5 ᠰᠠᠷ᠎ᠠ ᠶᠢᠨ 22 ᠤᠨ ᠡᠳᠦᠷ᠂ ᠨᠢᠵᠢᠬᠢᠨᠡᠭᠰᠡᠨ ᠠᠯᠠᠭ᠎ᠠ ᠲᠠᠰᠢᠯᠳᠠ ᠶᠢᠨ ᠲᠠᠭᠤᠨ ᠤ ᠳᠤᠮᠳᠠ᠂ ᠶᠡᠷᠦᠩᠬᠡᠢ | ᠱᠦᠵᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ | | | | | | | ᠶᠡᠷᠦᠩᠬᠡᠶ ᠱᠦᠵᠢ ᠰᠢ ᠶᠢᠨ ᠫᠢᠩ᠂ ᠡᠷᠬᠡᠪᠰᠢ ᠠᠷᠠᠳ ᠲᠦᠮᠡᠨ ᠢ ᠳᠡᠭᠡᠳᠦᠯᠡᠵᠦ᠂ ᠠᠷᠠᠳ ᠲᠦᠮᠡᠨ ᠳᠤ ᠨᠢᠬᠳᠠ | ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠲᠤᠮᠳᠠ ᠪᠠᠲᠤ | ᠦᠨᠳᠦᠰᠦᠯᠡᠬᠦ ᠶᠢ ᠪᠠᠷᠢᠮᠲᠠᠯᠠᠬᠤ ᠶᠢᠨ ᠬᠠᠮᠲᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ | ᠪᠣᠳᠠᠲᠠᠶ ᠠᠵᠢᠯ ᠳᠠᠭᠠᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠭᠦ ᠠᠵᠢᠯ ᠢ ᠰᠠᠶᠢᠲᠤᠷ ᠬᠢᠬᠦ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠶᠡᠷᠦᠩᠬᠡᠶ ᠱᠦᠵᠢ ᠶᠢᠨ ᠴᠢᠬᠤᠯᠠ ᠶᠡᠷᠢᠶᠠᠨ ᠳᠤ᠂ ᠠᠷᠠᠳ ᠲᠦᠮᠡᠨ ᠢᠶᠠᠨ ᠬᠡᠰᠡᠨ ᠭᠦᠨ ᠵᠤᠵᠠᠭᠠᠨ ᠬᠠᠶᠢᠷ᠎ᠠ | ᠰᠡᠳᠬᠢᠯᠭᠡ ᠰᠢᠩᠭᠡᠵᠦ᠂ ᠲᠦᠯᠦᠬᠡᠯᠡᠭᠴᠢᠳ ᠢ ᠤᠷᠮᠠᠰᠢᠭᠤᠯᠤᠨ ᠵᠣᠷᠢᠭᠵᠢᠭᠤᠯᠵᠠᠢ᠃ ᠰᠤᠷᠪᠤᠯᠵᠢᠯᠠᠭᠴᠢ ᠲᠤᠬᠠᠶ ᠶᠢᠨ | ᠲᠠᠯᠠᠪᠠᠢ ᠳᠠᠬᠢ ᠲᠥᠯᠥᠭᠡᠯᠡᠭᠴᠢ ᠶᠢ ᠰᠤᠷᠪᠤᠯᠵᠢᠯᠠᠪᠠ᠃ ᠬᠦᠰᠡᠯ ᠨᠠᠶᠢᠳᠠᠯᠭ᠎ᠠ ᠶᠢ ᠵᠠᠪᠠᠯ ᠪᠠᠲᠤ ᠴᠡᠭᠡᠵᠢᠯᠡᠵᠦ᠂ | ᠢᠮᠠᠭᠲᠠ ᠠᠷᠠᠳ ᠤᠯᠠᠨ ᠲᠠᠢ ᠪᠤᠳᠤᠯ ᠢᠶᠠᠨ ᠨᠢᠭᠡᠳᠬᠡᠵᠦ᠂ ᠬᠦᠴᠤ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ | ᠬᠤᠯᠪᠣᠵᠤ᠂ ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠲᠦᠮᠡᠨ ᠳᠤ ᠪᠤᠶᠠᠨ ᠦᠢᠯᠡᠳᠬᠦ ᠠᠭᠤᠤ ᠶᠡᠭᠡ | ᠦᠢᠯᠡᠳᠦᠯᠭᠡ ᠳᠤ ᠣᠷᠣᠯᠴᠠᠨ᠎ᠠ ᠭᠡᠵᠦ ᠲᠦᠯᠦᠭᠡᠯᠡᠭᠴᠢᠳ ᠢᠯᠡᠷᠭᠡᠶᠢᠯᠡᠪᠡ᠃ | ᠠᠷᠠᠳ ᠲᠦᠮᠡᠨ ᠢ ᠲᠡᠭᠡᠳᠦᠯᠡᠨ ᠠᠮᠢ ᠨᠠᠰᠤ ᠶᠢ ᠲᠡᠭᠡᠳᠦᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠠᠭᠠᠯᠠᠬᠤ ᠳᠤ ᠶᠠᠮᠠᠷᠪᠠ ᠦᠷᠡᠭᠲᠡᠯ ᠭᠠᠷᠭᠠᠬᠤ ᠠᠴᠠ ᠴᠤ | ᠪᠤᠴᠠᠬᠤ ᠦᠭᠡᠢ ᠪᠠᠶᠢᠵᠤ ᠪᠤᠯᠤᠨ᠎ᠠ᠃ | ︽ᠬᠢᠵᠢᠭ ᠢ ᠰᠡᠷᠭᠡᠶᠢᠯᠡᠨ ᠡᠵᠡᠮᠳᠡᠬᠦ ᠶᠠᠪᠤᠴᠠ ᠳᠤ᠂ ᠨᠠᠮ ᠪᠠ ᠤᠯᠤᠰ ᠠᠴᠠ ᠶᠠᠮᠠᠷᠪᠠ ᠦᠷᠡᠭᠳᠡᠯ ᠢ ᠬᠠᠶᠢᠬᠤᠷᠤᠯ | ᠦᠭᠡᠢ ᠪᠠᠷ ᠡᠪᠡᠳᠴᠢᠲᠡᠨ ᠢ ᠠᠪᠤᠷᠠᠬᠰᠠᠨ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠳᠠᠬᠰᠠᠨ ᠶᠤᠮ︾ ᠭᠡᠵᠦ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠯ ᠡᠮᠨᠡᠯᠭᠡ ᠶᠢᠨ ᠳᠡᠭᠡᠲᠦ ᠰᠤᠷᠭᠠᠭᠤᠯᠢ ᠶᠢᠨ ᠫᠷᠤᠹᠧᠰᠰᠤᠷ | ᠬᠥᠬᠡᠪᠠᠭᠠᠲᠤᠷ ᠲᠥᠯᠥᠭᠡᠯᠡᠭᠴᠢ ᠬᠡᠯᠡᠭᠰᠡᠨ ᠢᠶᠠᠨ ᠵᠠᠯᠭᠠᠭᠠᠳ᠂ ᠨᠠᠮ ᠪᠠ ᠤᠯᠤᠰ ᠠᠴᠠ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠶᠢ ᠪᠣᠳᠠᠲᠤ ᠠᠵᠢᠯᠯᠠᠭ᠎ᠠ ᠪᠠᠷ ᠢᠶᠠᠨ ᠢᠯᠡᠷᠡᠭᠦᠯᠦᠭᠰᠡᠨ ᠶᠤᠮ᠂ ︽ᠡᠨᠡ ᠤᠳᠠᠭᠠᠨ ᠤ ᠲᠠᠶᠢᠯᠠᠯᠳᠤᠭᠠᠨ ᠢᠶᠠᠷ | ᠲᠠᠮᠵᠢᠭᠠᠳ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠪᠤᠳᠠᠳᠠᠢ ᠨᠠᠶᠢᠳᠠᠪᠤᠷᠢᠵᠢᠯᠠᠬᠳᠠᠯᠠ᠂ ᠪᠢᠳᠠ ᠰᠢ ᠶᠢᠨ | ᠫᠢᠩ ᠨᠥᠬᠦᠷ ᠢᠶᠠᠷ ᠭᠤᠤᠯ ᠪᠤᠯᠭᠠᠭᠰᠠᠠ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠮᠠᠨ ᠤ ᠤᠯᠤᠰ ᠢᠶᠠᠨ ᠨᠡᠩ ᠰᠠᠶᠢᠲᠤᠷ ᠪᠦᠳᠦᠭᠡᠨ ᠪᠠᠶᠢᠭᠤᠯᠬᠤ ᠶᠢ ᠢᠳᠡᠭᠡᠵᠦ ᠪᠠᠶᠢᠨ᠎ᠠ︾ ᠬᠡᠪᠡ᠃ | | | | | | | ᠬᠥᠬᠡᠪᠠᠭᠠᠲᠤᠷ ᠲᠤᠬᠠᠶ ᠶᠢᠨ ᠲᠠᠯᠠᠪᠠᠢ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠬᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ | ᠡᠷᠡᠭᠦᠯ ᠮᠡᠡᠲᠦ ᠶᠢ ᠪᠠᠲᠤᠯᠠᠬᠤ ᠲᠤᠬᠠᠶ ᠶᠠᠷᠢᠪᠠ᠃ ᠬᠥᠬᠡᠪᠠᠭᠠᠲᠤᠷ ᠶᠠᠷᠢᠬᠤ ᠳᠠᠭᠠᠨ᠂ ᠠᠮᠢᠲᠠᠨ ᠤ ᠬᠢᠵᠢᠭ ᠡᠪᠡᠳᠴᠢᠨ | ᠪᠠ ᠬᠥᠮᠦᠨ ᠮᠠᠯ ᠳᠤ ᠴᠦᠮ ᠬᠠᠯᠳᠠᠪᠤᠷᠢᠯᠠᠬᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠤᠯ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠨᠢᠭᠡᠨ ᠴᠢᠬᠤᠯᠠ ᠠᠵᠢᠯ | ᠪᠣᠯᠤᠨ᠎ᠠ᠃ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠡᠷᠬᠡᠶᠢᠯᠡᠬᠦ ᠪᠣᠭᠤᠮᠲᠠ ᠶᠢ ᠤᠷᠤᠭᠰᠢ | ᠰᠢᠯᠵᠢᠭᠦᠯᠵᠦ᠂ ᠰᠠᠯᠠᠭ᠎ᠠ ᠮᠥᠴᠢᠷ ᠤᠨ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠲᠣᠭᠲᠠᠴᠠ ᠶᠢ | ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠬᠠᠮᠳᠤᠷᠠᠯ ᠤᠨ ᠬᠦᠴᠦᠨ ᠢ ᠪᠤᠢ ᠪᠤᠯᠭᠠᠪᠠᠯ ᠵᠤᠬᠢᠨ᠎ᠠ ᠬᠡᠪᠡ᠃ | ᠮᠠᠠ ᠤ ᠨᠠᠮ ᠤᠷᠲᠤ ᠬᠤᠭᠤᠴᠠᠭ᠎ᠠ ᠪᠠᠷ ᠲᠦᠷᠤ ᠪᠠᠷᠢᠬᠤ ᠭᠡᠪᠡᠯ ᠡᠷᠭᠡᠪᠰᠢ ᠠᠷᠠᠳ ᠤᠯᠠᠠ ᠯᠤᠭ᠎ᠠ ᠶᠢᠨ ᠴᠢᠰᠤ | ᠮᠢᠬᠠᠨ ᠤ ᠬᠠᠷᠢᠴᠠᠭ᠎ᠠ ᠶᠢ ᠡᠬᠦᠷᠢᠲᠡ ᠪᠠᠳᠤᠯᠠᠵᠦ᠂ ᠢᠮᠠᠭᠲᠠ ᠠᠷᠠᠳ ᠤᠯᠠᠠ ᠯᠤᠭ᠎ᠠ ᠪᠤᠳᠤᠯ ᠢᠶᠠᠨ ᠨᠢᠭᠡᠳᠭᠡᠨ | ᠬᠦᠴᠤ ᠪᠠᠨ ᠬᠠᠮᠳᠤᠳᠬᠠᠵᠤ᠂ ᠬᠠᠳᠠᠭᠤ ᠪᠡᠷᠬᠡᠰᠢᠶᠠᠯ ᠢ ᠬᠠᠮᠲᠤ ᠪᠠᠷ ᠲᠤᠭᠤᠯᠵᠦ᠂ ᠵᠢᠷᠭᠠᠯ ᠵᠤᠪᠠᠯᠠᠩ ᠢᠶᠠᠨ | ᠬᠠᠮᠲᠤᠳᠬᠠᠬᠤ ᠭᠡᠷᠡᠭᠲᠡᠢ᠃ | | | | | | | ᠲᠦᠯᠦᠭᠡᠯᠡᠭᠴᠢ ᠮᠧᠶ ᠬᠤᠸᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠲᠦᠪ ᠰᠤᠷᠭᠠᠭᠤᠯᠢ ᠶᠢᠨ ᠵᠠᠬᠢᠷᠤᠯ ᠪᠤᠯᠬᠤ ᠶᠤᠮ᠃ | ᠲᠡᠷᠡ᠄ ︽ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠪᠠᠲᠤᠯᠠᠬᠤ ᠬᠡᠷᠡᠭᠲᠡᠢ ᠭᠡᠵᠦ ᠶᠡᠷᠦᠩᠭᠡᠢ | ᠱᠦᠵᠢ ᠴᠢᠬᠤᠯᠠᠴᠢᠯᠠᠬᠰᠠᠭᠠᠷ ᠢᠷᠡᠭᠰᠡᠨ ᠶᠤᠮ᠂ ᠦᠨᠳᠦᠰᠦᠨ ᠱᠠᠲᠤᠨ ᠠᠴᠠ ᠢᠷᠡᠭᠰᠡᠨ ᠲᠥᠯᠥᠭᠡᠯᠡᠭᠴᠢ | ᠪᠣᠯᠤᠭᠰᠠᠨ ᠤ ᠬᠤᠪᠢ ᠳᠤ ᠰᠣᠨᠣᠰᠤᠭᠠᠳ ᠮᠠᠰᠢ ᠲᠤᠯᠠᠭᠠᠬᠠᠨ ᠰᠠᠨᠠᠬᠳᠠᠯ᠎ᠠ᠃ ᠣᠳᠣ ᠬᠢᠯᠢ ᠬᠢᠵᠠᠭᠠᠷ ᠪᠤᠶᠢᠳᠠ | ᠪᠦᠭᠯᠡᠭᠦᠦ ᠣᠷᠣᠨ ᠤ ᠮᠠᠯᠴᠢᠨ ᠲᠦᠮᠡᠨ ᠤ ᠠᠮᠢᠳᠤᠷᠠᠯ ᠤᠨ ᠨᠥᠬᠦᠴᠡᠯ ᠰᠠᠶᠢᠵᠢᠷᠠᠵᠤ᠂ ᠭᠡᠷ ᠤᠨ ᠡᠭᠦᠳᠡᠨ ᠳᠤ | ᠰᠤᠷᠭᠠᠭᠤᠯᠢ ᠪᠤᠢ᠂ ᠡᠳᠡᠭᠡᠷ ᠪᠣᠯ ᠴᠥᠮ ᠨᠠᠷᠢᠨ ᠤᠨᠤᠪᠴᠢᠳᠠᠢ ᠪᠠᠷ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠠᠴᠠ ᠣᠯᠠᠨ ᠳᠤ ᠠᠪᠴᠢᠷᠠᠭᠰᠠᠨ ᠶᠤᠮ︾ ᠬᠡᠪᠡ᠃ | ᠲᠥᠯᠥᠭᠡᠯᠡᠭᠴᠢ ᠮᠧᠶ ᠬᠤᠸᠠ ᠬᠢᠯᠢ ᠬᠢᠵᠠᠭᠠᠷ ᠤᠨ ᠴᠦᠬᠡᠨ ᠳᠤᠭᠠᠳᠤ ᠦᠨᠳᠦᠰᠦᠲᠡᠨ ᠤ ᠭᠠᠵᠠᠷ ᠣᠷᠣᠨ ᠤ | ᠰᠤᠷᠭᠠᠨ ᠬᠥᠮᠦᠵᠢᠯ ᠤᠨ ᠲᠠᠯ᠎ᠠ ᠶᠢᠨ ᠪᠠᠶᠢᠳᠠᠯ ᠢ ᠬᠠᠷᠢᠭᠤ ᠮᠡᠳᠡᠭᠦᠯᠪᠠ᠃ ᠲᠡᠷᠡ᠄ ︽ᠶᠡᠷᠦᠩᠬᠡᠢ ᠱᠦᠵᠢ ᠮᠠᠰᠢ | ᠨᠢᠮᠪᠠᠢ ᠠᠰᠠᠭᠤᠵᠤ᠂ ᠪᠢ ᠨᠢᠭᠡᠳ ᠨᠢᠭᠡ ᠪᠠᠷ ᠬᠠᠷᠢᠭᠤᠯᠤᠬᠰᠠᠨ ᠶᠤᠮ︾ ᠬᠡᠰᠡᠨ ᠢᠶᠠᠨ ᠵᠠᠯᠭᠠᠭᠠᠳ᠄ ︽ᠦᠨᠳᠦᠰᠦᠨ | ᠱᠠᠲᠤᠨ ᠤ ᠤᠯᠠᠨ ᠲᠦᠮᠡᠨ ᠶᠠᠳᠠᠭᠤ ᠬᠦᠴᠢᠷᠳᠡᠯ ᠠᠴᠠ ᠠᠩᠭᠢᠵᠢᠷᠠᠵᠤ ᠲᠠᠪᠠᠳᠠᠢ ᠠᠮᠢᠳᠤᠷᠠᠯ ᠢ ᠡᠳ᠋ᠯᠡᠭᠦ ᠬᠦᠰᠡᠯ ᠲᠠᠢ | ᠶᠤᠮ᠃ ᠶᠡᠷᠦᠩᠬᠡᠢ ᠱᠦᠵᠢ ᠦᠨᠡᠡᠭᠦ ᠪᠢᠳᠡᠨ ᠲᠠᠢ ᠬᠠᠮᠲᠤ ᠪᠤᠳᠤᠵᠤ ᠬᠠᠮᠲᠤ ᠠᠵᠢᠯᠯᠠᠯ᠎ᠠ᠃ ᠪᠢᠳᠡ ᠨᠠᠮ ᠤᠨ ᠡᠨᠡᠷᠢᠯ | ᠬᠠᠶᠢᠷ᠎ᠠ ᠶᠢ ᠪᠠᠲᠤ ᠴᠡᠭᠡᠵᠢᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃ ᠪᠢ ᠨᠤᠲᠤᠭ ᠲᠠᠭᠠᠨ | ᠬᠠᠷᠢᠭᠰᠠᠨ ᠤ ᠲᠠᠷᠠᠭ᠎ᠠ᠂ ᠶᠡᠷᠦᠩᠬᠡᠢ ᠱᠦᠵᠢ ᠶᠢᠨ ᠪᠢᠳᠡᠨ ᠳᠤ ᠥᠭᠭᠦᠭᠰᠡᠨ ᠬᠦᠰᠡᠯ ᠨᠠᠶᠢᠳᠠᠯᠭ᠎ᠠ ᠬᠠᠶᠢᠷ᠎ᠠ | ᠬᠠᠯᠠᠮᠵᠢ ᠶᠢ ᠨᠤᠲᠤᠭ ᠤᠨ ᠠᠷᠠᠳ ᠲᠦᠮᠡᠨ ᠳᠡᠭᠡᠨ ᠲᠠᠮᠵᠢᠭᠤᠯᠵᠤ ᠦᠭᠭᠦᠨ᠎ᠠ᠃ ᠬᠤᠶᠢᠰᠢᠳᠠ ᠶᠢᠨ ᠰᠤᠷᠭᠠᠨ | ᠬᠥᠮᠦᠵᠢᠯ ᠤᠨ ᠠᠵᠢᠯ ᠤᠨ ᠳᠤᠮᠳᠠ᠂ ᠪᠢ ᠳᠡᠷᠭᠡᠳᠡᠬᠢ ᠬᠥᠮᠦᠰ ᠪᠣᠯᠤᠨ ᠰᠤᠷᠤᠭᠴᠢᠳ ᠲᠠᠭᠠᠨ ᠦᠯᠢᠭᠡᠷ ᠳᠠᠭᠤᠷᠢᠶᠠᠯ | ᠦᠵᠡᠭᠦᠯᠵᠦ᠂ ᠬᠡᠤᠬᠡᠳ ᠤᠳ ᠲᠤ ᠡᠬᠡ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ ᠶᠢᠨ ᠴᠢᠬᠤᠯᠠ ᠴᠢᠨᠠᠷ ᠢ | ᠮᠡᠳᠡᠬᠦᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠴᠢᠷᠮᠠᠶᠢᠨ | ᠲᠡᠮᠡᠴᠡᠨ᠎ᠠ︾ ᠬᠡᠪᠡ᠃ | ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠶᠠ ᠨᠠᠨ ᠡᠤ ᠶᠦᠩ ᠵᠠᠩ ᠴᠧᠩ |