ᠣᠢᠢᠵᠢᠭᠤᠯᠣᠯᠳᠠ ᠶᠢᠨ ᠠᠵᠢᠯ ᠳᠤ ᠢᠳᠡᠪᠬᠢᠯᠡᠡ ᠣᠷᠣᠯᠴᠠᠭ᠎ᠠ ᠲᠣᠭᠤᠷᠢᠮ ᠤᠨ ᠮᠠᠯᠴᠢᠳ
ᠨᠡᠶᠢᠲᠡᠯᠡᠭᠰᠡᠨ ᠴᠠᠭ᠄
2020-05-06
     ᠬᠠᠪᠣᠷ ᠤᠨ ᠣᠷᠢᠨ ᠳᠣᠯᠠᠭᠠᠨ ᠰᠠᠭᠠᠳᠠᠵᠣ ᠣᠶᠢᠵᠢᠭᠤᠯᠣᠯᠲᠠ ᠶᠢᠨ ᠣᠯᠠᠷᠢᠯ ᠬᠦᠷᠴᠣ ᠢᠷᠡᠬᠦ ᠲᠠᠰᠢᠷᠠᠮ ᠳᠤ ᠰᠦᠯᠳᠡ ᠰᠣᠮᠣᠨ ᠤ ᠳᠣᠭᠤᠷᠢᠮ ᠭᠠᠴᠠᠭᠠᠨ ᠤ ᠮᠠᠯᠴᠢᠳ ᠣᠶᠢᠵᠢᠭᠤᠯᠵᠣ ᠨᠣᠭᠤᠭᠠᠷᠠᠭᠤᠯᠬᠤ ᠠᠵᠢᠯ ᠳᠤ ᠢᠳᠡᠪᠬᠢᠳᠡᠢ ᠣᠷᠣᠯᠴᠠᠭᠠᠳ ᠠᠮᠢ ᠠᠬᠤᠢ ᠶᠢᠨ ᠪᠦᠳᠣᠭᠡᠨ ᠪᠠᠶᠢᠭᠤᠯᠣᠯᠲᠠ ᠳᠤ ᠬᠤᠪᠢ ᠨᠡᠮᠡᠷᠢ ᠪᠠᠨ ᠦᠵᠡᠭᠦᠯᠥᠭᠰᠡᠡ ᠪᠠᠶᠢᠨ᠎ᠠ᠃
     ᠡᠨᠡ ᠭᠡᠳᠥᠨ ᠡᠳᠦᠷ᠂ ᠰᠦᠯᠳᠡ ᠰᠤᠮᠤᠨ ᠤ ᠲᠤᠭᠤᠷᠢᠮ ᠭᠠᠴᠠᠭᠠᠨ ᠤ 40 ᠭᠠᠷᠣᠢ ᠮᠠᠯᠴᠢᠠ ᠰᠠᠶᠢᠨ ᠳᠤᠷ᠎ᠠ ᠠᠴᠠ ᠪᠠᠨ ᠴᠣᠭᠯᠠᠷᠠᠵᠠᠭᠠᠠ ᠦᠭᠯᠢᠬᠡ ᠶᠢᠨ ᠡᠵᠡᠳ ᠤᠨ ᠬᠠᠨᠳᠢᠪᠯᠡᠨ ᠬᠦᠷᠭᠡᠭᠰᠡᠨ ᠠᠷᠴᠠ ᠮᠣᠳᠣᠨ ᠰᠣᠶᠤᠭ᠎ᠠ ᠶᠢ ᠨᠤᠲᠤᠭ ᠤᠨ ᠣᠪᠣᠭ᠎ᠠ ᠪᠣᠯᠬᠤ ᠬᠠᠷ᠎ᠠ ᠳᠠᠭᠠᠲᠣ ᠶᠢᠨ ᠣᠪᠣᠭᠠᠨ ᠤ ᠤᠶᠢᠷ᠎ᠠ ᠬᠠᠪᠢ ᠪᠠᠷ ᠲᠠᠷᠢᠨ ᠤᠶᠢᠵᠢᠭᠤᠯᠵᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠬᠦᠯᠥᠭᠰᠡᠡ ᠪᠠᠶᠢᠨ᠎ᠠ᠃ ᠳᠣᠭᠤᠷᠢᠮ ᠭᠠᠴᠠᠭᠠᠨ ᠤ ᠮᠠᠯᠴᠢᠨ ᠠᠯᠲᠠᠨᠰᠠᠩ ᠬᠡᠯᠡᠬᠦ ᠳᠡᠭᠡᠨ᠄ ︽ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢ ᠤᠯᠠᠮ ᠰᠠᠶᠢᠵᠢᠷᠠᠭᠤᠯᠵᠤ ᠪᠠᠶᠢᠭᠠᠯᠢ ᠠᠬᠤᠢ ᠶᠢᠨ ᠰᠡᠷᠭᠦᠭᠡᠯᠲᠡ ᠳᠤ ᠲᠠᠶᠠᠭᠠᠷ ᠢᠶᠠᠨ ᠭᠦᠴᠦ ᠨᠡᠮᠡᠷᠢ ᠪᠠᠨ ᠦᠵᠡᠬᠦᠯᠵᠦ ᠪᠠᠶᠢᠨ᠎ᠠ᠃ ᠮᠠᠨ ᠤ ᠨᠤᠲᠤᠭ ᠤᠨ ᠤᠯᠠᠨ ᠲᠦᠮᠡᠨ ᠰᠠᠶᠢᠨ ᠲᠤᠷ᠎ᠠ ᠠᠴᠠ ᠪᠠᠨ ᠢᠷᠡᠵᠦ ᠤᠶᠢᠵᠢᠭᠤᠯᠤᠭᠰᠠᠨ ᠶᠣᠮ︾ ᠭᠡᠵᠥ ᠪᠠᠶᠢᠯ᠎ᠠ᠃     ᠳᠣᠭᠤᠷᠢᠮ ᠭᠠᠴᠠᠭᠠᠨ ᠤ ᠮᠠᠯᠴᠢᠳ ᠡᠨ᠋ᠨ ᠤᠳᠠᠭ᠎ᠠ 2000 ᠭᠠᠷᠣᠢ ᠰᠠᠭᠤᠷᠢ ᠮᠣᠳᠣᠨ ᠰᠣᠶᠤᠭ᠎ᠠ ᠲᠠᠷᠢᠨ ᠣᠶᠢᠵᠢᠭᠤᠯᠵᠣ᠂ ᠨᠤᠮᠢᠨ ᠲᠠᠩᠰᠤᠭ ᠦᠣᠰᠢᠨ ᠢ ᠪᠦᠳᠦᠭᠡᠨ ᠪᠠᠶᠢᠭᠤᠯᠬᠤ ᠭᠦᠭᠵᠢᠭᠦᠯᠣᠯᠲᠡ ᠶᠢᠨ ᠬᠠᠷᠠᠯᠲᠠ ᠶᠢᠨ ᠳᠣᠭᠤᠷᠢᠨ ᠳᠤ ᠦᠪᠡᠷ ᠦᠪᠡᠷ ᠤᠨ ᠢᠶᠠᠨ ᠬᠤᠪᠢ ᠨᠡᠮᠡᠷᠢ ᠪᠠᠨ ᠡᠷᠭᠦᠭᠰᠡᠨ ᠪᠠᠶᠢᠨ᠎ᠠ᠃ ᠮᠠᠯᠴᠢᠨ ᠠᠯᠲᠠᠨᠰᠠᠩ᠄ ︽ᠣᠳᠠᠯ ᠥᠭᠡᠢ ᠭᠠᠴᠠᠭ᠎ᠠ᠂ ᠰᠤᠮᠤᠨ ᠤ ᠨᠠᠮ ᠵᠠᠰᠠᠭ ᠤᠨ ᠲᠠᠯ᠎ᠠ ᠠᠴᠠ ᠶᠡᠭᠡ ᠬᠡᠮᠵᠢᠶᠡᠨ ᠤ ᠰᠤᠶᠤᠭ᠎ᠠ ᠮᠣᠳᠣ ᠢᠷᠡᠬᠦᠯᠬᠦ ᠶᠣᠮ᠂ ᠭᠠᠴᠠᠭᠠᠨ ᠤ ᠲᠠᠯ᠎ᠠ ᠠᠴᠠ 2 ᠲᠥᠮᠡ ᠭᠠᠷᠤᠢ ᠮᠣᠳᠣᠠ ᠰᠤᠶᠤᠭ᠎ᠠ ᠤᠷᠤᠭᠤᠯᠬᠤ ᠪᠠᠷ ᠲᠦᠯᠦᠪᠯᠡᠵᠥ ᠪᠣᠢ᠃ ᠲᠡᠭᠡᠪᠡᠯ ᠪᠢᠳᠠᠠ ᠬᠠᠷ᠎ᠠ ᠲᠠᠭᠠᠳᠣ ᠶᠢᠨ ᠤᠪᠤᠭ᠎ᠠ ᠶᠢ ᠲᠤᠭᠤᠷᠢᠭᠤᠯᠤᠭᠠᠳ ᠪᠦᠷ ᠤᠶᠢᠵᠢᠭᠤᠯᠵᠣ ᠨᠣᠭᠤᠭᠠᠷᠠᠭᠤᠯᠣᠨ᠎ᠠ︾ ᠭᠡᠵᠥ ᠪᠠᠶᠢᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号