| | | | | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠭᠤᠷᠪᠠᠳᠤᠭᠠᠷ ᠬᠤᠷᠡᠯ ᠤᠨ ᠲᠡᠷᠢᠬᠦᠯᠡᠭᠴᠢᠳ ᠤᠨ ᠪᠦᠯᠬᠦᠮ 26 ᠤ ᠦᠳᠡ ᠶᠢᠨ ᠡᠮᠦᠨ᠎ᠡ ᠠᠷᠠᠳ ᠤᠨ | ᠶᠡᠭᠡ ᠬᠤᠷᠡᠯ ᠤᠨ ᠲᠠᠩᠬᠢᠮ ᠳᠤ ᠬᠤᠶᠠᠳᠤᠭᠠᠷ ᠬᠤᠷᠡᠯ ᠬᠢᠪᠡ᠃ ᠬᠤᠷᠡᠯ ᠠᠴᠠ ᠪᠠᠳᠤᠯᠠᠯᠳᠠ ᠬᠢᠬᠦ ᠪᠠᠷ ᠲᠠᠮᠵᠢᠨ᠂ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ | ᠭᠤᠷᠪᠠᠳᠤᠭᠠᠷ ᠬᠤᠷᠡᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ᠂ ᠲᠦᠯᠥᠪᠯᠡᠭᠡ ᠶᠢᠨ ᠮᠡᠳᠡᠬᠦᠯᠥᠯᠳᠡ᠂ | ᠲᠦᠰᠦᠪ ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ ᠶᠢᠨ ᠲᠦᠰᠦᠯ ᠪᠤᠯᠤᠨ ᠢᠷᠬᠡᠨ ᠤ ᠬᠠᠤᠯᠢ ᠶᠢᠨ ᠪᠢᠴᠢᠭ ᠤᠨ | ᠲᠦᠰᠦᠯ ᠤᠨ ᠵᠠᠰᠠᠪᠤᠷᠢ ᠤᠷᠤᠭᠤᠯᠤᠬᠰᠠᠠ ᠨᠤᠤᠷᠠᠭ᠂ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠬᠠᠤᠯᠢ ᠴᠠᠭᠠᠵᠠ ᠶᠢᠨ ᠲᠦᠷᠢᠮ ᠪᠤᠯᠤᠨ ᠬᠡᠷᠡᠭᠵᠢᠬᠦᠯᠬᠦ ᠲᠤᠭᠳᠠᠴᠠ ᠶᠢ ᠪᠠᠶᠢᠭᠤᠯᠤᠨ ᠳᠡᠭᠦᠯᠳᠡᠷᠵᠢᠬᠦᠯᠬᠦ ᠲᠤᠬᠠᠢ | ᠲᠤᠭᠳᠠᠭᠠᠯ ᠤᠨ ᠲᠦᠰᠦᠯ ᠤᠨ ᠵᠠᠰᠠᠪᠤᠷᠢ ᠤᠷᠤᠭᠤᠯᠤᠬᠰᠠᠠ ᠨᠤᠤᠷᠠᠭ ᠢ ᠡᠯ᠎ᠡ ᠲᠦᠯᠥᠬᠡᠯᠡᠭᠴᠢᠳ ᠤᠨ ᠪᠦᠯᠬᠦᠮ ᠳᠤ | ᠲᠡᠪᠰᠢᠬᠦᠯᠵᠥ ᠬᠢᠨᠠᠨ ᠵᠦᠪᠯᠡᠬᠦᠯᠬᠦ ᠪᠠᠷ ᠲᠤᠭᠳᠠᠪᠠ᠃ | ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠯᠢ ᠵᠠᠨ ᠱᠦ ᠬᠤᠷᠡᠯ ᠢ ᠡᠷᠬᠢᠯᠡᠪᠡ᠃ | ᠬᠤᠷᠡᠯ ᠳᠤ 174 ᠬᠦᠮᠥᠨ ᠤᠷᠤᠯᠴᠠᠬᠤ ᠶᠤᠰᠤᠳᠠᠢ᠂ 170 ᠬᠦᠮᠥᠨ ᠤᠷᠤᠯᠴᠠᠵᠥ᠂ 4 ᠬᠦᠮᠥᠨ | ᠤᠷᠤᠯᠴᠠᠭᠰᠠᠠ ᠦᠬᠡᠢ᠂ ᠬᠤᠷᠡᠯ ᠳᠤ ᠤᠷᠤᠯᠴᠠᠬᠰᠠᠠ ᠬᠦᠮᠥᠨ ᠤ ᠲᠤᠭ᠎ᠠ ᠬᠠᠤᠯᠢ ᠳᠤ ᠲᠤᠭᠳᠠᠭᠠᠭᠰᠠᠠ ᠬᠦᠮᠥᠨ ᠤ | ᠲᠤᠭ᠎ᠠ ᠳᠤ ᠨᠡᠶᠢᠴᠡᠪᠡ᠃ | 5 ᠰᠠᠷ᠎ᠠ ᠶᠢᠨ 22 ᠤᠨ ᠦᠳᠡ ᠶᠢᠨ ᠬᠤᠶᠢᠨ᠎ᠡ ᠪᠤᠯᠤᠨ 23 ᠤ ᠦᠳᠡ ᠶᠢᠨ ᠡᠮᠤᠨ᠎ᠡ᠂ ᠡᠯ᠎ᠡ | ᠲᠦᠯᠥᠬᠡᠯᠡᠭᠴᠢᠳ ᠤᠨ ᠪᠦᠯᠬᠦᠮ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ | ᠵᠦᠪᠯᠡᠪᠡ᠃ ᠲᠦᠯᠥᠬᠡᠯᠡᠭᠴᠢᠳ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠨᠡᠶᠢᠳᠡᠮ | ᠲᠤᠭᠤᠰᠢᠯᠠᠭᠤᠯᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠪᠤᠯᠤᠨ ᠠᠷᠪᠠᠨ ᠶᠢᠰᠦᠳᠦᠬᠡᠷ ᠬᠤᠭᠤᠴᠠᠭᠠᠨ ᠤ | ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ | ᠪᠦᠬᠦ ᠲᠡᠯ᠎ᠡ ᠪᠠᠷ ᠲᠤᠭᠤᠰᠢᠯᠠᠭᠤᠯᠵᠥ᠂ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠲᠤᠭᠤᠰᠢᠯᠠᠭᠤᠯᠵᠥ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠤᠩᠬᠡᠢ ᠬᠦᠭ ᠠᠶᠠᠰ᠂ ᠦᠬᠡᠷᠡᠴᠢᠯᠡᠯᠳᠡ ᠨᠡᠬᠡᠬᠡᠯᠳᠡ ᠪᠠᠷ ᠬᠦᠳᠡᠯᠬᠡᠬᠦ ᠬᠦᠴᠦᠨ ᠪᠤᠯᠭᠠᠵᠥ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠱᠠᠭᠠᠷᠳᠠᠯᠭ᠎ᠠ ᠶᠢ ᠢᠯᠡᠷᠡᠬᠦᠯᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ | ᠰᠢᠢᠳᠪᠤᠷᠢᠳᠤ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ | ᠲᠠᠶᠢᠯᠠᠯᠳᠤᠭᠠᠨ ᠤ ᠬᠠᠷᠠᠯᠳᠡ ᠡᠬᠦᠷᠬᠡ ᠶᠢ ᠢᠯᠡᠷᠡᠬᠦᠯᠵᠥ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠲᠠᠢ ᠨᠡᠶᠢᠴᠡᠵᠥ᠂ ᠨᠢᠭᠡᠨ ᠲᠤᠭ ᠳᠡᠮᠳᠡᠭ ᠳᠤᠳᠤᠷᠬᠠᠢ᠂ ᠦᠭᠡᠷᠡᠴᠢᠯᠡᠯᠳᠡ ᠬᠢᠵᠤ ᠰᠢᠨ᠎ᠠ ᠶᠢ | ᠡᠭᠦᠳᠦᠭᠰᠡᠨ᠂ ᠦᠨᠡᠨ ᠢ ᠪᠠᠷᠢᠮᠳᠠᠯᠠᠵᠤ ᠪᠤᠳᠠᠳᠠᠢ ᠶᠢ ᠡᠷᠬᠢᠮᠯᠡᠭᠰᠡᠨ ᠢᠯᠡᠳᠭᠡᠯ ᠪᠤᠯᠤᠨ᠎ᠠ ᠭᠡᠵᠤ ᠰᠠᠨᠠᠯ ᠨᠢᠭᠡᠳᠠᠢ | ᠦᠵᠡᠵᠡᠭᠡᠪᠡ᠃ ᠲᠦᠯᠦᠭᠡᠯᠡᠭᠴᠢᠳ ᠡᠨᠡ ᠬᠦ ᠢᠯᠡᠳᠭᠡᠯ ᠢ ᠨᠡᠶᠢᠳᠡᠮ ᠳᠡᠭᠡᠨ ᠵᠦᠪᠰᠢᠶᠡᠷᠡᠵᠤ ᠪᠠᠶᠢᠬᠤ ᠪᠠᠨ ᠢᠯᠡᠳᠭᠡᠪᠡ | ᠃ ᠲᠦᠯᠦᠭᠡᠯᠡᠭᠴᠢᠳ ᠲᠦᠷᠦ ᠶᠢᠨ ᠶᠠᠪᠤᠳᠠᠯ ᠤᠨ ᠬᠤᠷᠢᠶᠠᠨ ᠤ ᠦᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ | ᠨᠤᠳᠠᠯᠠᠵᠤ᠂ ᠡᠨᠡ ᠵᠢᠯ ᠤᠨ ᠠᠵᠢᠯ ᠤᠨ ᠪᠠᠶᠢᠷᠢᠯᠠᠭᠤᠯᠤᠯᠳᠠ ᠪᠠ ᠲᠤᠬᠢᠷᠠᠭᠤᠯᠤᠯᠳᠠ ᠶᠢ ᠨᠡᠶᠢᠳᠡᠮ ᠳᠡᠭᠡᠨ | ᠵᠦᠪᠰᠢᠶᠡᠷᠡᠪᠠ᠃ ᠬᠢᠨᠠᠨ ᠵᠦᠪᠯᠡᠬᠦ ᠳᠤᠮᠳᠠ᠂ ᠲᠦᠯᠦᠭᠡᠯᠡᠭᠴᠢᠳ ᠪᠠᠰᠠ ᠰᠠᠨᠠᠯ ᠪᠠ ᠰᠠᠨᠠᠭᠤᠯᠭ᠎ᠠ ᠳᠤᠷᠠᠳᠴᠠᠢ᠃ | ᠲᠦᠷᠦ ᠶᠢᠨ ᠶᠠᠪᠤᠳᠠᠯ ᠤᠨ ᠬᠤᠷᠢᠶ᠎ᠠ ᠲᠦᠯᠦᠭᠡᠯᠡᠭᠴᠢᠳ ᠤᠨ ᠬᠢᠨᠠᠨ ᠵᠦᠪᠯᠡᠭᠰᠡᠨ ᠰᠠᠨᠠᠯ ᠢ ᠨᠠᠷᠢᠨ ᠬᠢᠨᠠᠮᠠᠭᠠᠢ | ᠰᠤᠳᠤᠯᠵᠤ᠂ ᠵᠠᠰᠠᠭ ᠤᠨ ᠤᠷᠳᠤᠨ ᠤ ᠠᠵᠢᠯ ᠤᠨ ᠮᠡᠳᠡᠬᠦᠯᠦᠯᠳᠡ ᠳᠤ ᠵᠠᠰᠠᠪᠤᠷᠢ ᠤᠷᠤᠭᠤᠯᠤᠨ ᠲᠡᠭᠦᠯᠳᠡᠷᠵᠢᠭᠦᠯᠵᠤ᠂ | ᠨᠡᠶᠢᠳᠡ 89 ᠭᠠᠵᠠᠷ ᠲᠤ ᠵᠠᠰᠠᠪᠤᠷᠢ ᠤᠷᠤᠭᠤᠯᠵᠠᠢ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠡᠯ᠎ᠠ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠰᠡᠨ ᠰᠠᠨᠠᠯ ᠪᠠ ᠢᠯᠡᠳᠭᠡᠯ ᠳᠤ ᠵᠠᠰᠠᠪᠤᠷᠢ | ᠤᠷᠤᠭᠤᠯᠤᠭᠰᠠᠨ ᠪᠠᠶᠢᠳᠠᠯ ᠢ ᠦᠨᠳᠦᠰᠦᠯᠡᠵᠤ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠵᠦᠪᠰᠢᠶᠡᠷᠡᠬᠦ ᠶᠢ | ᠰᠠᠨᠠᠭᠤᠯᠤᠭᠰᠠᠨ ᠪᠦᠭᠡᠳ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ ᠶᠢᠨ ᠲᠦᠰᠦᠯ ᠢ | ᠤᠷᠤᠯᠠᠨ ᠲᠤᠭᠤᠷᠪᠢᠵᠠᠢ᠃ ᠬᠤᠷᠠᠯ ᠨᠢ ᠪᠠᠳᠤᠯᠠᠯᠳᠠ ᠬᠢᠬᠦ ᠪᠠᠷ ᠳᠠᠮᠵᠢᠨ᠂ ᠵᠠᠰᠠᠭ ᠤᠨ ᠤᠷᠳᠤᠨ ᠤ ᠠᠵᠢᠯ ᠤᠨ | ᠢᠯᠡᠳᠭᠡᠯ ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢᠨ ᠲᠦᠰᠦᠯ ᠢ ᠡᠯ᠎ᠠ | ᠲᠦᠯᠦᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠬᠢᠨᠡᠨ ᠵᠦᠪᠯᠡᠭᠦᠯᠬᠦ ᠪᠠᠷ ᠲᠤᠭᠳᠠᠵᠠᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ | ᠵᠦᠪᠯᠡᠯ ᠤᠨ ᠡᠷᠬᠢᠯᠡᠭᠴᠢ ᠭᠡᠰᠢᠭᠦᠨ ᠰᠢᠤᠢ ᠱᠤᠤ ᠱᠢ ᠬᠤᠷᠠᠯ ᠲᠡᠭᠡᠷ᠎ᠡ 2019 ᠤᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠦᠢᠴᠡᠳᠬᠡᠭᠰᠡᠨ ᠪᠠᠶᠢᠳᠠᠯ ᠪᠤᠯᠤᠨ 2020 ᠤᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠢ ᠬᠢᠨᠠᠨ | ᠪᠠᠶᠢᠴᠠᠭᠠᠭᠰᠠᠨ ᠦᠷ᠎ᠠ ᠳ᠋ᠦᠩ ᠤᠨ ᠲᠤᠬᠠᠢ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠮᠡᠳᠡᠭᠦᠯᠦᠯᠳᠡ ᠶᠢ | ᠬᠢᠵᠠᠢ᠃ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠦᠵᠡᠬᠦ ᠪᠠᠷ᠂ 2019 ᠤᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠦᠢᠴᠡᠳᠬᠡᠭᠰᠡᠨ ᠪᠠᠶᠢᠳᠠᠯ ᠦᠨᠳᠦᠰᠦᠨ ᠳᠡᠭᠡᠨ | ᠨᠡᠯᠢᠶᠡᠳ ᠰᠠᠶᠢᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ 2020 ᠤᠨ ᠤ ᠲᠦᠯᠦᠪᠯᠡᠭᠡ ᠶᠢᠨ | ᠮᠡᠳᠡᠭᠦᠯᠦᠯᠳᠡ ᠪᠤᠯᠤᠨ ᠲᠦᠯᠦᠪᠯᠡᠭᠡ ᠶᠢᠨ ᠲᠦᠰᠦᠯ ᠤᠨ ᠭᠤᠤᠯ ᠵᠢᠱᠢᠭᠰᠡᠨ ᠬᠠᠷᠠᠯᠳᠠ ᠪᠠ ᠲᠦᠷᠦ ᠶᠢᠨ | ᠪᠤᠳᠤᠯᠭ᠎ᠠ ᠶᠢᠨ ᠬᠠᠨᠳᠤᠰᠢ ᠨᠢ ᠪᠤᠳᠠᠳᠠᠢ ᠪᠠᠶᠢᠳᠠᠯ ᠲᠠᠢ ᠨᠡᠶᠢᠴᠡᠵᠤ᠂ ᠶᠡᠷᠦᠩᠬᠡᠢ ᠳᠡᠭᠡᠨ ᠭᠦᠢᠴᠡᠳᠭᠡᠵᠤ ᠪᠤᠯᠤᠨ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ︽2019 ᠤᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠤᠯᠤᠨ 2020 ᠤᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠲᠤᠬᠠᠢ | ᠮᠡᠳᠡᠭᠦᠯᠦᠯᠳᠡ︾ ᠶᠢ ᠵᠦᠪᠰᠢᠶᠡᠷᠡᠵᠤ᠂ 2020 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠢ ᠵᠦᠪᠰᠢᠶᠡᠷᠡᠬᠦ ᠶᠢ ᠰᠠᠨᠠᠭᠤᠯᠪᠠ᠃ | ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠤ ᠠᠬᠤᠢ ᠶᠢᠨ | ᠵᠦᠪᠯᠡᠯ ᠤᠨ ᠲᠡᠳ᠋ ᠡᠷᠬᠢᠯᠡᠭᠴᠢ ᠬᠡᠰᠢᠬᠦᠨ ᠱᠢ ᠶᠤᠤ ᠪᠢᠨ ᠬᠤᠷᠠᠯ ᠲᠡᠭᠡᠷ᠎ᠠ 2019 ᠤᠨ ᠤ ᠲᠦᠪ ᠤᠨ ᠪᠠ ᠤᠷᠤᠨ | ᠨᠤᠳᠤᠬ ᠤᠨ ᠲᠦᠰᠤᠪ ᠢ ᠬᠦᠢᠴᠡᠳᠭᠡᠭᠰᠡᠨ ᠪᠠᠶᠢᠳᠠᠯ ᠪᠤᠯᠤᠨ 2020 ᠤᠨ ᠤ ᠲᠦᠪ ᠤᠨ ᠪᠠ ᠤᠷᠤᠨ ᠨᠤᠳᠤᠬ ᠤᠨ | ᠲᠦᠰᠤᠪ ᠤᠨ ᠲᠦᠰᠤᠯ ᠢ ᠬᠢᠨᠠᠨ ᠪᠠᠶᠢᠴᠠᠭᠠᠬᠰᠠᠨ ᠦᠷ᠎ᠠ ᠳ᠋ᠦᠩ ᠤᠨ ᠲᠤᠬᠠᠢ ᠡᠳ᠋ ᠤᠨ ᠵᠠᠰᠠᠬ ᠠᠵᠤ ᠠᠬᠤᠢ ᠶᠢᠨ | ᠵᠦᠪᠯᠡᠯ ᠤᠨ ᠮᠡᠳᠡᠬᠦᠯᠤᠯᠳᠠ ᠶᠢ ᠬᠢᠵᠠᠢ᠃ ᠡᠳ᠋ ᠤᠨ ᠵᠠᠰᠠᠬ ᠠᠵᠤ ᠠᠬᠤᠢ ᠶᠢᠨ ᠵᠦᠪᠯᠡᠯ ᠤᠨ ᠦᠵᠡᠬᠦ ᠪᠠᠷ᠂ 2019 | ᠤᠨ ᠤ ᠲᠦᠪ ᠤᠨ ᠪᠠ ᠤᠷᠤᠨ ᠨᠤᠳᠤᠬ ᠤᠨ ᠲᠦᠰᠤᠪ ᠢ ᠬᠦᠢᠴᠡᠳᠭᠡᠭᠰᠡᠨ ᠪᠠᠶᠢᠳᠠᠯ ᠨᠢ ᠶᠠᠷᠤᠩᠬᠡᠢ ᠳᠡᠭᠡᠨ ᠰᠠᠶᠢᠨ | ᠪᠠᠶᠢᠨ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠲᠤᠷᠠᠳᠤᠬᠰᠠᠨ 2020 ᠤᠨ ᠤ ᠲᠦᠪ ᠤᠨ ᠪᠠ ᠤᠷᠤᠨ | ᠨᠤᠳᠤᠬ ᠤᠨ ᠲᠦᠰᠤᠪ ᠤᠨ ᠲᠦᠰᠤᠯ ᠨᠢ ᠶᠡᠷᠦᠩᠬᠡᠢ ᠳᠡᠭᠡᠨ ᠭᠦᠢᠴᠡᠳᠭᠡᠵᠤ ᠪᠤᠯᠤᠨ᠎ᠠ᠂ ᠲᠦᠷᠤ ᠶᠢᠨ ᠶᠠᠪᠤᠳᠠᠯ ᠤᠨ | ᠬᠤᠷᠢᠶᠠᠨ ᠤ ᠲᠤᠷᠠᠳᠤᠬᠰᠠᠨ ︽2019 ᠤᠨ ᠤ ᠲᠦᠪ ᠤᠨ ᠪᠠ ᠤᠷᠤᠨ ᠨᠤᠳᠤᠬ ᠤᠨ ᠲᠦᠰᠤᠪ ᠢ | ᠬᠦᠢᠴᠡᠳᠭᠡᠭᠰᠡᠨ ᠪᠠᠶᠢᠳᠠᠯ ᠪᠤᠯᠤᠨ 2020 ᠤᠨ ᠤ ᠲᠦᠪ ᠤᠨ ᠤᠷᠤᠨ ᠨᠤᠳᠤᠬ ᠤᠨ ᠲᠦᠰᠤᠪ ᠤᠨ ᠲᠦᠰᠤᠯ ᠤᠨ | ᠲᠤᠬᠠᠢ ᠮᠡᠳᠡᠬᠦᠯᠤᠯᠳᠠ︾ ᠶᠢ ᠵᠦᠪᠰᠢᠶᠡᠷᠡᠵᠤ᠂ 2020 ᠤᠨ ᠤ ᠲᠦᠪ ᠤᠨ ᠲᠦᠰᠤᠪ ᠤᠨ ᠲᠦᠰᠤᠯ ᠢ | ᠵᠦᠪᠰᠢᠶᠡᠷᠡᠵᠤ᠂ ᠡᠬᠦᠨ ᠤ ᠬᠠᠮᠳᠤ 2020 ᠤᠨ ᠤ ᠤᠷᠤᠨ ᠨᠤᠳᠤᠬ ᠤᠨ ᠵᠠᠰᠠᠬ ᠤᠨ ᠤᠷᠳᠤᠨ ᠤ ᠡᠩ ᠤᠨ ᠦᠷᠢ | ᠰᠢᠷᠢ ᠶᠢᠨ ᠦᠯᠡᠳᠡᠪᠤᠷᠢ ᠲᠤᠭ᠎ᠠ ᠶᠢ 142889.22 ᠳ᠋ᠦᠩᠰᠢᠭᠤᠷ ᠲᠦᠬᠦᠷᠢᠭ ᠲᠤ ᠬᠢᠵᠠᠭᠠᠷᠯᠠᠬᠤ ᠂ ᠲᠤᠰᠬᠠᠢ | ᠦᠷᠢ ᠰᠢᠷᠢ ᠶᠢᠨ ᠦᠯᠡᠳᠡᠪᠤᠷᠢ ᠲᠤᠭ᠎ᠠ ᠶᠢ 145185.08 ᠳ᠋ᠦᠩᠰᠢᠭᠤᠷ ᠲᠦᠬᠦᠷᠢᠭ ᠲᠤ ᠬᠢᠵᠠᠭᠠᠷᠯᠠᠬᠤ ᠪᠠᠷ | ᠵᠦᠪᠰᠢᠶᠡᠷᠡᠬᠦ ᠶᠢ ᠰᠠᠨᠠᠭᠤᠯᠪᠠ᠃ | ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ᠂ ᠡᠳ᠋ ᠤᠨ ᠵᠠᠰᠠᠬ ᠠᠵᠤ ᠠᠬᠤᠢ ᠶᠢᠨ ᠵᠦᠪᠯᠡᠯ ᠤᠨ ᠬᠤᠶᠠᠷ | ᠬᠢᠨᠠᠨ ᠪᠠᠶᠢᠴᠠᠭᠠᠬᠰᠠᠨ ᠦᠷ᠎ᠠ ᠳ᠋ᠦᠩ ᠤᠨ ᠮᠡᠳᠡᠬᠦᠯᠤᠯᠳᠠ ᠶᠢ ᠪᠠᠳᠤᠯᠠᠪᠠ᠃ | 5 ᠰᠠᠷ᠎ᠠ ᠶᠢᠨ 23 ᠤ ᠦᠳᠡ ᠶᠢᠨ ᠬᠤᠶᠢᠨ᠎ᠠ ᠪᠤᠯᠤᠨ 24 ᠤ ᠦᠳᠡ ᠶᠢᠨ ᠡᠮᠤᠨ᠎ᠠ᠂ ᠡᠯ ᠠ | ᠲᠦᠯᠤᠬᠡᠯᠡᠭᠴᠢᠳ ᠤᠨ ᠪᠦᠯᠬᠦᠮ ᠲᠦᠯᠤᠪᠯᠡᠭᠡ ᠶᠢᠨ ᠮᠡᠳᠡᠬᠦᠯᠤᠯᠳᠠ ᠪᠤᠯᠤᠨ ᠲᠦᠯᠤᠪᠯᠡᠭᠡ ᠶᠢᠨ ᠲᠦᠰᠤᠯ᠂ | ᠲᠦᠰᠤᠪ ᠤᠨ ᠮᠡᠳᠡᠬᠦᠯᠤᠯᠳᠠ ᠪᠤᠯᠤᠨ ᠲᠦᠰᠤᠪ ᠤᠨ ᠲᠦᠰᠤᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠪᠠ᠃ | ᠲᠦᠷᠤ ᠶᠢᠨ ᠶᠠᠪᠤᠳᠠᠯ ᠤᠨ ᠬᠤᠷᠢᠶᠠᠨ ᠠᠴᠠ ᠲᠦᠯᠤᠬᠡᠯᠡᠭᠴᠢᠳ ᠤᠨ ᠬᠢᠨᠠᠨ ᠪᠠᠶᠢᠴᠠᠭᠠᠬᠰᠠᠨ ᠰᠠᠨᠠᠯ ᠢ ᠦᠨᠳᠤᠰᠤᠯᠠᠵᠤ | ᠂ ᠬᠤᠶᠠᠷ ᠮᠡᠳᠡᠬᠦᠯᠤᠯᠳᠠ ᠳᠤ ᠲᠤᠰ ᠪᠦᠷᠢ ᠨᠠᠷᠢᠨ ᠬᠢᠨᠠᠮᠠᠭᠠᠢ ᠵᠠᠰᠠᠪᠤᠷᠢ ᠤᠷᠤᠭᠤᠯᠪᠠ᠃ ᠲᠡᠷᠢᠬᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠡᠯ᠎ᠠ ᠲᠦᠯᠤᠬᠡᠯᠡᠭᠴᠢᠳ ᠤᠨ ᠪᠦᠯᠬᠦᠮ ᠤᠨ ᠬᠢᠨᠠᠨ ᠪᠠᠶᠢᠴᠠᠭᠠᠬᠰᠠᠨ | ᠰᠠᠨᠠᠯ᠂ ᠮᠡᠳᠡᠬᠦᠯᠤᠯᠳᠠ ᠳᠤ ᠵᠠᠰᠠᠪᠤᠷᠢ ᠤᠷᠤᠭᠤᠯᠤᠬᠰᠠᠨ ᠪᠠᠶᠢᠳᠠᠯ ᠪᠤᠯᠤᠨ ᠡᠳ᠋ ᠤᠨ ᠵᠠᠰᠠᠬ ᠠᠵᠤ ᠠᠬᠤᠢ ᠶᠢᠨ | ᠵᠦᠪᠯᠡᠯ ᠤᠨ ᠬᠢᠨᠠᠨ ᠪᠠᠶᠢᠴᠠᠭᠠᠬᠰᠠᠨ ᠦᠷ᠎ᠠ ᠳ᠋ᠦᠩ ᠤᠨ ᠮᠡᠳᠡᠬᠦᠯᠤᠯᠳᠠ ᠶᠢ ᠦᠨᠳᠤᠰᠤᠯᠠᠵᠤ᠂ ᠲᠦᠯᠤᠪᠯᠡᠭᠡ ᠶᠢᠨ | ᠮᠡᠳᠡᠬᠦᠯᠤᠯᠳᠠ ᠪᠤᠯᠤᠨ ᠲᠦᠯᠤᠪᠯᠡᠭᠡ ᠶᠢᠨ ᠲᠦᠰᠤᠯ᠂ ᠲᠦᠰᠤᠪ ᠤᠨ ᠮᠡᠳᠡᠬᠦᠯᠤᠯᠳᠠ ᠪᠤᠯᠤᠨ ᠲᠦᠪ ᠤᠨ | ᠲᠦᠰᠤᠪ ᠤᠨ ᠲᠦᠰᠤᠯ ᠢ ᠵᠦᠪᠰᠢᠶᠡᠷᠡᠬᠦ ᠶᠢ ᠰᠠᠨᠠᠭᠤᠯᠵᠤ᠂ ᠲᠦᠯᠤᠪᠯᠡᠭᠡ ᠶᠢᠨ ᠮᠡᠳᠡᠬᠦᠯᠤᠯᠳᠠ ᠪᠠ ᠲᠦᠯᠤᠪᠯᠡᠭᠡ᠂ | ᠲᠦᠰᠤᠪ ᠤᠨ ᠮᠡᠳᠡᠬᠦᠯᠤᠯᠳᠠ ᠪᠤᠯᠤᠨ ᠲᠦᠰᠤᠪ ᠤᠨ ᠬᠤᠶᠠᠷ ᠵᠦᠢᠯ ᠤᠨ ᠰᠢᠢᠳᠪᠤᠷᠢ ᠶᠢᠨ ᠲᠦᠰᠤᠯ ᠢ ᠤᠷᠤᠯᠠᠨ | ᠲᠤᠭᠤᠷᠪᠢᠪᠠ᠃ ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ᠂ 2019 ᠤᠨ ᠤ ᠤᠯᠤᠰ ᠠᠷᠠᠳ ᠤᠨ ᠠᠵᠤ | ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠦᠢᠴᠡᠳᠭᠡᠭᠰᠡᠨ ᠪᠠᠶᠢᠳᠠᠯ ᠪᠤᠯᠤᠨ 2020 | ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ | ᠰᠢᠢᠳᠪᠤᠷᠢ ᠶᠢᠨ ᠲᠦᠰᠤᠯ᠂ 2019 ᠤᠨ ᠤ ᠲᠦᠪ ᠤᠨ ᠤᠷᠤᠨ ᠨᠤᠳᠤᠬ ᠤᠨ ᠲᠦᠰᠤᠪ ᠢ ᠬᠦᠢᠴᠡᠳᠭᠡᠭᠰᠡᠨ | ᠪᠠᠶᠢᠳᠠᠯ ᠪᠤᠯᠤᠨ 2020 ᠤᠨ ᠤ ᠲᠦᠪ ᠤᠨ ᠪᠠ ᠤᠷᠤᠨ ᠨᠤᠳᠤᠬ ᠤᠨ ᠲᠦᠰᠤᠪ ᠤᠨ ᠰᠢᠢᠳᠪᠤᠷᠢ ᠶᠢᠨ ᠲᠦᠰᠤᠯ ᠢ | ᠡᠯ᠎ᠠ ᠲᠦᠯᠤᠬᠡᠯᠡᠭᠴᠢᠳ ᠤᠨ ᠪᠦᠯᠬᠦᠮ ᠳᠤ ᠲᠡᠪᠰᠢᠬᠦᠯᠵᠤ ᠬᠢᠨᠠᠨ ᠵᠦᠪᠯᠡᠬᠦᠯᠬᠦ ᠪᠠᠷ ᠲᠤᠭᠳᠠᠪᠠ᠃ | 5 ᠰᠠᠷ᠎ᠠ ᠶᠢᠨ 24 ᠤ ᠦᠲᠡ ᠶᠢᠨ ᠬᠤᠶᠢᠨ᠎ᠠ ᠪᠤᠯᠤᠨ 25 ᠤ ᠡᠲᠦᠷ ᠤᠨ ᠦᠲᠡ ᠶᠢᠨ ᠡᠮᠤᠨ᠎ᠡ᠂ ᠡᠯ᠎ᠠ | ᠲᠦᠯᠦᠭᠡᠯᠡᠭᠴᠢᠳ ᠤᠨ ᠪᠦᠯᠬᠦᠮ ᠢᠷᠭᠡᠡ ᠤ ᠬᠠᠤᠯᠢ ᠶᠢᠨ ᠪᠢᠴᠢᠭ ᠤᠨ ᠲᠦᠰᠦᠯ ᠢ ᠨᠠᠷᠢᠨ ᠬᠢᠨᠠᠮᠠᠭᠠᠢ ᠬᠢᠨᠠᠠ | ᠵᠦᠪᠯᠡᠵᠠᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠲᠦᠰᠦᠨ ᠬᠠᠤᠯᠢ | ᠪᠤᠯᠤᠨ ᠬᠠᠤᠯᠢ ᠴᠠᠭᠠᠵᠠ ᠶᠢᠨ ᠵᠦᠪᠯᠡᠯ ᠡᠯ᠎ᠠ ᠲᠦᠯᠦᠭᠡᠯᠡᠭᠴᠢᠳ ᠤᠨ ᠪᠦᠯᠬᠦᠮ ᠤᠨ ᠬᠢᠨᠠᠠ ᠵᠦᠪᠯᠡᠭᠰᠡᠡ ᠰᠠᠨᠠᠯ ᠢ | ᠦᠨᠲᠦᠰᠦᠯᠠᠵᠦ᠂ ᠢᠷᠭᠡᠡ ᠤ ᠬᠠᠤᠯᠢ ᠶᠢᠨ ᠪᠢᠴᠢᠭ ᠤᠨ ᠲᠦᠰᠦᠯ ᠢ ᠬᠢᠨᠠᠠ ᠵᠦᠪᠯᠡᠵᠦ᠂ ᠲᠦᠰᠦᠯ ᠤᠨ ᠵᠠᠰᠠᠪᠤᠷᠢ | ᠤᠷᠤᠭᠤᠯᠬᠤ ᠨᠤᠤᠷᠠᠭ ᠢ ᠲᠤᠷᠠᠳᠴᠠᠢ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠦᠨᠲᠦᠰᠤᠨ ᠬᠠᠤᠯᠢ | ᠪᠤᠯᠤᠨ ᠬᠠᠤᠯᠢ ᠴᠠᠭᠠᠵᠠ ᠶᠢᠨ ᠵᠦᠪᠯᠡᠯ ᠤᠨ ᠡᠷᠬᠢᠯᠡᠭᠴᠢ ᠭᠡᠰᠢᠭᠦᠨ ᠯᠢ ᠹᠸᠢ ᠶᠢᠨ ᠬᠢᠭᠰᠡᠡ ᠦᠨᠲᠦᠰᠤᠨ ᠬᠠᠤᠯᠢ | ᠪᠤᠯᠤᠨ ᠢᠷᠭᠡᠡ ᠤ ᠬᠠᠤᠯᠢ ᠶᠢᠨ ᠪᠢᠴᠢᠭ ᠤᠨ ᠲᠦᠰᠦᠯ ᠢ ᠬᠢᠨᠠᠠ ᠵᠦᠪᠯᠡᠭᠰᠡᠡ ᠦᠷ᠎ᠠ ᠳ᠋ᠦᠩ ᠤᠨ ᠮᠡᠲᠡᠭᠦᠯᠦᠯᠲᠡ ᠶᠢ | ᠰᠤᠨᠤᠰᠴᠠᠢ᠃ ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠵᠦ᠂ ᠡᠨᠡ ᠬᠦ ᠬᠢᠨᠠᠠ ᠵᠦᠪᠯᠡᠭᠰᠡᠡ ᠦᠷ᠎ᠠ ᠳ᠋ᠦᠩ ᠤᠨ | ᠮᠡᠲᠡᠭᠦᠯᠦᠯᠲᠡ ᠪᠤᠯᠤᠨ ᠲᠦᠰᠦᠯ ᠤᠨ ᠵᠠᠰᠠᠪᠤᠷᠢ ᠤᠷᠤᠭᠤᠯᠤᠭᠰᠠᠠ ᠨᠤᠤᠷᠠᠭ ᠢ ᠪᠠᠲᠤᠯᠠᠭᠰᠠᠠ ᠪᠦᠭᠡᠳ ᠢᠷᠭᠡᠡ ᠤ | ᠬᠠᠤᠯᠢ ᠶᠢᠨ ᠪᠢᠴᠢᠭ ᠤᠨ ᠲᠦᠰᠦᠯ ᠤᠨ ᠵᠠᠰᠠᠪᠤᠷᠢ ᠤᠷᠤᠭᠤᠯᠤᠬᠰᠠᠨ ᠨᠤᠤᠷᠠᠭ ᠢ ᠡᠯ᠎ᠠ ᠲᠦᠯᠦᠭᠡᠯᠡᠭᠴᠢᠳ ᠤᠨ | ᠪᠦᠯᠬᠦᠮ ᠳᠤ ᠲᠡᠪᠰᠢᠭᠦᠯᠵᠦ ᠬᠢᠨᠠᠠ ᠵᠦᠪᠯᠡᠭᠦᠯᠬᠦ ᠪᠠᠷ ᠲᠤᠭᠲᠠᠵᠠᠢ᠃ | 5 ᠰᠠᠷ᠎ᠠ ᠶᠢᠨ 25 ᠤ ᠦᠲᠡ ᠶᠢᠨ ᠡᠮᠦᠨ᠎ᠠ᠂ ᠡᠯ᠎ᠠ ᠲᠦᠯᠦᠭᠡᠯᠡᠭᠴᠢᠳ ᠤᠨ ᠪᠦᠯᠬᠦᠮ ᠰᠢᠶᠠᠩᠭᠠᠩ ᠤᠨᠴᠠᠭᠠᠢ | ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠲᠦᠷᠢᠮ ᠪᠠ ᠭᠡᠷᠡᠭᠵᠢᠭᠦᠯᠬᠦ | ᠲᠤᠭᠲᠠᠴᠠ ᠶᠢ ᠪᠠᠶᠢᠭᠤᠯᠤᠨ ᠳᠡᠭᠦᠯᠳᠡᠷᠵᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠤᠭᠳᠠᠭᠠᠯ ᠤᠨ ᠲᠦᠰᠦᠯ ᠢ ᠨᠠᠷᠢᠨ ᠬᠢᠨᠠᠮᠠᠭᠠᠢ ᠬᠢᠨᠠᠠ ᠵᠦᠪᠯᠡᠵᠠᠢ᠃ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠦᠨᠲᠦᠰᠦᠨ ᠬᠠᠤᠯᠢ ᠪᠤᠯᠤᠨ ᠬᠠᠤᠯᠢ ᠴᠠᠭᠠᠵᠠ ᠶᠢᠨ ᠵᠦᠪᠯᠡᠯ ᠡᠯ᠎ᠠ | ᠲᠦᠯᠦᠭᠡᠯᠡᠭᠴᠢᠳ ᠤᠨ ᠪᠦᠯᠬᠦᠮ ᠤᠨ ᠬᠢᠨᠠᠠ ᠵᠦᠪᠯᠡᠭᠰᠡᠡ ᠰᠠᠨᠠᠯ ᠢ ᠦᠨᠲᠦᠰᠦᠯᠡᠵᠦ᠂ ᠲᠤᠭᠳᠠᠭᠠᠯ ᠤᠨ ᠲᠦᠰᠦᠯ ᠢ | ᠬᠢᠨᠠᠠ ᠵᠦᠪᠯᠡᠵᠦ᠂ ᠲᠦᠰᠦᠯ ᠤᠨ ᠵᠠᠰᠠᠪᠤᠷᠢ ᠤᠷᠤᠭᠤᠯᠤᠭᠰᠠᠠ ᠨᠤᠤᠷᠠᠭ ᠢ ᠲᠤᠷᠠᠲᠤᠭᠰᠠᠠ ᠪᠠᠶᠢᠨ᠎ᠠ᠃ | ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠯᠢ ᠹᠸᠢ ᠶᠢᠨ ᠬᠢᠭᠰᠡᠡ ᠦᠨᠲᠦᠰᠤᠨ ᠬᠠᠤᠯᠢ ᠪᠤᠯᠤᠨ ᠬᠠᠤᠯᠢ | ᠴᠠᠭᠠᠵᠠ ᠶᠢᠨ ᠵᠦᠪᠯᠡᠯ ᠤᠨ ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠲᠦᠷᠢᠮ ᠪᠠ ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠤᠬᠳᠠᠭᠠᠯ ᠤᠨ ᠲᠦᠰᠦᠯ ᠢ ᠬᠢᠨᠠᠠ ᠵᠦᠪᠯᠡᠭᠰᠡᠡ | ᠦᠷ᠎ᠠ ᠳ᠋ᠦᠩ ᠤᠨ ᠮᠡᠲᠡᠭᠦᠯᠦᠯᠲᠡ ᠶᠢ ᠰᠤᠨᠤᠰᠴᠠᠢ᠃ ᠬᠤᠷᠠᠯ ᠨᠢ ᠪᠠᠳᠤᠯᠠᠯᠳᠠ ᠬᠢᠬᠦ ᠪᠠᠷ ᠲᠠᠮᠵᠢᠵᠦ᠂ ᠡᠨᠡ ᠬᠦ ᠬᠢᠨᠠᠠ | ᠵᠦᠪᠯᠡᠭᠰᠡᠡ ᠦᠷ᠎ᠠ ᠳ᠋ᠦᠩ ᠤᠨ ᠮᠡᠲᠡᠭᠦᠯᠦᠯᠲᠡ ᠪᠤᠯᠤᠨ ᠲᠦᠰᠦᠯ ᠤᠨ ᠵᠠᠰᠠᠪᠤᠷᠢ ᠤᠷᠤᠭᠤᠯᠤᠭᠰᠠᠠ ᠨᠤᠤᠷᠠᠭ ᠢ | ᠪᠠᠲᠤᠯᠠᠭᠰᠠᠠ ᠪᠦᠭᠡᠳ ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠲᠦᠷᠢᠮ ᠪᠠ ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠲᠡᠭᠦᠯᠲᠡᠷᠵᠢᠭᠦᠯᠬᠦ ᠲᠤᠬᠠᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠤᠬᠳᠠᠭᠠᠯ ᠤᠨ ᠲᠦᠰᠦᠯ ᠤᠨ ᠵᠠᠰᠠᠪᠤᠷᠢ | ᠤᠷᠤᠭᠤᠯᠤᠭᠰᠠᠠ ᠨᠤᠤᠷᠠᠭ ᠢ ᠡᠯ᠎ᠠ ᠲᠦᠯᠦᠭᠡᠯᠡᠭᠴᠢᠳ ᠤᠨ ᠪᠦᠯᠬᠦᠮ ᠳᠤ ᠲᠡᠪᠰᠢᠭᠦᠯᠵᠦ ᠬᠢᠨᠠᠠ ᠵᠦᠪᠯᠡᠬᠦᠯᠬᠦ ᠪᠠᠷ | ᠲᠤᠭᠲᠠᠭᠰᠠᠠ ᠪᠠᠶᠢᠨ᠎ᠠ᠃ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠴᠸᠠ᠂ ᠼᠤᠤ ᠵᠢᠶᠠᠠ ᠮᠢᠩ᠂ ᠵᠠᠩ | ᠴᠦᠨ ᠰᠢᠶᠠᠠ᠂ ᠱᠸᠠ ᠶᠤᠸᠠᠢ ᠶᠤᠸᠡᠢ᠂ ᠵᠢᠢ ᠪᠢᠩ ᠰᠢᠤᠸᠠᠠ᠂ ᠡ᠋ᠶᠢᠯᠢᠭᠧᠩ · ᠢᠮᠢᠩᠪᠠᠭ᠋ᠠᠢ᠂ ᠸᠠᠠ ᠡᠸ᠋ ᠰᠢᠶᠠᠩ᠂ | ᠴᠸᠠ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ | ᠸᠧᠢ ᠬᠤᠸᠠ᠂ ᠶᠠᠩ ᠵᠸᠠ ᠦ᠋ ᠬᠤᠷᠠᠯ ᠳᠤ ᠤᠷᠤᠯᠴᠠᠵᠠᠢ᠃ |