ᠮᠠᠨ ᠤ ᠬᠤᠰᠢᠭᠤ ︽ᠪᠤᠯᠪᠠᠰᠤᠨ ᠵᠤᠭᠠᠴᠠᠯ ᠤᠨ ᠬᠤᠰᠢᠭᠤᠴᠢ ᠪᠤᠯᠬᠤ ᠪᠠᠷ ᠴᠢᠷᠮᠠᠶᠢᠬᠤ︾ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2020-05-25
    ᠤᠢᠢᠷ᠎ᠠ ᠳᠤ ᠬᠤᠰᠢᠭᠤ ᠵᠤᠭᠠᠴᠠᠯ ᠤᠨ ᠦᠢᠯᠡᠰ ᠤᠨ ᠦᠢᠯᠡᠴᠢᠯᠡᠭᠡᠨ ᠤ ᠲᠦᠪ ᠨᠢ ᠰᠠᠶᠢᠨ ᠲᠤᠷᠠᠴᠤᠳ ᠢ ᠵᠤᠬᠢᠶᠠᠨ ᠪᠠᠶᠢᠭᠤᠯᠤᠨ ᠵᠤᠭᠠᠴᠠᠯ ᠤᠨ ᠦᠵᠡᠮᠵᠢ ᠶᠢᠨ ᠤᠷᠤᠨ ᠢᠶᠠᠷ ᠬᠦᠷᠴᠤ᠂ ︽ᠪᠤᠯᠪᠠᠰᠤᠨ ᠵᠤᠭᠠᠴᠠᠯ ᠤᠨ ᠬᠤᠰᠢᠭᠤᠴᠢ ᠪᠤᠯᠬᠤ ᠪᠠᠷ ᠴᠢᠷᠮᠠᠶᠢᠬᠤ︾ ᠠᠵᠢᠯᠯᠠᠭ᠎ᠠ ᠦᠷᠨᠢᠬᠦᠯᠵᠡᠢ᠃     ᠬᠤᠰᠢᠭᠤ ᠵᠤᠭᠠᠴᠠᠯ ᠤᠨ ᠦᠢᠯᠡᠰ ᠤᠨ ᠦᠢᠯᠡᠴᠢᠯᠡᠭᠡᠨ ᠤ ᠲᠦᠪ ᠨᠢ ᠵᠤᠭᠠᠴᠠᠯ ᠤᠨ ᠰᠠᠯᠠᠭ᠎ᠠ ᠮᠦᠴᠢᠷ ᠲᠠᠢ ᠬᠠᠮᠳᠤᠷᠴᠤ᠂ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠵᠤᠭᠠᠴᠠᠯ ᠤᠨ ᠠᠵᠢᠯ ᠲᠦᠷᠦᠯ ᠤᠨ ᠰᠢᠯᠢᠳᠡᠭ ᠵᠠᠮᠴᠢᠯᠠᠭᠴᠢ ᠠᠴᠠ 5 ᠲᠡᠷᠢᠭᠦᠨ ᠤ ᠵᠢᠱᠢᠶᠡᠴᠢ ᠶᠢᠨ ᠦᠯᠢᠭᠡᠷ ᠦᠢᠯᠡ ᠶᠠᠪᠤᠳᠠᠯ ᠢ ᠰᠤᠩᠭᠤᠨ᠂ ᠵᠤᠭᠠᠴᠠᠯ ᠤᠨ ᠦᠵᠡᠮᠵᠢ ᠶᠢᠨ ᠤᠷᠤᠨ ᠤ ᠠᠵᠢᠯᠳᠠᠨ ᠠᠵᠢᠯᠴᠢᠳ ᠲᠤ ᠦᠵᠡᠬᠦᠯᠵᠤ᠂ ᠬᠦᠮᠦᠨ ᠨᠢᠭᠡ ᠪᠦᠷᠢ ᠶᠢ ᠪᠤᠯᠪᠠᠰᠤᠨ ᠵᠤᠭᠠᠴᠠᠯ ᠤᠨ ᠤᠬᠠᠭᠤᠯᠤᠭᠴᠢ᠂ ᠬᠢᠨᠠᠭᠴᠢ᠂ ᠵᠢᠯᠤᠭᠤᠳᠤᠭᠴᠢ ᠪᠤᠯᠵᠤ᠂ ᠪᠦᠬᠦ ᠤᠯᠤᠰ ᠤᠨ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠳᠤ ᠢᠳᠡᠪᠬᠢᠳᠡᠢ ᠦᠢᠯᠡᠳᠦᠯ ᠦᠵᠡᠬᠦᠯᠬᠦ ᠶᠢ ᠲᠠᠶᠢᠴᠢᠯᠠᠭᠰᠠᠨ ᠪᠠᠶᠢᠨ᠎ᠠ᠃     ᠲᠤᠰ ᠲᠦᠪ ᠨᠢ ᠪᠠᠰᠠ ᠵᠤᠭᠠᠴᠠᠭᠰᠠᠳ ᠲᠤ ᠵᠤᠭᠠᠴᠠᠯ ᠤᠨ ᠵᠦᠪᠯᠡᠯᠭᠡ ᠬᠠᠨᠭ᠍ᠭᠠᠵᠤ᠂ ᠦᠵᠡᠮᠵᠢ ᠶᠢᠨ ᠤᠷᠤᠨ ᠢᠶᠠᠷ ᠲᠤᠭᠤᠷᠢᠨ ᠵᠤᠭᠠᠴᠠᠵᠤ ᠪᠠᠶᠢᠭ᠎ᠠ ᠬᠦᠮᠦᠰ ᠲᠤ ᠲᠦᠭᠦᠮ ᠦᠵᠡᠬᠦᠯᠪᠡ᠃ ᠮᠦᠨ ᠴᠤ ᠵᠤᠭᠠᠴᠠᠭᠰᠠᠳ ᠤᠨ ᠵᠠᠷᠢᠮ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠬᠤᠷᠢᠭᠯᠠᠵᠤ᠂ ᠵᠤᠭᠠᠴᠠᠭᠰᠠᠳ ᠢ ᠤᠷᠴᠢᠨ ᠲᠤᠭᠤᠷᠢᠨ ᠢ ᠬᠠᠮᠠᠭᠠᠯᠠᠬᠤ ᠲᠠᠨᠢᠯᠳᠠ ᠪᠠᠨ ᠲᠡᠭᠡᠭᠰᠢᠯᠡᠬᠦᠯᠵᠤ᠂ ᠤᠬᠠᠮᠰᠠᠷ ᠠᠴᠠ ᠪᠠᠨ ᠤᠷᠴᠢᠨ ᠲᠤᠭᠤᠷᠢᠨ ᠢ ᠬᠠᠮᠠᠭᠠᠯᠠᠵᠤ᠂ ︽ᠪᠤᠯᠪᠠᠰᠤᠨ ᠵᠤᠭᠠᠴᠠᠯ ᠤᠨ ᠬᠠᠮᠳᠤ ᠶᠢᠨ ᠬᠡᠷ᠎ᠡ︾᠎ ᠶᠢ ᠰᠠᠶᠢᠳᠤᠷ ᠦᠢᠯᠡᠳᠦᠯᠭᠡᠵᠢᠬᠦᠯᠬᠦ ᠪᠠᠷ ᠴᠢᠷᠮᠠᠶᠢᠬᠤ ᠶᠢ ᠰᠠᠨᠠᠭᠤᠯᠪᠠ᠃     ᠡᠨᠡ ᠬᠦ ᠰᠠᠶᠢᠨ ᠲᠤᠷ᠎ᠠ ᠶᠢᠨ ᠦᠢᠯᠡᠴᠢᠯᠡᠭᠡ ᠨᠢ ᠵᠤᠭᠠᠴᠠᠯ ᠤᠨ ᠦᠢᠯᠡᠰ ᠡᠷᠬᠢᠯᠡᠭᠴᠢᠳ ᠪᠠ ᠵᠤᠭᠠᠴᠠᠯ ᠤᠨ ᠦᠢᠯᠡᠰ ᠲᠤ ᠤᠷᠤᠯᠴᠠᠭᠴᠢ ᠬᠠᠮᠢᠶ᠎ᠠ ᠪᠦᠬᠦᠢ ᠠᠵᠢᠯᠳᠠᠨ ᠠᠵᠢᠯᠴᠢᠳ ᠤᠨ ᠪᠤᠯᠪᠠᠰᠤᠨ ᠬᠡᠪ ᠴᠢᠨᠠᠷ ᠢ ᠲᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠠᠷᠠᠳ ᠤᠯᠠᠨ ᠤ ᠪᠤᠯᠪᠠᠰᠤᠨ ᠢᠶᠠᠷ ᠵᠤᠭᠠᠴᠠᠬᠤ ᠲᠠᠨᠢᠯᠳᠠ ᠶᠢ ᠲᠡᠭᠡᠭᠰᠢᠯᠡᠬᠦᠯᠵᠤ᠂ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠳᠤ ᠢᠳᠡᠪᠬᠢᠳᠡᠢ ᠦᠢᠯᠡᠳᠦᠯ ᠦᠵᠡᠬᠦᠯᠦᠭᠰᠡᠨ ᠪᠠᠶᠢᠨ᠎ᠠ᠃  
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号