5 ᠰᠠᠷ᠎ᠠ ᠶᠢᠨ 25 ᠤ ᠡᠳᠦᠷ᠂ 2020 ᠣᠨ ᠤ ᠪᠦᠬᠦ ᠬᠤᠰᠢᠭᠤᠨ ᠤ ᠵᠡᠮᠳᠡᠭᠴᠣᠳ ᠤᠨ ᠠᠵᠢᠯ ᠵᠢᠴᠢ | ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢᠨ ᠠᠵᠢᠯ ᠤᠨ ᠬᠤᠷᠠᠯᠳᠣᠭᠠᠨ ᠬᠤᠷᠠᠯᠳᠣᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ᠂ | ᠡᠯ᠎ᠡ ᠰᠣᠮᠣ ᠪᠠᠯᠭᠠᠰᠣᠨ ᠤ ᠵᠡᠮᠳᠡᠭᠴᠣᠳ ᠤᠨ ᠬᠤᠯᠪᠣᠭᠠᠨ ᠤ ᠬᠠᠷᠢᠭᠤᠴᠠᠯᠭᠠᠳᠠᠨ᠂ ᠠᠵᠢᠯᠳᠠᠳ ᠵᠢᠴᠢ ᠬᠤᠰᠢᠭᠤ | ᠵᠡᠮᠳᠡᠭᠴᠣᠳ ᠤᠨ ᠬᠤᠯᠪᠤᠭᠠᠲᠤ ᠬᠤᠷᠠᠯ ᠤᠨ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃ | ᠬᠤᠷᠠᠯ ᠲᠡᠭᠡᠷ᠎ᠡ᠂ ᠬᠤᠰᠢᠭᠤ ᠵᠡᠮᠳᠡᠭᠴᠣᠳ ᠤᠨ ᠬᠤᠯᠪᠤᠭᠠᠲᠤ ᠬᠤᠷᠠᠯ ᠤᠨ ᠬᠠᠷᠢᠭᠤᠴᠠᠯᠭᠠᠳᠠᠨ ᠠᠴᠠ | 2020 ᠣᠨ ᠤ ᠪᠦᠬᠦ ᠬᠤᠳᠠ ᠶᠢᠨ ᠵᠡᠮᠳᠡᠭᠴᠣᠳ ᠤᠨ ᠠᠵᠢᠯ ᠵᠢᠴᠢ ᠨᠠᠮ ᠤᠨ ᠰᠣᠷᠳᠠᠯ ᠴᠢᠬᠡᠴᠢ ᠵᠠᠰᠠᠭ ᠤᠨ | ᠪᠠᠶᠢᠭᠤᠯᠣᠯᠳᠠ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠣᠯᠠᠮᠵᠢᠯᠠᠵᠦ ᠠᠵᠢᠯ ᠤᠨ ᠮᠡᠳᠡᠬᠦᠯᠦᠯᠲᠡ | ᠬᠢᠪᠡ᠃ | ᠬᠤᠷᠠᠯ ᠠᠴᠠ ᠵᠢᠭᠠᠬᠤ ᠳᠠᠭᠠᠨ᠂ ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ | ᠰᠢᠢᠳᠪᠦᠷᠢᠲᠤ ᠢᠯᠡᠯᠳᠡ ᠶᠢ ᠣᠯᠬᠤ ᠵᠢᠯ᠂ ᠮᠦᠨᠴᠦ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠤᠨ | ᠪᠦᠲᠦᠬᠡᠬᠦ ᠪᠠ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠦᠯᠦᠪᠵᠢᠬᠦᠯᠭᠡ ᠶᠢᠨ ᠰᠡᠬᠦᠯ ᠬᠤᠷᠢᠶᠠᠬᠤ ᠵᠢᠯ | ᠮᠦᠨ᠂ ᠣᠯᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ | ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠣᠯᠳᠠ ᠲᠠᠢ ᠨᠢᠬᠡᠳᠬᠡᠵᠦ ᠪᠦᠬᠦ ᠵᠢᠯ ᠤᠨ ᠠᠵᠢᠯ ᠤᠨ ᠬᠠᠷᠠᠯᠳᠠ ᠶᠢᠨ | ᠳᠣᠭᠤᠷᠢᠨ ᠳᠤ ᠡᠬᠦᠷᠭᠡ ᠬᠠᠷᠢᠭᠤᠴᠠᠯᠭ᠎ᠠ ᠪᠠᠨ ᠰᠠᠶᠢᠳᠣᠷ ᠬᠦᠢᠴᠡᠳᠬᠡᠵᠦ ᠮᠠᠨ ᠤ ᠬᠤᠰᠢᠭᠤᠨ ᠤ ᠵᠡᠮᠳᠡᠭᠴᠣᠳ ᠤᠨ | ᠠᠵᠢᠯ ᠢ ᠠᠬᠢᠭᠤᠯᠰᠣᠭᠠᠢ ᠬᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠬᠤᠰᠢᠭᠤ ᠵᠡᠮᠳᠡᠭᠴᠣᠳ ᠤᠨ ᠬᠤᠯᠪᠤᠭᠠᠲᠤ ᠬᠤᠷᠠᠯ ᠪᠠ ᠵᠡᠮᠳᠡᠭᠴᠣᠳ | ᠤᠨ ᠠᠵᠢᠯ ᠢ ᠬᠢᠵᠦ ᠪᠠᠶᠢᠭ᠎ᠠ ᠠᠵᠢᠯᠳᠠᠳ ᠨᠠᠮ ᠪᠠ ᠵᠠᠰᠠᠭ ᠤᠨ ᠣᠷᠳᠣᠨ ᠠᠴᠠ ᠵᠡᠮᠳᠡᠭᠴᠣᠳ ᠲᠠᠢ ᠬᠠᠷᠢᠯᠴᠠᠬᠤ | ᠬᠦᠬᠦᠷᠭᠡ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ ᠳᠤᠭ ᠳᠡᠮᠳᠡᠭ ᠳᠣᠳᠣᠷᠬᠠᠢ ᠪᠠᠶᠢᠵᠦ ᠣᠯᠣᠰ ᠳᠦᠷᠦ ᠶᠢ | ᠡᠷᠬᠢᠮᠯᠡᠨ ᠣᠯᠣᠰ ᠳᠦᠷᠦ ᠶᠢᠨ ᠬᠦᠳᠦᠯᠦᠮᠵᠢ ᠶᠢ ᠴᠢᠩᠭᠠᠳᠬᠠᠵᠦ ᠪᠦᠬᠦ ᠰᠡᠳᠬᠢᠯ ᠪᠦᠬᠦ ᠵᠣᠷᠢᠭ ᠢᠶᠠᠷ ᠵᠡᠮᠳᠡᠭᠴᠣᠳ | ᠲᠤ ᠦᠢᠯᠡᠴᠢᠯᠡᠵᠦ ᠬᠠᠮᠤᠭ ᠤᠨ ᠪᠦᠲᠦᠮᠵᠢᠲᠡᠢ ᠠᠷᠭ᠎ᠠ ᠪᠠᠷ ᠬᠠᠮᠤᠭ ᠤᠨ ᠳᠣᠯᠭᠠᠮ ᠠᠰᠠᠭᠤᠳᠠᠯ ᠢ ᠰᠢᠢᠳᠪᠦᠷᠢᠯᠡᠨ | ᠵᠡᠮᠳᠡᠭᠴᠣᠳ ᠤᠨ ᠶᠠᠳᠠᠭᠤ ᠠᠴᠠ ᠠᠩᠭᠢᠵᠢᠷᠠᠭᠤᠯᠬᠤ᠂ ᠡᠷᠡᠬᠦᠯᠵᠢᠬᠦᠯᠬᠦ ᠦᠢᠯᠡᠴᠢᠯᠡᠭᠡ᠂ ᠠᠵᠢᠯ ᠬᠢᠵᠦ ᠦᠢᠯᠡᠰ | ᠪᠣᠰᠬᠠᠬᠤ᠂ ᠨᠡᠶᠢᠬᠡᠮ ᠤᠨ ᠪᠠᠳᠣᠯᠠᠭ᠎ᠠ᠂ ᠣᠨᠴᠠᠭᠠᠢ ᠬᠦᠮᠦᠵᠢᠯ ᠵᠡᠷᠭᠡ ᠠᠰᠠᠭᠤᠳᠠᠯ ᠳᠤ ᠠᠩᠬᠠᠷᠣᠯ ᠳᠠᠯᠪᠢᠵᠦ | ᠵᠡᠮᠳᠡᠭᠴᠣᠳ ᠤᠨ ᠪᠦᠬᠦ ᠳᠠᠯ᠎ᠠ ᠶᠢᠨ ᠬᠦᠭᠵᠢᠯᠳᠡ ᠪᠠ ᠬᠠᠮᠲᠣ ᠪᠠᠷ ᠴᠢᠨᠡᠬᠡᠯᠢᠭᠵᠢᠬᠦ ᠶᠢ ᠠᠬᠢᠭᠤᠯᠬᠤ ᠬᠡᠷᠡᠭᠲᠡᠢ᠃ | ᠲᠧᠯᠸᠢᠰ᠂ ᠰᠦᠯᠵᠢᠶ᠎ᠡ᠂ ᠸᠢᠴᠠᠲ ᠵᠡᠷᠭᠡ ᠡᠯ᠎ᠡ ᠵᠦᠢᠯ ᠤᠨ ᠵᠠᠭᠤᠴᠢᠯᠠᠭᠤᠷ ᠢᠶᠠᠷ ᠵᠡᠮᠳᠡᠭᠴᠣᠳ ᠤᠨ ᠳᠡᠷᠢᠬᠦᠨ ᠤ | ᠦᠢᠯᠡ ᠠᠵᠢᠯᠯᠠᠭ᠎ᠠ ᠶᠢ ᠣᠬᠠᠭᠤᠯᠵᠦ ᠳᠡᠳᠡᠨ ᠤ ᠪᠠᠶᠠᠰᠣᠩᠭᠤᠢ᠂ ᠢᠳᠡᠪᠬᠢᠲᠡᠢ ᠴᠢᠷᠮᠠᠶᠢᠳᠠᠭ ᠣᠶᠣᠨ ᠰᠠᠨᠠᠭᠠᠨ ᠤ | ᠬᠡᠪ ᠨᠠᠮᠪᠠ ᠶᠢ ᠢᠯᠡᠷᠡᠬᠦᠯᠵᠦ ᠳᠡᠳᠡᠨ ᠢ ᠰᠢᠨ᠎ᠡ ᠴᠠᠭ ᠦᠶ᠎ᠡ ᠶᠢᠨ ᠪᠣᠯᠪᠠᠰᠣᠨ ᠤ ᠦᠢᠯᠡᠳᠦᠯᠬᠡ ᠳᠤ ᠢᠳᠡᠪᠬᠢᠲᠡᠢ | ᠣᠷᠣᠯᠴᠠᠭᠤᠯᠦᠨ ᠪᠦᠬᠦ ᠨᠡᠶᠢᠬᠡᠮ ᠢᠶᠠᠷ ᠢᠶᠠᠨ ᠵᠡᠮᠳᠡᠭᠴᠣᠳ ᠢ ᠬᠠᠪᠰᠣᠷᠣᠨ ᠬᠠᠯᠠᠮᠵᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ ᠬᠡᠪᠡ᠃ |