ᠮᠠᠨ ᠤ ᠬᠤᠰᠢᠭᠤ ᠣᠷᠣᠨ ᠰᠠᠭᠤᠴᠠ ᠶᠢᠨ ᠠᠰᠠᠭᠤᠳᠠᠯ ᠢ ᠪᠦᠳᠣᠮᠵᠢᠳᠡᠢ ᠰᠶᠢᠳᠪᠤᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020-05-22
     ᠮᠠᠨ ᠤ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠬᠠᠮᠳᠣᠷᠠᠨ ᠰᠠᠭᠤᠭᠠᠯᠢ ᠠᠷᠡᠳ ᠤᠨ ᠣᠷᠣᠨ ᠰᠠᠭᠤᠴᠡ ᠶᠢ ᠰᠢᠨᠡᠳᠭᠡᠨ ᠵᠠᠰᠠᠬᠤ᠂ ᠭᠡᠷ ᠬᠦᠷᠣᠩᠬᠡ ᠶᠢᠨ ᠦᠨᠡᠮᠯᠡᠯ ᠭᠠᠷᠭᠠᠨ ᠥᠭᠬᠦ ᠵᠡᠷᠭᠡ ᠣᠯᠡᠨ ᠲᠠᠯ᠎ᠠ ᠶᠢᠨ ᠪᠣᠳᠡᠳᠡᠢ ᠠᠵᠢᠯ ᠢ ᠬᠢᠵᠣ ᠰᠠᠭᠤᠭᠠᠯᠢ ᠠᠷᠠᠳ ᠤᠨ ᠠᠮᠣᠷ ᠵᠢᠮᠣᠷ ᠠᠵᠣ ᠳᠦᠷᠣᠨ ᠠᠮᠢᠳᠣᠷᠠᠬᠤ ᠳᠤ ᠰᠢᠯᠢᠳᠡᠭ ᠨᠦᠬᠦᠴᠡᠯ ᠪᠦᠷᠢᠯᠳᠦᠭᠦᠯᠵᠣ ᠪᠠᠶᠢᠨ᠎ᠠ᠃      ᠭᠠᠯᠠᠭᠤᠲᠤ ᠪᠠᠯᠭᠠᠰᠤᠨ ᠤ ᠰᠤᠷᠭᠠᠨ ᠬᠥᠮᠦᠵᠢᠯ ᠤᠨ ᠰᠠᠭᠤᠭᠠᠯᠢ ᠠᠷᠡᠳ ᠤᠨ ᠲᠣᠭᠤᠷᠢᠭ ᠪᠤᠯ ᠪᠣᠷᠣᠭᠠᠨ ᠤ ᠤᠰᠣ ᠭᠤᠭᠤᠵᠢᠬᠤ ᠵᠡᠷᠭᠡ ᠦᠵᠡᠭᠳᠡᠯ ᠠᠷᠪᠢᠨ ᠣᠷᠣᠭᠰᠢᠭᠰᠠᠨ ᠬᠤᠷᠢᠭᠠᠳ ᠵᠢᠯ ᠪᠣᠯᠵᠤ ᠪᠠᠶᠢᠭ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠣᠯᠣᠨ᠎ᠠ᠃ ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠪᠠᠳᠣᠯᠠᠭ᠎ᠠ ᠶᠢᠨ ᠴᠢᠨᠠᠷᠳᠡᠢ ᠣᠷᠣᠨ ᠰᠠᠭᠤᠴᠠ ᠪᠣᠯᠣᠨ ᠭᠡᠷ ᠬᠦᠷᠣᠩᠬᠡ ᠶᠢᠨ ᠰᠣᠯᠢᠯᠴᠠᠭᠠᠨ ᠤ ᠬᠠᠮᠢᠶᠠᠷᠣᠯᠳᠠ ᠶᠢᠨ ᠳᠦᠪ ᠤᠨ ᠬᠢᠨ ᠳᠣᠰᠬᠠᠢ ᠪᠠᠷᠢᠯᠭ᠎ᠠ ᠶᠢᠨ ᠠᠩᠬᠢ ᠵᠣᠬᠢᠶᠠᠨ ᠪᠠᠶᠢᠭᠤᠯᠣᠨ ᠰᠠᠭᠤᠭᠠᠯᠢ ᠠᠷᠠᠳ ᠤᠨ ᠳᠣᠭᠤᠷᠢᠭ ᠤᠨ ᠠᠰᠠᠷ ᠤᠨ ᠣᠷᠣᠢ ᠶᠢ ᠬᠠᠮᠠᠭᠠᠯᠠᠨ ᠳᠡᠪᠢᠰᠬᠦ᠂ ᠬᠡᠷᠡᠮ ᠤᠨ ᠭᠠᠳᠠᠷᠭᠤ ᠳᠤ ᠳᠤᠯᠠᠭᠠᠨ ᠢ ᠬᠠᠮᠠᠭᠠᠯᠠᠬᠤ ᠳᠠᠪᠬᠤᠷᠭ᠎ᠠ ᠣᠭᠰᠠᠷᠠᠬᠤ ᠪᠤᠯᠤᠨ ᠠᠰᠠᠷ ᠤᠨ ᠭᠤᠳᠤᠮᠵᠢ᠂ ᠡᠭᠦᠳᠡ ᠵᠡᠷᠭᠡ ᠶᠢ  ᠵᠠᠰᠠᠨ ᠰᠢᠨᠡᠳᠬᠡᠬᠦ ᠠᠵᠢᠯ ᠢᠶᠠᠨ ᠶᠠᠭᠠᠷᠡᠯᠳᠡᠢ ᠡᠬᠢᠯᠡᠭᠦᠯᠵᠣ ᠰᠠᠭᠤᠭᠠᠯᠢ ᠠᠷᠡᠳ ᠤᠨ ᠡᠳᠣᠷ ᠲᠣᠲᠣᠮ ᠰᠠᠨᠠᠭᠠᠰᠢᠷᠠᠵᠦ ᠪᠠᠶᠢᠭᠰᠠᠨ ᠠᠰᠠᠭᠤᠳᠠᠯ ᠢ ᠰᠶᠢᠳᠪᠤᠷᠢᠯᠡᠵᠦ ᠥᠭᠬᠦᠯ᠎ᠡ᠃        ᠭᠠᠯᠠᠭᠤᠲᠤ ᠪᠠᠯᠭᠠᠰᠤᠨ ᠤ ᠰᠤᠷᠭᠠᠨ ᠬᠥᠮᠦᠵᠢᠯ ᠤᠨ ᠲᠤᠭᠤᠷᠢᠭ ᠤᠨ ᠰᠠᠭᠤᠭᠠᠯᠢ ᠠᠷᠠᠳ ᠸᠠᠩ ᠯᠢᠨ ᠹᠧᠩ᠄ ︽ᠡᠨᠡ ᠤᠳᠠᠭ᠎ᠠ ᠪᠢᠳᠠᠨ ᠤ ᠡᠭᠦᠳᠡ ᠴᠣᠩᠬᠤ᠂ ᠬᠡᠷᠡᠮ ᠤᠨ ᠭᠠᠳᠠᠷᠭᠤ ᠶᠢᠨ ᠲᠤᠯᠠᠭᠠᠨ ᠢ ᠬᠠᠮᠠᠭᠠᠯᠠᠬᠤ ᠵᠡᠷᠭᠡ ᠤᠯᠠᠨ ᠲᠠᠯ᠎ᠠ ᠪᠠᠷ ᠵᠠᠰᠠᠨ ᠰᠠᠶᠢᠵᠢᠷᠠᠭᠤᠯᠤᠭᠰᠠᠨ ᠨᠢ ᠰᠠᠭᠤᠭᠠᠯᠢ ᠡᠷᠦᠬᠡ ᠶᠢᠨ ᠠᠰᠠᠷ ᠤᠨ ᠳᠣᠯᠠᠭᠠᠨ᠂ ᠠᠮᠤᠷ ᠲᠦᠪᠰᠢᠨ ᠤ ᠲᠠᠯ᠎ᠠ ᠳᠤ ᠮᠠᠰᠢ ᠶᠡᠭᠡ ᠦᠢᠯᠡᠳᠦᠯ ᠦᠵᠡᠬᠦᠯᠦᠯ᠎ᠡ︾ ᠬᠡᠪᠡ᠃      ᠡᠨᠡ ᠵᠢᠯ ᠮᠠᠨ ᠤ ᠬᠤᠰᠢᠭᠤ 14 ᠰᠠᠭᠤᠭᠠᠯᠢ ᠠᠷᠠᠳ ᠤᠨ ᠲᠣᠭᠤᠷᠢᠭ ᠢ ᠶᠡᠷᠥᠩᠬᠡᠶᠢᠯᠡᠭᠰᠡᠨ ᠴᠢᠨᠠᠷᠳᠡᠢ ᠦᠬᠡᠷᠡᠴᠢᠯᠡᠨ ᠰᠢᠨᠡᠳᠭᠡᠬᠦ  ᠪᠠᠷ ᠲᠦᠯᠦᠪᠯᠡᠵᠦ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠣᠨ ᠰᠠᠭᠤᠴᠠ ᠶᠢᠨ ᠠᠮᠣᠷ ᠳᠦᠪᠰᠢᠨ᠂ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ ᠪᠤᠢ᠃      ᠬᠤᠰᠢᠭᠤ ᠪᠠᠳᠣᠯᠠᠭ᠎ᠠ ᠶᠢᠨ ᠴᠢᠨᠠᠷᠳᠡᠢ ᠣᠷᠣᠨ ᠰᠠᠭᠤᠴᠠ ᠪᠣᠯᠣᠨ ᠭᠡᠷ ᠬᠦᠷᠣᠩᠬᠡ ᠶᠢᠨ ᠰᠣᠯᠢᠯᠴᠠᠭᠠᠨ ᠤ ᠬᠠᠮᠢᠶᠠᠷᠣᠯᠳᠠ ᠶᠢᠨ ᠳᠦᠪ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠳᠠᠨ ᠬᠠᠰᠪᠢᠯᠢᠭ᠌᠄ ︽ᠪᠢᠳᠠ ᠡᠨᠡ ᠵᠢᠯ 2010 ᠣᠨ ᠠᠴᠠ ᠡᠮᠦᠨᠡᠬᠢ ᠰᠠᠭᠤᠭᠠᠯᠢ ᠠᠷᠠᠳ ᠤᠨ ᠲᠤᠭᠤᠷᠢᠭ ᠲᠤ ᠶᠡᠷᠦᠩᠬᠡᠶᠢᠯᠡᠭᠰᠡᠨ ᠦᠭᠡᠷᠡᠴᠢᠯᠡᠯᠲᠡ ᠬᠢᠵᠦ ᠰᠠᠭᠤᠭᠠᠯᠢ ᠠᠷᠠᠳ ᠤᠨ ᠲᠤᠭᠤᠷᠢᠭ ᠤᠨ ᠤᠷᠴᠢᠨ ᠠᠬᠤᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠪᠠᠷ ᠪᠠᠶᠢᠨ᠎ᠠ᠃ ᠰᠠᠭᠤᠭᠠᠯᠢ ᠠᠷᠠᠳ ᠤᠨ ᠲᠤᠭᠤᠷᠢᠭ ᠲᠤ ᠭᠤᠤᠯᠳᠠᠭᠤ ᠬᠢᠬᠦ ᠲᠦᠷᠦᠯ ᠵᠦᠢᠯ ᠨᠢ ᠪᠠᠶᠢᠰᠢᠩ ᠤᠨ ᠤᠷᠤᠢ᠂ ᠭᠠᠳᠠᠨ᠎ᠠ ᠬᠡᠷᠡᠮ᠂ ᠴᠤᠩᠬᠤ᠂ ᠵᠠᠮ᠂ ᠪᠤᠵᠠᠷ ᠤᠰᠤᠨ ᠬᠤᠭᠤᠯᠠᠢ᠂ ᠲᠤᠯᠠᠭᠠᠯᠠᠭ᠎ᠠ ᠶᠢᠨ ᠬᠤᠭᠤᠯᠠᠢ ᠵᠡᠷᠭᠡ ᠳᠤ ᠶᠡᠷᠥᠩᠬᠡᠶᠢᠯᠡᠭᠰᠡᠨ ᠦᠬᠡᠷᠡᠴᠢᠯᠡᠯᠲᠡ ᠬᠢᠨ᠎ᠡ︾ ᠬᠡᠵᠦ ᠪᠠᠶᠢᠪᠠ᠃      ᠮᠠᠨ ᠤ ᠬᠤᠰᠢᠭᠤ ᠡᠨ᠋ᠨ ᠵᠢᠯ ᠬᠠᠭᠤᠴᠢᠨ ᠰᠠᠭᠤᠭᠠᠯᠢ ᠠᠷᠡᠳ ᠤᠨ ᠲᠣᠭᠤᠷᠢᠭ ᠢ ᠥᠭᠡᠷᠡᠴᠢᠯᠡᠨ ᠵᠠᠰᠠᠬᠤ ᠠᠴᠠ ᠭᠠᠳᠠᠨ᠎ᠠ ᠪᠠᠰᠠ ᠰᠠᠭᠤᠭᠠᠯᠢ ᠠᠷᠠᠳ ᠤᠨ ᠭᠡᠷ ᠬᠦᠷᠣᠩᠬᠡ ᠶᠢᠨ ᠦᠨᠡᠮᠯᠡᠯ ᠢ ᠬᠦᠢᠴᠡᠳᠭᠡᠬᠦ ᠳᠤ ᠬᠦᠴᠢᠷᠲᠡᠶ ᠪᠠᠶᠢᠭ᠎ᠠ ᠠᠰᠠᠭᠤᠳᠠᠯ ᠢ ᠬᠦᠴᠦᠯᠡᠨ ᠰᠶᠢᠳᠪᠤᠷᠢᠯᠡᠵᠦ ᠪᠠᠶᠢᠨ᠎ᠠ᠃ ᠡᠨᠡ ᠵᠢᠯ ᠮᠠᠨ ᠤ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ  ᠲᠠᠢ ᠵᠣᠬᠢᠴᠠᠭᠤᠯᠣᠨ ᠵᠦᠪᠳᠡᠯᠴᠡᠵᠣ ᠭᠡᠷ ᠬᠦᠷᠣᠩᠬᠡ ᠶᠢᠨ ᠦᠨᠡᠮᠯᠡᠯ ᠦᠬᠡᠢ ᠰᠠᠭᠤᠭᠠᠯᠢ ᠠᠷᠡᠳ ᠤᠨ ᠳᠣᠭᠤᠷᠢᠭ ᠢ ᠪᠦᠷᠢᠳᠬᠡᠨ ᠤᠳᠤᠬᠠᠨ ᠳᠤ 15 ᠰᠠᠭᠤᠭᠠᠯᠢ ᠠᠷᠠᠳ ᠤᠨ ᠲᠣᠭᠤᠷᠢᠭ ᠲᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠭᠠᠷ ᠭᠦᠢᠴᠡᠳᠬᠡᠯ ᠬᠢᠵᠣ ᠪᠠᠶᠢᠬᠤ ᠶᠢᠨ ᠬᠠᠮᠲᠣ ᠪᠡᠰᠠ ᠭᠠᠯᠠᠭᠤᠲᠤ ᠪᠠᠯᠭᠠᠰᠤᠨ ᠤ 41 ᠰᠠᠭᠤᠭᠠᠯᠢ ᠠᠷᠠᠳ ᠤᠨ ᠲᠤᠭᠤᠷᠢᠭ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠦᠯᠵᠦ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠰᠶᠢᠳᠪᠤᠷᠢᠯᠡᠬᠦ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号