5 ᠰᠠᠷ᠎ᠠ ᠶᠢᠨ 27 ᠤ ᠡᠳᠦᠷ᠂ ᠮᠠᠨ ᠤ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ | ᠬᠤᠷᠢᠶᠠᠨ ᠤ ᠵᠢᠷᠤᠭ ᠲᠥᠯᠥᠪᠯᠡᠭᠡᠨ ᠤ ᠲᠥᠰᠦᠯ ᠢ ᠭᠢᠨᠠᠨ ᠰᠢᠯᠭᠠᠬᠤ ᠠᠵᠢᠯ ᠤᠨ ᠬᠤᠷᠠᠯ ᠬᠤᠷᠠᠯᠳᠤᠵᠤ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠳᠡᠳ᠋ ᠳᠠᠷᠤᠭ᠎ᠠ ᠵᠸᠤ | ᠱᠤᠸᠠᠢ᠂ ᠯᠢᠦ ᠵᠧᠩ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠵᠢᠷᠤᠵᠤ ᠲᠥᠯᠥᠪᠯᠡᠬᠦ ᠨᠢᠭᠡᠴᠢ ᠶᠢᠨ ᠲᠥᠷᠥᠯ ᠵᠥᠢᠯ ᠤᠨ ᠵᠢᠷᠤᠭ ᠲᠥᠯᠥᠪᠯᠡᠭᠡᠨ ᠤ | ᠲᠥᠰᠦᠯ ᠤᠨ ᠲᠠᠨᠢᠯᠴᠠᠭᠤᠯᠭ᠎ᠠ ᠶᠢ ᠰᠣᠨᠣᠰᠴᠤ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠦᠬᠦᠯᠢ | ᠴᠣᠭᠴᠠ ᠶᠢᠨ ᠲᠥᠯᠥᠪᠵᠢᠭᠦᠯᠭᠡ᠂ ᠪᠣᠳᠠᠲᠠᠶ ᠮᠡᠷᠭᠡᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ ᠰᠠᠨᠠᠭᠤᠯᠭ᠎ᠠ | ᠳᠤᠷᠠᠳᠪᠠ᠃ | ᠵᠤᠤ ᠹᠸᠢ ᠯᠦ ᠵᠢᠭᠠᠵᠤ ᠭᠠᠷᠭᠠᠭᠰᠠᠨ ᠨᠢ᠂ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ | ᠬᠤᠷᠢᠶ᠎ᠠ ᠪᠣᠯ ᠮᠠᠨ ᠤ ᠬᠤᠰᠢᠭᠤᠨ ᠤ ᠡᠨᠡ ᠵᠢᠯ ᠤᠨ ᠲᠤᠭᠳᠠᠭᠠᠭᠰᠠᠨ ᠠᠷᠠᠳ ᠤᠨ ᠠᠮᠢᠳᠤᠷᠠᠯ ᠤᠨ | ᠭᠤᠤᠯᠳᠠᠯᠭ᠎ᠠ ᠲᠠᠢ ᠢᠨᠵᠧᠨᠧᠷᠢᠩ ᠪᠤᠯᠤᠨ᠎ᠠ᠃ ᠵᠠᠪᠠᠯ ᠨᠠᠷᠢᠨ ᠭᠢᠨᠠᠮᠠᠭᠠᠢ ᠲᠥᠯᠥᠪᠵᠢᠭᠦᠯᠤᠨ ᠲᠤᠭ ᠪᠠᠯᠭᠠᠰᠤ ᠪᠠ | ᠠᠵᠤ ᠥᠢᠯᠠᠳᠪᠤᠷᠢ ᠶᠢᠨ ᠬᠦᠷᠢᠶᠡᠯᠡᠩ ᠲᠣᠭᠤᠷᠢᠭ ᠤᠨ ᠪᠣᠳᠠᠲᠤ ᠪᠠᠶᠢᠳᠠᠯ᠂ ᠢᠷᠡᠭᠡᠳᠦᠶ ᠶᠢᠨ ᠭᠡᠷᠡᠭᠴᠡᠭᠡ ᠳᠤ | ᠰᠠᠭᠤᠷᠢᠯᠠᠨ ᠭᠠᠵᠠᠷ ᠤᠨ ᠪᠠᠶᠢᠴᠠ ᠶᠢ ᠭᠦᠢᠴᠡᠳ ᠠᠰᠢᠭᠯᠠᠵᠤ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠪ | ᠨᠠᠮᠪᠠ ᠶᠢ ᠪᠦᠬᠦᠯᠢ ᠴᠣᠭᠴᠠ ᠪᠠᠷ ᠨᠢᠭᠡᠳᠬᠡᠭᠰᠡᠨ ᠰᠠᠭᠤᠷᠢᠨ ᠳᠡᠭᠡᠷ᠎ᠡ ᠵᠢᠷᠤᠭ ᠲᠥᠯᠥᠪᠯᠡᠭᠡ ᠶᠢᠨ ᠲᠥᠰᠦᠯ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ ᠴᠢᠳᠠᠮᠵᠢ ᠶᠢᠨ ᠪᠠᠶᠢᠷᠢᠰᠢᠭᠤᠯᠤᠯᠳᠠ ᠶᠢ ᠵᠤᠭᠢᠰᠳᠠᠢ ᠲᠤᠬᠢᠷᠠᠭᠤᠯᠤᠨ ᠴᠢᠳᠠᠮᠵᠢ | ᠪᠣᠯᠤᠨ ᠬᠡᠷᠡᠭᠴᠡᠭᠡ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠨᠡᠶᠢᠴᠡᠭᠦᠯᠵᠦ ᠡᠪᠡᠳᠴᠢᠲᠡᠨ ᠳᠤ ᠡᠪᠡᠳᠴᠢᠨ | ᠦᠵᠡᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠡᠢ᠃ |