5 ᠰᠠᠷ᠎ᠠ ᠶᠢᠨ 27 ᠤ ᠡᠳᠦᠷ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠪᠣᠳᠣᠭᠠᠷ | ᠬᠢᠨᠠᠨ ᠵᠢᠯᠣᠭᠤᠳᠬᠤ ᠳᠣᠭᠤᠶᠢᠯᠠᠩ ᠤᠨ ᠳᠠᠷᠤᠭ᠎ᠠ ᠬᠤᠳᠠ ᠶᠢᠨ ᠣᠯᠣᠰ ᠳᠦᠷᠦ ᠶᠢᠨ ᠵᠦᠪᠯᠡᠯᠬᠡᠨ ᠤ ᠳᠡᠳ᠋ | ᠳᠡᠷᠢᠬᠦᠯᠡᠭᠴᠢ ᠮᠠ᠊ ᠭᠠᠷᠣᠳᠢ ᠨᠠᠷ ᠮᠠᠨ ᠤ ᠬᠤᠰᠢᠭᠤᠨ ᠤ ᠭᠠᠯᠲᠣ ᠳᠡᠷᠭᠡᠨ ᠤ ᠦᠷᠳᠡᠭᠡ᠂ ᠠᠶᠠᠨᠴᠢᠳ ᠤᠨ ᠮᠠᠰᠢᠨ | ᠳᠡᠷᠭᠡᠨ ᠤ ᠦᠷᠳᠡᠭᠡ᠂ ᠳᠣᠰᠠᠭᠠᠷᠯᠠᠨ ᠠᠵᠢᠭᠯᠠᠬᠤ ᠴᠡᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠣᠭᠰᠠᠨ ᠪᠠᠶᠢᠨ᠎ᠠ᠃ ᠬᠤᠰᠢᠭᠤ ᠳᠡᠳ᠋ ᠳᠠᠷᠤᠭ᠎ᠠ ᠯᠢᠦ ᠵᠧᠩ ᠪᠠᠶᠢᠴᠠᠭᠠᠯᠳᠠ | ᠳᠤ ᠤᠷᠤᠯᠴᠠᠪᠠ᠃ | ᠪᠠᠶᠢᠴᠠᠭᠠᠯᠳᠠ ᠶᠢᠨ ᠳᠣᠮᠳᠠ ᠬᠢᠨᠠᠨ ᠵᠢᠯᠣᠭᠤᠳᠬᠤ ᠳᠣᠭᠤᠶᠢᠯᠠᠩ ᠤᠨ ᠬᠢᠨ ᠭᠠᠯᠲᠣ ᠳᠡᠷᠭᠡᠨ ᠤ ᠦᠷᠳᠡᠭᠡ᠂ | ᠠᠶᠠᠨᠴᠢᠳ ᠤᠨ ᠮᠠᠰᠢᠨ ᠳᠡᠷᠭᠡᠨ ᠤ ᠦᠷᠳᠡᠭᠡᠨ ᠤ ᠣᠶᠢᠷ᠎ᠠ ᠶᠢᠨ ᠬᠤᠭᠤᠴᠠᠭᠠᠨ ᠳᠠᠬᠢ ᠠᠶᠠᠨᠴᠢᠨ ᠤ ᠳᠡᠭᠡᠭᠡᠪᠦᠷᠢ | ᠶᠢᠨ ᠡᠬᠡᠯᠵᠢ ᠵᠢᠴᠢ ᠠᠵᠢᠯ ᠰᠡᠷᠬᠦᠬᠡᠵᠦ ᠦᠢᠯᠡᠳᠪᠦᠷᠢᠯᠡᠯ ᠰᠡᠷᠬᠦᠬᠡᠭᠰᠡᠨ ᠤ ᠳᠠᠷᠠᠭᠠᠬᠢ ᠠᠶᠠᠨᠴᠢᠳ ᠤᠨ ᠶᠠᠪᠣᠵᠦ | ᠢᠷᠡᠬᠦ ᠳᠤᠭ᠎ᠠ ᠵᠡᠷᠭᠡ ᠶᠢ ᠨᠠᠷᠢᠨ ᠠᠰᠠᠭᠤᠵᠦ ᠪᠡᠶ᠎ᠡ ᠶᠢᠨ ᠳᠣᠯᠠᠭᠠᠨ ᠢ ᠬᠡᠮᠵᠢᠬᠦ᠂ ᠠᠶᠠᠨᠴᠢᠳ ᠤᠨ ᠮᠡᠳᠡᠭᠡ ᠵᠠᠩᠬᠢ ᠶᠢ | ᠳᠠᠩᠰᠠᠯᠠᠬᠤ᠂ ᠳᠣᠨᠤᠭ ᠳᠦᠬᠦᠬᠡᠷᠦᠮᠵᠢ ᠶᠢ ᠠᠷᠢᠭᠤᠳᠬᠠᠵᠦ ᠪᠠᠶᠢᠬᠤ ᠡᠰᠡᠬᠦ ᠶᠢ ᠪᠠᠶᠢᠴᠠᠭᠠᠨ ᠦᠵᠡᠭᠰᠡᠨ ᠪᠠᠶᠢᠨ᠎ᠠ᠃ | ᠮᠠ᠊ ᠭᠠᠷᠣᠳᠢ ᠵᠢᠭᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠠᠵᠣ ᠠᠬᠤᠶᠢᠯᠠᠯ ᠠᠵᠢᠯ ᠢᠶᠠᠨ ᠰᠡᠷᠬᠦᠬᠡᠵᠦ | ᠦᠢᠯᠡᠳᠪᠦᠷᠢᠯᠡᠯ ᠢᠶᠠᠨ ᠰᠡᠷᠬᠦᠬᠡᠬᠦ ᠶᠢ ᠳᠠᠭᠠᠯᠳᠣᠨ ᠶᠠᠪᠣᠭᠤᠯ ᠬᠦᠮᠦᠨ ᠠᠮᠠ ᠴᠦ ᠠᠷᠪᠢᠳᠴᠡᠢ᠃ ᠭᠠᠯᠲᠣ ᠳᠡᠷᠭᠡᠨ ᠤ | ᠦᠷᠳᠡᠭᠡ᠂ ᠠᠶᠠᠨᠴᠢᠳ ᠤᠨ ᠮᠠᠰᠢᠨ ᠳᠡᠷᠭᠡᠨ ᠤ ᠦᠷᠳᠡᠭᠡᠨ ᠤ ᠠᠶᠠᠨᠴᠢᠳ ᠠᠷᠪᠢᠨ ᠳᠣᠯᠠ ᠡᠯ᠎ᠡ ᠵᠦᠢᠯ ᠤᠨ | ᠰᠡᠷᠭᠡᠶᠢᠯᠡᠯᠳᠡ ᠶᠢᠨ ᠠᠷᠭ᠎ᠠ ᠪᠠᠷᠢᠯ ᠢ ᠴᠢᠩᠭ᠎ᠠ ᠲᠤᠭᠤᠰᠢᠯᠠᠭᠤᠯᠵᠦ ᠳᠡᠷᠭᠡᠨ ᠦᠷᠳᠡᠭᠡᠨ ᠳᠤ ᠣᠷᠣᠬᠤ ᠭᠠᠷᠬᠤ᠂ | ᠠᠶᠠᠨᠴᠢᠳ ᠢ ᠰᠢᠭᠰᠢᠨ ᠪᠠᠶᠢᠴᠠᠭᠠᠬᠤ᠂ ᠡᠷᠡᠬᠦᠯ ᠴᠢᠬᠢᠷᠠᠭ ᠤᠨ ᠪᠠᠶᠢᠳᠠᠯ ᠵᠡᠷᠭᠡ ᠶᠢ ᠪᠦᠬᠦᠳᠡ ᠶᠢ ᠨᠠᠷᠢᠯᠢᠭ ᠳᠠᠩᠰᠠᠯᠠᠨ | ᠪᠦᠲᠦᠮᠵᠢᠲᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠶᠠᠨᠴᠢᠳ ᠤᠨ ᠠᠮᠣᠷ ᠳᠦᠪᠰᠢᠨ ᠢ ᠪᠠᠳᠣᠯᠠᠬᠤ | ᠬᠡᠷᠡᠭᠲᠡᠢ ᠬᠡᠪᠡ᠃ | ᠮᠠ᠊ ᠭᠠᠷᠣᠳᠢ ᠨᠠᠷ ᠮᠠᠨ ᠤ ᠬᠤᠰᠢᠭᠤᠨ ᠤ ᠳᠣᠰᠠᠭᠠᠷᠯᠠᠨ ᠠᠵᠢᠭᠯᠠᠬᠤ ᠴᠡᠭ ᠲᠤ ᠬᠦᠷᠴᠦ ᠳᠣᠰᠠᠭᠠᠷᠯᠠᠭᠳᠠᠵᠦ | ᠪᠠᠶᠢᠭ᠎ᠠ ᠬᠦᠮᠦᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠣ ᠳᠣᠰᠠᠭᠠᠷᠯᠠᠨ ᠠᠵᠢᠭᠯᠠᠬᠤ ᠴᠡᠭ ᠤᠨ ᠪᠠᠶᠢᠭ᠎ᠠ | ᠪᠠᠭᠤᠳᠠᠯ ᠤᠨ ᠡᠯ᠎ᠡ ᠨᠡᠶᠢᠳᠡ ᠶᠢᠨ ᠬᠡᠷᠡᠭᠯᠡᠬᠡᠨ ᠤ ᠲᠤᠭᠤᠷᠢᠭ ᠤᠨ ᠠᠷᠢᠭᠤᠳᠬᠠᠯ ᠢ ᠰᠠᠶᠢᠳᠣᠷ ᠬᠢᠵᠦ ᠦᠢᠯᠡᠴᠢᠯᠡᠬᠡᠨ | ᠤ ᠳᠣᠨᠤᠭ ᠳᠦᠬᠦᠬᠡᠷᠦᠮᠵᠢ ᠶᠢᠨ ᠬᠡᠷᠡᠭᠯᠡᠯᠳᠡ ᠶᠢ ᠪᠠᠳᠣᠯᠠᠨ ᠳᠣᠰᠠᠭᠠᠷᠯᠠᠭᠳᠠᠵᠦ ᠪᠠᠶᠢᠭ᠎ᠠ ᠬᠦᠮᠦᠨ ᠤ ᠪᠡᠶ᠎ᠡ | ᠰᠡᠳᠬᠢᠴᠡ ᠶᠢᠨ ᠡᠷᠡᠬᠦᠯ ᠮᠡᠨᠲᠣ ᠶᠢ ᠪᠠᠳᠣᠯᠠᠬᠤ ᠶᠢᠨ ᠬᠠᠮᠲᠣ ᠠᠵᠢᠯᠳᠠᠳ ᠤᠨ ᠦᠪᠡᠷ ᠤᠨ ᠪᠡᠶ᠎ᠡ ᠶᠢᠨ | ᠰᠡᠷᠬᠡᠶᠢᠯᠡᠯᠳᠡ ᠬᠠᠮᠠᠭᠠᠯᠠᠯᠳᠠ ᠶᠢ ᠰᠠᠶᠢᠨ ᠬᠢᠬᠦ ᠭᠡᠷᠡᠭᠲᠡᠢ ᠬᠡᠵᠦ ᠱᠠᠭᠠᠷᠳᠠᠪᠠ᠃ | |