ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠭᠤᠷᠪᠠᠳᠤᠭᠠᠷ ᠬᠤᠷᠡᠯ 22 ᠤᠨ ᠦᠳᠡ ᠶᠢᠨ ᠡᠮᠤᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ | ᠡᠬᠢᠯᠡᠪᠡ᠃ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ 3000 ᠰᠢᠬᠠᠮ | ᠲᠦᠯᠥᠬᠡᠯᠡᠭᠴᠢ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠡᠬᠦᠷᠬᠡᠯᠡᠨ ᠶᠡᠭᠡ ᠬᠤᠷᠡᠯ ᠳᠤ ᠤᠷᠤᠯᠴᠠᠵᠥ᠂ | ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠠᠴᠠ ᠤᠯᠭᠤᠭᠰᠠᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠬᠦᠢᠴᠡᠳᠬᠡᠬᠦ ᠪᠤᠯᠤᠨ᠎ᠠ᠃ | ᠠᠷᠠᠳ ᠤᠨ ᠶᠡᠭᠡ ᠬᠤᠷᠡᠯ ᠤᠨ ᠲᠠᠩᠬᠢᠮ ᠤᠨ ᠲᠦᠮᠡᠨ ᠬᠦᠮᠥᠨ ᠤ ᠶᠤᠰᠤᠯᠠᠯ ᠤᠨ ᠲᠠᠩᠬᠢᠮ ᠳᠤ ᠠᠭᠤᠷ | ᠠᠮᠢᠰᠬᠤᠯ ᠲᠦᠪ ᠬᠢᠴᠢᠶᠡᠩᠬᠦᠢ ᠪᠠᠶᠢᠵᠥ᠂ ᠲᠠᠷᠢᠬᠦᠯᠡᠭᠴᠢᠳ ᠤᠨ ᠲᠠᠶᠢᠰᠠᠨ ᠤ ᠬᠦᠰᠢᠬᠡ ᠶᠢᠨ ᠭᠤᠤᠯ ᠳᠤᠮᠳᠠ | ᠡᠯᠭᠦᠭᠰᠡᠨ ᠤᠯᠤᠰ ᠤᠨ ᠰᠦᠯᠳᠡ ᠨᠢ ᠬᠤᠷᠴᠠ ᠤᠯᠠᠭᠠᠨ ᠲᠤᠭ ᠲᠠᠢ ᠦᠩᠭᠡ ᠢᠯᠭᠠᠷᠠᠨ ᠭᠡᠷᠡᠯ ᠳᠠᠳᠠᠨ ᠬᠢᠯᠠᠯᠵᠠᠨ᠎ᠠ᠃ | | ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠬᠡᠭᠴᠢ | ᠲᠡᠷᠢᠬᠦᠯᠡᠭᠴᠢ ᠯᠢ ᠵᠠᠨ ᠱᠦ ᠬᠤᠷᠡᠯ ᠢ ᠡᠷᠬᠢᠯᠡᠪᠡ᠃ ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠬᠦᠯᠡᠭᠴᠢ᠂ ᠬᠦᠢᠴᠡᠳᠬᠡᠭᠴᠢ ᠲᠡᠷᠢᠬᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ | ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ ᠰᠢᠶᠠᠩ᠂ ᠴᠧᠨ | ᠵᠦ᠂ ᠸᠠᠩ ᠳ᠋ᠦᠩ ᠮᠢᠩ᠂ ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ | ᠬᠤᠸᠠ᠂ ᠶᠠᠩ ᠵᠧᠨ ᠦ᠋ ᠲᠡᠷᠢᠬᠦᠯᠡᠭᠴᠢᠳ ᠤᠨ ᠲᠠᠶᠢᠰᠠᠨ ᠤ ᠬᠦᠢᠴᠡᠳᠬᠡᠭᠴᠢ ᠲᠡᠷᠢᠬᠦᠯᠡᠭᠴᠢ ᠶᠢᠨ ᠰᠠᠭᠤᠳᠠᠯ ᠳᠤ | ᠰᠠᠭᠠᠳᠠᠪᠠ᠃ | 5 ᠰᠠᠷ᠎ᠠ ᠶᠢᠨ 22 ᠤᠨ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠪᠡᠬᠡᠵᠢᠩ ᠤᠨ ᠠᠷᠠᠳ ᠤᠨ ᠶᠡᠭᠡ ᠬᠤᠷᠡᠯ ᠤᠨ | ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ | ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠬᠤᠷᠠᠯ ᠳᠤ ᠤᠷᠤᠯᠴᠠᠵᠤ᠂ ᠯᠢ ᠵᠠᠨ ᠱᠦ | ᠬᠤᠷᠡᠯ ᠢ ᠡᠷᠬᠢᠯᠡᠪᠠ᠃ | | | | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ | | | ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ | ᠱᠠᠨ ᠪᠤᠯᠤᠨ ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠷᠢᠬᠦᠯᠡᠭᠴᠢᠳ ᠤᠨ | ᠲᠠᠶᠢᠰᠠᠨ ᠳᠤ ᠰᠠᠭᠠᠳᠠᠪᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠭᠤᠷᠪᠠᠳᠤᠭᠠᠷ ᠬᠤᠷᠡᠯ ᠳᠤ ᠤᠷᠤᠯᠴᠠᠬᠤ ᠶᠤᠰᠤᠳᠠᠢ ᠲᠦᠯᠥᠬᠡᠯᠡᠭᠴᠢ 2956 ᠪᠠᠶᠢᠵᠤ᠂ 22 ᠤᠨ | ᠦᠳᠡ ᠶᠢᠨ ᠡᠮᠤᠨᠡᠬᠢ ᠬᠤᠷᠡᠯ ᠳᠤ 2897 ᠬᠦᠮᠥᠨ ᠤᠷᠤᠯᠴᠠᠵᠥ᠂ 59 ᠬᠦᠮᠥᠨ ᠤᠷᠤᠯᠴᠠᠭᠰᠠᠨ ᠦᠭᠡᠢ᠂ | ᠤᠷᠤᠯᠴᠠᠭᠰᠠᠠ ᠬᠦᠮᠥᠨ ᠤ ᠲᠤᠭ᠎ᠠ ᠬᠠᠤᠯᠢ ᠳᠤ ᠲᠤᠭᠳᠠᠭᠠᠭᠰᠠᠨ ᠬᠦᠮᠥᠨ ᠤ ᠲᠤᠭ᠎ᠠ ᠳᠤ ᠨᠡᠶᠢᠴᠡᠨ᠎ᠠ᠃ | ᠦᠳᠡ ᠶᠢᠨ ᠡᠮᠤᠨᠡᠬᠢ 9 ᠴᠠᠭ ᠲᠤ ᠯᠢ ᠵᠠᠨ ᠱᠦ᠄ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ | ᠭᠤᠷᠪᠠᠳᠤᠭᠠᠷ ᠬᠤᠷᠡᠯ ᠡᠬᠢᠯᠡᠯ᠎ᠡ ᠬᠡᠵᠥ ᠨᠡᠶᠢᠳᠡᠯᠡᠪᠡ᠃ ᠪᠦᠬᠦᠳᠡᠭᠡᠷ ᠢᠶᠠᠨ ᠪᠤᠰᠴᠦ ᠵᠤᠭᠰᠤᠨ ᠤᠯᠤᠰ ᠤᠨ ᠰᠦᠯᠳᠠ | ᠲᠠᠭᠤᠤ ᠶᠢ ᠬᠠᠩᠬᠢᠨᠠᠳᠠᠯ᠎ᠠ ᠲᠠᠭᠤᠯᠠᠪᠠ᠃ | ᠯᠢ ᠵᠠᠨ ᠱᠦ ᠬᠤᠷᠡᠯ ᠢ ᠡᠷᠬᠢᠯᠡᠬᠦ ᠳᠡᠭᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠤᠯ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ ᠠᠴᠠ ᠨᠠᠭᠠᠰᠢ ᠮᠠᠨ ᠤ ᠤᠯᠤᠰ ᠲᠤ ᠭᠠᠷᠤᠭᠰᠠᠨ | ᠦᠷᠪᠢᠰᠦᠨ ᠲᠡᠯᠬᠡᠷᠡᠬᠦ ᠬᠤᠷᠳᠤᠴᠠ ᠪᠠᠷ ᠬᠠᠮᠤᠭ ᠤᠨ ᠲᠦᠷᠬᠡᠨ᠂ ᠬᠠᠯᠳᠠᠪᠤᠷᠢᠯᠠᠬᠰᠠᠠ ᠬᠡᠪᠴᠢᠶ᠎ᠡ ᠪᠠᠷ ᠬᠠᠮᠤᠭ ᠤᠨ | ᠦᠷᠬᠡᠨ᠂ ᠰᠡᠷᠬᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠨᠢᠬᠡ ᠤᠳᠠᠭ᠎ᠠ ᠶᠢᠨ ᠬᠦᠨᠳᠤ ᠶᠡᠭᠡ | ᠬᠡᠨᠡᠳᠳᠡ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠪᠤᠯᠤᠨ᠎ᠠ᠃ ᠬᠢᠵᠢᠭ ᠲᠠᠢ ᠲᠡᠮᠡᠴᠡᠬᠦ ᠬᠠᠳᠠᠭᠤ | ᠪᠡᠷᠬᠡᠰᠢᠶᠠᠯᠳᠠᠢ ᠲᠡᠮᠡᠴᠡᠯ ᠤᠨ ᠲᠤᠮᠳᠠ᠂ ᠨᠢᠬᠡ ᠪᠦᠯᠥᠭ ᠡᠮᠴᠢᠯᠡᠭᠡᠨ ᠤ ᠠᠵᠢᠯᠳᠠᠨ᠂ ᠺᠠᠳ᠋ᠷ ᠠᠵᠢᠯᠳᠠᠨ᠂ ᠨᠡᠶᠢᠬᠡᠮ | ᠲᠤᠭᠤᠷᠢᠭ ᠤᠨ ᠠᠵᠢᠯᠳᠠᠨ ᠠᠯᠪᠠᠨ ᠶᠠᠪᠤᠳᠠᠯ ᠢᠶᠠᠷ ᠪᠡᠶ᠎ᠠ ᠦᠷᠡᠭᠳᠡᠵᠦ᠂ ᠮᠠᠰᠢ ᠤᠯᠠᠨ ᠡᠪᠡᠳᠴᠢᠳᠡᠨ ᠵᠤᠯ ᠪᠤᠰᠤ ᠪᠠᠷ | ᠨᠠᠰᠤ ᠪᠠᠷᠠᠪᠠ᠃ ᠪᠢᠳᠡ ᠪᠡᠶ᠎ᠡ ᠦᠷᠡᠭᠳᠡᠭᠰᠡᠡ ᠪᠠᠭᠠᠳᠤᠷᠴᠤᠳ ᠪᠤᠯᠤᠨ ᠨᠠᠰᠤ ᠪᠠᠷᠠᠭᠰᠠᠠ ᠠᠬ᠎ᠠ ᠲᠡᠬᠦᠤ ᠨᠡᠷ ᠢᠶᠠᠨ | ᠭᠦᠨ᠎ᠠ ᠭᠠᠰᠢᠭᠤᠳᠠᠵᠥ ᠪᠠᠶᠢᠬᠤ ᠪᠠᠨ ᠢᠯᠡᠳᠭᠡᠶ᠎ᠠ ᠭᠡᠵᠦ ᠬᠡᠯᠡᠪᠡ᠃ | 5 ᠰᠠᠷ᠎ᠠ ᠶᠢᠨ 22 ᠤᠨ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠪᠡᠬᠡᠵᠢᠩ ᠤᠨ ᠠᠷᠠᠳ ᠤᠨ ᠶᠡᠭᠡ ᠬᠤᠷᠡᠯ ᠤᠨ | ᠲᠠᠩᠬᠢᠮ ᠳᠤ ᠡᠬᠢᠯᠡᠪᠡ᠃ ᠶᠡᠭᠡ ᠬᠤᠷᠡᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ | ᠬᠦᠢᠴᠡᠳᠬᠡᠭᠴᠢ ᠲᠡᠷᠢᠬᠦᠯᠡᠭᠴᠢ ᠯᠢ ᠵᠠᠨ ᠱᠦ ᠬᠤᠷᠡᠯ ᠢ ᠡᠷᠬᠢᠯᠡᠪᠡ᠃ | | | | | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ | | | ᠲᠠᠷᠠᠭ᠎ᠠ ᠨᠢ ᠬᠤᠷᠡᠯ ᠳᠤ ᠤᠷᠤᠯᠴᠠᠭᠰᠠᠠ ᠪᠦᠬᠦ ᠬᠦᠮᠥᠰ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠲᠤ ᠪᠡᠶ᠎ᠡ ᠦᠷᠡᠭᠳᠡᠭᠰᠡᠡ ᠪᠠᠭᠠᠳᠤᠷᠴᠤᠳ ᠪᠤᠯᠤᠨ ᠨᠠᠰᠤ ᠪᠠᠷᠠᠭᠰᠠᠠ ᠠᠬ᠎ᠠ ᠲᠡᠬᠦᠤ ᠨᠡᠷ ᠢᠶᠠᠨ ᠨᠠᠮᠠᠨᠴᠢᠯᠠᠨ | ᠭᠠᠰᠢᠭᠤᠳᠠᠪᠠ᠃ | ᠬᠤᠷᠠᠯ ᠤᠨ ᠵᠥᠪᠯᠡᠬᠦ ᠵᠦᠶ᠋ᠯ ᠢ ᠦᠨᠳᠦᠰᠦᠯᠡᠨ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ | ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠬᠡᠷ᠎ᠡ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠵᠡᠢ᠃ ᠢᠯᠡᠳᠬᠡᠯ ᠨᠢ ᠨᠡᠶᠢᠳᠡ ᠨᠠᠢᠮᠠᠨ ᠬᠡᠰᠡᠭ ᠢᠶᠠᠷ ᠪᠦᠷᠢᠯᠳᠦᠪᠡ᠄ ᠨᠢᠭᠡ᠂ 2019 ᠣᠨ | ᠪᠠ ᠡᠨᠡ ᠵᠢᠯ ᠠᠴᠠ ᠨᠠᠭᠠᠰᠢᠬᠢ ᠠᠵᠢᠯ ᠤᠨ ᠡᠷᠭᠢᠴᠡᠭᠦᠯᠦᠯ︔ ᠬᠤᠶᠠᠷ᠂ ᠡᠨᠡ ᠵᠢᠯ ᠤᠨ ᠬᠥᠭᠵᠢᠯᠲᠡ ᠶᠢᠨ ᠭᠤᠣᠯ | ᠬᠠᠷᠠᠯᠲᠠ ᠪᠠ ᠳᠠᠷᠠᠭᠠᠴᠢ ᠶᠢᠨ ᠱᠠᠲᠤᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ︔ ᠭᠤᠷᠪᠠ᠂ ᠬᠤᠷᠸ᠎ᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ | ᠳᠤᠬᠳᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠲᠠᠯ᠎ᠠ ᠪᠠᠷ ᠬᠦᠴᠦᠯᠡᠨ᠎ᠠ︔ ᠳᠥᠷᠪᠡ᠂ | ᠥᠭᠡᠷᠡᠴᠢᠯᠡᠯᠲᠡ ᠳᠤ ᠲᠦᠰᠢᠭᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠨᠡᠮᠡᠭᠳᠡᠭᠦᠯᠤᠨ᠎ᠠ︔ ᠲᠠᠪᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ | ᠠᠷᠭ᠎ᠠ ᠬᠡᠯᠪᠡᠷᠢ ᠶᠢ ᠲᠦᠷᠭᠡᠳᠬᠡᠨ ᠬᠤᠪᠢᠷᠠᠭᠤᠯᠬᠤ ᠶᠢ ᠠᠬᠢᠭᠤᠯᠤᠨ᠎ᠠ︔ ᠵᠢᠷᠭᠤᠭ᠎ᠠ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ | ᠡᠯᠪᠡᠭ ᠬᠤᠷᠢᠶᠠᠯᠲᠠ ᠶᠢ ᠣᠯᠵᠥ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ︔ ᠲᠤᠯᠤᠭ᠎ᠠ᠂ | ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠠᠬᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ︔ ᠨᠠᠢᠮᠠ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠳᠤᠭᠤᠷᠢᠨ ᠳᠤ ᠨᠡᠶᠢᠭᠡᠮ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ | 5 ᠰᠠᠷ᠎ᠠ ᠶᠢᠨ 22 ᠤᠨ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠪᠡᠬᠡᠵᠢᠩ ᠤᠨ ᠠᠷᠠᠳ ᠤᠨ ᠶᠡᠭᠡ ᠬᠤᠷᠡᠯ ᠤᠨ | ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠬᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠬᠢᠪᠠ᠃ | | | | | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ | | ᠯᠢ ᠺᠧ ᠴᠢᠶᠠᠩ᠂ ᠡᠨᠡ ᠤᠳᠠᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠮᠠᠨ ᠤ ᠤᠯᠤᠰ ᠲᠤ ᠲᠤᠯᠭᠠᠷᠠᠭᠰᠠᠨ ᠦᠷᠪᠢᠰᠦᠨ | ᠳᠡᠯᠭᠡᠷᠡᠬᠦ ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠬᠰᠠᠨ ᠬᠡᠪᠴᠢᠶ᠎ᠡ ᠪᠠᠷ ᠬᠠᠮᠤᠭ ᠤᠨ ᠥᠷᠭᠡᠨ᠂ | ᠰᠡᠷᠭᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ | ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠪᠤᠯᠤᠨ ᠥᠷᠭᠡᠨ ᠣᠯᠠᠨ ᠠᠷᠠᠳ ᠲᠦᠮᠡᠨ ᠤ ᠰᠢᠷᠭᠠᠭᠤ | ᠬᠠᠲᠠᠭᠤᠵᠢᠯᠲᠠᠶ ᠴᠢᠷᠮᠠᠶᠢᠯᠭ᠎ᠠ ᠪᠠ ᠦᠷᠡᠭᠳᠡᠯ ᠭᠠᠷᠭᠠᠬᠤ ᠪᠠᠷ ᠳᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠤᠭᠰᠠᠨ ᠪᠠᠶᠢᠨ᠎ᠠ᠃ ᠣᠳᠣᠬᠠᠠ ᠳᠤ | ᠬᠢᠵᠢᠭ ᠤᠨ ᠪᠠᠶᠢᠳᠠᠯ ᠬᠠᠷᠠᠬᠠᠨ ᠳᠠᠭᠤᠰᠤᠭᠠᠳᠤᠶ ᠪᠠᠶᠢᠵᠤ᠂ ᠬᠥᠭᠵᠢᠯᠲᠡ ᠶᠢᠨ ᠡᠭᠦᠷᠭᠡ ᠲᠦᠢᠯ ᠤᠨ ᠬᠠᠲᠠᠭᠤ ᠪᠡᠷᠬᠡ | ᠪᠠᠶᠢᠨ᠎ᠠ᠃ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠬᠤ ᠪᠠᠷ ᠴᠢᠷᠮᠠᠶᠢᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠪᠡ᠃ | ᠯᠢ ᠺᠧ ᠴᠢᠶᠠᠩ 2019 ᠣᠨ ᠪᠣᠯᠤᠨ ᠡᠨᠡ ᠵᠢᠯ ᠠᠴᠠ ᠨᠠᠭᠠᠰᠢᠬᠢ ᠠᠵᠢᠯ ᠢ ᠡᠷᠬᠢᠴᠡᠬᠦᠯᠪᠡ᠄ ᠠᠵᠤ | ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ︔ ᠠᠵᠤ ᠠᠬᠤᠶ ᠶᠢᠨ ᠪᠦᠲᠦᠴᠡ ᠪᠠ ᠣᠷᠣᠨ | ᠪᠦᠰᠡ ᠶᠢᠨ ᠪᠠᠶᠢᠷᠢᠰᠢᠯ ᠦᠷᠬᠦᠯᠵᠢᠯᠡᠨ ᠰᠢᠯᠢᠳᠡᠭᠵᠢᠪᠡ︔ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ | ᠲᠠᠰᠤᠷᠠᠯᠲᠠ ᠦᠭᠡᠢ ᠴᠢᠩᠭᠠᠷᠠᠪᠠ︔ ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠢ ᠠᠯᠬᠤᠪᠠ︔ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ︔ ᠠᠷᠠᠳ ᠤᠨ ᠠᠮᠢᠳᠤᠷᠠᠯ | ᠤᠯᠠᠮ ᠨᠢᠭᠡ ᠠᠯᠬᠤᠮ ᠰᠠᠶᠢᠵᠢᠷᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠭᠠᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ | ᠵᠢᠯᠣᠭᠤᠳᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤᠮᠳᠠ᠂ ᠪᠢᠳᠡ ᠢᠲᠡᠭᠡᠯ ᠵᠣᠷᠢᠭ ᠢᠶᠠᠨ ᠪᠠᠲᠤᠳᠬᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ | ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ | ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠵᠤ ᠨᠠᠷᠢᠯᠢᠭ ᠠᠳᠬᠤᠪᠠ᠃ | | ᠯᠢ ᠺᠧ ᠴᠢᠶᠠᠩ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠴᠤ ᠰᠡᠷᠭᠡᠭ ᠢᠶᠠᠷ ᠣᠯᠵᠤ ᠬᠠᠷᠠᠬᠤ ᠬᠡᠷᠡᠭᠳᠡᠢ᠃ ᠪᠢᠳᠡ ᠡᠷᠬᠡᠪᠰᠢ ᠠᠵᠢᠯ ᠢᠶᠠᠨ ᠴᠢᠷᠮᠠᠶᠢᠨ | ᠰᠠᠶᠢᠵᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠨ᠂ ᠪᠦᠬᠦ ᠰᠡᠳᠬᠢᠯ ᠪᠦᠬᠦ ᠵᠣᠷᠢᠭ ᠢᠶᠠᠷ | ᠴᠢᠷᠮᠠᠶᠢᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠶ ᠬᠡᠵᠥ ᠵᠢᠭᠠᠵᠥ | ᠭᠠᠷᠭᠠᠵᠠᠢ᠃ | ᠯᠢ ᠺᠧ ᠴᠢᠶᠠᠩ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠮᠠᠨ ᠤ ᠤᠯᠤᠰ ᠤᠨ | ᠬᠥᠭᠵᠢᠯᠲᠡ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠪᠠ ᠥᠷᠢᠰᠥᠯᠳᠦᠭᠡᠨ ᠳᠤ ᠲᠤᠯᠭᠠᠷᠠᠬᠤ | ᠪᠣᠯᠪᠠᠴᠤ ᠪᠢᠳᠡᠨ ᠳᠤ ᠥᠪᠡᠷᠮᠢᠴᠡ ᠤᠯᠤᠰ ᠲᠦᠷᠦ ᠪᠠ ᠪᠠᠶᠢᠭᠤᠯᠤᠯ ᠤᠨ ᠳᠠᠪᠠᠭᠤᠯᠢᠭ ᠲᠠᠢ᠂ ᠬᠦᠴᠦᠷᠬᠡᠭ ᠶᠡᠭᠡ | ᠠᠵᠤ ᠠᠬᠤᠶ ᠶᠢᠨ ᠰᠠᠭᠤᠷᠢ ᠲᠠᠢ᠂ ᠯᠤᠲᠤ ᠶᠡᠭᠡ ᠵᠠᠬ᠎ᠠ ᠳᠡᠯᠭᠡᠭᠦᠷ ᠤᠨ ᠲᠠᠯᠳᠠ ᠬᠦᠴᠦᠨ ᠲᠠᠢ ᠪᠠᠶᠢᠵᠤ᠂ ᠦᠢ | ᠤᠯᠠᠨ ᠠᠵᠢᠯᠴᠢ ᠬᠥᠳᠡᠯᠮᠦᠷᠢᠴᠢ ᠤᠬᠠᠭᠠᠯᠢᠭ ᠠᠷᠠᠳ ᠲᠦᠮᠡᠨ ᠲᠠᠢ ᠶᠤᠮ᠃ ᠦᠷᠢᠰᠦᠯᠳᠦᠭᠡᠨ ᠳᠤ ᠰᠢᠭᠤᠳ | ᠬᠠᠨᠳᠤᠵᠤ᠂ ᠬᠦᠭᠵᠢᠯᠳᠠ ᠶᠢᠨ ᠢᠳᠡᠭᠡᠯ ᠵᠤᠷᠢᠭ ᠢᠶᠠᠨ ᠪᠠᠳᠤᠳᠬᠠᠨ᠂ ᠬᠦᠭᠵᠢᠯᠳᠠ ᠶᠢᠨ ᠬᠦᠳᠡᠯᠭᠡᠬᠦ ᠬᠦᠴᠤᠨ ᠢᠶᠠᠨ | ᠴᠢᠩᠭᠠᠳᠬᠠᠵᠤ᠂ ᠮᠠᠨ ᠤ ᠤᠯᠤᠰ ᠤᠨ ᠬᠦᠭᠵᠢᠯᠳᠠ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠲᠤᠬᠢᠶᠠᠯ ᠤᠨ ᠬᠤᠭᠤᠴᠠᠭ᠎ᠠ ᠶᠢ ᠰᠠᠶᠢᠳᠤᠷ ᠬᠠᠮᠠᠭᠠᠯᠠᠵᠤ ᠭᠡᠷᠡᠭᠯᠡᠳᠡᠭ ᠯᠡ ᠶᠤᠮ ᠪᠤᠯ ᠤᠳᠤᠬᠠᠨ ᠤ ᠬᠠᠳᠠᠭᠤ | ᠪᠤᠭᠤᠮᠳᠠ ᠶᠢ ᠯᠠᠪᠳᠠᠢ ᠲᠤᠭᠤᠯᠤᠨ ᠲᠠᠪᠠᠵᠤ ᠴᠢᠳᠠᠨ᠎ᠡ᠂ ᠲᠤᠮᠳᠠᠳᠤ ᠤᠯᠤᠰ ᠤᠨ ᠬᠦᠭᠵᠢᠯᠳᠠ ᠯᠠᠪᠳᠠᠢ ᠬᠦᠰᠡᠯ | ᠡᠷᠡᠮᠡᠯᠵᠠᠯ ᠢᠶᠠᠷ ᠪᠢᠯᠬᠠᠵᠤ ᠴᠢᠳᠠᠨ᠎ᠡ ᠭᠡᠵᠤ ᠵᠢᠭᠠᠵᠤ ᠭᠠᠷᠭᠠᠪᠠ᠃ | ᠯᠢ ᠺᠧ ᠴᠢᠶᠠᠩ᠂ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠢᠵᠢᠭ ᠤᠨ ᠪᠠᠶᠢᠳᠠᠯ ᠢ | ᠪᠤᠳᠤᠯᠬᠢᠯᠠᠭᠠᠳ ᠪᠢᠳᠡ ᠵᠢᠱᠢᠭᠰᠡᠨ ᠬᠠᠷᠠᠯᠳᠠ ᠳᠠᠭᠠᠨ ᠵᠤᠬᠢᠰᠳᠠᠢ ᠲᠤᠬᠢᠷᠠᠭᠤᠯᠤᠯᠳᠠ ᠬᠢᠵᠦ᠂ ᠪᠦᠬᠦ ᠵᠢᠯ ᠤᠨ ᠠᠵᠤ | ᠠᠬᠤᠢ ᠶᠢᠨ ᠨᠡᠮᠡᠭᠳᠡᠯ ᠤᠨ ᠬᠤᠷᠳᠤᠴᠠ ᠳᠤ ᠪᠤᠳᠠᠳᠠᠢ ᠬᠠᠷᠠᠯᠳᠠ ᠲᠤᠷᠠᠳᠤᠬᠰᠡᠨ ᠦᠭᠡᠢ᠂ ᠠᠵᠢᠯ ᠤᠯᠭᠤᠯᠳᠠ ᠶᠢ | ᠳᠤᠭᠳᠠᠪᠤᠷᠢᠵᠢᠭᠤᠯᠬᠤ ᠠᠷᠠᠳ ᠤᠨ ᠠᠮᠢᠳᠤᠷᠠᠯ ᠢ ᠪᠠᠳᠤᠯᠠᠬᠤ ᠶᠢ ᠡᠩ ᠲᠡᠷᠢᠭᠦᠨ ᠳᠤ ᠪᠤᠳᠤᠯᠬᠢᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠠᠮᠠᠴᠠᠨ ᠤᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠬᠠᠷᠠᠯᠳᠠ ᠡᠬᠦᠷᠭᠡ ᠪᠠᠨ ᠴᠢᠷᠮᠠᠶᠢᠨ ᠪᠠᠶᠠᠯᠡᠬᠦᠯᠤᠨ᠎ᠡ︔ ᠬᠤᠳᠠ | ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ ᠶᠢ 900 ᠲᠦᠮᠡᠨ ᠬᠦᠮᠦᠨ ᠠᠴᠠ ᠲᠡᠭᠡᠭᠰᠢ ᠪᠠᠶᠢᠯᠭᠠᠵᠤ᠂ | ᠬᠤᠳᠠ ᠪᠠᠯᠭᠠᠰᠤᠨ ᠤ ᠪᠠᠶᠢᠴᠠᠭᠠᠬᠰᠡᠨ ᠠᠵᠢᠯ ᠠᠯᠳᠠᠯᠳᠠ ᠶᠢᠨ ᠨᠤᠷᠮ᠎ᠡ ᠶᠢ 6% ᠤᠷᠴᠢᠮ ᠪᠠᠶᠢᠯᠭᠠᠨ᠂ ᠬᠤᠳᠠ | ᠪᠠᠯᠭᠠᠰᠤᠨ ᠤ ᠲᠠᠩᠰᠠᠯᠠᠬᠰᠨᠨ ᠠᠵᠢᠯ ᠠᠯᠳᠠᠯᠳᠠ ᠶᠢᠨ ᠨᠤᠷᠮ᠎ᠡ ᠶᠢ 5.5% ᠤᠷᠴᠢᠮ ᠪᠠᠶᠢᠯᠭᠠᠨ᠎ᠡ︔ ᠰᠠᠭᠤᠭᠠᠯᠢ | ᠠᠷᠠᠳ ᠤᠨ ᠭᠡᠷᠡᠭᠯᠡᠭᠡ ᠶᠢᠨ ᠦᠨ᠎ᠡ ᠬᠠᠨᠭ᠍ᠰᠢ ᠶᠢᠨ ᠦᠰᠦᠯᠳᠠ ᠶᠢ 3.5% ᠤᠷᠴᠢᠮ ᠪᠠᠶᠢᠯᠭᠠᠨ᠎ᠡ︔ ᠭᠠᠳᠠᠭᠠᠳᠤ | ᠤᠷᠤᠭᠤᠯᠤᠯᠳᠠ ᠭᠠᠳᠠᠭᠠᠳᠤ ᠭᠠᠷᠭᠠᠯᠳᠠ ᠶᠢ ᠳᠤᠭᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠳᠤ ᠶᠠᠰᠤ ᠴᠢᠨᠠᠷ ᠢ | ᠲᠡᠭᠡᠭᠰᠢᠯᠡᠬᠦᠯᠵᠤ᠂ ᠤᠯᠠᠨ ᠤᠯᠤᠰ ᠤᠨ ᠤᠷᠤᠯᠭ᠎ᠠ ᠵᠠᠷᠤᠯᠭ᠎ᠠ ᠶᠢ ᠦᠨᠳᠤᠰᠤᠨ ᠳᠡᠭᠡᠨ ᠲᠡᠩᠴᠡᠬᠦᠷᠢᠳᠠᠢ ᠪᠠᠶᠢᠯᠭᠠᠨ᠎ᠡ︔ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠤᠰᠤᠨ ᠳᠡᠭᠡᠨ ᠢᠵᠢᠯᠢ | ᠠᠯᠬᠤᠮ ᠲᠠᠢ ᠪᠠᠶᠢᠯᠭᠠᠨ᠎ᠡ︔ ᠤᠳᠤ ᠶᠢᠨ ᠪᠠᠷᠢᠮᠵᠢᠶ᠎ᠡ ᠲᠤᠤᠷᠠᠬᠢ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ | ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠠᠢ ᠰᠢᠶᠠᠨ ᠢ ᠪᠦᠬᠦᠨ ᠢ | ᠶᠠᠳᠠᠭᠤ ᠠᠴᠠ ᠠᠩᠬᠢᠵᠢᠷᠠᠭᠤᠯᠤᠨ᠎ᠠ︔ ᠬᠦᠨᠳᠤ ᠶᠡᠭᠡ ᠮᠦᠡᠭᠭᠦᠨ ᠬᠦᠢᠯᠭᠡᠭᠡᠨ ᠤ ᠠᠶᠤᠯ ᠲᠦᠭᠰᠢᠬᠦᠷᠢ ᠶᠢ | ᠪᠦᠳᠦᠮᠵᠢᠳᠠᠢ ᠰᠡᠷᠭᠡᠶᠢᠯᠡᠨ ᠡᠵᠡᠮᠳᠡᠨ᠎ᠡ︔ ᠨᠢᠭᠡᠴᠢ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠭᠡᠢ | ᠦᠷᠳᠡᠭ ᠤᠨ ᠡᠨᠧᠷᠬᠢ ᠶᠢᠨ ᠬᠤᠷᠤᠭᠳᠠᠭᠤᠯᠤᠯ ᠪᠠ ᠭᠤᠤᠯ ᠪᠤᠯᠬᠤ ᠪᠤᠬᠢᠷᠳᠦᠯ ᠪᠤᠳᠠᠰ ᠢ ᠭᠠᠳᠠᠬᠰᠢᠯᠠᠭᠤᠯᠬᠤ | ᠬᠡᠮᠵᠢᠶ᠎ᠡ ᠶᠢ ᠦᠷᠬᠦᠯᠵᠢᠯᠡᠨ ᠪᠠᠭᠠᠰᠬᠠᠵᠤ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠬᠠᠷᠠᠯᠳᠠ ᠡᠬᠦᠷᠭᠡ ᠶᠢ ᠴᠢᠷᠮᠠᠶᠢᠨ ᠪᠠᠶᠠᠯᠠᠬᠦᠯᠤᠨ᠎ᠡ ᠬᠡᠪᠠ᠃ | ᠯᠢ ᠺᠧ ᠴᠢᠶᠠᠩ᠂ ︽ᠵᠢᠷᠭᠤᠭ᠎ᠠ ᠶᠢ ᠪᠠᠳᠤᠯᠠᠬᠤ︾ ᠪᠤᠯ ᠡᠨᠡ ᠵᠢᠯ ᠤᠨ ︽ᠵᠢᠷᠭᠤᠭ᠎ᠠ ᠶᠢ ᠲᠤᠬᠳᠠᠪᠤᠷᠢᠵᠢᠭᠤᠯᠬᠤ | ︾ ᠠᠵᠢᠯ ᠤᠨ ᠬᠦᠴᠤᠯᠡᠬᠦ ᠴᠡᠭ ᠪᠤᠯᠤᠨ᠎ᠡ᠃ ︽ᠵᠢᠷᠭᠤᠭ᠎ᠠ ᠶᠢ ᠪᠠᠳᠤᠯᠠᠬᠤ︾ ᠶᠢᠨ ᠬᠤᠷᠢᠭ᠎ᠠ ᠱᠤᠭᠤᠮ ᠢ ᠪᠠᠳᠤ | ᠰᠠᠬᠢᠪᠠᠯ ᠠᠵᠤ ᠠᠬᠤᠢ ᠶᠢᠨ ᠦᠨᠳᠤᠰᠤᠨ ᠪᠠᠶᠢᠳᠠᠯ ᠢ ᠲᠤᠬᠳᠠᠪᠤᠷᠢᠵᠢᠭᠤᠯᠵᠤ ᠲᠠᠶᠢᠯᠤᠨ᠎ᠡ︔ ᠪᠠᠳᠤᠯᠠᠬᠤ ᠪᠠᠷ | ᠲᠤᠬᠳᠠᠪᠤᠷᠢᠵᠢᠭᠤᠯᠬᠤ ᠶᠢ ᠠᠬᠢᠭᠤᠯᠵᠤ᠂ ᠲᠤᠬᠳᠠᠭᠤᠨ ᠤ ᠲᠤᠮᠳᠠ ᠤᠷᠤᠭᠰᠢᠯᠠᠨ ᠲᠠᠪᠰᠢᠪᠡᠯ ᠴᠢᠨᠡᠭᠡᠯᠢᠭ ᠨᠡᠶᠢᠭᠡᠮ ᠢ | ᠪᠦᠬᠦ ᠲᠠᠯ᠎ᠡ ᠪᠠᠷ ᠪᠠᠶᠠᠯᠡᠬᠦᠯᠬᠦ ᠰᠠᠭᠤᠷᠢ ᠶᠢ ᠪᠠᠳᠤᠳᠬᠠᠵᠤ ᠴᠢᠳᠠᠨ᠎ᠡ᠃ ᠡᠨᠡ ᠵᠢᠯ ᠨᠢᠬᠡᠨᠳᠡ ᠲᠠᠪᠤᠨ ᠰᠠᠷ᠎ᠠ ᠰᠢᠬᠠᠮ | ᠦᠩᠬᠡᠷᠡᠴᠢᠬᠡᠯᠠ᠂ ᠲᠠᠷᠠᠭᠠᠴᠢ ᠶᠢᠨ ᠱᠠᠳᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠬᠤ ᠶᠢ ᠤᠬᠳᠤ ᠰᠤᠯᠠᠷᠠᠭᠤᠯᠤᠯ ᠦᠭᠡᠢ ᠠᠳᠬᠤᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠡᠯ᠎ᠡ ᠵᠦᠢᠯ ᠤᠨ ᠠᠵᠢᠯ ᠢ ᠱᠠᠯᠠᠪᠳᠠᠨ ᠰᠠᠶᠢᠳᠤᠷ ᠬᠢᠬᠦ ᠭᠡᠷᠡᠭᠳᠠᠢ᠃ ᠲᠦᠷᠦ ᠶᠢᠨ ᠪᠤᠳᠤᠯᠭ᠎ᠠ ᠲᠤᠬᠳᠠᠭᠠᠬᠤ ᠳᠠᠭᠠᠨ | ᠬᠦᠴᠤᠯᠡᠴᠡ ᠶᠢ ᠪᠠᠳᠤᠯᠠᠬᠤ ᠪᠦᠭᠡᠳ ᠪᠠᠰᠠ ᠦᠷᠬᠦᠯᠵᠢᠯᠡᠬᠦ ᠴᠢᠨᠠᠷ ᠢ ᠪᠤᠳᠤᠯᠬᠢᠯᠠᠵᠤ᠂ ᠪᠠᠶᠢᠳᠠᠯ ᠤᠨ ᠬᠤᠪᠢᠷᠠᠯᠳᠠ ᠶᠢ | ᠦᠨᠳᠤᠰᠤᠯᠡᠨ ᠲᠡᠬᠦᠯᠳᠡᠷᠵᠢᠬᠦᠯᠵᠤ ᠪᠤᠯᠤᠨ᠎ᠡ᠂ ᠪᠢᠳᠠ ᠪᠦᠬᠦ ᠵᠢᠯ ᠤᠨ ᠬᠠᠷᠠᠯᠳᠠ ᠡᠬᠦᠷᠭᠡ ᠪᠠᠨ ᠪᠠᠶᠠᠯᠡᠬᠦᠯᠬᠦ ᠢᠳᠡᠭᠡᠯ | ᠵᠤᠷᠢᠭ ᠲᠠᠢ ᠮᠦᠷᠳᠡᠬᠡᠨ ᠪᠠᠰᠠ ᠴᠢᠳᠠᠪᠤᠷᠢ ᠲᠠᠢ ᠶᠤᠮ ᠬᠡᠵᠤ ᠬᠡᠯᠡᠪᠡ᠃ | ᠯᠢ ᠺᠧ ᠴᠢᠶᠠᠩ ᠪᠠᠰᠠ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠬᠤ᠂ | ᠦᠨᠳᠤᠰᠤᠳᠡᠨ᠂ ᠱᠠᠰᠢᠨ ᠰᠤᠷᠳᠠᠬᠤᠨ ᠪᠠ ᠬᠠᠷᠢᠶᠠᠳᠤ ᠨᠠᠷ ᠤᠨ ᠠᠵᠢᠯ᠂ ᠤᠯᠤᠰ ᠤᠨ ᠪᠠᠳᠤᠯᠠᠨ ᠬᠠᠮᠠᠭᠠᠯᠠᠯᠳᠠ ᠪᠠ | ᠴᠡᠷᠢᠭ ᠠᠩᠭᠢ ᠶᠢᠨ ᠪᠠᠶᠢᠭᠤᠯᠤᠯᠳᠠ᠂ ᠰᠢᠶᠠᠩᠭᠠᠩ᠂ ᠤᠤᠮᠸᠠ ᠤ ᠬᠦᠭᠵᠢᠯᠳᠠ ᠪᠤᠯᠤᠨ ᠲᠠᠶᠢᠸᠠᠨ ᠬᠤᠭᠤᠯᠠᠢ ᠶᠢᠨ | ᠬᠤᠶᠠᠷ ᠬᠦᠪᠡᠭᠡᠨ ᠤ ᠬᠠᠷᠢᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠤᠳᠤᠯᠭ᠎ᠠ ᠶᠢᠨ ᠲᠤᠬᠠᠢ ᠲᠤᠳᠤᠷᠬᠠᠢᠢᠯᠠᠨ ᠦᠬᠦᠯᠡᠪᠡ᠃ | ᠬᠤᠷᠠᠯ ᠤᠨ ᠵᠦᠪᠯᠡᠬᠦ ᠵᠦᠢᠯ ᠢ ᠦᠨᠳᠤᠰᠤᠯᠠᠪᠡᠯ᠂ ᠶᠡᠭᠡ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ | 2019 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ | ᠭᠡᠷᠡᠭᠵᠢᠬᠦᠯᠦᠭᠰᠡᠨ ᠪᠠᠶᠢᠳᠠᠯ ᠬᠢᠭᠡᠳ 2020 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠮᠡᠳᠡᠬᠦᠯᠦᠯᠳᠠ ᠵᠢᠴᠢ 2020 ᠤᠨ ᠤ ᠤᠯᠤᠰ ᠠᠷᠠᠳ ᠤᠨ | ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠤᠯ᠂ 2019 ᠤᠨ ᠤ ᠲᠦᠪ ᠤᠨ | ᠪᠠ ᠤᠷᠤᠨ ᠨᠤᠳᠤᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠬᠢᠭᠡᠳ 2020 ᠤᠨ ᠤ ᠲᠦᠪ ᠤᠨ ᠪᠠ | ᠤᠷᠤᠨ ᠨᠤᠳᠤᠭ ᠤᠨ ᠲᠦᠰᠦᠪ ᠤᠨ ᠲᠦᠰᠦᠯ ᠤᠨ ᠮᠡᠳᠡᠬᠦᠯᠦᠯᠳᠠ ᠵᠢᠴᠢ 2020 ᠤᠨ ᠤ ᠲᠦᠪ ᠤᠨ ᠪᠠ ᠤᠷᠤᠨ | ᠨᠤᠳᠤᠭ ᠤᠨ ᠲᠦᠰᠦᠪ ᠤᠨ ᠲᠦᠰᠦᠯ ᠢ ᠬᠢᠨᠠᠨ ᠪᠠᠶᠢᠴᠠᠭᠠᠨ᠎ᠡ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠨᠠᠶᠢᠳᠡᠯᠭ᠎ᠠ ᠪᠠᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠲᠡᠳ᠋ ᠬᠤᠷᠢᠶᠠᠨ ᠲᠠᠷᠤᠭ᠎ᠠ ᠸᠠᠩ ᠴᠧᠨ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠤᠨ ᠲᠤᠬᠠᠢ | ᠲᠤᠳᠤᠷᠬᠠᠢᠢᠯᠠᠯᠳᠠ ᠬᠢᠪᠠ᠃ ᠳᠤᠳᠤᠷᠬᠠᠢᠢᠯᠠᠯᠳᠠ ᠳᠤ᠂ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ | ᠲᠤᠭᠤᠷᠪᠢᠬᠤ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ | ᠲᠡᠬᠦᠯᠳᠡᠷᠵᠢᠬᠦᠯᠬᠦ ᠶᠢᠨ ᠪᠤᠳᠠᠳᠤ ᠭᠡᠷᠡᠭᠴᠡᠭᠡ ᠮᠦᠨ᠂ ᠪᠦᠬᠦ ᠲᠠᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ | ᠠᠬᠢᠭᠤᠯᠬᠤ᠂ ᠤᠯᠤᠰ ᠤᠨ ᠵᠠᠰᠠᠯᠳᠠ ᠶᠢᠨ ᠰᠢᠰᠲᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ | ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠦᠨ᠂ ᠨᠡᠶᠢᠭᠡᠮ ᠵᠢᠷᠤᠮ ᠤᠨ ᠦᠨᠳᠤᠰᠤᠨ ᠠᠵᠤ ᠠᠬᠤᠢ ᠶᠢᠨ | ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ | ᠪᠤᠰᠤᠳᠴᠢ ᠱᠠᠭᠠᠷᠳᠠᠯᠭ᠎ᠠ ᠮᠦᠨ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠬᠦ᠂ ᠬᠠᠮᠤᠭ ᠤᠨ ᠦᠷᠭᠡᠨ ᠤᠯᠠᠨ | ᠠᠷᠠᠳ ᠲᠦᠮᠡᠨ ᠤ ᠦᠨᠳᠤᠰᠤᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ ᠭᠡᠵᠤ | ᠵᠢᠭᠠᠵᠤ ᠭᠠᠷᠭᠠᠪᠠ᠃ | ᠳᠤᠳᠤᠷᠬᠠᠢᠢᠯᠠᠯᠳᠠ ᠳᠤ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠬᠤ ᠶᠡᠷᠦᠩᠬᠡᠢ | ᠱᠠᠭᠠᠷᠳᠠᠯᠭ᠎ᠠ ᠪᠠ ᠦᠨᠳᠦᠰᠦᠨ ᠵᠠᠷᠴᠢᠮ ᠢ ᠲᠠᠨᠢᠯᠴᠠᠭᠤᠯᠵᠠᠢ᠃ ᠳᠤᠳᠤᠷᠬᠠᠢᠢᠯᠠᠯᠳᠠ ᠳᠤ᠂ ᠢᠷᠭᠡᠨ ᠤ ᠬᠠᠤᠯᠢ ᠶᠢᠨ | ᠪᠢᠴᠢᠭ ᠢ ᠨᠠᠶᠢᠷᠠᠭᠤᠯᠤᠨ ᠲᠤᠭᠤᠷᠪᠢᠬᠤ ᠵᠢᠯᠤᠭᠤᠳᠬᠤ ᠦᠵᠡᠯ ᠰᠠᠨᠠᠭ᠎ᠠ ᠪᠤᠯ᠄ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠠ | ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠳᠡᠭᠡᠯ︾ ᠢᠶᠠᠨ | ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠲᠦᠪ ᠤᠨ ᠬᠤᠯᠪᠤᠭᠳᠠᠯ ᠪᠦᠬᠦᠢ ᠪᠦᠭᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ | ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠨ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠪᠤᠯᠤᠨ | ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ | ᠠᠬᠢᠭᠤᠯᠬᠤ ᠲᠠᠢ ᠨᠢᠭᠳᠠ ᠤᠶᠠᠯᠳᠤᠭᠤᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠰᠢᠰᠲ᠋ᠧᠮ ᠢ ᠪᠠᠶᠢᠭᠤᠯᠬᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠳᠦᠬᠡᠨ | ᠪᠠᠶᠢᠭᠤᠯᠬᠤ ᠲᠠᠢ ᠨᠢᠭᠳᠠ ᠤᠶᠠᠯᠳᠤᠭᠤᠯᠤᠨ᠂ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠨ᠂ ᠴᠠᠭ ᠦᠶ᠎ᠠ ᠶᠢᠨ | ᠱᠠᠭᠠᠷᠳᠠᠯᠭ᠎ᠠ ᠲᠠᠢ ᠵᠤᠬᠢᠴᠠᠵᠤ᠂ ᠮᠠᠨ ᠤ ᠤᠯᠤᠰ ᠤᠨ ᠤᠳᠤᠬᠠᠨ ᠳᠤ ᠬᠡᠷᠡᠭᠵᠢᠭᠦᠯᠵᠦ ᠪᠠᠶᠢᠭ᠎ᠠ᠂ ᠠᠳᠠᠯᠢ ᠪᠤᠰᠤ ᠴᠠᠭ | ᠦᠶ᠎ᠠ ᠳᠤ ᠲᠤᠭᠳᠠᠭᠠᠭᠰᠠᠨ ᠢᠷᠭᠡᠨ ᠤ ᠬᠠᠤᠯᠢ ᠶᠢᠨ ᠶᠡᠷᠦᠩᠬᠡᠢ ᠳᠦᠷᠢᠮ᠂ ᠪᠤᠳᠠᠰ ᠤᠨ ᠡᠷᠭᠡ ᠶᠢᠨ ᠬᠠᠤᠯᠢ᠂ | ᠭᠡᠷ᠎ᠠ ᠶᠢᠨ ᠬᠠᠤᠯᠢ᠂ ᠪᠠᠳᠤᠯᠠᠨ ᠳᠠᠭᠠᠭᠠᠬᠤ ᠬᠠᠤᠯᠢ᠂ ᠤᠷᠤᠭ ᠤᠨ ᠬᠠᠤᠯᠢ᠂ ᠦᠷᠡᠴᠢᠯᠡᠨ ᠲᠡᠵᠢᠭᠡᠬᠦ ᠬᠠᠤᠯᠢ᠂ ᠦᠪ | ᠵᠠᠯᠭᠠᠮᠵᠢᠯᠠᠬᠤ ᠬᠠᠤᠯᠢ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ ᠪᠤᠯᠤᠨ ᠬᠦᠮᠦᠨ ᠤ ᠡᠷᠬᠡ | ᠬᠦᠨᠳᠤ ᠶᠢᠨ ᠡᠷᠬᠡ ᠵᠡᠷᠭᠡ ᠲᠠᠯ᠎ᠠ ᠶᠢᠨ ᠢᠷᠭᠡᠨ ᠤ ᠬᠡᠷᠡᠭ ᠤᠨ ᠬᠠᠤᠯᠢ ᠵᠢᠷᠤᠮᠵᠢᠯ ᠢ ᠪᠦᠬᠦ ᠲᠠᠯ᠎ᠠ ᠪᠠᠷ ᠰᠢᠰᠲ᠋ᠧᠮ ᠲᠠᠢ | ᠨᠠᠶᠢᠷᠠᠭᠤᠯᠤᠨ ᠲᠤᠭᠤᠷᠪᠢᠵᠤ ᠵᠠᠰᠠᠪᠤᠷᠢ ᠤᠷᠤᠭᠤᠯᠤᠨ᠂ ᠳᠤᠮᠳᠠᠳᠤ ᠤᠯᠤᠰ ᠤᠨ ᠤᠨᠴᠠᠯᠢᠭ ᠲᠠᠢ᠂ ᠴᠠᠭ ᠦᠶ᠎ᠠ ᠶᠢᠨ | ᠤᠨᠴᠠᠯᠢᠭ ᠢ ᠬᠠᠷᠠᠭᠤᠯᠤᠭᠰᠠᠨ᠂ ᠠᠷᠠᠳ ᠤᠨ ᠵᠤᠷᠢᠭ ᠰᠠᠨᠠᠭ᠎ᠠ ᠶᠢ ᠳᠤᠰᠬᠠᠭᠰᠠᠨ ᠢᠷᠭᠡᠨ ᠤ ᠬᠠᠤᠯᠢ ᠶᠢᠨ ᠪᠢᠴᠢᠭ ᠢ | ᠪᠦᠷᠢᠯᠳᠦᠭᠦᠯᠵᠤ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ | ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠪᠦᠷᠢᠨ ᠲᠦᠬᠦᠷ ᠢᠷᠭᠡᠨ ᠤ ᠬᠡᠷᠡᠭ ᠤᠨ ᠬᠠᠤᠯᠢᠵᠢᠯ ᠤᠨ ᠪᠠᠳᠤᠯᠠᠭ᠎ᠠ ᠬᠠᠩᠭᠠᠬᠤ ᠪᠤᠯᠤᠨ᠎ᠠ ᠭᠡᠵᠤ | ᠵᠢᠭᠠᠵᠤ ᠭᠠᠷᠭᠠᠪᠠ᠃ | ᠳᠤᠳᠤᠷᠬᠠᠢᠢᠯᠠᠯᠳᠠ ᠶᠢ ᠦᠨᠳᠦᠰᠦᠯᠡᠪᠡᠯ᠂ ᠲᠦᠰᠦᠯ ᠨᠢ ᠨᠡᠶᠢᠳᠡ 7 ᠠᠩᠭᠢ᠂ 1260 ᠵᠦᠢᠯ ᠲᠠᠢ᠂ ᠡᠯ᠎ᠠ | ᠠᠩᠬᠢ ᠨᠢ ᠶᠡᠷᠦᠩᠬᠡᠢ ᠳᠦᠷᠢᠮ᠂ ᠪᠤᠳᠠᠰ ᠤᠨ ᠡᠷᠬᠡ᠂ ᠭᠡᠷ᠎ᠠ᠂ ᠬᠦᠮᠦᠨ ᠤ ᠡᠷᠬᠡ ᠬᠦᠨᠳᠦ ᠶᠢᠨ ᠡᠷᠬᠡ᠂ ᠤᠷᠤᠭ ᠭᠡᠷ | ᠪᠦᠯᠢ᠂ ᠦᠪ ᠵᠠᠯᠭᠠᠮᠵᠢᠯᠠᠬᠤ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠢᠴᠢ ᠳᠠᠭᠠᠯᠳᠤᠭᠤᠯᠤᠯ ᠳᠦᠷᠢᠮ ᠤᠨ ᠳᠡᠰ | ᠳᠠᠷᠠᠭ᠎ᠠ ᠪᠠᠷ ᠳᠠᠷᠠᠭᠠᠯᠠᠵᠠᠢ᠃ ᠳᠤᠳᠤᠷᠬᠠᠢᠢᠯᠠᠯᠳᠠ ᠳᠤ ᠪᠠᠰᠠ ᠲᠦᠰᠦᠯ ᠤᠨ ᠭᠤᠤᠯ ᠠᠭᠤᠯᠭ᠎ᠠ ᠶᠢ | ᠲᠠᠨᠢᠯᠴᠠᠭᠤᠯᠤᠭᠰᠠᠨ ᠪᠠᠶᠢᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠶᠢᠳᠠᠯᠭ᠎ᠠ ᠪᠠᠷ᠂ ᠸᠠᠩ ᠴᠧᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠬᠡᠷᠡᠭᠵᠢᠬᠦᠯᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠢ | ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠲᠤᠭᠳᠠᠭᠠᠯ ᠤᠨ ᠲᠦᠰᠦᠯ ᠤᠨ ᠲᠤᠬᠠᠢ | ᠲᠤᠳᠤᠷᠬᠠᠢᠢᠯᠠᠯᠳᠠ ᠬᠢᠵᠠᠢ᠃ | ᠳᠤᠳᠤᠷᠬᠠᠢᠢᠯᠠᠯᠳᠠ ᠳᠤ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ᠂ ᠤᠯᠤᠰ ᠠᠴᠠ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾ | ᠂ ᠳᠡᠭᠡᠳᠤ ᠬᠡᠮᠵᠢᠶ᠎ᠠ ᠪᠠᠷ ᠦᠪᠡᠷᠳᠡᠭᠡᠨ ᠵᠠᠰᠠᠬᠤ ᠴᠢᠭᠯᠡᠯᠳᠡ ᠶᠢ ᠡᠷᠡᠰ ᠲᠤᠭᠤᠰᠢᠯᠠᠭᠤᠯᠵᠤ᠂ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠰᠢᠶᠠᠩᠭᠠᠩ ᠳᠤ ᠤᠷᠢᠳ ᠡᠮᠦᠨ᠎ᠠ ᠪᠠᠶᠢᠭ᠎ᠠ ᠦᠭᠡᠢ ᠠᠮᠵᠢᠯᠳᠠ | ᠤᠯᠵᠠᠢ︔ ᠡᠭᠦᠨ ᠤ ᠬᠠᠮᠳᠤ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠳᠤᠮᠳᠠ | ᠪᠠᠰᠠ ᠵᠠᠷᠢᠮ ᠰᠢᠨ᠎ᠠ ᠪᠠᠶᠢᠳᠠᠯ ᠰᠢᠨ᠎ᠠ ᠠᠰᠠᠭᠤᠳᠠᠯ ᠳᠤ ᠲᠤᠯᠭᠠᠷᠠᠵᠤ᠂ ᠰᠢᠨ᠎ᠠ ᠲᠦᠭᠰᠢᠭᠦᠷᠢ ᠪᠠ | ᠦᠷᠢᠰᠦᠯᠳᠦᠭᠡᠨ ᠳᠤ ᠲᠤᠯᠭᠠᠷᠠᠪᠠ᠃ ᠤᠳᠤᠬᠠᠨ ᠤ ᠨᠢᠭᠡ ᠳᠤᠪᠤᠶᠢᠮ᠎ᠠ ᠠᠰᠠᠭᠤᠳᠠᠯ ᠭᠡᠪᠡᠯ ᠰᠢᠶᠠᠩᠭᠠᠩ ᠤᠨᠴᠠᠭᠠᠢ | ᠵᠠᠰᠠᠭ ᠵᠠᠬᠢᠷᠭᠠᠨ ᠤ ᠤᠷᠤᠨ ᠳᠤ ᠤᠯᠤᠰ ᠤᠨ ᠠᠮᠤᠷ ᠲᠦᠪᠰᠢᠨ ᠤ ᠲᠦᠭᠰᠢᠭᠦᠷᠢ ᠶᠠᠪᠤᠬᠤ ᠲᠤᠳᠤᠮ ᠢᠯᠡᠷᠬᠡᠢ ᠪᠤᠯᠵᠤ | ᠪᠠᠶᠢᠨ᠎ᠠ᠃ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠲᠠᠪᠤᠷᠢᠵᠢᠭᠤᠯᠬᠤ ᠳᠤ᠂ ᠰᠢᠶᠠᠩᠭᠠᠩ ᠤᠨ ᠤᠲᠤᠬᠠᠠ ᠤ ᠪᠠᠶᠢᠲᠠᠯ ᠢᠶᠠᠷ ᠪᠤᠯ ᠡᠷᠭᠡᠪᠰᠢ ᠤᠯᠤᠰ ᠤᠨ | ᠲᠠᠪᠬᠤᠷᠭ᠎ᠠ ᠠᠴᠠ ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ | ᠬᠠᠮᠠᠭᠠᠯᠬᠠᠤ ᠬᠠᠤᠯᠢ ᠲᠦᠷᠢᠮ ᠪᠠ ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠪᠦᠷᠢᠠᠰᠢᠭᠦᠯᠵᠦ᠂ ᠤᠯᠤᠰ ᠤᠨ ᠠᠮᠤᠷ | ᠲᠦᠪᠰᠢᠨ ᠤ ᠬᠦᠷᠢᠶᠠᠠ ᠳᠠᠬᠢ ᠤᠷᠲᠤ ᠬᠤᠭᠤᠴᠠᠭ᠎ᠠ ᠪᠠᠷ ︽ᠰᠡᠷᠭᠡᠶᠢᠯᠡᠯᠲᠡ ᠦᠭᠡᠢ︾ ᠪᠠᠶᠢᠲᠠᠯ ᠢ ᠬᠤᠪᠢᠷᠠᠭᠤᠯᠤᠨ᠂ | ᠦᠨᠲᠦᠰᠤᠨ ᠬᠠᠤᠯᠢ ᠪᠤᠯᠤᠨ ᠰᠢᠶᠠᠩᠭᠠᠩ ᠤᠨ ᠦᠨᠲᠦᠰᠦ ᠪᠤᠯᠬᠤ ᠬᠠᠤᠯᠢ ᠶᠤᠰᠤᠭᠠᠷ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠲᠤᠭᠲᠠᠴᠠ ᠶᠢᠨ ᠪᠠᠶᠢᠭᠤᠯᠤᠯᠲᠠ ᠶᠢ ᠠᠬᠢᠭᠤᠯᠵᠦ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠠᠵᠢᠯ ᠢ ᠴᠢᠩᠭᠠᠳᠬᠠᠨ᠂ ᠰᠢᠶᠠᠩᠭᠠᠩ ᠤᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ | ︾ ᠦᠢᠯᠡᠰ ᠤᠨ ᠯᠠᠪᠳᠠᠭᠤᠨ ᠳᠤᠭᠳᠠᠭᠤᠨ ᠢᠶᠠᠷ ᠦᠨᠢ ᠤᠳᠠᠭᠠᠨ ᠶᠠᠪᠤᠭᠳᠠᠬᠤ ᠶᠢ ᠪᠠᠲᠤᠯᠠᠬᠤ ᠭᠡᠷᠡᠭᠲᠡᠢ ᠭᠡᠵᠦ | ᠵᠢᠭᠠᠵᠦ ᠭᠠᠷᠭᠠᠪᠠ᠃ | ᠲᠤᠲᠤᠷᠬᠠᠢᠢᠯᠠᠯᠲᠠ ᠳᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠦᠨᠵᠡᠭᠡᠢ | ᠲᠤᠭᠤᠰᠢᠯᠠᠭᠤᠯᠤᠨ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠳᠦᠷᠢᠮ ᠤᠨ ᠰᠢᠰᠲ᠋ᠧᠮ ᠢ | ᠪᠠᠷᠢᠮᠲᠠᠯᠠᠠ ᠲᠡᠭᠦᠯᠲᠡᠷᠵᠢᠭᠦᠯᠵᠦ᠂ ᠤᠠᠴᠠᠭᠠᠢ ᠵᠠᠰᠠᠭ ᠵᠠᠬᠢᠷᠭᠠᠠ ᠤ ᠤᠷᠤᠨ ᠳᠠᠬᠢ ᠲᠦᠪ ᠤᠨ ᠪᠦᠬᠦ ᠲᠠᠯ᠎ᠠ ᠪᠠᠷ | ᠬᠠᠮᠢᠶᠠᠷᠤᠨ ᠵᠠᠰᠠᠬᠤ ᠡᠷᠭᠡ ᠶᠢ ᠬᠠᠮᠠᠭᠠᠯᠠᠬᠤ ᠪᠠ ᠤᠨᠴᠠᠭᠠᠢ ᠵᠠᠰᠠᠭ ᠵᠠᠬᠢᠷᠭᠠᠠ ᠤ ᠤᠷᠤᠠ ᠤ ᠲᠡᠭᠡᠲᠦ ᠬᠡᠮᠵᠢᠶ᠎ᠠ ᠪᠠᠷ | ᠦᠪᠡᠷᠲᠡᠭᠡᠡ ᠵᠠᠰᠠᠬᠤ ᠡᠷᠭᠡ ᠶᠢ ᠪᠠᠲᠤᠯᠠᠬᠤ ᠶᠢ ᠤᠷᠭᠠᠨᠢᠭ ᠢᠶᠠᠷ ᠤᠶᠠᠯᠲᠤᠭᠤᠯᠤᠨ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠲᠦᠷᠢᠮ ᠤᠨ ᠪᠠᠶᠢᠭᠤᠯᠤᠯᠲᠠ ᠪᠤᠯᠤᠨ ᠬᠠᠤᠯᠢ ᠭᠡᠷᠡᠭᠵᠢᠭᠦᠯᠬᠦ ᠠᠵᠢᠯ ᠢ ᠴᠢᠩᠭᠠᠳᠬᠠᠵᠦ᠂ ᠤᠯᠤᠰ ᠤᠨ | ᠡᠷᠭᠡ ᠮᠡᠲᠡᠯ᠂ ᠠᠮᠤᠷ ᠲᠦᠪᠰᠢᠨ᠂ ᠬᠦᠭᠵᠢᠯᠲᠠ ᠶᠢᠨ ᠠᠰᠢᠭ ᠲᠤᠰᠠ ᠶᠢ ᠡᠷᠡᠰ ᠬᠠᠮᠠᠭᠠᠯᠠᠨ᠂ ᠰᠢᠶᠠᠩᠭᠠᠩ ᠤᠨ | ᠤᠷᠲᠤ ᠬᠤᠭᠤᠴᠠᠭᠠᠠ ᠤ ᠬᠦᠭᠵᠢᠯ ᠴᠡᠴᠡᠭᠯᠡᠯ ᠲᠤᠭᠲᠠᠭᠤᠨ ᠢ ᠬᠠᠮᠠᠭᠠᠯᠠᠵᠤ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠠ ᠶᠢᠨ ᠬᠤᠪᠢᠷᠠᠰᠢ ᠦᠭᠡᠢ᠂ ᠭᠤᠶᠢᠪᠢᠰᠢ ᠦᠭᠡᠢ ᠪᠠᠶᠢᠬᠤ ᠶᠢ ᠪᠠᠲᠤᠯᠠᠵᠦ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠲᠦᠯᠭᠡ ᠶᠢᠨ ᠬᠡᠯᠪᠡᠷᠢ ᠬᠤᠪᠢᠷᠠᠬᠤ ᠦᠭᠡᠢ᠂ | ᠭᠠᠵᠢᠬᠤ ᠦᠭᠡᠢ ᠪᠠᠶᠢᠬᠤ᠋ ᠶᠢ ᠪᠠᠲᠤᠯᠠᠬᠤ ᠭᠡᠷᠡᠭᠲᠡᠢ᠃ ᠲᠤᠤᠷᠠᠬᠢ ᠦᠨᠲᠦᠰᠦᠨ ᠵᠠᠷᠴᠢᠮ ᠢ ᠡᠷᠭᠡᠪᠰᠢ ᠰᠠᠶᠢᠳᠦᠷ | ᠵᠢᠷᠤᠮᠯᠠᠠ ᠡᠵᠡᠮᠲᠡᠬᠦ ᠭᠡᠷᠡᠭᠲᠡᠢ᠄ ᠨᠢᠭᠡ ᠳᠤ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠂ ᠬᠤᠶᠠᠷ ᠲᠤ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠲᠦᠷᠢᠮ ᠤᠨ ᠰᠢᠰᠲ᠋ᠧᠮ ᠢ ᠪᠠᠷᠢᠮᠲᠠᠯᠠᠠ | ᠲᠡᠭᠦᠯᠲᠡᠷᠵᠢᠭᠦᠯᠤᠨᠠ᠂ ᠭᠤᠷᠪᠠ ᠳᠤ ᠬᠠᠤᠯᠢ ᠶᠤᠰᠤᠭᠠᠷ ᠰᠢᠶᠠᠩᠭᠠᠩ ᠢ ᠵᠠᠰᠠᠬᠤ ᠶᠢ ᠪᠠᠷᠢᠮᠲᠠᠯᠠᠨ᠎ᠠ᠂ ᠲᠦᠷᠪᠡ ᠳᠤ | ᠭᠠᠳᠠᠭᠠᠳᠦ ᠠᠴᠠ ᠭᠠᠷ ᠲᠦᠷᠦᠬᠦ ᠶᠢ ᠡᠷᠡᠰ ᠡᠰᠡᠷᠭᠦᠴᠡᠨ᠎ᠠ᠂ ᠲᠠᠪᠤ ᠳᠤ ᠰᠢᠶᠠᠩᠭᠠᠩ ᠤᠨ ᠰᠠᠭᠤᠭᠠᠯᠢ ᠠᠷᠠᠳ ᠤᠨ | ᠬᠠᠤᠯᠢ ᠶᠤᠰᠤᠨ ᠤ ᠡᠷᠭᠡ ᠠᠰᠢᠭ ᠢ ᠦᠨᠡᠡ ᠬᠦ ᠪᠠᠲᠤᠯᠠᠨ᠎ᠠ ᠭᠡᠵᠦ ᠵᠢᠭᠠᠵᠦ ᠭᠠᠷᠭᠠᠪᠠ᠃ | ᠲᠤᠲᠤᠷᠬᠠᠢᠢᠯᠠᠯᠲᠠ ᠳᠤ ᠲᠠᠨᠢᠯᠴᠠᠭᠤᠯᠤᠭᠰᠠᠨ ᠢᠶᠠᠷ᠂ ᠳᠤᠭᠳᠠᠭᠠᠯ ᠤᠨ ᠲᠦᠰᠦᠯ ᠨᠢ ᠤᠳᠤᠷᠢᠳᠬᠠᠯ ᠪᠠ ᠭᠤᠤᠯ | ᠵᠤᠬᠢᠶᠠᠯ ᠭᠡᠵᠦ ᠬᠤᠶᠠᠷ ᠬᠡᠰᠡᠭ ᠲᠤ ᠬᠤᠪᠢᠶᠠᠵᠦ᠂ ᠤᠳᠤᠷᠢᠳᠬᠠᠯ ᠤᠨ ᠭᠡᠰᠡᠭ ᠨᠢ ᠡᠨᠡ ᠬᠦ ᠲᠤᠭᠲᠠᠭᠠᠯ ᠢ | ᠭᠠᠷᠠᠭᠠᠭᠰᠠᠠ ᠤᠴᠢᠷ ᠰᠢᠯᠲᠠᠭᠠᠠ᠂ ᠵᠤᠷᠢᠯᠭ᠎ᠠ ᠪᠠ ᠦᠨᠳᠦᠰᠦᠯᠡᠯ ᠢ ᠳᠤᠪᠴᠢ ᠲᠠᠶᠢᠯᠪᠤᠷᠢᠯᠠᠵᠠᠢ᠂ ᠳᠤᠭᠳᠠᠭᠠᠯ ᠤᠨ | ᠲᠦᠰᠦᠯ ᠤᠨ ᠭᠤᠤᠯ ᠵᠤᠬᠢᠶᠠᠯ ᠨᠢ 7 ᠵᠤᠷᠪᠤᠰ ᠡᠭᠤᠯᠭᠠ ᠲᠠᠢ᠃ ᠲᠤᠲᠤᠷᠬᠠᠢᠢᠯᠠᠯᠲᠠ ᠳᠤ ᠪᠠᠰᠠ ᠳᠤᠭᠳᠠᠭᠠᠯ ᠤᠨ | ᠲᠦᠰᠦᠯ ᠤᠨ ᠪᠤᠲᠠᠲᠠᠢ ᠠᠭᠤᠯᠭ᠎ᠠ ᠶᠢ ᠲᠠᠨᠢᠯᠴᠠᠭᠤᠯᠤᠭᠰᠠᠠ ᠪᠠᠶᠢᠨ᠎ᠠ᠃ | ᠲᠡᠷᠢᠭᠦᠯᠡᠭᠴᠢᠳ ᠤᠨ ᠲᠠᠶᠢᠰᠠᠠ ᠳᠤ ᠰᠠᠭᠠᠲᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠯᠢᠤ ᠡᡁᠧ᠂ | ᠰᠢᠤᠢ ᠴᠢ ᠯᠢᠶᠠᠩ᠂ ᠰᠦᠨ ᠴᠦᠨ ᠯᠠᠠ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠧ ᠤᠤᠢ᠂ ᠶᠠᠩ | ᠰᠢᠶᠤᠤ ᠳ᠋ᠦ᠋᠂ ᠵᠠᠩ ᠶᠢᠤ ᠰᠢᠶᠠ᠂ ᠴᠸᠠ ᠰᠢ᠂ ᠴᠸᠠ ᠴᠢᠤᠸᠠᠠ ᠬᠦᠸᠧ᠂ ᠴᠸᠠ ᠮᠢᠨ ᠡᠯ᠂ ᠬᠤ᠋ ᠴᠦᠨ ᠬᠤᠸᠠ᠂ | ᠭᠦᠸᠧ ᠱᠧᠩ ᠺᠦᠠ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠠ᠂ ᠸᠧᠢ ᠹᠧᠩ ᠡᡁᠧ᠂ ᠸᠠᠩ ᠶᠦᠩ᠂ | ᠸᠠᠩ ᠢ᠂ ᠰᠢᠶᠤᠤ ᠵᠢᠶᠧ᠂ ᠵᠤᠤ ᠺᠧ ᡁᠢ᠂ ᠵᠸᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠤ ᠴᠢ ᠪᠤᠤ᠂ | ᠫᠠᠪᠠᠯᠠ · ᠭᠧᠯᠧᠭᠨᠠᠮᠵᠢᠯ᠂ ᠳ᠋ᠦᠩ ᠵᠢᠶᠠᠠ ᠬᠤᠸᠡ᠂ ᠸᠠᠠ ᠭᠠᠩ᠂ ᠡᡁᠧ ᠡᡁᠸᠤ ᠬᠤᠸᠠ᠂ ᠯᠦ ᠵᠠᠠ ᠬᠦᠩ᠂ ᠸᠠᠩ | ᠵᠧᠩ ᠸᠧᠢ᠂ ᠮᠠ ᠪᠢᠶᠤᠤ᠂ ᠴᠸᠠ ᠰᠢᠶᠤᠤ ᠭᠤᠸᠠᠩ᠂ ᠯᠢᠶᠠᠩ ᠵᠸᠠ ᠶᠢᠩ᠂ ᠰᠢᠶᠠ ᠪᠤᠤ ᠯᠦᠩ᠂ ᠶᠠᠩ ᠴᠤᠸᠠᠠ | ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠡᡁᠧ ᠯᠢ ᠹᠧᠩ᠂ ᠰᠦ᠋ ᠬᠤᠢ᠂ ᠵᠧᠩ ᠵᠢᠶᠠᠠ ᠪᠠᠩ᠂ ᠭᠦ᠋ | ᠱᠧᠩ ᠽᠦ᠂ ᠯᠢᠤ ᠰᠢᠨ ᠴᠧᠩ᠂ ᠡᡁᠧ ᠸᠧᠢ᠂ ᠱᠤᠤ ᠬᠤᠩ᠂ ᠭᠤᠤ ᠶᠦᠨ ᠯᠦᠩ ᠵᠢᠴᠢ ᠲᠦᠪ ᠤᠨ ᠴᠡᠷᠢᠭ ᠤᠨ | ᠶᠠᠪᠤᠲᠠᠯ ᠤᠨ ᠬᠤᠷᠢᠶᠠᠠ ᠤ ᠭᠡᠰᠢᠭᠦᠨ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠨᠠᠷ ᠪᠠᠶᠢᠨ᠎ᠠ᠃ | ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠯᠢᠨ ᠵᠧᠩ ᠶᠤᠸᠠᠢ ᠡᠸ᠋᠂ | ᠤᠤᠮᠸᠠ ᠤᠠᠴᠠᠭᠠᠢ ᠵᠠᠰᠠᠭ ᠵᠠᠬᠢᠷᠭᠠᠠ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠡᡁᠧ ᠢ ᠴᠧᠩ ᠬᠤᠷᠠᠯ ᠳᠤ | ᠰᠤᠯᠠ ᠤᠷᠤᠯᠴᠠᠭᠰᠠᠠ ᠪᠦᠭᠡᠳ ᠲᠡᠷᠢᠭᠦᠯᠡᠭᠴᠢᠳ ᠤᠨ ᠲᠠᠶᠢᠰᠠᠠ ᠳᠤ ᠰᠠᠭᠠᠲᠠᠵᠠᠢ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠬᠤᠷᠢᠶᠠᠨ ᠤ | ᠭᠤᠷᠪᠠᠲᠤᠭᠠᠷ ᠬᠤᠷᠠᠯ ᠳᠤ ᠤᠷᠤᠯᠴᠠᠵᠤ ᠪᠠᠶᠢᠭ᠎ᠠ ᠤᠯᠤᠰ ᠲᠦᠷᠦ ᠶᠢᠨ ᠵᠦᠪᠯᠡᠯᠭᠡᠡ ᠤ ᠭᠡᠰᠢᠭᠦᠳ ᠬᠤᠷᠠᠯ ᠳᠤ ᠰᠤᠯᠠ | ᠤᠷᠤᠯᠴᠠᠵᠠᠢ᠃ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠴᠢᠯᠦᠭᠡᠯᠡᠬᠦ ᠴᠡᠷᠢᠭ ᠤᠨ | ᠬᠠᠮᠢᠶ᠎ᠠ ᠪᠦᠬᠦᠢ ᠨᠢᠭᠡᠴᠢ᠂ ᠡᠯ᠎ᠠ ᠠᠷᠠᠳ ᠤᠨ ᠪᠦᠯᠬᠦᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠠ ᠬᠤᠷᠠᠯ ᠳᠤ ᠰᠤᠯᠠ | ᠤᠷᠤᠯᠴᠠᠭᠰᠠᠠ ᠪᠤᠶᠤ ᠶᠡᠭᠡ ᠬᠤᠷᠠᠯ ᠢ ᠰᠤᠯᠠ ᠰᠤᠨᠤᠰᠴᠠᠢ᠃ | ᠲᠤᠮᠲᠠᠲᠤ ᠤᠯᠤᠰ ᠲᠤ ᠰᠠᠭᠤᠭ᠎ᠠ ᠭᠠᠲᠠᠭᠠᠲᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠤᠨᠤᠰᠴᠠᠢ᠃ | |