ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠬᠡᠯᠪᠡᠷᠢᠴᠢ ᠦᠵᠡᠯ ᠨᠤᠶᠠᠨᠴᠢ ᠰᠤᠷᠳᠠᠯ ᠢ ᠴᠢᠩᠭ᠎ᠠ ᠴᠡᠭᠡᠷᠯᠡᠬᠦ ᠲᠤᠬᠠᠢ ᠰᠢ ᠶᠢᠨ ᠫᠢᠩ ᠤᠨ | ᠴᠢᠬᠤᠯᠠ ᠦᠭᠦᠯᠡᠯᠳᠡ ᠶᠢᠨ ᠲᠡᠭᠦᠪᠦᠷᠢ︾ ᠭᠡᠬᠦ ᠨᠤᠮ ᠢ ᠲᠦᠷᠦᠭᠦᠬᠡᠨ ᠲᠦᠪ ᠤᠨ ᠲᠤᠯᠭᠤᠷ ᠪᠢᠴᠢᠭ ᠤᠨ ᠬᠡᠪᠯᠡᠯ ᠤᠨ | ᠬᠤᠷᠢᠶ᠎ᠠ ᠠᠴᠠ ᠬᠡᠪᠯᠡᠭᠦᠯᠵᠤ᠂ ᠪᠦᠬᠦ ᠤᠯᠤᠰ ᠲᠤ ᠲᠠᠷᠬᠠᠭᠠᠵᠠᠢ᠃ | ᠨᠠᠮ ᠤᠨ ᠲᠦᠪ ᠬᠤᠷᠢᠶ᠎ᠠ 2019 ᠤᠨ ᠢ ︽ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠭᠦᠯᠬᠦ ᠤᠨ︾ | ᠪᠤᠯᠭᠠᠨ᠂ ᠦᠨᠳᠦᠰᠦᠨ ᠱᠠᠳᠤᠨ ᠤ ᠬᠢᠨ ᠢ ᠭᠠᠴᠢᠭᠳᠠᠭᠤᠯᠵᠤ ᠪᠠᠶᠢᠭ᠎ᠠ ᠬᠡᠯᠪᠡᠷᠢᠴᠢ ᠦᠵᠡᠯ ᠤᠨ ᠠᠰᠠᠭᠤᠳᠠᠯ ᠢ | ᠴᠢᠷᠮᠠᠶᠢᠨ ᠰᠢᠢᠳᠪᠦᠷᠢᠯᠡᠵᠤ᠂ ᠮᠡᠳᠡᠭᠳᠡᠮ᠎ᠠ ᠦᠷ᠎ᠠ ᠪᠦᠲᠦᠮᠵᠢ ᠤᠯᠵᠠᠢ᠃ ᠡᠨᠡ ᠵᠢᠯ ᠮᠠᠨ ᠤ ᠤᠯᠤᠰ ᠤᠨ | ᠬᠦᠭᠵᠢᠯᠳᠡ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠦᠷᠢᠰᠦᠯᠳᠦᠭᠡᠨ ᠨᠡᠮᠡᠭᠳᠡᠭᠰᠡᠨ ᠪᠦᠭᠡᠳ ᠬᠢᠵᠢᠭ ᠤᠨ | ᠪᠠᠶᠢᠳᠠᠯ ᠳᠤ ᠨᠦᠯᠦᠭᠡᠯᠡᠭᠳᠡᠭᠰᠡᠨ ᠠᠴᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠰᠠᠶᠢᠳᠤᠷ ᠬᠢᠬᠦ ᠳᠤ | ᠬᠦᠴᠢᠷᠳᠡᠯ ᠤᠯᠠᠮ ᠶᠡᠭᠡ ᠪᠤᠯᠵᠠᠢ᠂ ᠡᠶᠢᠮᠦ ᠠᠴᠠ ᠨᠡᠩ ᠰᠢᠯᠢᠳᠡᠭ ᠰᠠᠶᠢᠨ ᠰᠤᠷᠳᠠᠯ ᠢᠶᠠᠷ ᠠᠵᠢᠯ ᠤᠨ | ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠴᠢᠬᠤᠯᠠᠳᠠᠢ᠃ ᠲᠦᠷᠦᠭᠦᠬᠡᠨ ᠨᠠᠮ ᠤᠨ ᠲᠦᠪ ᠬᠤᠷᠢᠶᠠᠨ ᠤ | ᠠᠯᠪᠠᠨ ᠲᠢᠩᠭᠢᠮ ᠮᠡᠳᠡᠭᠳᠡᠯ ᠪᠠᠭᠤᠯᠭᠠᠨ᠂ ᠦᠨᠳᠦᠰᠦᠨ ᠱᠠᠳᠤᠨ ᠤ ᠬᠡᠯᠪᠡᠷᠢᠴᠢ ᠦᠵᠡᠯ ᠤᠨ ᠠᠰᠠᠭᠤᠳᠠᠯ ᠢ | ᠦᠷᠭᠦᠯᠵᠢᠯᠡᠨ ᠰᠢᠢᠳᠪᠦᠷᠢᠯᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠳᠠ ᠶᠢ | ᠤᠯᠬᠤ ᠳᠤ ᠪᠠᠳᠤ ᠴᠢᠩᠭ᠎ᠠ ᠰᠤᠷᠳᠠᠯ ᠤᠨ ᠪᠠᠳᠤᠯᠠᠭ᠎ᠠ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠪᠠ᠃ ᠲᠤᠰ ︽ | ᠦᠭᠦᠯᠡᠯᠳᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠭᠰᠠᠨ ᠨᠢ ᠪᠦᠬᠦ ᠨᠠᠮ ᠢᠶᠠᠷ ᠢᠶᠠᠨ ᠰᠢ ᠶᠢᠨ ᠫᠢᠩ ᠤᠨ | ᠬᠤᠯᠪᠤᠭᠳᠠᠯ ᠪᠦᠬᠦᠢ ᠦᠭᠦᠯᠡᠯᠳᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ︽ᠤᠭ ᠰᠠᠨᠠᠭ᠎ᠠ ᠪᠠᠨ ᠦᠯᠦ | ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠦᠷ᠎ᠠ ᠪᠦᠲᠦᠭᠡᠯ ᠢ | ᠪᠠᠬᠢᠵᠢᠭᠦᠯᠦᠨ ᠦᠷᠭᠡᠳᠭᠡᠬᠦ᠂ ᠬᠡᠯᠪᠡᠷᠢᠴᠢ ᠦᠵᠡᠯ ᠨᠤᠶᠠᠨᠴᠢ ᠰᠤᠷᠳᠠᠯ ᠢ ᠢᠯᠠᠨ ᠲᠠᠪᠠᠭ᠋ᠤ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢ ᠶᠢ ᠪᠠᠳᠤ ᠴᠤᠭᠴᠠᠯᠠᠬᠤ ᠳᠤ ᠲᠤᠩ ᠴᠢᠬᠤᠯᠠ ᠠᠴᠢ ᠬᠤᠯᠪᠤᠭᠳᠠᠯ ᠲᠠᠢ ᠶᠤᠮ᠃ | ᠲᠤᠰ ᠨᠤᠮ ᠨᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ | ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠳ᠋ᠦᠩᠨᠡᠯᠳᠡ ᠶᠢᠨ ᠶᠡᠭᠡ ᠬᠤᠷᠠᠯ ᠳᠡᠭᠡᠷᠡᠬᠢ ᠶᠠᠷᠢᠶ᠎ᠠ ᠪᠠᠷ | ᠡᠬᠢᠯᠡᠯᠳᠡ ᠶᠢᠨ ᠵᠤᠬᠢᠶᠠᠯ ᠢᠶᠠᠨ ᠪᠤᠯᠭᠠᠨ᠂ 9 ᠲᠤᠰᠬᠠᠢ ᠰᠡᠳᠦᠪ ᠬᠤᠪᠢᠶᠠᠨ 182 ᠬᠡᠰᠡᠭ ᠬᠤᠯᠪᠤᠭᠳᠠᠯ ᠪᠦᠬᠦᠢ | ᠴᠢᠬᠤᠯᠠ ᠦᠭᠦᠯᠡᠯᠳᠡ ᠶᠢ ᠰᠡᠶᠢᠷᠡᠭᠦᠯᠵᠤ᠂ ᠰᠢ ᠶᠢᠨ ᠫᠢᠩ ᠤᠨ 2012 ᠤ 11 ᠰᠠᠷ᠎ᠠ ᠶᠢᠨ 15 ᠤ ᠡᠳᠦᠷ ᠠᠴᠠ | 2020 ᠤᠨ ᠤ 4 ᠰᠠᠷ᠎ᠠ ᠶᠢᠨ 23 ᠤ ᠡᠳᠦᠷ ᠪᠤᠯᠳᠠᠯᠠᠬᠢ ᠶᠠᠷᠢᠶ᠎ᠠ᠂ ᠢᠯᠡᠳᠭᠡᠯ᠂ ᠵᠢᠭᠠᠪᠤᠷᠢ᠂ ᠴᠤᠬᠤᠯᠠᠪᠤᠷᠢ | ᠵᠡᠷᠭᠡ 70 ᠭᠠᠷᠤᠢ ᠴᠢᠬᠤᠯᠠ ᠲᠤᠯᠭᠤᠷ ᠵᠤᠬᠢᠶᠠᠯ ᠠᠴᠠ ᠰᠤᠩᠭᠤᠨ ᠠᠪᠴᠠᠢ᠃ ᠡᠭᠦᠨ ᠳᠤ ᠤᠯᠠᠩᠬᠢ ᠴᠢᠬᠤᠯᠠ | ᠦᠭᠦᠯᠡᠯᠳᠡ ᠶᠢ ᠠᠩᠬ᠎ᠠ ᠤᠳᠠᠭ᠎ᠠ ᠢᠯᠡ ᠨᠡᠶᠢᠳᠡᠯᠡᠵᠤ ᠪᠠᠶᠢᠨ᠎ᠠ᠃ | |