ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ  ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2020-05-29
     5 ᠰᠠᠷ᠎ᠠ ᠶᠢᠨ 27 ᠤ ᠡᠳᠦᠷ ᠤᠨ ᠥᠷᠯᠥᠭᠡ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ ᠪᠠᠯᠭᠠᠰᠤᠨ ᠤ ᠳᠤᠭᠤᠶᠢᠯᠠᠩ ᠨᠡᠶᠢᠭᠡᠮ ᠲᠣᠭᠤᠷᠢᠭ ᠪᠣᠯᠤᠨ ᠨᠠᠨᠳᠢᠨ ᠨᠡᠶᠢᠭᠡᠮ ᠲᠣᠭᠤᠷᠢᠭ ᠤᠨ ᠬᠠᠷᠢᠶᠠᠲᠤ ᠣᠷᠣᠨ ᠳᠤ ᠭᠦᠨᠵᠡᠭᠡᠶᠢᠷᠡᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠪᠤᠯᠤᠨ ᠭᠠᠯᠠᠭᠤᠲᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠣᠷᠣᠯᠴᠠᠵᠠᠶ᠃      ᠡᠷᠳᠡᠨᠢᠪᠢᠯᠢᠭ ᠨᠡᠷ᠂ ᠡᠯ᠎ᠡ ᠵᠡᠭᠡᠯᠢ ᠭᠤᠳᠤᠮᠵᠢ ᠪᠠ ᠰᠠᠭᠤᠭᠠᠯᠢ ᠠᠷᠠᠳ ᠤᠨ ᠲᠣᠭᠤᠷᠢᠭ ᠢᠶᠠᠷ ᠭᠥᠷᠴᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤᠮᠳᠠᠬᠢ ᠪᠠᠭᠤᠷᠠᠶ ᠲᠠᠯ᠎ᠠ ᠶᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠠᠢ᠃ ᠲᠡᠷᠡ ᠴᠢᠬᠤᠯᠠᠴᠢᠯᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠳᠠᠩᠰᠠ ᠶᠢ ᠨᠠᠷᠢᠯᠢᠭᠵᠢᠭᠤᠯᠤᠨ ᠬᠠᠷᠢᠭᠤᠴᠠᠯᠭᠠᠲᠤ ᠰᠠᠯᠠᠭ᠎ᠠ ᠮᠥᠴᠢᠷ᠂ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ᠂ ᠠᠳᠠᠯ ᠠᠬᠤᠢ ᠶᠢᠨ ᠨᠢᠭᠡᠴᠢ᠂ ᠰᠠᠭᠤᠭᠠᠯᠢ ᠠᠷᠠᠳ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ ᠪᠦᠬᠦ ᠠᠷᠠᠳ ᠢ ᠲᠠᠶᠢᠴᠢᠯᠠᠨ ᠡᠯ᠎ᠡ ᠲᠠᠯ᠎ᠠ ᠶᠢᠨ ᠬᠢᠨ ᠲᠠᠢ ᠬᠠᠮᠵᠢᠯᠴᠠᠵᠤ ᠡᠯ᠎ᠡ ᠲᠥᠷᠥᠯ ᠤᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ ᠡᠭᠦᠳᠦᠨ ᠪᠠᠶᠢᠭᠤᠯᠤᠯᠳᠠ ᠶᠢᠨ ᠦᠷ᠎ᠡ ᠪᠥᠳᠥᠭᠡᠯ ᠢ ᠪᠥᠬᠦ ᠲᠠᠯ᠎ᠠ ᠪᠠᠷ ᠲᠡᠭᠡᠭᠰᠢᠯᠠᠭᠦᠯᠭᠦ ᠭᠡᠷᠡᠭᠳᠠᠢ ᠭᠡᠵᠡᠢ᠃      ᠪᠠᠶᠢᠴᠠᠭᠠᠨ ᠰᠤᠳᠤᠯᠤᠯᠳᠠ ᠶᠢᠨ ᠳᠠᠷᠠᠭ᠎ᠠ ᠳᠤᠭᠤᠶᠢᠯᠠᠩ ᠨᠡᠶᠢᠭᠡᠮ ᠲᠣᠭᠤᠷᠢᠭ ᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠢᠯᠲᠠ ᠶᠢᠨ ᠬᠡᠮᠵᠢᠨ ᠲᠤᠭᠲᠠᠭᠠᠯᠲᠠ  ᠶᠢᠨ ᠳᠤᠭᠤᠶᠢᠯᠠᠩ ᠤᠨ ᠮᠠᠨ ᠤ ᠬᠤᠰᠢᠭᠤᠨ ᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠭᠢᠨᠠᠨ ᠵᠢᠯᠤᠭᠤᠳᠤᠯᠭ᠎ᠠ ᠭᠢᠭᠦ ᠳᠤ ᠪᠠᠨ ᠵᠢᠭᠠᠵᠤ ᠭᠠᠷᠭᠠᠭᠰᠠᠨ ᠠᠰᠠᠭᠤᠳᠠᠯ ᠢ ᠮᠡᠳᠡᠭᠳᠡᠪᠡ᠃ ᠹᠧᠩ ᡁᠢ ᠮᠢᠩ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡ ᠶᠢᠨ ᠠᠵᠢᠯᠯᠠᠭ᠎ᠠ᠂ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠳᠠ ᠶᠢ ᠬᠠᠷᠢᠯᠴᠠᠨ ᠤᠶᠠᠯᠳᠤᠭᠤᠯᠵᠤ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ᠃ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤᠷ ᠣᠯᠠᠨ ᠲᠦᠮᠡᠨ ᠳᠤ ᠲᠥᠰᠢᠭᠯᠡᠪᠠᠯ ᠰᠠᠶ᠋ᠢ ᠪᠣᠳᠠᠲᠤ ᠦᠷ᠎ᠡ ᠪᠦᠲᠦᠮᠵᠢ ᠲᠠᠢ ᠪᠣᠯᠵᠤ ᠴᠢᠳᠠᠨ᠎ᠠ᠃ ᠠᠷᠠᠳ ᠲᠤ ᠥᠢᠯᠡᠴᠢᠯᠠᠭᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠰᠢᠭᠯᠡᠬᠦ ᠵᠠᠷᠴᠢᠮ ᠢ ᠢᠮᠠᠭᠲᠠ ᠪᠠᠷᠢᠮᠳᠠᠯᠠᠨ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠰᠢᠢᠳᠪᠤᠷᠢᠯᠠᠭᠦ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠨᠡᠶᠢᠭᠡᠮ ᠲᠣᠭᠤᠷᠢᠭ ᠪᠣᠯᠤᠨ ᠬᠤᠲᠠ ᠶᠢᠨ ᠥᠨᠴᠥᠭ ᠪᠤᠯᠤᠩ ᠨᠢᠭᠡᠪᠦᠷᠢ ᠳᠤ ᠭᠦᠨᠵᠡᠭᠡᠶᠢᠷᠡᠨ ᠠᠵᠢᠯ ᠭᠢᠵᠤ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠠᠵᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠭᠡᠷᠡᠭᠳᠠᠢ᠃ ᠰᠠᠶᠢᠨ ᠳᠤᠷ᠎ᠠ ᠶᠢᠨ ᠥᠢᠯᠠᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠤᠨ ᠰᠠᠭᠤᠭᠠᠯᠢ ᠠᠷᠠᠳ ᠤᠨ ᠭᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ ᠰᠠᠶᠢᠨ ᠲᠤᠷᠠᠴᠤᠳ ᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠬᠥᠮᠦᠰ ᠤᠨ ᠰᠡᠳᠬᠢᠯ ᠢ ᠨᠢᠭᠳᠠᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠳ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤᠮᠳᠠ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ ᠡᠯ᠎ᠡ ᠳᠠᠭᠠᠭᠠᠴᠢᠯᠠᠨ ᠬᠠᠷᠢᠯᠴᠠᠬᠤ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠳᠠᠭᠠᠭᠠᠴᠢᠯᠠᠨ ᠬᠠᠷᠢᠯᠴᠠᠬᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠵᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠡᠯᠡ ᠮᠥᠩᠭᠦ ᠶᠢ ᠵᠣᠬᠢᠰᠲᠠᠶ ᠬᠡᠷᠡᠭᠯᠡᠬᠦ ᠬᠡᠷᠡᠭᠲᠡᠶ᠃ ᠤᠬᠠᠭᠤᠯᠭ᠎ᠠ ᠶᠢᠨ ᠫᠠᠶᠢᠰᠠ ᠢᠯᠡᠷᠬᠡᠶᠢᠯᠡᠯ ᠢ ᠨᠢᠭᠡᠳᠦᠯᠲᠡᠶ ᠲᠥᠯᠥᠪᠵᠢᠭᠦᠯᠦᠨ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠣᠷᠣᠯᠴᠠᠭᠤᠯᠵᠤ ︽ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠠᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠤᠨ ᠠᠷᠠᠳ ᠤᠨ ᠲᠥᠯᠥᠭᠡ ᠪᠣᠳᠠᠲᠤ ᠶᠠᠪᠤᠳᠠᠯ ᠰᠠᠶᠢᠨ ᠶᠠᠪᠤᠳᠠᠯ ᠭᠢᠭᠦ ᠬᠡᠷᠡᠭᠲᠡᠢ᠃ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ︽ᠠᠷᠪᠠᠨ ᠶᠡᠭᠡ ᠠᠵᠢᠯᠯᠠᠭ᠎ᠠ︾ ᠶᠢ ᠥᠷᠨᠢᠭᠦᠯᠤᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠣᠯᠤᠨ ᠪᠣᠯᠪᠠᠰᠤᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠦᠬᠦ ᠬᠤᠰᠢᠭᠤᠨ ᠤ ᠪᠤᠯᠪᠠᠰᠤᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号