ᠪᠦᠬᠦ ᠤᠯᠤᠰ ᠤᠨ ᠤᠯᠤᠰ ᠲᠥᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2020-05-25
   ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠬᠤᠷᠠᠯ ᠳᠤ ᠰᠠᠭᠠᠲᠠᠵᠤ ᠪᠠᠶᠠᠷ ᠬᠦᠷᠭᠡᠵᠡᠢ    ᠸᠠᠩ ᠶᠠᠩ ᠤᠯᠤᠰ ᠲᠦᠷᠥ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ ᠵᠠᠩ ᠴᠢᠩ ᠯᠢ ᠬᠤᠷᠠᠯ ᠢ ᠡᠷᠬᠢᠯᠡᠵᠦ ᠵᠧᠩ ᠵᠢᠶᠠᠨ ᠪᠠᠩ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠣᠬᠠᠢ ᠮᠡᠳᠡᠭᠦᠯᠦᠯᠲᠡ ᠬᠢᠵᠡᠢ
   ᠤᠭ ᠰᠠᠨᠠᠭ᠎ᠠ ᠪᠠᠨ ᠦᠯᠥ ᠮᠠᠷᠳᠠᠨ ᠰᠡᠷᠬᠦᠨ ᠮᠠᠨᠳᠤᠯᠳᠠ ᠶᠢᠨ ᠠᠤᠭ᠎ᠠ ᠬᠦᠴᠦᠨ ᠢ ᠨᠢᠬᠳᠠᠷᠠᠭᠤᠯᠵᠥ᠂ ᠭᠠᠷ ᠬᠤᠯᠪᠤᠨ ᠤᠷᠤᠭᠰᠢᠯᠠᠵᠥ ᠬᠦᠭᠵᠢᠯᠳᠡ ᠶᠢᠨ ᠶᠡᠭᠡ ᠪᠤᠳᠤᠯᠭ᠎ᠠ ᠶᠢ ᠬᠠᠮᠳᠤ ᠪᠠᠷ ᠵᠦᠪᠯᠡᠨ᠎ᠠ᠃ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠡᠨ ᠤ ᠭᠤᠷᠪᠠᠳᠤᠭᠠᠷ ᠬᠤᠷᠡᠯ 21 ᠤ ᠦᠳᠡ ᠶᠢᠨ ᠬᠤᠶᠢᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠡᠬᠢᠯᠡᠪᠡ᠃ ᠡᠨᠡ ᠤᠳᠠᠭ᠎ᠠ ᠶᠢᠨ ᠶᠡᠭᠡ ᠬᠤᠷᠡᠯ ᠨᠢ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠬᠠᠷᠠᠯᠳᠡ ᠡᠬᠦᠷᠬᠡ ᠲᠠᠢ ᠨᠢᠭᠳᠠ ᠤᠶᠠᠯᠳᠤᠭᠤᠯᠤᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠢ ᠵᠤᠬᠢᠶᠠᠨ ᠪᠠᠶᠢᠭᠤᠯᠤᠨ ᠡᠬᠦᠷᠬᠡ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠬᠡᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠵᠥ ᠰᠢᠢᠳᠪᠤᠷᠢᠳᠤ ᠢᠯᠠᠯᠳᠡ ᠶᠢ ᠤᠯᠬᠤ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠤᠶᠤᠨ ᠤᠬᠠᠭᠠᠨ ᠪᠤᠯᠤᠨ ᠬᠦᠴᠤᠨ ᠴᠢᠳᠠᠯ ᠢ ᠨᠢᠬᠳᠠᠷᠠᠭᠤᠯᠬᠤ ᠪᠤᠯᠤᠨ᠎ᠠ᠃    ᠠᠷᠠᠳ ᠤᠨ ᠶᠡᠭᠡ ᠬᠤᠷᠡᠯ ᠤᠨ ᠲᠠᠩᠬᠢᠮ ᠤᠨ ᠲᠦᠮᠠᠨ ᠬᠦᠮᠥᠨ ᠤ ᠶᠤᠰᠤᠯᠠᠯ ᠤᠨ ᠲᠠᠩᠬᠢᠮ ᠳᠤ ᠳ᠋ᠧᠩ ᠤᠨ ᠬᠡᠷᠡᠯ ᠲᠤᠸᠠᠯᠠᠵᠥ᠂ ᠠᠭᠤᠷ ᠠᠮᠢᠰᠬᠤᠯ ᠲᠦᠪ ᠬᠢᠴᠢᠶᠡᠩᠬᠦᠢ ᠪᠠᠶᠢᠯ᠎ᠠ᠃ ᠲᠡᠷᠢᠬᠦᠯᠡᠭᠴᠢᠳ ᠤᠨ ᠲᠠᠶᠢᠰᠠᠨ ᠤ ᠭᠤᠤᠯ ᠳᠤᠮᠳᠠ ᠡᠯᠬᠦᠭᠰᠡᠡ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠤᠨ ᠰᠦᠯᠳᠡ ᠭᠡᠷᠡᠯ ᠳᠠᠳᠠᠨ ᠬᠢᠯᠠᠯᠵᠠᠵᠤ᠂ ᠬᠤᠷᠴᠠ ᠤᠯᠠᠭᠠᠨ ᠦᠩᠭᠡ ᠶᠢᠨ ᠠᠷᠪᠠᠨ ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠵᠠᠢ᠃    ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠶᠠᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠵᠠᠩ ᠴᠢᠩ ᠯᠢ᠂ ᠯᠢᠦ ᠴᠢ ᠪᠤᠤ᠂ ᠫᠠᠪᠠᠯᠠ · ᠭᠧᠯᠧᠭᠨᠠᠮᠵᠢᠯ᠂ ᠳ᠋ᠦᠩ ᠵᠢᠶᠠᠨ ᠬᠤᠸᠠ᠂ ᠸᠠᠨ ᠭᠠᠩ᠂ ᠡᡁᠧ ᠡᡁᠧᠤ ᠬᠤᠸᠠ᠂ ᠯᠥ ᠵᠠᠨ ᠬᠦᠩ᠂ ᠸᠠᠩ ᠵᠧᠩ ᠸᠧᠢ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠤᠤ ᠯᠥᠩ᠂ ᠶᠠᠩ ᠴᠤᠸᠠᠨ ᠲᠠᠩ᠂ ᠯᠢ ᠪᠢᠨ᠂ ᠪᠠᠭᠠᠳᠤᠷ ᠂ ᠸᠠᠩ ᠶᠦᠩ ᠴᠢᠩ᠂ ᠡᡁᠧ ᠯᠢ ᠹᠧᠩ᠂ ᠰᠦ᠋ ᠬᠤᠢ᠂ ᠵᠧᠩ ᠵᠢᠶᠠᠨ ᠪᠠᠩ᠂ ᠬᠦ᠋ ᠱᠧᠩ ᠽᠦ᠂ ᠯᠢᠦ ᠰᠢᠨ ᠴᠧᠩ᠂ ᠡᡁᠧ ᠸᠧᠢ᠂ ᠱᠤᠤ ᠬᠤᠩ᠂ ᠭᠤᠤ ᠶᠦᠨ ᠯᠥᠩ ᠲᠡᠷᠢᠬᠦᠯᠡᠭᠴᠢᠳ ᠤᠨ ᠲᠠᠶᠢᠰᠠᠨ ᠤ ᠡᠮᠤᠨ᠎ᠡ ᠮᠦᠷ ᠲᠤ ᠰᠠᠭᠠᠳᠠᠪᠠ    ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠳᠡᠷᠢᠬᠦᠯᠡᠭᠴᠢᠳ ᠤᠨ ᠳᠠᠶᠢᠰᠠᠨ ᠳᠤ ᠰᠠᠭᠠᠳᠠᠵᠥ᠂ ᠶᠡᠭᠡ ᠬᠤᠷᠠᠯ ᠬᠤᠷᠠᠯᠳᠤᠬᠰᠠᠨ ᠳᠤ ᠪᠠᠶᠠᠷ ᠬᠦᠷᠬᠡᠪᠡ᠃    ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠬᠤ ᠶᠤᠰᠤᠳᠠᠢ ᠬᠡᠰᠢᠬᠦᠨ 2151 ᠬᠦᠮᠦᠨ᠂ ᠪᠤᠳᠠᠳᠠᠢ ᠤᠷᠤᠯᠴᠠᠬᠰᠨᠨ ᠨᠢ 2057 ᠬᠦᠮᠦᠨ ᠪᠠᠶᠢᠵᠥ᠂ ᠳᠤᠬᠳᠠᠬᠰᠠᠨ ᠬᠦᠮᠦᠨ ᠤ ᠳᠤᠭ᠎ᠠ ᠳᠤ ᠨᠡᠶᠢᠴᠡᠵᠠᠢ᠃    ᠦᠳᠡ ᠶᠢᠨ ᠬᠤᠶᠢᠨᠠᠬᠢ 3 ᠴᠠᠬ ᠲᠤ᠂ ᠵᠠᠩ ᠴᠢᠩ ᠯᠢ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠤᠯᠠᠨ ᠢᠶᠠᠷ ᠢᠶᠠᠨ ᠪᠤᠰᠴᠤ ᠵᠤᠬᠰᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠳᠠᠷᠠᠭ᠎ᠠ ᠨᠢ᠂ ᠬᠤᠷᠠᠯ ᠳᠤ ᠤᠷᠤᠯᠴᠠᠭᠰᠠᠨ ᠪᠦᠬᠦ ᠬᠦᠮᠦᠰ 1 ᠮᠢᠨᠦ᠋ᠲ ᠨᠠᠮᠠᠨᠴᠢᠯᠠᠨ ᠭᠠᠰᠢᠭᠤᠳᠠᠵᠥ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠦᠷᠡᠭᠳᠡᠭᠰᠡᠨ ᠪᠠᠭᠠᠳᠤᠷᠴᠤᠳ ᠪᠤᠯᠤᠨ ᠨᠠᠰᠤ ᠪᠠᠷᠠᠬᠰᠠᠨ ᠠᠬ᠎ᠠ ᠳᠡᠬᠦᠦ ᠨᠠᠷ ᠢᠶᠠᠨ ᠭᠦᠨ᠎ᠠ ᠭᠠᠰᠢᠭᠤᠳᠠᠵᠥ ᠪᠠᠶᠢᠬᠤ ᠪᠠᠨ ᠢᠯᠡᠳᠬᠡᠪᠡ᠃    ᠶᠡᠭᠡ ᠬᠤᠷᠠᠯ ᠠᠴᠠ ᠡᠩ ᠳᠡᠷᠢᠬᠦᠨ ᠳᠤ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠭᠤᠷᠪᠠᠳᠤᠭᠠᠷ ᠬᠤᠷᠠᠯ ᠤᠨ ᠵᠦᠪᠯᠡᠬᠦ ᠵᠦᠢᠯ ᠢ ᠬᠢᠨᠠᠨ ᠵᠦᠪᠯᠡᠵᠥ ᠪᠠᠳᠤᠯᠠᠵᠠᠢ᠃
   ᠸᠠᠩ ᠶᠠᠩ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠶᠢ ᠳᠦᠯᠦᠬᠡᠯᠡᠵᠥ᠂ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠪᠠ᠃    ᠸᠠᠩ ᠶᠠᠩ᠂ 2019 ᠤᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠤᠯᠬᠤ ᠪᠦᠭᠡᠳ ᠠᠷᠠᠳ ᠤᠨ ᠤᠯᠤᠰ ᠳᠦᠷᠦ ᠶᠢᠨ ᠵᠦᠪᠯᠡᠯᠬᠡᠨ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠃ ᠨᠠᠮ ᠤᠨ ᠳᠦᠪ ᠬᠤᠷᠢᠶ᠎ᠠ ᠠᠴᠠ ᠳᠦᠪ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠤᠨ ᠬᠤᠷᠠᠯ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠳᠠᠯᠪᠢᠵᠥ᠂ ᠰᠢᠨ᠎ᠡ ᠴᠠᠬ ᠦᠶ᠎ᠡ ᠶᠢᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠤᠨ ᠡᠬᠦᠷᠬᠡ ᠬᠠᠷᠢᠭᠤᠴᠠᠯᠭ᠎ᠠ᠂ ᠦᠨᠳᠦᠰᠦᠨ ᠱᠠᠭᠠᠷᠳᠠᠯᠭ᠎ᠠ᠂ ᠬᠦᠴᠦᠯᠡᠬᠦ ᠭᠤᠤᠯᠳᠠᠯᠭ᠎ᠠ ᠶᠢ ᠨᠠᠷᠢᠨ ᠲᠤᠳᠤᠷᠬᠠᠢ ᠦᠬᠦᠯᠡᠨ᠂ ᠠᠷᠠᠳ ᠤᠨ ᠤᠯᠤᠰ ᠳᠦᠷᠦ ᠶᠢᠨ ᠵᠦᠪᠯᠡᠯᠬᠡᠨ ᠬᠢᠬᠡᠳ ᠤᠯᠤᠰ ᠤᠨ ᠵᠠᠰᠠᠯᠳᠠ ᠶᠢᠨ ᠰᠢᠰᠲ᠋ᠧᠮ ᠤᠨ ᠳᠤᠳᠤᠭᠠᠳᠤ ᠬᠤᠯᠪᠤᠭ᠎ᠠ ᠶᠢ ᠬᠦᠨᠵᠡᠬᠡᠢ ᠢᠯᠡᠷᠡᠬᠦᠯᠵᠤ᠂ ᠰᠢᠨ᠎ᠡ ᠴᠠᠬ ᠦᠶ᠎ᠡ ᠶᠢᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠦᠢᠯᠡᠰ ᠤᠨ ᠬᠦᠭᠵᠢᠯᠳᠡ ᠳᠤ ᠤᠷᠤᠬᠰᠢᠯᠠᠯᠳᠠ ᠶᠢᠨ ᠴᠢᠭᠯᠡᠯ ᠢ ᠵᠢᠭᠠᠵᠥ ᠦᠭᠴᠡᠢ ᠭᠡᠵᠦ ᠴᠢᠬᠤᠯᠠᠴᠢᠯᠠᠪᠠ᠃    ᠸᠠᠩ ᠶᠠᠩ ᠦᠡᠭᠭᠡᠷᠡᠭᠰᠡᠨ ᠨᠢᠭᠡ ᠵᠢᠯ ᠭᠠᠷᠤᠢ ᠶᠢᠨ ᠲᠤᠷᠰᠢᠬᠢ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠳ᠋ᠦᠡᠭᠨᠡᠵᠠᠢ᠃ ᠲᠡᠷᠡ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠡ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ᠂ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠠᠢ ᠨᠢᠬᠳᠠ ᠤᠶᠠᠯᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠡᠯᠳᠠ ᠶᠢ ᠤᠯᠬᠤ᠂ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠵᠡᠷᠭᠡ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠤ᠂ ᠲᠤᠰᠬᠠᠢ ᠵᠦᠪᠯᠡᠯᠭᠡ ᠬᠢᠬᠦ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠡᠯ᠎ᠡ ᠵᠦᠢᠯ ᠤᠨ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠬᠦᠢᠴᠡᠳᠭᠡᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠠ ᠳᠤ ᠰᠢᠨ᠎ᠡ ᠬᠤᠪᠢ ᠨᠠᠮᠠᠷᠢ ᠦᠵᠡᠬᠦᠯᠪᠡ᠃ ᠤᠢᠢᠷ᠎ᠡ ᠶᠢᠨ ᠬᠤᠭᠤᠴᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠡᠮᠡᠴᠡᠯ ᠲᠤᠮᠳᠠ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ᠂ ᠡᠯ᠎ᠡ ᠤᠷᠤᠯᠴᠠᠬᠰᠡᠨ ᠨᠢᠭᠡᠴᠢ ᠪᠠ ᠦᠷᠭᠡᠨ ᠤᠯᠠᠨ ᠭᠡᠰᠢᠬᠦᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠮᠠᠴᠡᠯ ᠳᠤ ᠤᠷᠤᠯᠴᠠᠬᠤ ᠶᠢ ᠲᠠᠶᠢᠴᠢᠯᠠᠪᠠ᠃ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠦᠪᠡᠷ ᠦᠪᠡᠷ ᠤᠨ ᠠᠵᠢᠯ ᠤᠨ ᠪᠠᠶᠢᠷᠢ ᠳᠡᠭᠡᠷ᠎ᠠ ᠪᠠᠨ ᠪᠤᠳᠠᠳᠦ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠬᠦᠷᠭᠡᠯᠡᠯ ᠢᠶᠠᠨ ᠢᠯᠡᠷᠡᠬᠦᠯᠵᠠᠢ ᠭᠡᠵᠤ ᠬᠡᠯᠡᠪᠡ᠃    ᠸᠠᠩ ᠶᠠᠩ᠂ 2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠬᠦᠯᠬᠦ ᠪᠠ ︽ᠠᠷᠪᠡᠨ ᠭᠤᠷᠪᠠᠳᠤᠭᠠᠷ ᠲᠠᠪᠤᠨ ᠵᠢᠯ︾ ᠤᠨ ᠠᠵᠢᠯ ᠤᠨ ᠰᠡᠬᠦᠯ ᠬᠤᠷᠢᠶᠠᠬᠤ ᠵᠢᠯ ᠪᠤᠯᠤᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠶᠡᠷᠤᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠦᠪ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ ︽ᠳᠦᠷᠪᠡᠨ ᠢᠳᠡᠭᠡᠯ︾ ᠢᠶᠠᠨ ᠪᠠᠳᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠠᠷᠠᠳᠴᠢᠯᠠᠯ ᠢ ᠪᠠᠳᠠᠷᠠᠭᠤᠯᠬᠤ ᠪᠤᠯᠤᠨ ᠪᠦᠯᠬᠦᠮᠳᠡᠯ ᠢ ᠵᠤᠵᠠᠭᠠᠳᠬᠠᠬᠤ ᠶᠢ ᠬᠠᠷᠢᠯᠴᠠᠨ ᠤᠶᠠᠯᠳᠤᠭᠤᠯᠬᠤ᠂ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠬᠤ ᠪᠤᠯᠤᠨ ᠬᠠᠮᠳᠤ ᠶᠢᠨ ᠲᠠᠨᠢᠯᠳᠠ ᠶᠢ ᠨᠢᠭᠳᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠳᠠᠯᠠᠨ᠂ ᠲᠤᠰᠬᠠᠢ ᠵᠦᠪᠯᠡᠯᠭᠡ ᠬᠢᠬᠦ ᠪᠠᠶᠢᠭᠤᠯᠤᠮᠵᠢ ᠶᠢᠨ ᠦᠢᠯᠡᠳᠦᠯ ᠢᠶᠠᠨ ᠪᠠᠳᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠳᠤ ᠤᠷᠤᠯᠴᠠᠭᠰᠠᠨ ᠡᠯ᠎ᠠ ᠨᠠᠮ ᠪᠦᠯᠦᠭ ᠪᠦᠯᠬᠦᠮ ᠪᠤᠯᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠦᠮᠦᠰ ᠢ ᠦᠷᠭᠡᠨ ᠢᠶᠠᠷ ᠪᠦᠯᠬᠦᠮᠳᠡᠭᠦᠯᠦᠨ ᠳᠠᠶᠢᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠲᠤᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠰᠡᠳᠭᠢᠯ ᠢ ᠨᠢᠭᠡᠳᠭᠡᠨ ᠬᠦᠴᠦᠨ ᠢ ᠬᠠᠮᠳᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ ᠰᠢᠢᠳᠪᠦᠷᠢᠳᠤ ᠢᠯᠠᠯᠳᠠ ᠤᠯᠬᠤ ᠬᠠᠷᠠᠯᠳᠠ ᠡᠭᠦᠷᠭᠡ ᠶᠢ ᠪᠡᠶᠡᠯᠡᠭᠦᠯᠬᠦ ᠶᠢ ᠡᠷᠡᠰ ᠪᠠᠳᠤᠯᠠᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃    ᠸᠠᠩ ᠶᠠᠩ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠤᠯᠤᠨ ︽ᠰᠢᠨ᠎ᠠ ᠴᠠᠭ ᠦᠶ᠎ᠠ ᠳᠤ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠨᠠᠯ︾ ᠳᠤ ᠤᠳᠤᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠷᠬᠡᠪᠰᠢ ᠦᠷᠭᠦᠯᠵᠢᠯᠡᠨ ᠰᠠᠶᠢᠳᠤᠷ ᠠᠳᠬᠤᠨ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠳᠤᠳᠬᠠᠬᠤ ᠶᠢ ᠴᠢᠬᠤᠯᠠᠴᠢᠯᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠨ᠂ ᠲᠤᠰᠬᠠᠢ ᠵᠦᠪᠯᠡᠯᠭᠡ ᠬᠢᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠳᠠ ᠶᠢ ᠡᠮᠬᠢ ᠵᠢᠷᠤᠮ ᠲᠠᠢ ᠪᠠᠷ ᠪᠦᠲᠦᠮᠵᠢᠳᠠᠢ ᠠᠬᠢᠭᠤᠯᠵᠤ᠂ ᠬᠠᠮᠳᠤ ᠶᠢᠨ ᠲᠠᠨᠢᠯᠳᠠ ᠶᠢ ᠨᠢᠭᠳᠠᠷᠠᠭᠤᠯᠬᠤ ᠠᠵᠢᠯ ᠢ ᠭᠦᠨᠵᠡᠭᠡᠢ ᠰᠠᠶᠢᠳᠤᠷ ᠬᠢᠵᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠢ ᠰᠠᠶᠢᠳᠤᠷ ᠪᠠᠷᠢᠮᠳᠠᠯᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠢ ᠰᠠᠶᠢᠳᠤᠷ ᠬᠦᠭᠵᠢᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃    ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠵᠧᠩ ᠵᠢᠶᠠᠠ ᠪᠠᠩ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠬᠤᠷᠢᠶᠠᠠ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠦ᠂ ᠶᠡᠭᠡ ᠬᠤᠷᠠᠯ ᠳᠤ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠬᠤᠷᠢᠶᠠᠨ ᠤ ᠬᠤᠶᠠᠲᠤᠭᠠᠷ ᠬᠤᠷᠠᠯ ᠠᠴᠠ ᠨᠠᠭᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠪᠠᠶᠢᠲᠠᠯ ᠤᠨ ᠲᠤᠬᠠᠢ ᠮᠡᠲᠡᠭᠦᠯᠦᠯᠲᠡ ᠬᠢᠵᠠᠢ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠭᠡᠰᠢᠭᠦᠨ᠂ ᠤᠯᠤᠰ ᠲᠦᠷᠦ ᠶᠢᠨ ᠵᠦᠪᠯᠡᠯᠭᠡᠡ ᠤ ᠡᠯ᠎ᠠ ᠤᠷᠤᠯᠴᠠᠭᠰᠠᠨ ᠨᠢᠭᠡᠴᠢ ᠪᠤᠯᠤᠨ ᠡᠯ᠎ᠠ ᠲᠤᠰᠬᠠᠢ ᠵᠦᠪᠯᠡᠯ ᠬᠤᠶᠠᠲᠤᠭᠠᠷ ᠬᠤᠷᠠᠯ ᠳᠤ 5488 ᠬᠤᠪᠢ ᠰᠠᠨᠠᠯ ᠲᠤᠷᠠᠲᠤᠯᠭ᠎ᠠ ᠳᠡᠪᠰᠢᠭᠦᠯᠵᠦ᠂ ᠬᠢᠨᠠᠠ ᠪᠠᠶᠢᠴᠠᠭᠠᠬᠤ ᠪᠠᠷ ᠲᠠᠮᠵᠢᠨ 4089 ᠬᠤᠪᠢ ᠰᠠᠨᠠᠯ ᠲᠤᠷᠠᠲᠤᠯᠭ᠎ᠠ ᠶᠢ ᠬᠡᠷᠡᠭ ᠪᠤᠯᠭᠠᠨ ᠲᠠᠩᠰᠠᠯᠠᠵᠦ᠂ 175 ᠲᠠᠭᠠᠭᠠᠴᠢᠯᠠᠠ ᠭᠦᠢᠴᠡᠳᠭᠡᠬᠦ ᠨᠢᠭᠡᠴᠢ ᠳᠤ ᠲᠤᠰᠢᠶᠠᠨ ᠰᠢᠢᠳᠪᠤᠷᠢᠯᠡᠭᠦᠯᠵᠤ᠂ ᠪᠦᠷ ᠲᠤᠭᠲᠠᠭᠰᠠᠠ ᠴᠠᠭ ᠲᠤ ᠰᠢᠢᠳᠪᠦᠷᠢᠯᠡᠵᠤ ᠲᠠᠭᠤᠰᠬᠠᠭᠰᠠᠠ ᠪᠠᠶᠢᠨ᠎ᠠ᠃ ᠪᠠᠶᠢᠩᠭᠤ ᠶᠢᠨ ᠬᠤᠷᠢᠶ᠎ᠠ ᠰᠠᠨᠠᠯ ᠲᠤᠷᠠᠲᠤᠯᠭ᠎ᠠ ᠶᠢᠨ ᠠᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢ ᠦᠷᠬᠦᠯᠵᠢᠯᠡᠡ ᠠᠬᠢᠭᠤᠯᠵᠦ᠂ ᠠᠵᠢᠯ ᠤᠨ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠠ᠂ ᠰᠠᠨᠠᠯ ᠲᠤᠷᠠᠲᠤᠯᠭ᠎ᠠ ᠶᠢ ᠰᠢᠢᠳᠪᠦᠷᠢᠯᠡᠬᠦ ᠵᠦᠪᠯᠡᠯᠭᠡ ᠦᠷᠨᠢᠭᠦᠯᠬᠦ ᠪᠠᠷ ᠲᠠᠮᠵᠢᠨ ᠲᠤᠰᠬᠠᠢ ᠵᠦᠪᠯᠡᠯᠭᠡ ᠬᠢᠬᠦ ᠪᠠᠶᠢᠭᠤᠯᠤᠮᠵᠢ ᠶᠢᠨ ᠦᠢᠯᠡᠲᠦᠯ ᠢ ᠪᠠᠲᠠᠷᠠᠭᠤᠯᠵᠤ᠂ ᠰᠢᠨ᠎ᠠ ᠴᠠᠭ ᠦᠶ᠎ᠠ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠰᠠᠨᠠᠯ ᠲᠤᠷᠠᠲᠤᠯᠭ᠎ᠠ ᠶᠢᠨ ᠠᠵᠢᠯ ᠢ ᠪᠠᠷᠢᠮᠲᠠᠯᠠᠬᠤ ᠲᠤᠮᠲᠠ ᠬᠦᠭᠵᠢᠬᠦᠯᠵᠦ᠂ ᠪᠠᠭᠢᠵᠢᠭᠦᠯᠬᠦ ᠲᠤᠮᠲᠠ ᠲᠡᠭᠦᠯᠲᠡᠷᠵᠢᠭᠦᠯᠬᠦ ᠶᠢ ᠠᠬᠢᠭᠤᠯᠤᠭᠰᠠᠠ ᠪᠠᠶᠢᠨ᠎ᠠ᠃    ᠲᠡᠷᠢᠭᠦᠯᠡᠭᠴᠢᠳ ᠤᠨ ᠲᠠᠶᠢᠰᠠᠠ ᠳᠤ ᠰᠠᠭᠠᠲᠠᠭᠰᠠᠠ ᠤᠲᠤᠷᠢᠳᠬᠤ ᠨᠦᠬᠦᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠸᠠ᠂ ᠯᠢᠤ ᠡᡁᠧ᠂ ᠰᠢᠤᠢ ᠴᠢ ᠯᠢᠶᠠᠩ᠂ ᠰᠦᠨ ᠴᠦᠨ ᠯᠠᠠ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠧ ‍ᠤᠤᠢ᠂ ᠶᠠᠩ ᠰᠢᠶᠤᠤ ᠳ᠋ᠦ᠋᠂ ᠵᠠᠩ ᠶᠢᠤ ᠰᠢᠶᠠ᠂ ᠴᠸᠠ ᠰᠢ᠂ ᠴᠸᠠ ᠴᠢᠤᠸᠠᠠ ᠬᠦᠸᠧ ᠂ ᠴᠸᠠ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠠ᠂ ᠼᠤᠤ ᠵᠢᠶᠠᠠ ᠮᠢᠩ᠂ ᠵᠠᠩ ᠴᠦᠨ ᠰᠢᠶᠠᠠ᠂ ᠱᠸᠠ ᠶᠤᠸᠠᠢ ᠶᠤᠸᠠᠢ᠂ ᠵᠢᠢ ᠪᠢᠩ ᠰᠢᠤᠸᠠᠠ᠂ ᠡ᠋ᠶᠢᠯᠢᠭᠧᠩ · ᠢᠮᠢᠩᠪᠠᠭ᠋ᠠᠢ᠂ ᠸᠠᠠ ᠡᠸ᠋ ᠰᠢᠶᠠᠩ᠂ ᠴᠸᠠ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ᠂ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ᠂ ᠵᠸᠤ ᠴᠢᠶᠠᠩ᠂ ᠵᠠᠩ ᠵᠢᠶᠦ᠋ᠨ ᠨᠠᠷ ᠪᠤᠢ᠃    ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ ᠤᠷᠢᠯᠭ᠎ᠠ ᠪᠠᠷ ᠡᠬᠢᠯᠡᠯᠳᠠ ᠶᠢᠨ ᠬᠤᠷᠠᠯ ᠳᠤ ᠰᠤᠯᠠ ᠤᠷᠤᠯᠴᠠᠪᠠ᠃ ᠲᠤᠮᠲᠠᠲᠤ ᠤᠯᠤᠰ ᠲᠤ ᠰᠠᠭᠤᠭ᠎ᠠ ᠭᠠᠲᠠᠭᠠᠲᠤ ᠶᠢᠨ ᠡᠯᠴᠢᠳ ᠰᠠᠶᠢᠳ ᠨᠠᠷ ᠤᠷᠢᠯᠭ᠎ᠠ ᠪᠠᠷ ᠡᠬᠢᠯᠡᠯᠳᠠ ᠶᠢᠨ ᠬᠤᠷᠠᠯ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号