ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠡᠨ ᠤ ᠭᠤᠷᠪᠠᠳᠤᠭᠠᠷ ᠬᠤᠷᠡᠯ ᠲᠡᠬᠦᠰᠪᠡ
ᠨᠡᠶᠢᠲᠡᠯᠡᠭᠰᠡᠨ ᠴᠠᠭ᠄
2020-05-29
     ᠰᠢ ᠶᠢᠨ ᠫᠢᠩ  ᠯᠢ ᠺᠧ ᠴᠢᠶᠠᠩ  ᠯᠢ ᠵᠠᠨ ᠱᠤ᠋  ᠸᠠᠩ ᠬᠣ᠋ ᠨᠢᠩ  ᠵᠤᠤ ᠯᠧ ᠵᠢᠢ  ᠬᠠᠨ ᠵᠧᠩ  ᠸᠠᠩ ᠴᠢ ᠱᠠᠨ ᠬᠤᠷᠠᠯ ᠳᠤ ᠤᠷᠤᠯᠴᠠᠵᠦ ᠸᠠᠩ ᠶᠠᠩ ᠶᠠᠷᠢᠶ᠎ᠠ ᠲᠠᠯᠪᠢᠵᠠᠢ      5 ᠰᠠᠷ᠎ᠠ ᠶᠢᠨ 27 ᠤ ᠡᠳᠤᠷ᠂ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠡᠨ ᠤ ᠭᠤᠷᠪᠠᠳᠤᠭᠠᠷ ᠬᠤᠷᠡᠯ ᠪᠡᠬᠡᠵᠢᠩ ᠳᠤ ᠲᠡᠬᠦᠰᠪᠡ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠠᠢ᠃
     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ      5 ᠰᠠᠷ᠎ᠠ ᠶᠢᠨ 27 ᠤ ᠡᠳᠤᠷ᠂ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠡᠨ ᠤ ᠭᠤᠷᠪᠠᠳᠤᠭᠠᠷ ᠬᠤᠷᠡᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠬᠦᠰᠪᠡ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠶᠠᠩ ᠲᠡᠬᠦᠰᠬᠦ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃
     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠡᠨ ᠤ ᠭᠤᠷᠪᠠᠳᠤᠭᠠᠷ ᠬᠤᠷᠡᠯ ᠡᠯ᠎ᠡ ᠵᠦᠢᠯ ᠤᠨ ᠵᠦᠪᠯᠡᠬᠦ ᠵᠦᠢᠯ ᠢᠶᠠᠨ ᠠᠮᠵᠢᠯᠳᠠ ᠲᠠᠢ ᠵᠦᠪᠯᠡᠵᠥ ᠲᠠᠭᠤᠰᠬᠠᠭᠠᠳ 27 ᠤ ᠦᠳᠡ ᠶᠢᠨ ᠬᠤᠶᠢᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠡᠬᠦᠰᠪᠡ᠃ ᠬᠤᠷᠡᠯ ᠠᠴᠠ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ᠂ ᠡᠯ᠎ᠡ ᠤᠷᠤᠯᠴᠠᠬᠴᠢ ᠨᠢᠬᠡᠴᠢ ᠪᠤᠯᠤᠨ ᠦᠷᠬᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠯᠠᠪᠳᠠᠭᠤᠨ ᠪᠠᠳᠤᠳᠠᠢ ᠠᠵᠢᠯᠯᠠᠵᠥ᠂ ᠡᠷᠡᠮᠡᠬᠡᠶᠢᠯᠡᠨ ᠲᠡᠮᠡᠴᠡᠵᠥ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠢ ᠨᠠᠮ ᠤᠨ ᠡᠯ᠎ᠡ ᠵᠦᠢᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ ᠪᠤᠯᠭᠠᠬᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠯ᠎ᠡ ᠦᠨᠳᠦᠰᠦᠳᠡᠨ ᠡᠯ᠎ᠡ ᠡᠳᠡᠬᠡᠳ ᠤᠨ ᠲᠦᠯᠥᠬᠡᠯᠡᠭᠴᠢ ᠬᠦᠮᠥᠰ ᠢ ᠪᠦᠯᠬᠦᠮᠳᠡᠬᠦᠯᠥᠨ ᠬᠦᠮᠥᠵᠢᠬᠦᠯᠬᠦ ᠴᠢᠬᠤᠯᠠ ᠲᠠᠪᠴᠠᠩ ᠪᠤᠯᠭᠠᠬᠤ᠂ ᠬᠠᠮᠳᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠲᠡᠬᠡᠷ᠎ᠡ ᠵᠦᠷᠢᠴᠡᠯ ᠢ ᠨᠠᠮᠳᠠᠭᠤᠯᠬᠤ ᠪᠠ ᠬᠠᠮᠳᠤ ᠶᠢᠨ ᠲᠠᠨᠢᠯᠳᠡ ᠶᠢ ᠨᠢᠬᠳᠠᠷᠠᠭᠤᠯᠬᠤ ᠴᠢᠬᠤᠯᠠ ᠠᠷᠭ᠎ᠠ ᠵᠠᠮ ᠪᠤᠯᠭᠠᠬᠤ ᠶᠢ ᠠᠬᠢᠭᠤᠯᠵᠥ᠂ ᠤᠯᠤᠰ ᠤᠨ ᠵᠠᠰᠠᠯᠳᠠ ᠶᠢᠨ ᠰᠢᠰᠲ᠋ᠧᠮ ᠳᠤ ᠦᠵᠡᠬᠦᠯᠬᠦ ᠦᠢᠯᠡᠳᠦᠯ ᠢ ᠨᠢ ᠤᠯᠠᠮ ᠰᠠᠶᠢᠳᠤᠷ ᠪᠠᠳᠠᠷᠠᠭᠤᠯᠤᠨ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠡ ᠶᠢ ᠪᠡᠶᠡᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠥᠬᠡ ᠴᠢᠷᠮᠡᠶᠢᠨ ᠲᠡᠮᠡᠴᠡᠳᠦᠭᠡᠢ ᠭᠡᠵᠤ ᠤᠷᠢᠶᠠᠯᠠᠪᠠ᠃      ᠬᠤᠷᠡᠯ ᠢ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠶᠠᠩ ᠡᠷᠬᠢᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠵᠠᠩ ᠴᠢᠩ ᠯᠢ᠂ ᠯᠢᠦ ᠴᠢ ᠪᠤᠤ᠂ ᠫᠠᠪᠠᠯᠠ · ᠭᠧᠯᠧᠭᠨᠠᠮᠵᠢᠯ ᠂ ᠳ᠋ᠦᠩ ᠵᠢᠶᠠᠨ ᠬᠤᠸᠠ᠂ ᠸᠠᠨ ᠭᠠᠩ᠂ ᠡᡁᠧ ᠡᡁᠸᠥ ᠬᠤᠸᠠ᠂ ᠯᠥ ᠵᠠᠨ ᠬᠦᠩ᠂ ᠸᠠᠩ ᠵᠧᠩ ᠸᠧᠢ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠤᠤ ᠯᠥᠩ᠂ ᠶᠠᠩ ᠴᠤᠸᠠᠨ ᠲᠠᠩ᠂ ᠯᠢ ᠪᠢᠨ᠂ ᠪᠠᠭᠠᠳᠤᠷ᠂ ᠸᠠᠩ ᠶᠦᠩ ᠴᠢᠩ᠂ ᠡᡁᠧ ᠯᠢ ᠹᠧᠩ᠂ ᠰᠦ᠋ ᠬᠤᠢ᠂ ᠵᠧᠩ ᠵᠢᠶᠠᠨ ᠪᠠᠩ᠂ ᠬᠦ᠋ ᠱᠧᠩ ᠽᠥ᠂ ᠯᠢᠦ ᠰᠢᠨ ᠴᠧᠩ᠂ ᠡᡁᠧ ᠸᠧᠢ᠂ ᠱᠤᠤ ᠬᠤᠩ᠂ ᠭᠤᠤ ᠶᠦᠨ ᠯᠥᠩ ᠲᠠᠷᠢᠬᠦᠯᠡᠭᠴᠢᠳ ᠤᠨ ᠲᠠᠶᠢᠰᠠᠨ ᠤ ᠡᠮᠤᠨ᠎ᠡ ᠮᠦᠷ ᠲᠤ ᠰᠠᠭᠠᠳᠠᠪᠠ᠃      ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠠᠢ᠃      ᠦᠳᠡ ᠶᠢᠨ ᠬᠤᠶᠢᠨᠠᠬᠢ 3 ᠴᠠᠭ ᠲᠤ ᠲᠡᠭᠦᠰᠬᠦ ᠬᠤᠷᠠᠯ ᠡᠬᠢᠯᠡᠪᠠ᠃ ᠸᠠᠩ ᠶᠠᠩ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠬᠤ ᠶᠤᠰᠤᠳᠠᠢ ᠭᠡᠰᠢᠭᠦᠨ 2151 ᠬᠦᠮᠦᠨ᠂ ᠪᠤᠳᠠᠳᠠᠢ ᠤᠷᠤᠯᠴᠠᠭᠰᠠᠨ ᠨᠢ 2043 ᠬᠦᠮᠦᠨ ᠪᠠᠶᠢᠵᠤ᠂ ᠲᠤᠭᠳᠠᠭᠰᠠᠨ ᠬᠦᠮᠦᠨ ᠤ ᠲᠤᠭ᠎ᠠ ᠳᠤ ᠨᠡᠶᠢᠴᠡᠨ᠎ᠠ ᠭᠡᠵᠤ ᠨᠡᠶᠢᠳᠡᠯᠡᠵᠠᠢ᠃      ᠬᠤᠷᠠᠯ ᠠᠴᠠ ᠯᠢ ᠪᠢᠨ ᠢ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠪᠠᠷ ᠰᠤᠩᠭᠤᠪᠠ᠃ ᠬᠤᠷᠠᠯ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠭᠤᠷᠪᠠᠳᠤᠭᠠᠷ ᠬᠤᠷᠠᠯ ᠤᠨ ᠰᠢᠢᠳᠪᠦᠷᠢ᠂ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠦᠪᠯᠡᠯ ᠤᠨ ᠮᠡᠳᠡᠭᠦᠯᠦᠯᠳᠡ᠂ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠭᠤᠷᠪᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠪᠠᠳᠤᠯᠠᠪᠠ᠃      ᠸᠠᠩ ᠶᠠᠩ ᠶᠠᠷᠢᠶᠠᠨ ᠳᠠᠭᠠᠨ᠂ ᠡᠨᠡ ᠤᠳᠠᠭ᠎ᠠ ᠶᠢᠨ ᠬᠤᠷᠠᠯ ᠢ ᠮᠠᠨ ᠤ ᠤᠯᠤᠰ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠲᠦᠭᠡᠯ ᠤᠯᠤᠭᠰᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠳᠤ ᠳᠠᠶᠢᠯᠠᠯᠳᠤᠭᠠᠨ ᠬᠢᠵᠤ ᠰᠢᠢᠳᠪᠦᠷᠢᠳᠤ ᠢᠯᠠᠯᠳᠠ ᠤᠯᠬᠤ ᠱᠠᠳᠤᠨ ᠳᠤ ᠤᠷᠤᠭᠰᠠᠨ ᠴᠢᠬᠤᠯᠠ ᠦᠶ᠎ᠠ ᠳᠤ ᠬᠤᠷᠠᠯᠳᠤᠭᠤᠯᠤᠭᠰᠠᠨ ᠶᠤᠮ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠨᠦᠭᠦᠳ ᠬᠤᠷᠠᠯ ᠳᠤ ᠤᠷᠤᠯᠴᠠᠵᠤ᠂ ᠭᠡᠰᠢᠭᠦᠳ ᠲᠠᠢ ᠬᠠᠮᠳᠦ ᠪᠠᠷ ᠲᠦᠷᠦ ᠶᠢᠨ ᠶᠠᠪᠤᠳᠠᠯ ᠢ ᠵᠦᠪᠯᠡᠵᠠᠢ᠃ ᠪᠦᠬᠦ ᠬᠡᠰᠢᠬᠦᠳ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ᠂ ᠰᠢᠢᠳᠪᠤᠷᠢᠳᠤ ᠲᠠᠶᠢᠯᠠᠯᠳᠤᠭᠠᠨ ᠬᠢᠵᠤ ᠰᠢᠢᠳᠪᠤᠷᠢᠳᠤ ᠢᠯᠠᠯᠳᠠ ᠤᠯᠬᠤ ᠬᠠᠷᠠᠯᠳᠠ ᠡᠬᠦᠷᠬᠡ ᠶᠢ ᠨᠠᠶᠢᠳᠠᠪᠤᠷᠢᠵᠢᠭᠤᠯᠬᠤ ᠪᠠᠷ ᠭᠤᠤᠯᠯᠠᠭᠤᠯᠵᠤ᠂ ᠢᠳᠡᠪᠬᠢᠳᠠᠢ ᠪᠠᠷ ᠠᠷᠭ᠎ᠠ ᠤᠬᠠᠭᠠᠨ ᠭᠠᠷᠭᠠᠨ ᠵᠠᠰᠠᠬ ᠲᠤ ᠲᠤᠰᠠᠯᠠᠵᠤ᠂ ᠬᠠᠮᠳᠤ ᠶᠢᠨ ᠲᠠᠨᠢᠯᠳᠠ ᠶᠢ ᠦᠷᠬᠡᠨ ᠢᠶᠠᠷ ᠨᠢᠬᠳᠠᠷᠠᠭᠤᠯᠤᠨ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠤᠯᠤᠰ ᠤᠨ ᠵᠠᠰᠠᠯᠳᠠ ᠶᠢᠨ ᠰᠢᠰᠲ᠋ᠧᠮ ᠳᠠᠬᠢ ᠴᠢᠬᠤᠯᠠ ᠤᠢᠢᠯᠡᠳᠤᠯ ᠢ ᠬᠦᠢᠴᠡᠳ ᠪᠠᠳᠠᠷᠠᠭᠤᠯᠵᠤ᠂ ᠨᠢᠬᠡ ᠤᠳᠠᠭ᠎ᠠ ᠶᠢᠨ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠳᠠᠯᠠᠵᠤ ᠡᠷᠡᠮᠡᠬᠡᠶᠢᠯᠡᠨ ᠤᠷᠤᠬᠰᠢᠯᠠᠬᠰᠠᠨ ᠶᠡᠭᠡ ᠬᠤᠷᠠᠯ ᠪᠤᠯᠵᠠᠢ ᠬᠡᠵᠤ ᠬᠡᠯᠡᠪᠡ᠃      ᠸᠠᠩ ᠶᠠᠩ᠂ ᠡᠨᠡ ᠵᠢᠯ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠤᠬᠡ ᠶᠢᠨ ᠰᠤᠯᠪᠢᠴᠠᠯ ᠤᠨ ᠵᠢᠯ ᠪᠤᠯᠤᠨ᠎ᠠ᠂ ᠠᠷᠠᠳ ᠤᠨ ᠤᠯᠤᠰ ᠲᠦᠷᠤ ᠶᠢᠨ ᠵᠦᠪᠯᠡᠯᠬᠡᠨ ᠤ ᠬᠢᠨ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠤᠯᠤᠨ ᠲᠡᠯᠡᠬᠡᠢ ᠶᠢᠷᠳᠢᠨᠴᠤ ᠳᠤ ᠵᠠᠭᠤᠨ ᠵᠢᠯ ᠭᠠᠷᠤᠭᠠᠳᠤᠢ ᠶᠡᠭᠡ ᠬᠤᠪᠢᠰᠤᠯᠳᠠ ᠶᠢᠨ ᠡᠨᠡ ᠬᠦ ︽ᠬᠤᠶᠠᠷ ᠶᠡᠭᠡ ᠲᠠᠯ᠎ᠠ︾ ᠶᠢ ᠬᠡᠬᠦᠳᠡᠭ ᠴᠡᠬᠡᠵᠢᠨ ᠳᠡᠭᠡᠨ ᠪᠠᠭᠳᠠᠭᠠᠵᠤ᠂ ᠪᠤᠳᠠᠳᠤ ᠠᠵᠢᠯᠯᠠᠭ᠎ᠠ ᠪᠤᠯᠤᠨ ᠲᠤᠰᠢᠶᠠᠯ ᠢᠶᠠᠨ ᠭᠦᠢᠴᠡᠳᠭᠡᠭᠰᠡᠨ ᠠᠮᠵᠢᠯᠳᠠ ᠪᠦᠳᠤᠮᠵᠢ ᠪᠠᠷ ᠢᠶᠠᠨ ᠨᠠᠮ ᠪᠤᠯᠤᠨ ᠤᠯᠤᠰ ᠤᠨ ᠭᠤᠤᠯ ᠠᠵᠢᠯ ᠳᠤ ᠤᠢᠢᠯᠡᠴᠢᠯᠡᠬᠦ ᠬᠢᠷᠢ ᠲᠡᠩᠴᠡᠭᠰᠡᠨ ᠬᠠᠷᠢᠭᠤᠯᠳᠠ ᠶᠢᠨ ᠬᠠᠭᠤᠳᠠᠰᠤ ᠲᠤᠰᠢᠶᠠᠬᠤ ᠭᠡᠷᠡᠭᠳᠠᠢ᠃ ᠬᠢᠵᠢᠭ ᠲᠠᠢ ᠲᠡᠮᠡᠴᠡᠬᠦ ᠠᠭᠤᠤ ᠶᠡᠭᠡ ᠲᠡᠮᠡᠴᠡᠯ ᠠᠴᠠ ᠬᠦᠴᠤᠨ ᠴᠢᠳᠠᠯ ᠬᠦᠷᠳᠡᠨ ᠢᠳᠡᠬᠡᠯ ᠵᠤᠷᠢᠬ ᠢᠶᠠᠨ ᠪᠠᠳᠤᠳᠬᠠᠵᠤ᠂ ︽ᠲᠦᠷᠪᠡᠨ ᠤᠬᠠᠮᠰᠠᠷ︾ ᠢᠶᠠᠨ ᠤᠯᠠᠮ ᠴᠢᠩᠭᠠᠳᠬᠠᠨ ︽ᠲᠦᠷᠪᠡᠨ ᠢᠳᠡᠬᠡᠯ︾ ᠢᠶᠠᠨ ᠪᠠᠳᠤᠳᠬᠠᠨ ︽ᠬᠤᠶᠠᠷ ᠢ ᠬᠠᠮᠠᠭᠠᠯᠬᠠᠤ︾ ᠶᠢ ᠪᠡᠶᠡᠯᠡᠬᠦᠯᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠬᠡᠢ ᠴᠢᠩᠭᠠᠳᠬᠠᠨ᠂ ᠠᠶᠤᠯ ᠲᠦᠭᠰᠢᠬᠦᠷᠢ ᠶᠢᠨ ᠰᠢᠯᠭᠠᠯᠳᠠ ᠶᠢ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ ᠪᠤᠯᠤᠨ ᠠᠵᠢᠯ ᠤᠨ ᠪᠡᠯᠡᠳᠬᠡᠯ ᠢ ᠬᠦᠢᠴᠡᠳ ᠰᠠᠶᠢᠳᠤᠷ ᠬᠢᠬᠦ ᠭᠡᠷᠡᠭᠳᠠᠢ᠃ ᠬᠠᠷᠠᠯᠳᠠ ᠡᠬᠦᠷᠬᠡ ᠶᠢ ᠴᠢᠩᠭ᠎ᠠ ᠡᠵᠡᠮᠳᠡᠨ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠠᠵᠢᠯ ᠤᠨ ᠠᠮᠵᠢᠯᠳᠠ ᠪᠦᠳᠤᠮᠵᠢ ᠪᠠᠨ ᠲᠡᠭᠡᠭᠰᠢᠯᠡᠬᠦᠯᠵᠤ᠂ ᠰᠤᠷᠳᠠᠯ ᠢ ᠪᠤᠳᠠᠳᠠᠶᠢᠵᠢᠭᠤᠯᠬᠤ ᠪᠠ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠨᠡᠩ ᠰᠠᠶᠢᠨ ᠤᠶᠠᠯᠳᠤᠭᠤᠯᠤᠨ᠂ ᠬᠡᠯᠪᠡᠷᠢᠴᠢ ᠦᠵᠡᠯ ᠨᠤᠶᠠᠨᠴᠢ ᠰᠤᠷᠳᠠᠯ ᠢ ᠰᠡᠷᠬᠡᠶᠢᠯᠡᠨ ᠲᠡᠪᠴᠢᠵᠤ᠂ ᠠᠷᠭ᠎ᠠ ᠤᠬᠠᠭᠠᠨ ᠭᠠᠷᠭᠠᠨ ᠵᠠᠰᠠᠬ ᠲᠤ ᠲᠤᠰᠠᠯᠠᠬᠤ ᠤᠢᠢᠯᠡᠳᠤᠯ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠪᠦᠳᠤᠮᠵᠢ ᠶᠢ ᠴᠢᠷᠮᠠᠶᠢᠨ ᠪᠡᠶᠡᠯᠡᠬᠦᠯᠵᠤ᠂ ᠰᠠᠶᠢᠨ ᠰᠠᠶᠢᠬᠠᠨ ᠰᠤᠷᠳᠠᠯ ᠢᠶᠠᠷ ᠲᠤᠰᠢᠶᠠᠯ ᠢᠶᠠᠨ ᠬᠦᠢᠴᠡᠳᠬᠡᠬᠦ ᠦᠷ᠎ᠠ ᠪᠦᠳᠦᠮᠵᠢ ᠪᠠᠨ ᠪᠠᠳᠤᠯᠠᠬᠤ ᠭᠡᠷᠡᠭᠳᠠᠢ᠃ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠰᠠᠶᠢᠨ ᠪᠦᠷᠢᠯᠳᠤᠬᠦᠨ ᠪᠤᠯᠬᠤ ᠦᠨᠳᠤᠰᠤᠨ ᠴᠢᠳᠠᠪᠤᠷᠢ ᠪᠠᠨ ᠲᠡᠭᠡᠭᠰᠢᠯᠡᠬᠦᠯᠤᠨ᠂ ᠢᠯᠡᠬᠦᠤ ᠨᠤᠮ ᠤᠩᠰᠢᠵᠤ ᠰᠠᠶᠢᠨ ᠨᠤᠮ ᠤᠩᠰᠢᠨ ᠴᠢᠳᠠᠮᠠᠭᠠᠢ ᠪᠠᠷ ᠨᠤᠮ ᠤᠩᠰᠢᠵᠦ᠂ ᠤᠯᠤᠰ ᠲᠦᠷᠤ ᠶᠢᠨ ᠵᠦᠪᠯᠡᠯᠬᠡᠨ ᠤ ᠠᠵᠢᠯ ᠤᠨ ᠵᠢᠮ᠎ᠠ ᠶᠤᠰᠤ ᠪᠤᠯᠤᠨ ᠵᠦᠪᠯᠡᠬᠦ ᠠᠷᠭ᠎ᠠ ᠪᠠᠷᠢᠯ ᠤᠨ ᠴᠢᠬᠤᠯᠠ ᠠᠭᠤᠯᠭ᠎ᠠ ᠶᠢ ᠡᠵᠡᠮᠳᠡᠨ᠂ ᠵᠠᠰᠠᠬ ᠲᠤ ᠲᠤᠰᠠᠯᠠᠬᠤ ᠠᠷᠭ᠎ᠠ ᠤᠬᠠᠭᠠᠨ ᠭᠠᠷᠭᠠᠬᠤ ᠤᠷᠢᠳᠠᠴᠢ ᠴᠢᠨᠠᠷ᠂ ᠤᠨᠤᠴᠠᠳᠠᠢ ᠴᠢᠨᠠᠷ ᠢ ᠲᠡᠭᠡᠭᠰᠢᠯᠡᠬᠦᠯᠵᠤ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠴᠢᠭᠯᠡᠭᠦᠯᠤᠯᠳᠤ ᠴᠢᠨᠠᠷ᠂ ᠪᠦᠳᠤᠮᠵᠢᠳᠤ ᠴᠢᠨᠠᠷ ᠢ ᠲᠡᠭᠡᠭᠰᠢᠯᠡᠬᠦᠯᠵᠤ᠂ ᠬᠦᠮᠤᠰ ᠤᠨ ᠪᠤᠳᠤᠯ ᠰᠠᠨᠠᠭ᠎ᠠ ᠬᠦᠴᠤᠨ ᠴᠢᠳᠠᠯ ᠢ ᠦᠷᠬᠡᠨ ᠲᠠᠯᠬᠡᠷ ᠢᠶᠠᠷ ᠨᠢᠬᠳᠠᠷᠠᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠸᠠᠩ ᠶᠠᠩ᠂ ᠠᠷᠠᠳ ᠤᠨ ᠤᠯᠤᠰ ᠲᠦᠷᠦ ᠶᠢᠨ ᠵᠦᠪᠯᠡᠯᠭᠡᠡ ᠲᠤᠮᠲᠠᠲᠤ ᠤᠯᠤᠰ ᠤᠨ ᠮᠠᠶᠢᠭ ᠤᠨ ᠠᠷᠠᠳᠴᠢᠯᠠᠯ ᠢ ᠭᠡᠷᠡᠭᠵᠢᠭᠦᠯᠬᠦ ᠳᠤ ᠦᠢᠯᠡᠲᠦᠯ ᠢᠶᠠᠨ ᠪᠠᠲᠠᠷᠠᠭᠤᠯᠵᠦ᠂ ᠬᠤᠪᠢ ᠨᠡᠮᠡᠷᠢ ᠦᠵᠡᠭᠦᠯᠬᠦ ᠬᠡᠷᠡᠭᠳᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠡ ᠨᠡᠶᠢᠭᠡᠮ ᠵᠢᠷᠤᠮ ᠤᠨ ᠵᠦᠪᠯᠡᠬᠦ ᠠᠷᠠᠳᠴᠢᠯᠠᠯ ᠤᠨ ᠲᠠᠪᠠᠭᠤᠯᠢᠭ ᠢ ᠠᠰᠢᠬᠯᠠᠨ᠂ ᠡᠯ᠎ᠠ ᠨᠠᠮ ᠪᠦᠯᠦᠭ ᠪᠦᠯᠬᠦᠮ ᠨᠢᠭᠡᠴᠢ ᠪᠤᠯᠤᠨ ᠡᠯ᠎ᠠ ᠦᠨᠲᠦᠰᠦᠲᠡᠡ ᠡᠯ᠎ᠠ ᠡᠲᠡᠭᠡᠳ ᠤᠨ ᠬᠦᠮᠦᠰ ᠢ ᠪᠦᠲᠦᠮᠵᠢᠲᠠᠢ ᠪᠠᠷ ᠵᠤᠬᠢᠶᠠᠠ ᠪᠠᠶᠢᠭᠤᠯᠵᠤ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠨᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠪᠤᠯᠤᠨ ᠤᠯᠠᠠ ᠨᠠᠮ ᠬᠠᠮᠲᠤᠷᠠᠠ ᠠᠵᠢᠯᠯᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ ᠳᠤ ᠠᠰᠢᠭᠲᠠᠢ᠂ ᠠᠷᠠᠳᠴᠢᠯᠠᠯ ᠢ ᠬᠦᠢᠴᠡᠳ ᠪᠠᠲᠠᠷᠠᠭᠤᠯᠬᠤ ᠪᠠ ᠲᠦᠪᠯᠡᠷᠡᠯ ᠲᠠᠢ᠂ ᠡᠮᠬᠢ ᠲᠠᠷᠠᠭᠠᠯᠠᠯ ᠲᠠᠢ ᠤᠯᠤᠰ ᠲᠦᠷᠦ ᠶᠢᠨ ᠤᠷᠤᠯᠴᠠᠭ᠎ᠠ ᠶᠢ ᠵᠦᠪ ᠢᠶᠠᠷ ᠭᠡᠷᠡᠭᠵᠢᠭᠦᠯᠬᠦ ᠶᠢ ᠤᠷᠭᠠᠨᠢᠭ ᠢᠶᠠᠷ ᠤᠶᠠᠯᠳᠤᠭᠤᠯᠬᠤ ᠳᠤ ᠠᠰᠢᠭᠲᠠᠢ᠂ ᠪᠦᠯᠬᠦᠮᠲᠡᠯ ᠢ ᠦᠨᠡᠡ ᠬᠦ ᠴᠢᠩᠭᠠᠳᠬᠠᠬᠤ ᠪᠠ ᠠᠵᠢᠯ ᠤᠨ ᠨᠠᠶᠢᠲᠠᠪᠤᠷᠢᠵᠢᠭᠤᠯᠤᠯᠳᠠ ᠶᠢ ᠠᠬᠢᠭᠤᠯᠬᠤ ᠶᠢ ᠤᠶᠠᠯᠳᠤᠭᠤᠯᠬᠤ ᠳᠤ ᠠᠰᠢᠭᠲᠠᠢ ᠶᠤᠮ᠃ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠪᠠᠶᠢᠭᠤᠯᠤᠯ ᠤᠨ ᠦᠢᠯᠡᠲᠦᠯ ᠢ ᠲᠡᠭᠡᠭᠰᠢᠯᠡᠭᠦᠯᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠲᠠᠢ᠂ ᠬᠠᠮᠲᠤ ᠶᠢᠨ ᠬᠠᠷᠠᠯᠲᠠ ᠬᠦᠭᠡᠭᠡᠴᠡᠯᠲᠦᠯ ᠲᠠᠢ᠂ ᠬᠠᠮᠲᠤ ᠶᠢᠨ ᠦᠨᠲᠦᠰᠤᠨ ᠠᠰᠢᠭ ᠲᠤᠰᠠ ᠲᠠᠢ ᠤᠯᠤᠰ ᠲᠦᠷᠦ ᠶᠢᠨ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠵᠦ᠂ ᠤᠯᠤᠰ ᠤᠨ ᠵᠠᠰᠠᠯᠲᠠ ᠳᠤ ᠨᠡᠩ ᠰᠠᠶᠢᠨ ᠢᠶᠠᠷ ᠬᠦᠴᠤ ᠨᠡᠮᠡᠷᠢᠯᠡᠵᠤ ᠬᠠᠮᠳᠤᠷᠠᠯ ᠬᠦᠴᠤ ᠶᠢ ᠴᠢᠩᠭᠠᠳᠬᠠᠬᠤ ᠭᠡᠷᠡᠭᠲᠡᠢ ᠭᠡᠵᠦ ᠴᠢᠬᠤᠯᠠᠴᠢᠯᠠᠪᠠ᠃      ᠲᠡᠭᠦᠰᠬᠦ ᠬᠤᠷᠠᠯ ᠳᠤ ᠤᠷᠤᠯᠴᠠᠭᠰᠠᠠ ᠨᠦᠬᠦᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠸᠠ᠂ ᠯᠢᠤ ᠡᡁᠧ᠂ ᠰᠢᠤᠢ ᠴᠢ ᠯᠢᠶᠠᠩ᠂ ᠰᠦᠨ ᠴᠦᠨ ᠯᠠᠠ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠧ ‍ᠤᠤᠢ ᠂ ᠶᠠᠩ ᠰᠢᠶᠤᠤ ᠳ᠋ᠦ᠋᠂ ᠵᠠᠩ ᠶᠢᠤ ᠰᠢᠶᠠ᠂ ᠴᠸᠠ ᠰᠢ᠂ ᠴᠸᠠ ᠴᠢᠤᠸᠠᠠ ᠬᠦᠸᠧ᠂ ᠴᠸᠠ ᠮᠢᠨ ᠡᠯ᠂ ᠬᠤ᠋ ᠴᠦᠨ ᠬᠤᠸᠠ᠂ ᠬᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠠ᠂ ᠼᠤᠤ ᠵᠢᠶᠠᠠ ᠮᠢᠩ᠂ ᠵᠠᠩ ᠴᠦᠨ ᠰᠢᠶᠠᠠ᠂ ᠱᠸᠠ ᠶᠤᠸᠠᠢ ᠶᠤᠸᠠᠢ᠂ ᠵᠢᠢ ᠪᠢᠩ ᠰᠢᠤᠸᠠᠠ᠂ ᠡ᠋ᠶᠢᠯᠢᠭᠧᠩ · ᠢᠮᠢᠩᠪᠠᠭ᠋ᠠᠢ᠂ ᠸᠠᠠ ᠡᠸ᠋ ᠰᠢᠶᠠᠩ᠂ ᠴᠸᠠ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ᠂ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ᠂ ᠵᠸᠤ ᠴᠢᠶᠠᠩ᠂ ᠵᠠᠩ ᠵᠢᠶᠦ᠋ᠨ ᠨᠠᠷ ᠪᠠᠶᠢᠨ᠎ᠠ᠃      ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠲᠡᠭᠦᠰᠬᠦ ᠬᠤᠷᠠᠯ ᠳᠤ ᠰᠤᠯᠠ ᠤᠷᠤᠯᠴᠠᠵᠠᠢ᠃ ᠲᠤᠮᠲᠠᠲᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠡᠯᠴᠢᠨ ᠰᠠᠶᠢᠳ ᠤᠷᠢᠯᠭ᠎ᠠ ᠪᠠᠷ ᠲᠡᠭᠦᠰᠬᠦ ᠬᠤᠷᠠᠯ ᠳᠤ ᠤᠷᠤᠯᠴᠠᠭᠰᠠᠠ ᠪᠠᠶᠢᠨ᠎ᠠ᠃      ᠶᠡᠭᠡ ᠬᠤᠷᠠᠯ ᠰᠦᠷ ᠵᠢᠪᠬᠤᠯᠠᠩᠳᠠᠢ ᠤᠯᠤᠰ ᠤᠨ ᠰᠦᠯᠲᠠ ᠲᠠᠭᠤᠤ ᠶᠢᠨ ᠠᠶᠠᠰ ᠲᠤᠮᠲᠠ ᠲᠡᠭᠦᠰᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号