ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ  ᠶᠢᠨ ᠠᠵᠢᠯ ᠳᠤ ᠭᠢᠨᠠᠨ ᠵᠢᠯᠤᠭᠤᠳᠤᠯᠭ᠎ᠠ ᠭᠢᠭᠦ ᠳᠤ ᠪᠠᠨ ᠶᠡᠭᠡ ᠲᠠᠯ᠎ᠠ ᠠᠴᠠ ᠪᠤᠳᠤᠯᠭᠢᠯᠠᠨ ᠨᠠᠷᠢᠨ ᠵᠥᠢᠯ  ᠠᠴᠠ ᠭᠠᠷᠳᠠᠵᠤ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠨᠠᠷᠢᠯᠢᠭ ᠭᠢᠭᠦ ᠭᠡᠷᠡᠭᠳᠠᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020-05-29
     5 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ ᠪᠠᠯᠭᠠᠰᠤᠨ ᠤ ᠨᠠᠨᠳᠢᠨ ᠨᠡᠶᠢᠭᠡᠮ ᠲᠤᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ᠂ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠳᠠᠯ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠶᠢ ᠪᠠᠶᠢᠴᠠᠭᠠᠨ ᠦᠵᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠡᠷᠳᠠᠨᠢᠪᠢᠯᠢᠭ᠌ ᠨᠡᠶᠢᠭᠡᠮ ᠲᠣᠭᠤᠷᠢᠭ ᠤᠨ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠲᠤᠬᠠᠢ ᠮᠡᠳᠡᠬᠦ ᠨᠤᠷᠮ᠎ᠠ ᠪᠤᠯᠤᠨ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠠᠰᠠᠭᠤᠳᠠᠯ ᠢ ᠯᠠᠪᠯᠠᠨ ᠠᠰᠠᠭᠤᠬᠤ ᠶᠢᠨ ᠬᠠᠮᠳᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠢ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ ᠲᠡᠷᠡ ᠴᠢᠬᠤᠯᠠᠴᠢᠯᠠᠬᠤ ᠳᠤ ᠪᠠᠨ᠂ ᠨᠡᠶᠢᠭᠡᠮ ᠲᠣᠭᠤᠷᠢᠭ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠤᠬᠠᠭᠤᠯᠭ᠎ᠠ ᠬᠥᠮᠦᠵᠢᠯ ᠢ ᠰᠠᠶᠢᠲᠤᠷ ᠭᠢᠵᠤ ᠰᠠᠭᠤᠭᠠᠯᠢ ᠠᠷᠠᠳ ᠢ ᠳᠠᠶᠢᠴᠢᠯᠠᠨ ᠪᠤᠯᠪᠠᠰᠤᠨ ᠬᠤᠲᠠ  ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠢᠳᠡᠪᠬᠢᠲᠡᠶ ᠤᠷᠤᠯᠴᠠᠭᠤᠯᠤᠨ ᠰᠢᠯᠭᠠᠨ ᠦᠨᠡᠯᠡᠬᠦ ᠰᠢᠰᠲ᠋ᠧᠮ ᠤᠨ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠵᠤ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠭᠠᠷᠭᠠᠬᠤ ᠬᠡᠷᠡᠭᠲᠡᠶ᠃ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠡᠭᠦᠷᠭᠡ ᠶᠢᠨ ᠬᠤᠪᠢᠶᠠᠷᠢᠯᠠᠯ ᠢ ᠦᠨᠳᠦᠰᠦᠯᠡᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠯ᠎ᠡ ᠲᠥᠷᠤᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠳᠠᠢ ᠪᠠᠶᠠᠯᠠᠭᠦᠯᠭᠦ ᠭᠡᠷᠡᠭᠳᠠᠢ᠃ ᠨᠠᠮ ᠤᠨ ᠪᠠᠶᠢᠭᠤᠯᠤᠯᠲᠠ ᠪᠠᠷ ᠭᠥᠳᠤᠯᠤᠨ ᠲᠠᠭᠠᠭᠤᠯᠬᠤ ᠶᠢ ᠪᠠᠷᠢᠮᠲᠠᠯᠠᠨ ᠨᠠᠮ ᠤᠨ ᠤᠳᠤᠷᠢᠳᠤᠯᠭ᠎ᠠ ᠶᠢ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠭᠳᠠᠯᠴᠠᠭ᠎ᠠ ᠶᠢ ᠲᠡᠭᠦᠯᠳᠠᠷᠵᠢᠭᠦᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠥᠢᠯᠡᠳᠤᠯ ᠢ ᠪᠠᠳᠠᠷᠠᠭᠤᠯᠵᠤ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ   ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠠᠷᠭ᠎ᠠ ᠮᠠᠶ᠋ᠢᠭ ᠪᠠ ᠠᠷᠭ᠎ᠠ ᠵᠠᠮ ᠢ ᠬᠠᠶᠢᠨ ᠰᠥᠪᠡᠭᠴᠢᠯᠠᠭᠦ ᠭᠡᠷᠡᠭᠳᠠᠢ᠃ ᠲᠤᠤᠷᠵᠢᠭᠤᠯᠤᠭᠰᠠᠨ ᠡᠭᠦᠳᠦᠨ ᠪᠠᠶᠢᠭᠤᠯᠤᠯᠲᠠ ᠳᠤ ᠠᠳᠠᠯ ᠠᠬᠤᠶ ᠪᠣᠯ ᠵᠠᠩᠭᠢᠯᠠᠭ᠎ᠠ ᠪᠣᠯᠤᠨ᠎ᠠ᠂ ᠨᠠᠮ ᠤᠨ ᠪᠠᠶᠢᠭᠤᠯᠤᠯᠲᠠ ᠶᠢ ᠵᠡᠷᠭᠡᠪᠡᠷ ᠠᠭᠢᠭᠤᠯᠤᠨ ᠥᠢᠯᠡᠴᠢᠯᠡᠭᠡ ᠶᠢ ᠬᠠᠮᠲᠤ ᠪᠠᠷ ᠥᠷᠨᠢᠭᠦᠯᠵᠦ ᠵᠠᠰᠠᠯᠳᠠ ᠶᠢ ᠬᠠᠮᠲᠤ ᠪᠠᠷ ᠡᠭᠦᠷᠭᠡᠯᠠᠨ ᠬᠠᠷᠢᠭᠤᠴᠠᠯᠭ᠎ᠠ ᠶᠢ ᠬᠠᠮᠲᠤ ᠪᠠᠷ ᠨᠠᠶᠢᠳᠠᠪᠤᠷᠢᠵᠢᠭᠤᠯᠵᠤ ᠰᠠᠭᠤᠭᠠᠯᠢ ᠠᠷᠠᠳ ᠤᠨ ᠲᠣᠭᠤᠷᠢᠭ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠦᠭᠡᠶ᠂ ᠥᠢᠯᠡᠴᠢᠯᠡᠭᠡᠨ ᠤ ᠪᠠᠷᠢᠮᠵᠢᠶ᠎ᠠ ᠲᠤᠤᠷ᠎ᠠ ᠵᠡᠷᠭᠡ ᠠᠰᠠᠭᠤᠳᠠᠯ ᠢ ᠵᠤᠭᠢᠰᠳᠠᠢ ᠰᠢᠢᠳᠪᠤᠷᠢᠯᠠᠭᠦ ᠬᠡᠷᠡᠭᠲᠡᠶ᠃ ᠠᠳᠠᠯ ᠠᠬᠤᠢ ᠶᠢᠨ ᠺᠣᠮᠫᠠᠨᠢ᠂ ᠥᠮᠴᠢᠲᠡᠨ ᠤ ᠵᠥᠪᠯᠡᠯ᠂ ᠰᠠᠶᠢᠨ ᠲᠤᠷᠠᠴᠤᠳ ᠪᠥᠯᠭᠦᠮᠳᠠᠨ ᠨᠢᠭᠲᠠᠷᠠᠵᠤ ᠨᠡᠶᠢᠭᠡᠮ ᠲᠣᠭᠤᠷᠢᠭ ᠤᠨ ᠵᠠᠰᠠᠯᠲᠠ ᠳᠠᠬᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ  ᠥᠢᠯᠡᠳᠤᠯ ᠢ  ᠪᠠᠳᠠᠷᠠᠭᠤᠯᠤᠨ ᠠᠰᠠᠭᠤᠳᠠᠯ ᠢ ᠬᠤᠯᠪᠣᠭᠠᠯᠠᠨ ᠵᠠᠰᠠᠬᠤ᠂ ᠠᠵᠢᠯ ᠢ ᠬᠤᠯᠪᠣᠭᠠᠯᠠᠨ ᠭᠢᠭᠦ ᠶᠢ ᠪᠠᠶᠠᠯᠠᠭᠦᠯᠭᠦ ᠭᠡᠷᠡᠭᠳᠠᠢ ᠭᠡᠵᠡᠢ᠃
     ᠡᠷᠳᠡᠨᠢᠪᠢᠯᠢᠭ ᠶᠠᠪᠠᠭᠠᠨ ᠬᠥᠮᠦᠨ ᠤ ᠵᠠᠮ᠂ ᠨᠣᠭᠤᠭᠠᠷᠠᠭᠤᠯᠤᠯᠲᠠ ᠵᠡᠷᠭᠡ ᠶᠢᠨ ᠪᠠᠶᠢᠳᠠᠯ ᠢ ᠨᠠᠷᠢᠨ ᠠᠵᠢᠭᠯᠠᠨ ᠰᠠᠭᠤᠭᠠᠯᠢ ᠠᠷᠠᠳ ᠠᠴᠠ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠲᠤᠬᠠᠶ ᠰᠠᠨᠠᠯ ᠰᠠᠨᠠᠭᠤᠯᠭ᠎ᠠ ᠶᠢ ᠰᠤᠨᠤᠰᠬᠤ ᠶᠢᠨ ᠬᠠᠮᠲᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠪᠦᠬᠦ ᠠᠷᠠᠳ ᠢᠶᠠᠷ ᠢᠶᠠᠨ ᠣᠷᠣᠯᠴᠠᠬᠤ ᠶᠢ ᠤᠷᠢᠶᠠᠯᠠᠪᠠ᠃ ᠲᠡᠷᠡ ᠴᠢᠬᠤᠯᠠᠴᠢᠯᠠᠭᠰᠠᠨ ᠨᠢ᠂ ᠨᠣᠭᠤᠭᠠᠷᠠᠭᠤᠯᠤᠯᠲᠠ ᠨᠢ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠣᠯᠳᠠᠯᠭ᠎ᠠ ᠪᠣᠯᠤᠭᠰᠠᠨ ᠤ ᠬᠤᠪᠢ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠶ ᠵᠠᠳᠠᠯᠵᠤ ᠠᠷᠭ᠎ᠠ ᠪᠦᠬᠦᠨ ᠢ ᠰᠦᠪᠡᠭᠴᠢᠯᠡᠨ ᠬᠤᠲᠠ ᠶᠢᠨ ᠴᠡᠴᠡᠷᠯᠢᠭᠵᠢᠭᠦᠯᠥᠯᠳᠠ ᠨᠤᠭᠤᠭᠠᠷᠠᠭᠤᠯᠤᠯᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠠᠭᠦᠯᠭᠦ ᠶᠢᠨ ᠬᠠᠮᠲᠤ ᠰᠠᠭᠤᠭᠠᠯᠢ ᠠᠷᠠᠳ ᠤᠨ ᠨᠣᠭᠤᠭᠠᠷᠠᠭᠤᠯᠤᠯᠲᠠ ᠶᠢ ᠬᠠᠶᠢᠷᠠᠯᠠᠬᠤ ᠦᠵᠡᠯ ᠤᠬᠠᠮᠰᠠᠷ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠨ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠡᠭᠡᠭᠰᠢᠯᠠᠭᠦᠯᠭᠦ ᠭᠡᠷᠡᠭᠳᠠᠢ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠶᠢᠨ ᠳᠤᠷᠠᠴᠤᠳ ᠤᠨ ᠦᠢᠯᠡᠳᠦᠯ ᠢ ᠪᠠᠳᠠᠷᠠᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠵᠠᠮ ᠬᠠᠷᠢᠯᠴᠠᠭᠠᠨ ᠤ ᠴᠠᠭᠳᠠᠭ᠎ᠠ ᠶᠢ ᠬᠠᠪᠰᠤᠷᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ ᠰᠠᠭᠤᠭᠠᠯᠢ ᠠᠷᠠᠳ ᠢ ᠭᠥᠳᠤᠯᠤᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠲᠡᠷᠭᠡ ᠪᠠᠷᠢᠬᠤ᠂ ᠪᠣᠯᠪᠠᠰᠤᠨ ᠢᠶᠠᠷ ᠲᠡᠷᠭᠡ ᠵᠣᠭᠰᠣᠭᠠᠬᠤ᠂ ᠪᠣᠯᠪᠠᠰᠤᠨ ᠢᠶᠠᠷ ᠲᠡᠷᠭᠡᠨ ᠳᠤ ᠰᠠᠭᠤᠬᠤ᠂ ᠪᠣᠯᠪᠠᠰᠤᠨ ᠢᠶᠠᠷ ᠵᠠᠮ ᠶᠠᠪᠤᠬᠤ᠂ ᠬᠠᠷᠢᠯᠴᠠᠨ ᠨᠠᠶᠢᠷ ᠲᠠᠯᠪᠢᠬᠤ ᠰᠠᠶᠢᠨ ᠰᠠᠶᠢᠬᠠᠨ ᠳᠠᠳᠬᠠᠯ ᠲᠠᠢ ᠪᠤᠯᠭᠠᠨ ᠨᠡᠶᠢᠭᠡᠮ ᠳᠠᠶᠠᠭᠠᠷ ᠲᠤ ᠪᠣᠯᠪᠠᠰᠤᠨ᠂ ᠨᠠᠶᠢᠷ ᠲᠠᠯᠪᠢᠭᠰᠠᠨ᠂ ᠠᠮᠤᠷ ᠲᠦᠪᠰᠢᠨ ᠡᠮᠬᠢ ᠵᠢᠷᠤᠮ ᠲᠠᠢ᠂ ᠰᠠᠭᠠᠳ ᠦᠭᠡᠢ ᠨᠡᠪᠲᠡᠷᠡᠬᠦ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠥᠷᠢᠯᠳᠤᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号