ᠤᠢᠢᠷ᠎ᠡ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠤᠨ ︽ᠡᠷᠬᠢᠨ ᠬᠠᠷᠠᠬᠤ︾ ᠶᠢ ᠱᠠᠯᠠᠪᠳᠠᠭᠤᠯᠤᠨ ᠵᠢᠯᠣᠭᠤᠳᠬᠤ ᠠᠵᠢᠯ ᠤᠨ ᠣᠷᠳᠣᠰ ᠬᠤᠲᠠ ᠶᠢ | ᠱᠠᠯᠠᠪᠳᠠᠭᠤᠯᠤᠨ ᠵᠢᠯᠣᠭᠤᠳᠬᠤ ᠳᠠᠶᠢᠴᠢᠯᠠᠯᠲᠠ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ | ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ | ᠢᠯᠡᠳᠬᠡᠬᠦ ᠶᠠᠷᠢᠶ᠎ᠡ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ︽ᠡᠷᠬᠢᠨ ᠬᠠᠷᠠᠬᠤ︾ ᠶᠢ ᠱᠠᠯᠠᠪᠳᠠᠭᠤᠯᠤᠨ ᠵᠢᠯᠣᠭᠤᠳᠬᠤ ᠭᠤᠷᠪᠠᠳᠤᠭᠠᠷ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠵᠢᠥᠢ ᠭᠦᠸᠧ ᠱᠠᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠰᠡᠴᠡᠨᠪᠢᠯᠢᠭ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠢᠥᠢ ᠭᠦᠸᠧ ᠱᠠᠨ ᠲᠣᠰ ᠤᠳᠠᠭᠠᠨ ᠤ ᠱᠠᠯᠠᠪᠳᠠᠭᠤᠯᠤᠨ ᠵᠢᠯᠣᠭᠤᠳᠬᠤ ᠠᠵᠢᠯ ᠤᠨ | ᠴᠢᠬᠤᠯᠠ ᠠᠴᠢ ᠬᠤᠯᠪᠣᠭᠳᠠᠯ᠂ ᠶᠡᠷᠦᠩᠬᠡᠶ ᠲᠣᠬᠢᠷᠠᠭᠤᠯᠤᠯᠲᠠ ᠪᠠ ᠭᠤᠤᠯᠳᠠᠯᠭ᠎ᠠ ᠲᠠᠢ ᠡᠭᠦᠷᠭᠡ ᠶᠢ ᠲᠠᠨᠢᠯᠴᠠᠭᠤᠯᠪᠠ᠃ | ᠲᠡᠷᠡ᠂ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠪᠦᠭᠦ | ᠲᠡᠯ᠎ᠡ ᠪᠠᠷ ᠰᠡᠭᠦᠯ ᠬᠤᠷᠢᠶᠡᠬᠤ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ | ᠵᠠᠩᠭᠢᠯᠠᠭ᠎ᠠ ᠶᠢᠨ ᠵᠢᠯ ᠪᠤᠯᠤᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠶᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠱᠠᠯᠠᠪᠳᠠᠭᠤᠯᠤᠨ ᠵᠢᠯᠣᠭᠤᠳᠬᠤ ᠪᠠᠷ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠢᠢᠳᠪᠦᠷᠢᠲᠦ ᠳᠠᠶᠢᠯᠠᠯᠳᠤᠭᠠᠨ ᠭᠢᠵᠤ ᠰᠢᠢᠳᠪᠦᠷᠢᠲᠦ ᠢᠯᠠᠯᠲᠠ ᠶᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠱᠠᠯᠠᠪᠳᠠᠭᠤᠯᠤᠨ ᠵᠢᠯᠣᠭᠤᠳᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠠᠷᠢᠯᠢᠭ | ᠤᠨᠤᠪᠴᠢᠲᠠᠢ ᠪᠠᠷ ᠱᠠᠯᠠᠪᠳᠠᠭᠤᠯᠤᠨ ᠵᠢᠯᠣᠭᠤᠳᠬᠤ ᠶᠢ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠴᠢᠩᠭ᠎ᠠ ᠪᠠᠷᠢᠮᠲᠠᠯᠠᠵᠦ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠨ᠂ ᠵᠣᠷᠢᠭᠲᠠᠶ ᠪᠠᠷ ᠬᠦᠴᠢᠷᠳᠡᠯ ᠲᠠᠢ ᠲᠡᠮᠡᠴᠡᠵᠦ᠂ ᠬᠠᠤᠯᠢ ᠴᠠᠭᠠᠵᠠ | ᠬᠠᠤᠯᠢ ᠲᠣᠭᠲᠠᠭᠠᠯ ᠢ ᠴᠢᠩᠭ᠎ᠠ ᠰᠠᠬᠢᠨ᠂ ᠲᠤᠰᠬᠠᠶ ᠲᠡᠮᠡᠴᠡᠯ ᠤᠨ ︽ᠡᠷᠬᠢᠨ ᠬᠠᠷᠠᠬᠤ︾ ᠶᠢ ᠱᠠᠯᠠᠪᠳᠠᠭᠤᠯᠤᠨ | ᠵᠢᠯᠤᠭᠤᠳᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ | ᠃ | ᠨᠢᠤ ᠵᠢᠶᠦ᠋ᠨ ᠶᠠᠨ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠬᠤᠲᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠡ᠂ | ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠵᠢᠯᠣᠭᠤᠳᠬᠤ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠲᠠᠢ ᠬᠤᠯᠪᠣᠭᠳᠠᠭᠰᠠᠨ ᠨᠢᠭᠡ ᠪᠦᠯᠦᠭ ᠶᠠᠯᠠᠲᠤ ᠪᠦᠯᠦᠭᠲᠡᠨ ᠢ ᠴᠣᠬᠢᠨ ᠤᠨᠠᠭᠠᠵᠤ᠂ ᠲᠤᠰᠬᠠᠶ | ᠲᠡᠮᠡᠴᠡᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠳᠠᠷᠠᠭ᠎ᠠ ᠠᠯᠬᠤᠮ ᠳᠤ᠂ ᠮᠠᠨ ᠤ | ᠬᠤᠲᠠ ᠶᠡᠷᠦᠩᠬᠡᠶ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠡ᠂ ᠥᠪᠡᠷᠲᠡᠭᠡᠨ | ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠶᠣᠰᠣᠭᠠᠷ ᠴᠢᠩᠭ᠎ᠠ ᠰᠢᠶ᠋ᠳᠬᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡ ᠪᠠᠷ ᠵᠠᠰᠠᠬᠤ | ᠶᠡᠷᠦᠩᠬᠡᠶ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠳᠠᠬᠢᠨ ᠳᠡᠭᠡᠭᠰᠢᠯᠡᠭᠦᠯᠭᠦ ᠶᠢ | ᠪᠠᠶᠠᠯᠡᠭᠦᠯᠵᠤ᠂ ᠬᠠᠤᠯᠢ ᠶᠣᠰᠣᠭᠠᠷ ᠴᠢᠩᠭ᠎ᠠ ᠰᠢᠳᠬᠡᠵᠤ ᠳᠠᠬᠢᠨ ᠬᠦᠴᠦᠯᠡᠬᠦ᠂ ᠶᠡᠷᠦᠩᠬᠡᠶᠢᠯᠡᠨ ᠵᠠᠰᠠᠬᠤ ᠶᠢ ᠳᠠᠬᠢᠨ | ᠭᠦᠨᠵᠡᠭᠡᠶᠢᠷᠡᠭᠦᠯᠬᠦ᠂ ᠭᠦᠨᠵᠡᠭᠡᠶ ᠠᠭᠤᠳᠠᠯᠵᠤ ᠲᠦᠢᠯᠪᠤᠷᠢᠳᠡᠢ ᠪᠠᠶᠢᠴᠠᠭᠠᠵᠤ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠳᠠᠬᠢᠨ ᠪᠠᠬᠢᠵᠢᠭᠦᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠤᠨ ᠪᠥᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠬᠤ ᠭᠡᠷᠡᠭᠳᠡᠢ ᠭᠡᠵᠤ ᠵᠢᠭᠠᠵᠦ ᠭᠠᠷᠭᠠᠪᠠ᠃ | ᠨᠢᠤ ᠵᠢᠶᠦ᠋ᠨ ᠶᠠᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠵᠣᠬᠢᠶᠠᠨ | ᠪᠠᠶᠢᠭᠤᠯᠤᠯᠲᠠ᠂ ᠥᠨᠳᠥᠷ ᠪᠦᠲᠦᠮᠵᠢᠲᠡᠶ ᠠᠵᠢᠯ ᠤᠨ ᠳᠡᠮᠵᠢᠯᠭᠡ ᠪᠠᠷ ᠱᠠᠯᠠᠪᠳᠠᠭᠤᠯᠤᠨ ᠵᠢᠯᠣᠭᠤᠳᠬᠤ ᠠᠵᠢᠯ ᠢ | ᠰᠠᠶᠢᠲᠤᠷ ᠪᠠᠲᠤᠯᠠᠬᠤ ᠬᠡᠷᠡᠭᠲᠡᠶ᠃ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠬᠤ᠂ ᠳᠠᠷᠤᠢ ᠳᠤᠨᠢ | ᠮᠡᠳᠡᠵᠦ ᠳᠠᠷᠤᠢ ᠳᠤᠨᠢ ᠵᠠᠰᠠᠬᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠲᠦᠢᠯᠪᠤᠷᠢᠲᠠᠶ | ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ | ᠤᠯᠬᠤ ᠶᠢ ᠦᠨᠡᠨ ᠬᠦ ᠪᠠᠲᠤᠯᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠳᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠡᠷᠬᠢᠨ ᠬᠠᠷᠠᠬᠤ︾ ᠶᠢ ᠱᠠᠯᠠᠪᠳᠠᠭᠤᠯᠤᠨ ᠵᠢᠯᠣᠭᠤᠳᠬᠤ | ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠶᠠᠩ ᠯᠢᠨ ᠨᠢᠶᠠᠨ | ᠪᠠ ᠪᠥᠬᠦ ᠪᠦᠷᠢᠯᠳᠦᠬᠦᠨ᠂ ᠬᠤᠲᠠ ᠶᠢᠨ ᠤᠳᠤᠷᠢᠳᠤᠯᠭ᠎ᠠ ᠢᠦᠶ ᠰᠢᠨ ᠹᠠᠩ᠂ ᠹᠧᠩ ᠴᠤᠤ᠂ ᠯᠢᠦ ᠷᠦᠢ ᠵᠢᠶᠧ᠂ | ᠰᠦ᠋ ᠼᠦᠢ ᠹᠠᠩ᠂ ᠪᠥᠸᠧ ᠯᠢ ᠹᠧᠩ᠂ ᠭᠤᠤ ᡁᠢ ᠬᠤᠸᠠ ᠵᠢᠴᠢ ᠬᠤᠲᠠ ᠶᠢᠨ ᠰᠢᠭᠦᠭᠦ ᠬᠤᠷᠢᠶ᠎ᠡ ᠪᠠᠶᠢᠴᠠᠭᠠᠬᠤ | ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ | ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠤᠭᠢᠷᠠᠭᠤᠯᠪᠡ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠬᠤᠰᠢᠭᠤ ᠲᠠᠷᠤᠭ᠎ᠠ ᠵᠤᠤ ᠹᠸᠢ ᠯᠤ᠋ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ | ᠤᠷᠤᠯᠴᠠᠪᠠ᠃ | | |