠨ᠎ᠠ᠃ ᠳᠤᠮᠳᠠᠳᠤ ᠤᠯᠤᠰ ᠪᠧᠩᠭᠠᠯ ᠤᠨ ᠬᠢᠨ ᠤ ᠱᠠᠭᠠᠷᠳᠠᠯᠭ᠎ᠠ ᠶᠢ ᠦᠨᠳᠦᠰᠦᠯᠡᠨ᠂ ᠦᠷᠬᠦᠯᠵᠢᠯᠡᠨ ᠪᠧᠩᠭᠠᠯ ᠤᠨ ᠬᠢᠵᠢᠭ ᠲᠠᠢ ᠳᠡᠮᠡᠴᠡᠬᠦ ᠳᠤ ᠡᠷᠡᠰ ᠳᠡᠮᠵᠢᠯᠬᠡ ᠪᠤᠯᠤᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠬᠦᠯᠵᠥ᠂ ᠦᠢᠷ᠎ᠠ ᠶᠢᠨ ᠬᠤᠭᠤᠴᠠᠭᠠᠨ ᠳᠤ ᠪᠧᠩᠭᠠᠯ ᠤᠨ ᠬᠢᠨ ᠳᠤ ᠡᠮᠴᠢᠯᠡᠬᠡᠨ ᠤ ᠳᠤᠰᠬᠠᠢ ᠮᠡᠷᠬᠡᠵᠢᠯᠳᠡᠨ ᠤ ᠳᠤᠭᠤᠢᠢᠯᠠᠩ ᠳᠤᠮᠢᠯᠠᠨ᠎ᠠ᠃ ᠳᠠᠨ ᠤ ᠤᠳᠤᠷᠢᠳᠤᠯᠭ᠎ᠠ ᠳᠤᠤᠷ᠎ᠠ ᠪᠧᠩᠭᠠᠯ ᠤᠯᠤᠰ ᠤᠨ ᠠᠷᠠᠳ ᠳᠦᠮᠡᠨ ᠯᠠᠪᠳᠠᠢ ᠬᠢᠵᠢᠭ ᠤᠨ ᠪᠠᠶᠢᠳᠠᠯ ᠢ ᠡᠷᠳᠡᠬᠡᠨ ᠲᠠᠶᠢᠯᠠᠨ ᠢᠯᠡᠨ᠎ᠠ ᠬᠡᠳᠡᠭ ᠢ ᠪᠢ ᠢᠳᠡᠬᠡᠵᠥ ᠪᠠᠶᠢᠨ᠎ᠠ᠃ ᠪᠧᠩᠭᠠᠯ ᠤᠯᠤᠰ ᠤᠨ ᠵᠠᠰᠠᠬ ᠤᠨ ᠤᠷᠳᠤᠨ ᠠᠴᠠ ᠪᠧᠩᠭᠠᠯ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠬᠡᠳ ᠲᠤ ᠬᠠᠪᠰᠤᠷᠤᠯᠭ᠎ᠠ ᠦᠵᠡᠭᠦᠯᠦᠭᠰᠡᠨ ᠳᠤ ᠳᠠᠯᠠᠷᠠᠬᠵᠥ ᠪᠠᠶᠢᠨ᠎ᠠ᠂ ᠳᠤᠮᠳᠠᠳᠤ ᠤᠯᠤᠰ ᠪᠠᠰᠠ ᠳᠤᠮᠳᠠᠳᠤ ᠳᠤ ᠪᠠᠶᠢᠭ᠎ᠠ ᠪᠧᠩᠭᠠᠯ ᠤᠯᠤᠰ ᠤᠨ ᠠᠷᠠᠳ ᠢᠷᠬᠡᠳ ᠤᠨ ᠠᠮᠢ ᠨᠠᠰᠤᠨ ᠤ ᠠᠮᠤᠷ ᠳᠦᠪᠰᠢᠨ ᠪᠤᠯᠤᠨ ᠪᠠᠶ᠎ᠡ ᠮᠡᠬᠠᠪᠤᠳ ᠤᠨ ᠡᠷᠡᠬᠦᠯ ᠮᠡᠨᠳᠤ ᠶᠢ ᠦᠷᠬᠦᠯᠵᠢᠯᠡᠨ ᠪᠠᠳᠤᠯᠠᠨ᠎ᠠ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠲᠤᠮᠲᠠᠲᠤ ᠤᠯᠤᠰ ᠤᠯᠠᠠ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠬᠠᠷᠰᠢᠯᠠᠬᠤ᠂ ᠪᠦᠬᠦ ᠲᠡᠯᠡᠭᠡᠢ ᠲᠡᠷᠡᠴᠢᠯᠡᠡ ᠦᠷᠭᠡᠡ ᠤᠯᠠᠠ ᠬᠦᠭᠵᠢᠵᠦ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠬᠦ ᠴᠢᠷᠮᠠᠶᠢᠯᠭ᠎ᠠ ᠶᠢ ᠬᠦᠨᠦᠭᠡᠬᠦ ᠠᠵᠢᠯᠯᠠᠭ᠎ᠠ ᠶᠢ ᠡᠰᠡᠷᠭᠦᠴᠡᠨ᠎ᠠ᠃ ᠲᠤᠮᠲᠠᠲᠤ ᠤᠯᠤᠰ ᠲᠤᠷᠠᠲᠠᠶ᠎ᠠ ᠦᠷᠬᠦᠯᠵᠢᠯᠠᠠ ᠪᠧᠩᠭᠠᠯ ᠢ ᠪᠠᠭᠲᠠᠭᠠᠭᠰᠠᠠ ᠲᠡᠯᠡᠭᠡᠢ ᠨᠡᠶᠢᠭᠡᠮ ᠤᠨ ᠬᠢᠨ ᠲᠠᠢ ᠬᠠᠮᠲᠤ ᠪᠠᠷ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠶᠢᠨ ᠤᠲᠤᠷᠢᠳᠬᠤ ᠦᠢᠯᠡᠲᠦᠯ ᠢᠶᠠᠨ ᠪᠠᠲᠠᠷᠠᠭᠤᠯᠬᠤ ᠶᠢ ᠦᠷᠬᠦᠯᠵᠢᠯᠡᠨ ᠲᠡᠮᠵᠢᠵᠦ᠂ ᠤᠯᠠᠠ ᠤᠯᠤᠰ ᠤᠨ ᠬᠤᠯᠪᠤᠭᠠᠯᠠᠠ ᠰᠡᠷᠭᠡᠶᠢᠯᠡᠵᠦ ᠬᠤᠯᠪᠤᠭᠠᠯᠠᠠ ᠡᠵᠡᠮᠲᠡᠬᠦ ᠬᠠᠮᠲᠤᠷᠠᠯᠴᠠᠭ᠎ᠠ ᠶᠢ ᠠᠬᠢᠭᠤᠯᠵᠦ᠂ ᠪᠦᠬᠦ ᠲᠡᠯᠡᠭᠡᠢ ᠶᠢᠨ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠠ ᠭᠡᠵᠦ ᠴᠢᠬᠤᠯᠠᠴᠢᠯᠠᠪᠠ    ᠰᠢ ᠶᠢᠨ ᠫᠢᠩ᠂ ᠲᠤᠮᠲᠠᠲᠤ ᠤᠯᠤᠰ ᠪᠤᠯᠤᠨ ᠪᠧᠩᠭᠠᠯ ᠤᠯᠤᠰ ᠪᠤᠯ ᠤᠯᠠᠮᠵᠢᠯᠠᠯᠲᠦ ᠨᠦᠬᠦᠷᠰᠡᠭ ᠬᠦᠷᠰᠢ ᠮᠦᠠ ᠂ ᠬᠤᠶᠠᠷ ᠲᠠᠯ᠎ᠠ ᠪᠠᠷ ᠢᠶᠠᠨ ᠬᠠᠷᠢᠯᠴᠠᠠ ᠬᠦᠭᠵᠢᠯᠲᠠ ᠶᠢᠨ ᠴᠢᠬᠤᠯᠠ ᠬᠠᠨᠢᠲᠠᠠ ᠪᠤᠯᠤᠨ᠎ᠠ᠃ ᠬᠤᠶᠠᠷ ᠲᠠᠯ᠎ᠠ ᠪᠠᠷ ᠢᠶᠠᠨ ᠲᠤᠮᠲᠠᠲᠤ ᠪᠧᠩᠭᠠᠯ ᠤᠨ ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ ᠬᠠᠷᠢᠯᠴᠠᠭ᠎ᠠ ᠪᠠᠨ ᠪᠠᠬᠢᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠬᠦᠨᠵᠡᠭᠡᠶᠢᠷᠡᠭᠦᠯᠪᠠᠯ ᠵᠤᠬᠢᠨ᠎ᠠ᠃ ᠲᠤᠮᠲᠠᠲᠤ ᠤᠯᠤᠰ ᠤᠨ ᠬᠢᠨ ᠲᠤᠷᠠᠲᠠᠶ᠎ᠠ ᠪᠧᠩᠭᠠᠯ ᠤᠨ ᠬᠢᠨ ᠲᠠᠢ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ ᠢ ᠪᠠᠲᠤᠯᠠᠬᠤ ᠤᠷᠢᠲᠠᠯ ᠲᠤᠤᠷ᠎ᠠ᠂ ᠠᠯᠬᠤᠮ ᠠᠯᠬᠤᠮ ᠢᠶᠠᠷ ᠠᠰᠢᠭᠲᠠᠢ ᠨᠦᠬᠦᠴᠡᠯ ᠢ ᠡᠭᠦᠳᠴᠤ᠂ ᠭᠤᠤᠯᠲᠠᠯᠭ᠎ᠠ ᠲᠠᠢ ᠬᠠᠮᠲᠤᠷᠠᠯᠴᠠᠭ᠎ᠠ ᠶᠢᠨ ᠲᠦᠷᠦᠯ ᠵᠦᠢᠯ ᠤᠨ ᠭᠡᠷᠡᠭᠵᠢᠭᠦᠯᠤᠯᠳᠡ ᠶᠢ ᠰᠡᠷᠭᠦᠭᠡᠡ᠂ ᠠᠵᠦ ᠦᠢᠯᠡᠰ ᠤᠨ ᠬᠡᠯᠬᠢᠶ᠎ᠠ᠂ ᠬᠠᠩᠭᠠᠯᠭ᠎ᠠ ᠶᠢᠨ ᠬᠡᠯᠬᠢᠶ᠎ᠠ ᠶᠢᠨ ᠲᠤᠭᠲᠠᠭᠤᠨ ᠪᠠᠶᠢᠲᠠᠯ ᠢ ᠬᠠᠮᠠᠭᠠᠯᠠᠵᠦ᠂ ᠬᠢᠵᠢᠭ ᠤᠨ ᠪᠠᠶᠢᠲᠠᠯ ᠦᠩᠭᠡᠷᠡᠭᠰᠡᠠ ᠤ ᠲᠠᠷᠠᠭ᠎ᠠ ᠬᠤᠶᠠᠷ ᠲᠠᠯ᠎ᠠ ᠶᠢᠨ ᠡᠯ᠎ᠠ ᠬᠦᠷᠢᠶᠡᠡ ᠳᠠᠬᠢ ᠬᠠᠮᠲᠤᠷᠠᠯᠴᠠᠭ᠎ᠠ ᠪᠠᠨ ᠦᠷᠭᠡᠳᠭᠡᠬᠦ ᠳᠤ ᠰᠠᠶᠢᠨ ᠰᠠᠭᠤᠷᠢ ᠲᠠᠯᠪᠢᠵᠦ ᠦᠭᠭᠦᠨ᠎ᠡ ᠭᠡᠵᠦ ᠴᠢᠬᠤᠯᠠᠴᠢᠯᠠᠪᠠ᠃    ᠬᠠᠰᠢᠨᠠ᠂ ᠪᠧᠩᠭᠠᠯ ᠳᠤᠮᠳᠠᠳᠤ ᠶᠢᠨ ᠨᠦᠬᠦᠷᠯᠡᠯ ᠦᠨᠢ ᠤᠳᠠᠭᠠᠨ ᠲᠡᠤᠬᠡ ᠲᠠᠢ ᠶᠤᠮ᠂ ᠲᠡᠷᠢᠭᠦᠯᠡᠭᠴᠢ ᠰᠢ ᠶᠢᠨ ᠫᠢᠩ 2016 ᠤᠨ ᠳᠤ ᠪᠧᠩᠭᠠᠯ ᠳᠤ ᠠᠮᠵᠢᠯᠳᠠ ᠲᠠᠢ ᠪᠠᠷ ᠲᠦᠷᠦ ᠶᠢᠨ ᠶᠠᠪᠤᠳᠠᠯ ᠤᠨ ᠠᠶᠢᠴᠢᠯᠠᠯᠳᠠ ᠬᠢᠵᠤ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠠ ᠦᠨᠳᠦᠷᠴᠡ ᠳᠤ ᠬᠦᠷᠭᠡᠵᠠᠢ᠃ ᠪᠧᠩᠭᠠᠯ ᠤᠨ ᠬᠢᠨ ᠬᠢᠵᠢᠭ ᠲᠠᠢ ᠲᠡᠮᠡᠴᠡᠵᠤ ᠪᠠᠶᠢᠭ᠎ᠠ ᠬᠠᠳᠠᠭᠤ ᠪᠡᠷᠬᠡᠰᠢᠶᠡᠯ ᠲᠠᠢ ᠦᠶ᠎ᠡ ᠳᠤ᠂ ᠳᠤᠮᠳᠠᠳᠤ ᠤᠯᠤᠰ ᠠᠴᠠ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠨᠢ ᠪᠧᠩᠭᠠᠯ ᠤᠨ ᠬᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠴᠢᠩᠭᠠᠳᠬᠠᠵᠤ᠂ ᠪᠧᠩᠭᠠᠯ ᠤᠨ ᠬᠢᠨ ᠤ ᠬᠦᠴᠢᠷ ᠢ ᠢᠯᠠᠨ ᠳᠠᠪᠠᠭ᠋ᠤ ᠢᠳᠡᠭᠡᠯ ᠢ ᠨᠡᠮᠡᠭᠳᠡᠭᠦᠯᠪᠡ᠂ ᠡᠭᠦᠨ ᠳᠤ ᠪᠧᠩᠭᠠᠯ ᠤᠨ ᠬᠢᠨ ᠲᠠᠯᠠᠷᠬᠠᠵᠤ ᠪᠠᠶᠢᠬᠤ ᠪᠠᠨ ᠢᠯᠡᠳᠭᠡᠶ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠤᠯ ᠪᠦᠬᠦ ᠳᠡᠯᠡᠬᠡᠢ ᠶᠢᠨ ᠴᠢᠨᠠᠷᠳᠠᠢ ᠦᠷᠢᠰᠦᠯᠳᠦᠭᠡᠨ ᠮᠦᠨ᠂ ᠡᠯ᠎ᠠ ᠤᠯᠤᠰ ᠬᠠᠮᠳᠦ ᠪᠠᠷ ᠠᠷᠭᠠᠴᠠᠭᠠᠪᠠᠯ ᠵᠤᠬᠢᠨ᠎ᠠ᠃ ᠳᠤᠮᠳᠠᠳᠤ ᠶᠢᠨ ᠬᠢᠨ ᠳᠤᠮᠳᠠᠳᠤ ᠤᠯᠤᠰ ᠲᠤ ᠪᠠᠶᠢᠭ᠎ᠠ ᠪᠧᠩᠭᠠᠯ ᠤᠨ ᠠᠷᠠᠳ ᠢᠷᠭᠡᠳ᠂ ᠤᠨᠴᠠᠭᠠᠢᠢᠯᠠᠨ ᠦᠬᠠᠨ ᠳᠤ ᠪᠠᠶᠢᠭ᠎ᠠ ᠪᠧᠩᠭᠠᠯ ᠤᠨ ᠤᠶᠤᠳᠠᠳ ᠢ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠂ ᠪᠧᠩᠭᠠᠯ ᠤᠨ ᠬᠢᠨ ᠪᠧᠩᠭᠠᠯ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠤᠨ ᠠᠮᠢᠳᠤᠷᠠᠯ ᠳᠤ ᠰᠠᠶᠢᠨ ᠰᠠᠶᠢᠬᠠᠨ ᠪᠠᠳᠤᠯᠠᠭ᠎ᠠ ᠬᠠᠩᠭᠠᠨ᠎ᠠ᠃ ᠪᠧᠩᠭᠠᠯ ᠤᠨ ᠬᠢᠨ ᠳᠤᠷᠠᠳᠠᠶ᠎ᠠ ᠳᠤᠮᠳᠠᠳᠤ ᠤᠯᠤᠰ ᠲᠠᠢ ᠬᠠᠮᠳᠦ ᠪᠠᠷ ︽ᠨᠢᠭᠡ ᠪᠦᠰᠡ ᠨᠢᠭᠡ ᠵᠠᠮ︾ ᠢ ᠪᠦᠲᠦᠭᠡᠨ ᠪᠠᠶᠢᠭᠤᠯᠵᠤ᠂ ᠪᠧᠩᠭᠠᠯ ᠳᠤᠮᠳᠠᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠬᠦᠭᠵᠢᠬᠦ ᠶᠢ ᠠᠬᠢᠭᠤᠯᠤᠨ᠎ᠠ ᠭᠡᠵᠤ ᠢᠯᠡᠳᠭᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号