ᠡᠨᠡ ᠵᠢᠯ᠂ ᠮᠠᠨ ᠤ ᠬᠤᠰᠢᠭᠤ ᠨᠢ ᠲᠥᠪ ᠤᠨ ᠡᠳ᠋ ᠤᠨ ᠵᠠᠰᠠᠭ ᠤᠨ ᠰᠢᠭᠤᠳ ᠨᠥᠬᠦᠪᠥᠷᠢ ᠪᠣᠯᠤᠨ | ᠦᠪᠡᠷ ᠲᠡᠭᠡᠨ ᠪᠠᠯᠠ ᠴᠤᠭᠯᠠᠭᠤᠯᠬᠤ ᠲᠥᠷᠥᠯ ᠵᠦᠢᠯ ᠢᠶᠠᠷ ᠲᠠᠮᠵᠢᠭᠤᠯᠣᠠ ᠨᠢᠭᠡ ᠲᠦᠮᠡᠨ ᠮᠦ ᠶᠢᠨ ᠲᠥᠪᠯᠡᠷᠡᠨ | ᠵᠠᠯᠭᠠᠯᠳᠤᠭᠰᠠᠨ ᠲᠠᠷᠢᠶᠠᠨ ᠭᠠᠵᠠᠷ ᠲᠤ ᠬᠠᠭᠠᠯᠪᠣᠷᠢᠯᠠᠠ ᠳᠠᠷᠢᠬᠤ ᠠᠴᠠ ᠬᠤᠷᠢᠶᠠᠬᠤ ᠪᠣᠯᠳᠠᠯᠠᠬᠢ ᠡᠯ᠎ᠡ ᠭᠤᠭᠴᠣᠭᠠᠨ ᠤ | ᠠᠵᠢᠯ ᠤᠨ 95% ᠠᠴᠠ ᠳᠡᠭᠡᠭᠰᠢᠬᠢ ᠶᠢ ᠨᠢ ᠮᠠᠰᠢᠨᠴᠢᠯᠠᠬᠤ ᠶᠢ ᠪᠡᠶᠡᠯᠡᠭᠦᠯᠵᠣ᠂ ᠮᠠᠯᠴᠢᠨ ᠲᠠᠷᠢᠶᠠᠴᠢᠳ ᠤᠨ ᠬᠥᠮᠦᠨ | ᠳᠣᠮᠳᠠᠴᠢ ᠣᠷᠣᠯᠭ᠎ᠠ ᠶᠢ 400 ᠲᠥᠭᠦᠷᠢᠭ ᠨᠡᠮᠡᠭᠳᠡᠬᠦᠯᠬᠦ ᠪᠤᠯᠤᠨ᠎ᠠ᠃ | | | | | | | ᠲᠥᠷᠥᠭᠦᠭᠡᠡ ᠰᠢᠷᠬᠤᠰᠤᠨ ᠪᠠᠯᠭᠠᠰᠦ ᠶᠢᠨ ᠣᠷᠳᠣᠪᠡᠶᠡ ᠳᠣᠰᠬᠤᠨ ᠤ ᠭᠤᠷᠪᠠᠳᠣᠭᠠᠡᠷ ᠬᠤᠷᠰᠢᠶᠠᠨ ᠤ | 2000 ᠭᠠᠷᠤᠶ ᠮᠦ ᠶᠢᠨ ᠲᠥᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ ᠲᠤ 7 ᠰᠠᠭᠤᠷᠢ ᠲᠠᠷᠢᠶᠠᠯᠠᠩ ᠤᠨ ᠮᠠᠰᠢᠨ | ᠲᠠᠷᠢᠶᠠᠨ ᠭᠠᠵᠠᠷ ᠤᠨ ᠬᠦᠷᠣᠰᠣ ᠰᠢᠷᠣᠢ ᠶᠢ ᠬᠤᠯᠢᠨ ᠭᠦᠨ ᠬᠠᠭᠠᠯᠪᠦᠷᠢᠯᠠᠯᠳᠠ ᠬᠢᠭᠡᠳ ᠶᠠᠭᠠᠷᠠᠯᠳᠣᠵᠤ ᠪᠠᠶᠢᠯ᠎ᠠ᠃ | ᠲᠣᠰ ᠲᠤᠰᠬᠤᠨ ᠤ ᠮᠠᠯᠴᠢᠨ ᠬᠠᠰᠪᠣᠯᠣᠣᠨ ᠤᠨ ᠬᠢᠨ ᠡᠨᠡ ᠵᠢᠯ ᠤᠨ ᠲᠠᠷᠢᠶᠠᠯᠠᠭ᠎ᠠ ᠪᠠᠨ ᠬᠠᠭᠠᠯᠪᠣᠷᠢᠯᠠᠨ | ᠳᠠᠷᠢᠬᠤ ᠠᠴᠠ ᠬᠤᠷᠢᠶᠠᠬᠤ ᠪᠣᠯᠳᠠᠯᠠᠬᠢ ᠪᠦᠬᠦ ᠶᠠᠪᠣᠴᠠ ᠳᠤ ᠨᠡᠶᠢᠬᠡᠮᠴᠢᠯᠡᠭᠰᠠᠨ ᠨᠠᠶᠢᠳᠡᠨ ᠬᠠᠮᠢᠶᠠᠷᠣᠭᠤᠯᠬᠤ ᠶᠢ | ᠬᠡᠷᠡᠭᠵᠢᠭᠦᠯᠵᠦ᠂ ᠲᠠᠷᠢᠶᠠᠯᠠᠩ ᠤᠨ ᠮᠠᠰᠢᠨᠴᠢᠯᠠᠯᠳᠠ ᠶᠢ ᠪᠡᠶᠡᠯᠡᠭᠦᠯᠦᠭᠡᠳ ᠲᠠᠷᠢᠶᠠᠯᠠᠬᠤ ᠦᠪᠡᠷ ᠤᠨ ᠦᠷᠲᠡᠭ ᠢ ᠮᠦ | ᠪᠦᠷᠢ ᠳᠤ 150 ᠲᠦᠬᠦᠷᠢᠭ ᠪᠠᠭᠤᠷᠠᠭᠤᠯᠵᠤ ᠠᠰᠢᠭ ᠬᠦᠷᠳᠡᠭᠰᠡᠡ ᠪᠠᠶᠢᠨ᠎ᠠ᠃ ᠮᠠᠯᠴᠢᠨ ᠬᠠᠰᠪᠤᠯᠤᠳ ᠭᠡᠯᠡᠬᠦ ᠳᠡᠭᠡᠨ | ᠄ ︽ᠦᠩᠭᠡᠷᠡᠭᠰᠡᠨ ᠳᠤ ᠮᠠᠨᠤᠰ ᠭᠠᠵᠠᠷ ᠲᠠᠷᠢᠬᠤ ᠳᠤ ᠦᠪᠡᠷ ᠢᠶᠠᠨ ᠲᠠᠷᠢᠬᠤ ᠪᠤᠶᠤ ᠬᠦᠮᠦᠨ ᠬᠦᠯᠦᠰᠦᠯᠡᠵᠦ ᠲᠠᠷᠢᠵᠤ | ᠪᠠᠶᠢᠭᠰᠠᠨ᠃ ᠡᠨᠡ ᠵᠢᠯ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠲᠤᠪᠴᠢᠶᠠᠨ ᠠᠴᠠ ᠮᠠᠨᠤᠰ ᠲᠤ ᠡᠶᠢᠮᠦ | ᠲᠦᠷᠦᠯ ᠵᠦᠢᠯ ᠢ ᠤᠷᠤᠭᠤᠯᠵᠤ ᠨᠢᠭᠡᠳᠤᠯᠲᠠᠢ ᠲᠠᠷᠢᠵᠤ᠂ ᠨᠢᠭᠡᠳᠤᠯᠲᠠᠢ ᠬᠤᠷᠢᠶᠠᠨ ᠦᠭᠬᠦ ᠪᠤᠯᠤᠭᠰᠠᠨ᠃ ᠡᠨᠡ ᠨᠢ | ᠮᠠᠯᠴᠢᠨ ᠲᠠᠷᠢᠶᠠᠴᠢᠳ ᠲᠤ ᠲᠦᠬᠦᠮ ᠢ ᠠᠪᠴᠢᠷᠠᠵᠤ ᠬᠦᠳᠡᠯᠮᠦᠷᠢ ᠬᠥᠴᠥ᠂ ᠴᠠᠭ᠂ ᠵᠤᠭᠤᠰ ᠮᠦᠩᠬᠦᠨ ᠤ ᠲᠠᠯ᠎ᠠ ᠪᠠᠷ | ᠨᠡᠯᠢᠶᠡᠳ ᠠᠰᠢᠭ ᠬᠦᠷᠲᠡᠭᠡᠭᠰᠡᠨ ᠪᠠᠶᠢᠨ᠎ᠠ︾ ᠭᠡᠵᠥ ᠪᠠᠶᠢᠯ᠎ᠠ᠃ | ᠮᠠᠨ ᠤ ᠬᠤᠰᠢᠭᠤᠨ ᠤ ᠮᠠᠰᠢᠨᠴᠢᠯᠠᠯᠲᠠ ᠶᠢᠨ ᠦᠢᠯᠡᠴᠢᠯᠡᠬᠡᠨ ᠤ ᠲᠦᠪ ᠠᠴᠠ ᠣᠷᠳᠣᠪᠠᠶᠠ ᠲᠤᠰᠬᠤᠨ ᠳᠤ | ᠳᠣᠮᠢᠯᠠᠭᠰᠠᠨ ᠨᠢᠭᠡᠳᠦᠭᠡᠷ ᠱᠦᠵᠢ ᠬᠦᠸᠧ ᠪᠤᠤ ᠵᠦᠩ ᠬᠡᠯᠡᠬᠦ ᠳᠡᠭᠡᠨ᠄ ︽ᠡᠨᠡ ᠲᠦᠷᠦᠯ ᠵᠦᠢᠯ ᠨᠢ ᠤᠷᠳᠤᠪᠡᠶ᠎ᠡ | ᠲᠤᠰᠬᠤᠨ ᠤ ᠮᠠᠯᠴᠢᠨ ᠲᠠᠷᠢᠶᠠᠴᠢᠳ ᠲᠤ ᠦᠨ᠎ᠡ ᠲᠦᠯᠦᠪᠦᠷᠢ ᠦᠬᠡᠢ ᠪᠠᠷ ᠲᠠᠷᠢᠵᠤ ᠬᠤᠷᠢᠶᠠᠨ ᠥᠭᠴᠥ᠂ ᠮᠥ | ᠪᠦᠷᠢ ᠠᠴᠠ 100 ᠭᠠᠷᠤᠢ ᠲᠦᠭᠦᠷᠢᠭ ᠢ ᠠᠷᠪᠢᠯᠠᠵᠤ 1 ᠲᠦᠮᠡᠨ ᠮᠥ ᠭᠠᠵᠠᠷ ᠢ ᠲᠠᠷᠢᠬᠤ ᠳᠤ 100 ᠲᠦᠮᠡᠨ | ᠲᠦᠭᠦᠷᠢᠭ ᠢ ᠠᠷᠪᠢᠯᠠᠵᠤ᠂ ᠮᠠᠯᠴᠢᠨ ᠲᠠᠷᠢᠶᠠᠴᠢᠳ ᠤᠨ ᠬᠦᠳᠡᠯᠮᠤᠷᠢ ᠬᠦᠴᠦ ᠪᠤᠯᠤᠨ ᠵᠤᠭᠤᠰ ᠮᠥ᠋ᠩᠭᠦ ᠶᠢ ᠠᠷᠪᠢᠯᠠᠵᠤ | ᠂ ᠮᠠᠯᠴᠢᠨ ᠲᠠᠷᠢᠶᠠᠴᠢᠳ ᠦᠭᠡᠷ᠎ᠡ ᠪᠤᠰᠤᠳ ᠠᠵᠤ ᠦᠢᠯᠡᠰ ᠡᠷᠬᠢᠯᠡᠬᠦ ᠳᠤ ᠲᠤᠰᠠᠯᠠᠮᠵᠢ ᠬᠠᠩᠭᠠᠬᠤ ᠶᠢᠨ ᠲᠠᠭᠠᠥ | ᠤᠷᠤᠯᠭ᠎ᠠ ᠶᠢ ᠨᠢ ᠨᠡᠮᠡᠭᠳᠡᠭᠦᠯᠥᠨ᠎ᠡ᠂ ᠲᠤᠰ ᠲᠦᠷᠦᠯ ᠵᠦᠢᠯ ᠨᠢ 575 ᠡᠷᠦᠬᠡ ᠶᠢᠨ 90% ᠶᠢᠨ ᠡᠷᠦᠬᠡ ᠳᠤ | ᠠᠰᠢᠭ ᠤᠯᠭᠤᠵᠤ᠂ ᠲᠤᠰ ᠭᠠᠵᠠᠷ ᠤᠷᠤᠨ ᠤ ᠮᠠᠯᠴᠢᠨ ᠲᠠᠷᠢᠶᠠᠴᠢᠳ ᠤᠨ ᠦᠨᠳᠦᠷ ᠦᠨᠡᠯᠡᠯᠲᠡ ᠶᠢ ᠤᠯᠤᠭᠰᠠᠨ | ᠪᠠᠶᠢᠨ᠎ᠠ︾ ᠭᠡᠪᠠ᠃ | ᠲᠠᠷᠢᠶᠠᠯᠠᠩ ᠣᠶᠢᠯᠡᠳᠪᠣᠷᠢᠯᠡᠯ ᠤᠨ ᠨᠠᠶᠢᠬᠡᠮᠴᠢᠯᠡᠭᠰᠠᠨ ᠨᠠᠶᠢᠳᠠᠨ ᠬᠠᠮᠢᠶᠠᠷᠬᠤ ᠲᠥᠷᠥᠯ ᠵᠦᠢᠯ ᠭᠡᠳᠡᠭ ᠨᠢ ᠮᠠᠨ | ᠤ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠣᠶᠢᠯᠡᠴᠢᠯᠡᠭᠡᠨ ᠤ ᠲᠥᠪ ᠤᠨ ᠬᠢᠨ ᠠᠴᠠ ᠣᠷᠳᠣᠪᠡᠶᠡ | ᠳᠣᠰᠬᠤᠨ ᠢ ᠳᠣᠰᠠᠯᠠᠨ ᠲᠡᠮᠵᠢᠬᠦ ᠪᠠᠷ ᠭᠤᠶᠣᠴᠢᠯᠠᠭᠰᠠᠨ ᠲᠥᠪ ᠤᠨ ᠡᠳ᠋ ᠤᠨ ᠵᠠᠰᠠᠭ ᠠᠴᠠ ᠰᠢᠭᠤᠳ | ᠨᠦᠬᠦᠪᠦᠷᠢᠯᠡᠵᠣ ᠪᠠᠶᠢᠭ᠎ᠠ ᠲᠣᠰᠬᠠᠢ ᠲᠦᠷᠦᠯ ᠵᠦᠢᠯ ᠪᠣᠯᠣᠨ᠎ᠠ᠃ ᠡᠨᠡ ᠵᠢᠯ᠂ ᠣᠷᠳᠣᠪᠡᠶᠡ ᠳᠣᠰᠬᠤᠨ ︽ᡁᠢ | ᠶᠤᠸᠠᠨ︾ ᠲᠠᠷᠢᠶᠠᠯᠠᠩ ᠤᠨ ᠮᠠᠰᠢᠨᠴᠢᠯᠠᠯᠲᠠ ᠶᠢᠨ ᠬᠤᠷᠰᠢᠶᠠᠵᠢᠯ ᠲᠠᠢ ᠨᠠᠶᠢᠬᠡᠮᠴᠢᠯᠡᠭᠰᠠᠨ ᠳᠦᠷᠣᠯ ᠵᠦᠢᠯ ᠤᠨ ᠭᠡᠷ᠎ᠡ | ᠳᠣᠭᠳᠠᠨ ᠨᠠᠶᠢᠳᠡᠨ ᠬᠠᠮᠢᠶᠠᠷᠣᠭᠤᠯᠣᠭᠰᠠᠨ ᠢᠶᠠᠷ ᠮᠠᠰᠢᠨᠴᠢᠯᠠᠯᠳᠠ ᠶᠢᠨ ᠬᠤᠷᠰᠢᠶᠠᠵᠢᠯ ᠤᠨ ᠠᠷᠪᠡᠨ ᠭᠡᠳᠣᠨ | ᠳᠠᠷᠢᠶᠠᠯᠠᠩ ᠤᠨ ᠮᠠᠰᠢᠨ ᠭᠠᠳᠠᠭᠰᠢ ᠭᠠᠷᠬᠤ ᠦᠬᠡᠢ ᠪᠠᠷ ᠭᠡᠷ ᠤᠨ ᠢᠶᠠᠨ ᠡᠭᠦᠳᠡᠨ ᠳᠡᠭᠡᠷ᠎ᠡ ᠪᠠᠨ 575 ᠡᠷᠦᠬᠡ ᠢ | 90% ᠶᠢᠨ ᠡᠷᠦᠬᠡ ᠳᠤ ᠨᠠᠶᠢᠳᠠ ᠲᠦᠮᠡᠨ ᠮᠦ ᠶᠢᠨ ᠲᠠᠷᠢᠶᠠᠯᠠᠩ ᠤᠨ ᠡᠯ᠎ᠡ ᠭᠤᠭᠴᠣᠭᠠᠨ ᠤ ᠠᠵᠢᠯ ᠢ ᠪᠠᠶᠠᠯᠠᠬᠦᠯᠣᠨ | ᠣᠶᠢᠯᠡᠴᠢᠯᠠᠵᠣ᠂ ᠬᠠᠷᠢᠯᠴᠠᠨ ᠲᠣᠳᠠᠭᠳᠠᠯ ᠢᠶᠠᠨ ᠨᠦᠬᠦᠪᠦᠷᠢᠯᠡᠨ᠂ ᠲᠠᠪᠠᠭᠤᠯᠢᠭ ᠢᠶᠠᠨ ᠠᠰᠢᠭᠯᠠᠵᠤ᠂ ᠬᠠᠮᠳᠣ ᠪᠠᠷ | ᠠᠰᠢᠭ ᠣᠷᠣᠯᠭ᠎ᠠ ᠬᠦᠷᠲᠡᠬᠦ ᠶᠢ ᠪᠡᠶᠡᠯᠡᠬᠦᠯᠥᠭᠰᠡᠡ ᠪᠠᠶᠢᠨ᠎ᠠ᠃ | | | | | | | ᠰᠢᠷᠬᠤᠰᠤᠨ ᠪᠠᠯᠭᠠᠰᠤ ᠶᠢᠨ ︽ᡁᠢ ᠶᠤᠸᠠᠨ︾ ᠲᠠᠷᠢᠶᠠᠯᠠᠩ ᠤᠨ ᠮᠠᠰᠢᠨᠴᠢᠯᠠᠯᠲᠠ ᠶᠢᠨ ᠬᠤᠷᠰᠢᠶᠠᠵᠢᠯ ᠤᠨ | ᠬᠠᠷᠢᠭᠤᠴᠠᠯᠭᠠᠳᠠᠨ ᠪᠢᠶᠠᠨ ᡁᠢ ᠶᠤᠸᠠᠨ ᠭᠡᠯᠡᠬᠦ ᠳᠡᠭᠡᠨ᠄ ︽ᠪᠢᠳᠠᠨ ᠤ ᠪᠥᠭᠦ᠋ᠢᠯᠠ ᠠᠵᠢᠯ ᠨᠢ ᠪᠦᠷ ᠥᠪᠡᠷ ᠤᠨ | ᠥᠷᠲᠡᠭ ᠢ ᠪᠠᠭᠤᠷᠠᠭᠤᠯᠵᠤ ᠪᠠᠶᠢᠳᠠᠭ᠂ ᠥᠩᠭᠡᠷᠡᠭᠰᠡᠨ ᠳᠤ ᠮᠠᠯᠴᠢᠨ ᠲᠠᠷᠢᠶᠠᠴᠢᠳ 300 ᠭᠠᠷᠤᠶ ᠲᠥᠭᠦᠷᠢᠭ ᠢ | ᠬᠡᠷᠡᠭᠰᠡᠨ ᠦᠷ᠎ᠡ ᠬᠦᠷᠣᠩᠬᠡ ᠠᠪᠴᠣ ᠪᠠᠶᠢᠭᠰᠠᠨ ᠪᠣᠯ ᠣᠲᠣ ᠨᠢᠬᠡᠳᠣᠯᠳᠡᠢ ᠪᠠᠷ 150 ᠲᠥᠭᠦᠷᠢᠭ ᠢᠶᠠᠷ ᠥᠷ᠎ᠡ | ᠬᠥᠷᠥᠩᠭᠡ ᠣᠷᠣᠭᠤᠯᠵᠣ᠂ ᠬᠠᠪᠤᠷ ᠤᠨ ᠲᠠᠷᠢᠶᠠᠯᠠᠭ᠎ᠠ ᠬᠢᠬᠦ᠂ ᠡᠮ ᠴᠣᠬᠢᠬᠤ᠂ ᠬᠤᠷᠢᠶᠠᠯᠲᠠ ᠠᠪᠬᠤ ᠵᠡᠷᠭᠡ ᠠᠯᠢᠪᠠ | ᠭᠤᠭᠴᠤᠭ᠎ᠠ ᠶᠢ ᠪᠦᠷ ᠮᠠᠰᠢᠨᠴᠢᠯᠠᠵᠥ᠂ ᠥᠪᠡᠷ ᠤᠨ ᠥᠷᠲᠡᠭ ᠢ ᠥᠨᠡᠡ ᠬᠦ ᠪᠠᠭᠤᠷᠠᠭᠤᠯᠵᠤ᠂ ᠦᠷ᠎ᠡ ᠠᠰᠢᠭ ᠢ | ᠳᠡᠭᠡᠭᠰᠢᠯᠡᠭᠦᠯᠥᠭᠰᠠᠠ ᠪᠠᠶᠢᠨ᠎ᠠ︾ ᠭᠡᠵᠥ ᠪᠠᠶᠢᠯ᠎ᠠ᠃ | | | | | | | ᠲᠥᠪ ᠤᠨ ᠡᠳ᠋ ᠤᠨ ᠵᠠᠰᠠᠭ ᠠᠴᠠ ᠰᠢᠭᠤᠳ ᠨᠦᠬᠦᠪᠦᠷᠢᠯᠡᠵᠣ ᠪᠠᠶᠢᠭ᠎ᠠ ᠲᠠᠷᠢᠶᠠᠯᠠᠩ ᠤᠨ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠶ᠋ᠯᠡᠴᠢᠯᠡᠭᠡᠨ ᠤ ᠲᠥᠷᠥᠯ ᠵᠦᠢᠯ ᠨᠢ ᠮᠠᠯᠴᠢᠨ ᠲᠠᠷᠢᠶᠠᠴᠢᠳ ᠤᠨ ᠲᠠᠷᠢᠶᠠᠨ ᠭᠠᠵᠠᠷ ᠤᠨ ᠮᠦ | ᠪᠦᠷᠢ ᠳᠤ ᠨᠥᠬᠦᠪᠥᠷᠢ ᠥᠭᠴᠦ᠂ ᠮᠠᠯᠴᠢᠨ ᠲᠠᠷᠢᠶᠠᠴᠢᠨ ᠡᠷᠦᠬᠡ ᠪᠡᠶ᠎ᠡ ᠪᠠᠨ ᠳᠠᠭᠠᠭᠠᠵᠤ ᠡᠵᠡᠩᠨᠠᠯᠲᠠ ᠬᠢᠬᠦ ᠤᠷᠢᠲᠠᠯ | ᠳᠣᠤᠷ᠎ᠠ᠂ ᠠᠮᠤ ᠪᠤᠳᠠᠭ᠎ᠠ᠂ ᠬᠦᠪᠦᠩ᠂ ᠲᠠᠷᠢᠶ᠎ᠠ ᠲᠤᠰᠤ ᠵᠡᠷᠭᠡ ᠴᠢᠬᠤᠯᠠ ᠲᠠᠷᠢᠶᠠᠯᠠᠩ ᠤᠨ ᠪᠦᠳᠣᠭᠡᠭᠳᠡᠭᠦᠨ ᠤ | ᠬᠡᠪᠴᠢᠶᠡᠵᠢᠭᠰᠡᠨ ᠦᠢᠯᠡᠳᠪᠦᠷᠢᠯᠡᠯ ᠢ ᠲᠦᠪᠯᠡᠷᠡᠬᠦᠯᠵᠦ᠂ ᠪᠠᠭ᠎ᠠ ᠬᠡᠪᠴᠢᠶᠡᠨ ᠤ ᠲᠠᠷᠠᠬᠠᠶ ᠡᠵᠡᠩᠨᠡᠯᠲᠡ ᠲᠠᠢ ᠮᠠᠯᠴᠢᠨ | ᠲᠠᠷᠢᠶᠠᠴᠢᠳ ᠢ ᠣᠳᠣᠬᠢᠴᠢᠯᠠᠭᠰᠠᠨ ᠲᠠᠷᠢᠶᠠᠯᠠᠩ ᠤᠨ ᠬᠦᠭᠵᠢᠯᠳᠡ ᠶᠢᠨ ᠵᠡᠮ ᠣᠷᠣᠭᠤ ᠬᠥᠲᠥᠯᠦᠨ ᠲᠠᠭᠠᠭᠠᠣᠯᠵᠤ | ᠪᠠᠶᠢᠨ᠎ᠠ᠃ ᠡᠨᠡ ᠵᠢᠯ᠂ ᠮᠠᠨ ᠤ ᠬᠤᠰᠢᠭᠤ ᠨᠡᠶᠢᠲᠡ ᠲᠦᠮᠡᠨ ᠮᠥ ᠶᠢᠨ ᠲᠦᠪᠯᠡᠷᠡᠨ ᠵᠠᠯᠭᠠᠯᠳᠣᠭᠰᠠᠨ ᠲᠠᠷᠢᠶᠠᠨ | ᠭᠠᠵᠠᠷ ᠲᠤ ᠨᠠᠶᠢᠬᠡᠮᠴᠢᠯᠡᠭᠰᠠᠨ ᠨᠠᠶᠢᠳᠡᠨ ᠬᠠᠮᠢᠶᠠᠷᠣᠭᠤᠯᠬᠤ ᠳᠦᠷᠣᠯ ᠵᠦᠢᠯ ᠢ ᠬᠡᠷᠡᠭᠵᠢᠭᠦᠯᠵᠥ᠂ ᠰᠢᠷᠬᠤᠰᠤᠨ | ᠪᠠᠯᠭᠠᠰᠤᠨ ᠤ ᠣᠷᠳᠣᠪᠡᠶᠡ ᠳᠣᠰᠬᠤᠨ ᠤ 575 ᠮᠠᠯᠴᠢᠨ ᠲᠠᠷᠢᠶᠠᠴᠢᠨ ᠡᠷᠣᠬᠡ ᠶᠢᠨ ᠶᠠᠷᠣᠩᠬᠡᠢ ᠪᠡᠯᠡ | ᠣᠷᠣᠭᠤᠯᠤᠯᠲᠠ ᠨᠢ 440 ᠲᠦᠮᠡᠨ ᠲᠥᠭᠦᠷᠢᠭ ᠲᠤ ᠬᠦᠷᠴᠣ᠂ ᠡᠭᠦᠨ ᠳᠤ᠂ ᠲᠥᠷᠥᠯ ᠵᠦᠢᠯ ᠤᠨ ᠡᠷᠦᠬᠡ | ᠦᠪᠡᠷ ᠲᠡᠭᠡᠨ 340 ᠲᠦᠮᠡᠨ ᠲᠥᠭᠦᠷᠢᠭ ᠴᠤᠭᠯᠠᠭᠤᠯᠵᠤ᠂ ᠲᠥᠪ ᠤᠨ ᠡᠳ᠋ ᠤᠨ ᠵᠠᠰᠠᠭ ᠤᠨ ᠰᠢᠭᠤᠣᠨ ᠨᠥᠬᠦᠪᠥᠷᠢ | 100 ᠲᠦᠮᠡᠨ ᠲᠥᠭᠦᠷᠢᠭ ᠢ ᠣᠷᠣᠭᠤᠯᠣᠭᠰᠠᠠ ᠪᠠᠶᠢᠨ᠎ᠠ᠃ | | |