ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠪᠤᠯᠪᠠᠰᠤᠨ ᠬᠤᠳᠠ  ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠨᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2020-05-26
     5 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠪᠠᠯᠭᠠᠰᠤᠨ ᠲᠣᠭᠤᠷᠢᠭ ᠤᠨ ᠬᠡᠰᠡᠭ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ᠂ ᠵᠠᠬ᠎ᠠ ᠲᠡᠯᠭᠡᠭᠦᠷ᠂ ᠬᠤᠳᠠᠯᠳᠤᠭᠠᠨ ᠤ ᠵᠡᠭᠡᠯᠢ ᠳᠤ ᠬᠦᠷᠴᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠭᠢᠵᠦ ᠰᠢᠢᠳᠪᠤᠷᠢᠯᠠᠭᠦ ᠲᠥᠰᠦᠯ ᠪᠣᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠭᠡᠮᠵᠢᠶ᠎ᠠ ᠶᠢ ᠲᠤᠬᠠᠶ ᠶᠢᠨ ᠭᠠᠵᠠᠷ ᠲᠤᠨᠢ ᠰᠤᠳᠤᠯᠤᠨ ᠲᠤᠭᠳᠠᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ ᠵᠸᠤ ᠱᠤᠸᠠᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
     ᠵᠣᠣ ᠹᠸᠢ ᠯᠤ᠋ ᠨᠡᠷ ᠤᠷᠢᠳ ᠬᠤᠵᠢᠳ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠵᠠᠩᠭᠢᠯᠠᠭ᠎ᠠ ᠶᠢᠨ ᠴᠡᠭ᠂  ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠥᠢᠯᠡᠳᠪᠤᠷᠢ᠂ ᠤᠤᠯ ᠤᠨ ᠬᠠᠶ ᠱᠧᠩ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠠᠮ ᠵᠠᠭᠤᠴᠢᠯᠠᠭᠤᠷ ᠤᠨ ᠲᠥᠪ ᠤᠨ ᠵᠡᠭᠦᠨ ᠲᠠᠯ᠎ᠠ ᠶᠢᠨ ᠨᠤᠷᠠᠭᠠᠵᠤ ᠨᠡᠭᠦᠯᠭᠡᠬᠦ ᠲᠣᠭᠤᠷᠢᠭ᠂ ᠲᠤᠭᠤᠶᠢᠯᠠᠩ ᠬᠤᠶᠢᠳᠣ ᠵᠡᠭᠡᠯᠢ ᠶᠢᠨ ᠬᠠᠭᠤᠴᠢᠨ ᠲᠡᠷᠭᠡᠨ ᠥᠷᠳᠡᠭᠡ᠂ ᠪᠥᠸᠧ ᠷᠧᠨ ᠡᠮᠨᠡᠯᠭᠡ ᠶᠢᠨ ᠬᠤᠷᠢᠶ᠎ᠠ ᠶᠢᠨ ᠵᠡᠭᠦᠨ ᠵᠠᠬ᠎ᠠ ᠶᠢᠨ ᠨᠤᠷᠠᠭᠠᠵᠤ ᠨᠡᠭᠦᠯᠭᠡᠬᠦ ᠲᠣᠭᠤᠷᠢᠭ᠂ ᠬᠥᠳᠡᠯᠮᠦᠷᠢ ᠬᠦᠴᠦᠨ ᠤ ᠰᠠᠭᠤᠭᠠᠯᠢ ᠠᠷᠠᠳ  ᠤᠨ ᠲᠣᠭᠤᠷᠢᠭ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠵᠢᠩ ᠢ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠮᠣᠷᠢᠨ ᠤᠷᠤᠯᠳᠤᠭᠠᠨ ᠤ ᠲᠠᠯᠠᠪᠠᠶ ᠶᠢᠨ ᠪᠡᠶ᠎ᠡ ᠶᠢᠨ ᠲᠠᠮᠢᠷ ᠤᠨ ᠲᠥᠪ᠂ ᠬᠤᠢ ᠹᠧᠩ ᠰᠠᠭᠤᠭᠠᠯᠢ ᠠᠷᠠᠳ ᠤᠨ ᠲᠣᠭᠤᠷᠢᠭ ᠢᠶᠠᠷ ᠭᠥᠷᠴᠤ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ᠃
     ᠵᠤᠤ ᠹᠸᠢ ᠯᠦ ᠴᠢᠬᠤᠯᠠᠴᠢᠯᠠᠭᠰᠠᠨ ᠨᠢ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ  ᠨᠠᠷᠢᠯᠢᠭᠵᠢᠭᠤᠯᠤᠨ ᠴᠠᠭ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠰᠢᠯᠭᠠᠨ ᠲᠣᠭᠲᠠᠭᠠᠬᠤ ᠪᠠᠷᠢᠮᠵᠢᠶ᠎ᠠ ᠶᠢ ᠡᠵᠡᠮᠰᠢᠵᠦ ᠬᠢᠨᠠᠯᠲᠠ ᠪᠠᠶᠢᠴᠠᠭᠠᠯᠳᠠ ᠶᠢ ᠴᠢᠩᠭᠠᠳᠬᠠᠨ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠠᠮᠢᠶᠠᠷᠤᠯᠲᠠ ᠵᠡᠷᠭᠡ ᠪᠣᠳᠠᠲᠠᠶ ᠠᠵᠢᠯ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠳᠤᠷᠬᠠᠶᠢᠯᠠᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ  ᠶᠤᠰᠤᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠵᠡᠭᠡᠯᠢ ᠭᠤᠳᠤᠮᠵᠢ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠵᠠᠰᠠᠨ ᠴᠡᠭᠴᠡᠯᠠᠵᠤ ᠴᠡᠴᠡᠷᠯᠢᠭᠵᠢᠭᠦᠯᠥᠯᠳᠠ ᠨᠣᠭᠤᠭᠠᠷᠠᠭᠤᠯᠤᠯᠲᠠ ᠶᠢᠨ ᠲᠥᠪ ᠤᠨ ᠠᠵᠢᠯ ᠳᠤᠮᠳᠠ ᠪᠠᠨ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠤᠷᠢᠯᠠᠭᠦ ᠭᠡᠷᠡᠭᠳᠠᠢ᠃ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠠᠯᠪᠠᠨ ᠭᠡᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠤᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠤᠭᠳᠠᠭᠠᠨ ᠲᠠᠷᠬᠠᠭᠠᠵᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠷᠬᠠᠭᠠᠭᠰᠠᠨ ᠬᠠᠷᠢᠭᠤᠴᠠᠯᠭ᠎ᠠ ᠶᠢᠨ ᠨᠠᠷᠢᠨ ᠲᠠᠩᠰᠠ ᠶᠤᠰᠤᠭᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠵᠡᠭᠡᠯᠢ ᠭᠤᠳᠤᠮᠵᠢ ᠶᠢᠨ ᠡᠪᠳᠡᠷᠡᠵᠦ ᠴᠤᠭᠤᠷᠠᠭᠰᠠᠨ ᠵᠠᠮ ᠢ ᠨᠠᠷᠢᠨ ᠪᠠᠶᠢᠴᠠᠭᠠᠵᠤ ᠴᠠᠭ ᠲᠤᠬᠠᠶ ᠳᠤᠨᠢ ᠰᠡᠯᠪᠢᠨ ᠵᠠᠰᠠᠬᠤ ᠬᠡᠷᠡᠭᠲᠡᠶ᠃ ᠬᠤᠭ ᠨᠣᠪᠰᠢ ᠶᠢ ᠲᠤᠶᠢᠯᠪᠤᠷᠢᠳᠠᠢ ᠴᠡᠪᠡᠷᠯᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ ᠵᠠᠭᠡᠯᠢ ᠭᠤᠳᠤᠮᠵᠢ ᠨᠡᠶᠢᠭᠡᠮ ᠲᠤᠭᠤᠷᠢᠭ ᠤᠨ ᠬᠤᠭ ᠨᠣᠪᠰᠢ ᠶᠢᠨ ᠬᠠᠶᠢᠷᠴᠠᠭ ᠢ ᠵᠤᠭᠢᠰᠳᠠᠢ ᠲᠣᠬᠢᠷᠠᠭᠤᠯᠬᠤ ᠬᠡᠷᠡᠭᠲᠡᠶ︔ ︽ᠡᠭᠦᠳᠡᠨ ᠡᠮᠦᠨᠡᠬᠢ ᠲᠠᠪᠤ ᠶᠢ ᠲᠠᠭᠠᠭᠠᠴᠢᠯᠠᠬᠤ︾᠂ ᠵᠠᠭᠡᠯᠢ ᠴᠡᠪᠡᠷᠯᠠᠭᠦ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠠᠶᠢᠴᠠᠭᠠᠯᠳᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ  ᠶᠢ ᠱᠠᠭᠠᠷᠳᠠᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠮᠡᠳᠡᠭᠳᠠᠨ ᠱᠠᠭᠠᠷᠳᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠳᠤᠳᠬᠠᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠤᠨ ᠰᠠᠭᠤᠭᠠᠯᠢ ᠠᠷᠠᠳ ᠤᠨ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠢ ᠳᠡᠮᠵᠢᠬᠦ ᠨᠣᠷᠮ᠎ᠠ ᠪᠣᠯᠤᠨ ᠬᠠᠨᠤᠮᠵᠢ ᠶᠢᠨ ᠨᠣᠷᠮ᠎ᠠ ᠶᠢ ᠦᠨᠡᠨᠬᠦ ᠲᠡᠭᠡᠭᠰᠢᠯᠠᠭᠦᠯᠭᠦ ᠭᠡᠷᠡᠭᠳᠠᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠡᠯ᠎ᠡ ᠠᠵᠢᠯ ᠲᠥᠷᠥᠯ ᠤᠨ ᠬᠢᠨ ᠢ ᠬᠥᠲᠥᠯᠥᠨ ᠵᠢᠯᠣᠭᠤᠳᠴᠤ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠡᠩᠨᠡᠭᠡᠨ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ ᠪᠦᠬᠦ ᠨᠡᠶᠢᠭᠡᠮ ᠢᠶᠠᠷ ᠢᠶᠠᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ ᠡᠭᠦᠷᠭᠡ ᠪᠠᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠠᠶᠠᠯᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号