ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠭᠠᠳ ᠶᠠᠷᠢᠭᠰᠠᠨ ᠴᠢᠬᠤᠯᠠ ᠶᠠᠷᠢᠶ᠎ᠠ ᠨᠢ ᠮᠠᠨ ᠤ ᠬᠤᠰᠢᠭᠤᠨ ᠤ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2020-05-26
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 22᠎ ᠤᠨ ᠦᠳᠡ ᠶᠢᠨ ᠬᠤᠶᠢᠨ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠭᠰᠠᠨ ᠪᠠᠶᠢᠨ᠎ᠠ᠃ ᠮᠠᠨ ᠤ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠎ ᠬᠢᠨ ᠲᠧᠯᠸᠢᠰ᠂ ᠷᠠᠳᠢᠣ᠋᠂ ᠰᠦᠯᠵᠢᠶ᠎ᠡ ᠪᠠᠷ ᠳᠠᠮᠵᠢᠨ ᠬᠤᠷᠠᠯ ᠢ ᠠᠯᠳᠠᠯ ᠦᠭᠡᠢ ᠬᠦᠯᠢᠶᠡᠨ ᠠᠪᠴᠤ ᠰᠤᠨᠤᠰᠤᠭᠰᠠᠨ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠠᠯᠳᠠᠨᠪᠢᠯᠢᠭ᠌ ᠪᠦᠰᠡᠬᠦᠢ ᠬᠤᠶᠠᠭᠤᠯᠠ ᠎ ᠪᠠᠨ ᠲᠤᠰᠬᠠᠶᠢᠯᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠵᠤ ᠬᠢᠨᠠᠨ ᠶᠠᠷᠢᠯᠴᠠᠯᠭ᠎ᠠ ᠶᠢ ᠲᠧᠯᠸᠢᠰ ᠎ ᠠᠴᠠ ᠦᠵᠡᠯ᠎ᠡ᠃      ᠮᠠᠯᠴᠢᠨ ᠠᠯᠳᠠᠨᠪᠢᠯᠢᠭ᠌᠄ ︽ᠶᠡᠷᠦᠩᠬᠡᠢ ᠱᠦᠵᠢ ᠮᠠᠨ ᠤ ᠦᠪᠤᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨ ᠲᠠᠢ ᠲᠤᠳᠤᠨᠤᠰᠤᠭ ᠢᠶᠠᠷ ᠶᠠᠷᠢᠯᠴᠠᠵᠤ ᠰᠠᠨᠠᠯ ᠢᠶᠠᠨ ᠰᠤᠯᠢᠯᠴᠠᠭᠰᠠᠨ ᠪᠠᠶᠢᠨ᠎ᠠ᠃ ᠶᠡᠷᠦᠩᠬᠡᠢ ᠱᠦᠵᠢ ᠦᠪᠤᠷ ᠮᠤᠩᠭᠤᠯ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠡᠮ ᠡᠮᠨᠡᠯᠬᠡ᠂ ᠡᠷᠡᠬᠦᠯ ᠬᠠᠮᠠᠭᠠᠯᠠᠯ᠂ ᠰᠤᠷᠭᠠᠨ ᠬᠦᠮᠦᠵᠢᠯ ᠤᠨ ᠲᠤᠬᠠᠢ ᠭᠤᠤᠯᠳᠠᠯᠭ᠎ᠠ ᠲᠠᠢ ᠶᠠᠷᠢᠬᠤ ᠶᠢᠨ ᠬᠠᠮᠳᠤ ᠠᠷᠠᠳ ᠲᠦᠮᠡᠨ ᠤ ᠠᠰᠢᠭ ᠲᠤᠰᠠ ᠶᠢ ᠲᠡᠷᠢᠬᠦᠨ ᠪᠠᠶᠢᠷᠢᠨ ᠳᠤ ᠲᠠᠯᠪᠢᠨ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠠᠵᠢᠯ ᠢᠶᠠᠨ ᠰᠠᠶᠢᠳᠤᠷ ᠬᠢᠵᠤ ᠦᠪᠤᠷ ᠮᠤᠩᠭᠤᠯ ᠤᠨ ᠬᠦᠭᠵᠢᠯᠳᠡ ᠶᠢᠨ ᠲᠥᠯᠦᠬᠡ ᠮᠤᠩᠭᠤᠯ ᠮᠤᠷᠢᠨ ᠤ ᠮᠤᠬᠤᠰᠢ ᠦᠬᠡᠢ ᠵᠤᠷᠢᠭ ᠰᠠᠨᠠᠭ᠎ᠠ ᠶᠢ ᠦᠷᠬᠦᠯᠵᠢᠯᠠᠨ ᠪᠠᠳᠠᠷᠠᠭᠤᠯᠰᠤᠭᠠᠢ ᠬᠡᠵᠤ ᠶᠠᠷᠢᠭᠰᠠᠨ ᠪᠠᠶᠢᠨ᠎ᠠ᠃ ᠶᠡᠷᠦᠩᠬᠡᠢ ᠱᠦᠵᠢ ᠶᠢᠨ ᠡᠳᠡᠭᠡᠷ ᠶᠠᠷᠢᠶᠠᠨ ᠠᠴᠠ ᠪᠢ ᠨᠢᠭᠡ ᠮᠠᠯᠴᠢᠨ ᠬᠦᠮᠦᠨ ᠪᠤᠯᠤᠭᠰᠠᠨ ᠤ ᠬᠤᠪᠢ ᠳᠤ ᠮᠠᠨ ᠤ ᠦᠪᠤᠷ ᠮᠤᠩᠭᠤᠯ ᠤᠷᠤᠨ ᠤ ᠢᠷᠡᠬᠡᠳᠦᠢ ᠶᠢᠨ ᠬᠦᠭᠵᠢᠯᠳᠡ ᠪᠤᠯᠤᠨ ᠮᠠᠯᠴᠢᠳ ᠤᠨ ᠠᠮᠢᠳᠤᠷᠠᠯ ᠠᠯᠢᠪᠠ ᠪᠦᠬᠦᠨ ᠨᠡᠩ ᠦᠷᠬᠦᠯᠵᠢᠯᠠᠨ ᠬᠦᠭᠵᠢᠬᠦ ᠬᠡᠳᠡᠭ ᠲᠤ ᠢᠳᠡᠬᠡᠯ ᠲᠠᠢ ᠪᠠᠶᠢᠨ᠎ᠠ︾ ᠭᠡᠵᠠᠢ᠃       ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠷᠠᠨᠲᠠᠢ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠰᠤᠷᠤᠭᠴᠢᠳ ᠲᠠᠭᠠᠨ ᠤᠯᠠᠮᠵᠢᠯᠠᠵᠤ ᠥᠭᠬᠦ ᠪᠠᠷ ᠨᠠᠷᠢᠨ ᠲᠥᠯᠥᠪᠯᠡᠵᠦ ᠪᠠᠶᠢᠯ᠎ᠠ᠃ ᠮᠦᠨᠴᠦ ᠠᠬᠠᠮᠠᠳ ᠨᠠᠮ ᠤᠨ ᠭᠡᠰᠢᠭᠦᠨ ᠫᠧᠷᠡᠩᠯᠠᠶᠢᠵᠠᠮᠰᠤ᠂ ᠶᠡᠷᠦᠩᠬᠡᠢ ᠱᠦᠵᠢ ᠶᠢᠨ ᠶᠠᠷᠢᠭᠰᠠᠨ ᠶᠠᠷᠢᠶ᠎ᠠ ᠶᠢ ᠠᠯᠳᠠᠯ ᠦᠭᠡᠢ ᠰᠣᠨᠣᠰᠴᠤ ︽ᠬᠠᠮᠤᠭ ᠤᠨ ᠴᠢᠬᠤᠯᠠ︾ ᠭᠡᠰᠡᠨ ᠦᠭᠡᠨ ᠳᠤ ᠮᠠᠰᠢᠳᠠ ᠰᠡᠳᠬᠢᠯ ᠳᠣᠭᠳᠣᠯᠤᠨ ᠪᠠᠶᠢᠯ᠎ᠠ᠃      ᠠᠬᠠᠮᠠᠳ ᠨᠠᠮ ᠤᠨ ᠭᠡᠰᠢᠭᠦᠨ ᠫᠧᠷᠡᠩᠯᠠᠶᠢᠵᠠᠮᠰᠤ᠄ ︽ᠰᠢ ᠶᠢᠨ ᠫᠢᠩ ᠶᠡᠷᠦᠩᠬᠡᠢ ᠱᠦᠵᠢ ᠠᠴᠠ ᠠᠷᠠᠳ ᠲᠦᠮᠡᠨ ᠤ ᠠᠰᠢᠭ ᠲᠤᠰᠠ᠂ ᠠᠷᠠᠳ ᠲᠦᠮᠡᠨ ᠤ ᠪᠠᠶᠢᠷᠢ ᠰᠠᠭᠤᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠬᠤ ᠶᠢ ᠲᠤᠶᠢᠯ ᠤᠨ ᠴᠢᠬᠤᠯᠠ ᠭᠡᠵᠦ ᠳᠤᠷᠠᠳᠤᠭᠰᠠᠨ ᠪᠠᠶᠢᠨ᠎ᠠ᠃ ᠪᠢᠳᠠ ᠨᠠᠮ ᠤᠨ ᠭᠡᠰᠢᠬᠦᠨ ᠪᠤᠯᠤᠭᠰᠠᠨ ᠤ ᠬᠤᠪᠢ ᠳᠤ ᠠᠷᠠᠳ ᠲᠦᠮᠡᠨ ᠳᠤ ᠦᠢᠯᠡᠴᠢᠯᠡᠬᠦ ᠪᠠᠨ ᠭᠤᠶᠢᠪᠢᠰᠢ ᠦᠬᠡᠢ ᠪᠠᠷᠢᠮᠲᠠᠯᠠᠬᠤ ᠴᠢᠬᠤᠯᠠᠲᠠᠢ᠃ ᠶᠡᠷᠦᠩᠭᠡᠢ ᠱᠦᠵᠢ ᠰᠢ ᠶᠢᠨ ᠫᠢᠩ ᠡᠨᠡ ᠠᠰᠠᠭᠤᠳᠠᠯ ᠢ ᠢᠩᠬᠢᠵᠤ ᠲᠦᠢᠯ ᠢᠶᠠᠷ ᠴᠢᠬᠤᠯᠠᠴᠢᠯᠠᠭᠰᠠᠨ ᠎ ᠠᠴᠠ ᠦᠵᠡᠪᠠᠯ ᠮᠠᠨ ᠤ ᠨᠠᠮ ᠤᠨ ᠠᠵᠢᠯ ᠤᠳᠤ ᠵᠦᠪ ᠤᠨᠤᠪᠴᠢᠳᠠᠢ ᠵᠠᠮ ᠳᠠᠭᠠᠨ ᠤᠷᠤᠭᠰᠠᠨ ᠪᠠᠶᠢᠨ᠎ᠠ᠂ ᠢᠷᠡᠭᠡᠳᠦᠢ ᠤᠯᠠᠮ ᠭᠡᠬᠡᠨ ᠰᠠᠷᠠᠭᠤᠯ᠂ ᠤᠯᠠᠮ ᠰᠠᠶᠢᠨ ᠰᠠᠶᠢᠬᠠᠨ ᠪᠤᠯᠤᠨ᠎ᠠ ᠬᠡᠵᠤ ᠪᠤᠳᠤᠵᠤ ᠪᠠᠶᠢᠨ᠎ᠠ︾ ᠭᠡᠪᠡ᠃      ᠬᠤᠰᠢᠭᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠳᠠᠷᠤᠭ᠎ᠠ ᠰᠣᠶᠣᠯᠴᠡᠴᠡᠭ᠄ ︽ᠶᠡᠷᠦᠩᠬᠡᠢ ᠱᠦᠵᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠳᠠᠭᠠᠨ ᠡᠷᠬᠡᠪᠰᠢ ᠠᠷᠠᠳ ᠲᠦᠮᠡᠨ ᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠲᠠᠢ ᠨᠢᠭᠲᠠ ᠬᠠᠷᠢᠯᠴᠠᠨ᠂ ᠠᠷᠠᠳ ᠲᠦᠮᠡᠨ ᠳᠤ ᠠᠰᠢᠭ ᠲᠤᠰᠠ ᠡᠭᠦᠳᠴᠤ ᠦᠨᠳᠦᠰᠦᠨ ᠬᠠᠤᠯᠢ ᠶᠢ ᠪᠠᠷᠢᠮᠲᠠᠯᠠᠨ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠤ ᠠᠵᠢᠯ ᠳᠤ ᠲᠤᠭᠤᠰᠢᠯᠠᠭᠤᠯᠵᠤ ᠬᠢᠵᠢᠭ ᠤᠨ ᠰᠡᠷᠭᠡᠶᠢᠯᠡᠯᠲᠡ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠢᠭᠡᠳᠦᠯᠲᠡᠢ ᠲᠣᠬᠢᠷᠠᠭᠤᠯᠤᠯᠲᠠ ᠬᠢᠬᠦ ᠬᠡᠷᠡᠭᠲᠡᠢ ᠭᠡᠰᠡᠨ ᠪᠠᠶᠢᠨ᠎ᠠ᠃ ᠶᠡᠷᠦᠩᠬᠡᠢ ᠱᠦᠵᠢ ᠶᠢᠨ ︿ᠠᠷᠠᠳ ᠲᠦᠮᠡᠨ ᠲᠡᠷᠢᠭᠦᠨ ᠳᠤ᠂ ᠠᠷᠠᠳ ᠲᠦᠮᠡᠨ ᠤ ᠠᠮᠢ ᠨᠠᠰᠤ ᠡᠷᠬᠢᠮ ᠳᠡᠭᠡᠳᠦ﹀ ᠭᠡᠬᠦ ᠦᠵᠡᠯ ᠰᠠᠨᠠᠭ᠎ᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠲᠠᠢ ᠪᠣᠯᠣᠭᠰᠠᠨ ᠪᠠᠶᠢᠨ᠎ᠠ᠃ ᠮᠠᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ︿ᠠᠷᠠᠳ ᠲᠦᠮᠡᠨ ᠲᠡᠷᠢᠭᠦᠨ ᠳᠤ᠂ ᠠᠮᠢ ᠨᠠᠰᠤ ᠡᠷᠬᠢᠮ ᠳᠡᠭᠡᠳᠦ﹀ ᠭᠡᠬᠦ ᠦᠵᠡᠯ ᠰᠠᠨᠠᠭ᠎ᠠ ᠶᠢ ᠮᠠᠨ ᠤ ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠤᠭᠰᠠᠨ ᠪᠠᠶᠢᠨ᠎ᠠ᠃ ᠪᠣᠳᠠᠲᠠᠢ ᠪᠠᠷ ᠬᠡᠯᠡᠪᠡᠯ 2019 ᠣᠨ ᠳᠤ ᠪᠦᠬᠦ ᠬᠤᠰᠢᠭᠤᠨ ᠤ ᠡᠮᠡᠭᠲᠡᠶᠢᠴᠦᠳ ᠬᠡᠦᠬᠡᠳ ᠤᠨ ᠡᠷᠡᠭᠦᠯᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠠᠮᠵᠢᠯᠲᠠᠲᠠᠢ ᠪᠠᠷ ᠪᠡᠶᠡᠯᠡᠭᠦᠯᠵᠦ 6344 ᠡᠮᠡᠭᠲᠡᠶᠢᠴᠦᠳ ᠲᠤ ︿ᠬᠤᠶᠠᠷ ᠦᠮᠡᠨ﹀᠎ ᠤ ᠪᠠᠶᠢᠴᠠᠭᠠᠯᠲᠠ ᠬᠢᠵᠦ 27 ᠨᠡᠷᠡᠰ ᠠᠶᠤᠯᠲᠠᠢ ᠡᠪᠡᠳᠴᠢᠲᠡᠨ ᠬᠢᠭᠡᠳ 9 ᠨᠡᠷᠡᠰ ᠦᠮᠡᠨ ᠡᠪᠡᠳᠴᠢᠲᠠᠨ ᠢ ᠤᠷᠢᠳᠴᠢᠯᠠᠨ ᠪᠠᠶᠢᠴᠠᠭᠠᠨ ᠭᠠᠷᠭᠠᠵᠤ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠳᠤ ᠪᠣᠳᠠᠲᠤ ᠦᠷ᠎ᠡ ᠪᠦᠲᠦᠭᠡᠯ ᠢ ᠦᠵᠡᠭᠦᠯᠦᠭᠰᠡᠨ ᠪᠠᠶᠢᠨ᠎ᠠ᠃ ᠡᠨᠡ ᠵᠢᠯ ᠪᠢᠳᠠ ᠬᠢᠵᠢᠭ ᠤᠨ ᠰᠡᠷᠭᠡᠶᠢᠯᠡᠯᠲᠡ ᠬᠢᠭᠡᠳ ᠡᠬᠡᠴᠦᠳ᠂ ᠬᠡᠦᠬᠡᠳ᠂ ᠡᠮᠡᠭᠲᠡᠶᠢᠴᠦᠳ ᠤᠨ ᠡᠷᠡᠭᠦᠯ ᠡᠩᠬᠡ ᠶᠢᠨ ᠠᠵᠢᠯ ᠢ ᠨᠢᠭᠡᠳᠦᠯᠲᠡᠢ ᠣᠷᠭᠠᠨᠢᠭ ᠪᠠᠶᠢᠷᠢᠯᠠᠭᠤᠯᠵᠤ ᠪᠣᠳᠠᠲᠤ ᠠᠵᠢᠯ ᠢᠶᠠᠷ ᠶᠡᠷᠦᠩᠬᠡᠢ ᠱᠦᠵᠢ ᠶᠢᠨ ︿ᠠᠷᠠᠳ ᠲᠦᠮᠡᠨ ᠲᠡᠷᠢᠭᠦᠨ ᠳᠤ᠂ ᠠᠮᠢ ᠨᠠᠰᠤ ᠡᠷᠬᠢᠮ ᠳᠡᠭᠡᠳᠦ﹀ ᠭᠡᠬᠦ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠵᠤ ᠦᠦᠰᠢᠨ ᠬᠤᠰᠢᠭᠤᠨ ᠤ ᠪᠠᠨ ᠠᠷᠠᠳ ᠲᠦᠮᠡᠨ ᠤ ᠡᠷᠡᠬᠦᠯ ᠡᠩᠬᠡ ᠶᠢᠨ ᠲᠥᠯᠥᠭᠡ ᠥᠪᠡᠷ ᠤᠨ ᠭᠡᠰᠡᠨ ᠬᠤᠪᠢ ᠨᠡᠮᠡᠷᠢ ᠪᠠᠨ ᠦᠵᠡᠭᠦᠯᠦᠶ᠎ᠡ ᠭᠡᠵᠦ ᠪᠣᠳᠣᠵᠤ ᠪᠠᠶᠢᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号