ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-27
   ᠯᠢ ᠵᠠᠨ ᠱᠤ᠋ ᠬᠤᠷᠠᠯ ᠢ ᠡᠷᠭᠢᠯᠡᠵᠡᠢ    ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠠᠩᠬᠠᠳᠤᠭᠠᠷ ᠬᠤᠷᠠᠯ 26 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠷᠠᠯᠳᠤᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ ᠳᠠᠷᠤᠭ᠎ᠠ ᠯᠢ ᠵᠠᠨ ᠱᠤ᠋ ᠬᠤᠷᠠᠯ ᠢ ᠡᠷᠭᠢᠯᠡᠪᠡ᠃    ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠶᠠᠩ ᠵᠧᠨ ᠡᠤ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠭᠰᠡᠨ ᠪᠠ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ᠶᠢᠨ ᠲᠥᠰᠦᠯ ᠤᠨ ᠣᠷᠣᠯᠠᠵᠥ ᠲᠤᠭᠤᠷᠪᠢᠭᠰᠠᠨ ᠡᠬᠡ ᠨᠤᠤᠷᠠᠭ ᠢ ᠬᠢᠨᠠᠨ ᠵᠦᠪᠯᠡᠵᠡᠢ᠃    ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠰᠢᠤᠢ ᠱᠤᠤ ᠱᠢ ᠶᠢᠨ ᠬᠢᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠬᠡᠳ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠬᠦᠯᠦᠯᠳᠡ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠬᠢᠨᠠᠨ ᠵᠦᠪᠯᠡᠪᠡ᠃    ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠱᠢ ᠶᠣᠣ ᠪᠢᠨ ᠤ ᠬᠢᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ 2019 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢᠨ ᠬᠤᠯᠪᠤᠬᠳᠠᠯ ᠪᠦᠬᠦᠢ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠬᠢᠨᠠᠨ ᠵᠦᠪᠯᠡᠵᠡᠢ᠃    ᠬᠤᠷᠠᠯ ᠠᠴᠠ ᠶᠠᠩ ᠵᠧᠨ ᠦ᠋ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠰᠢᠢᠳᠪᠦᠷᠢ ᠶᠢᠨ ᠲᠥᠰᠦᠯ ᠤᠨ ᠣᠷᠣᠯᠠᠵᠥ ᠲᠤᠭᠤᠷᠪᠢᠭᠰᠠᠨ ᠡᠬᠡ ᠨᠤᠤᠷᠠᠭ᠂ 2019 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠰᠢᠢᠳᠪᠦᠷᠢ ᠶᠢᠨ ᠲᠥᠰᠦᠯ ᠤᠨ ᠣᠷᠣᠯᠠᠵᠥ ᠲᠤᠭᠤᠷᠪᠢᠭᠰᠠᠨ ᠡᠬᠡ ᠨᠤᠤᠷᠠᠭ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠰᠢᠢᠳᠪᠦᠷᠢ ᠶᠢᠨ ᠲᠥᠰᠦᠯ ᠤᠨ ᠣᠷᠣᠯᠠᠵᠥ ᠲᠤᠭᠤᠷᠪᠢᠭᠰᠠᠨ ᠡᠬᠡ ᠨᠤᠤᠷᠠᠭ ᠢ ᠬᠢᠨᠠᠨ ᠵᠦᠪᠯᠡᠪᠡ᠃    ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠯᠢ ᠹᠧᠶ ᠶᠢᠨ ᠬᠢᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠢᠷᠭᠡᠨ ᠤ ᠬᠠᠤᠯᠢ ᠶᠢᠨ ᠪᠢᠴᠢᠭ ᠤᠨ ᠲᠥᠰᠦᠯ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠢᠷᠭᠡᠨ ᠤ ᠬᠠᠤᠯᠢ ᠶᠢᠨ ᠪᠢᠴᠢᠭ ᠤᠨ ᠲᠥᠰᠦᠯ ᠤᠨ ᠵᠠᠰᠠᠪᠤᠷᠢ ᠣᠷᠣᠭᠤᠯᠤᠭᠰᠠᠨ ᠨᠤᠤᠷᠠᠭ ᠢ ᠬᠢᠨᠠᠨ ᠵᠦᠪᠯᠡᠪᠡ᠃    ᠬᠤᠷᠠᠯ ᠠᠴᠠ ᠯᠢ ᠹᠧᠶ ᠶᠢᠨ ᠬᠢᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠳᠦᠷᠢᠮ ᠪᠣᠯᠤᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ᠤᠨ ᠲᠥᠰᠦᠯ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠲᠣᠭᠲᠠᠭᠠᠯ ᠤᠨ ᠲᠥᠰᠦᠯ ᠤᠨ ᠵᠠᠰᠠᠪᠤᠷᠢ ᠣᠷᠣᠭᠤᠯᠤᠭᠰᠠᠨ ᠨᠤᠤᠷᠠᠭ ᠢ ᠬᠢᠨᠠᠨ ᠵᠦᠪᠯᠡᠵᠡᠢ᠃    ᠬᠤᠷᠠᠯ ᠠᠴᠠ ᠳᠡᠭᠡᠷ᠎ᠡ ᠳᠤᠷᠠᠳᠤᠭᠰᠠᠨ ᠰᠢᠢᠳᠪᠦᠷᠢ ᠶᠢᠨ ᠲᠥᠰᠦᠯ᠂ ᠮᠡᠳᠡᠬᠦᠯᠦᠯᠳᠡ᠂ ᠲᠥᠰᠦᠯ ᠤᠨ ᠵᠠᠰᠠᠪᠤᠷᠢ ᠣᠷᠣᠭᠤᠯᠤᠭᠰᠠᠨ ᠨᠤᠤᠷᠠᠭ ᠵᠡᠷᠭᠡ ᠶᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠶᠢ ᠵᠥᠪᠰᠢᠶᠡᠷᠡᠪᠡ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠶ᠂ ᠸᠠᠨ ᠧ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠶ ᠬᠤᠸᠠ ᠬᠤᠷᠠᠯ ᠳᠤ ᠣᠷᠣᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号