ᠭᠠᠯᠠᠭᠤᠲᠤ ᠪᠠᠯᠭᠠᠰᠦᠨ ᠤ ᠰᠡᠪᠬᠦᠯ ᠭᠠᠴᠠᠭ᠎ᠠ ᠬᠠᠪᠣᠷ ᠤᠨ ᠪᠣᠭᠤᠲᠠᠢ ᠪᠠᠨ ᠲᠠᠷᠢᠵᠤ ᠡᠬᠢᠯᠡᠯ᠎ᠡ
ᠨᠡᠶᠢᠲᠡᠯᠡᠭᠰᠡᠨ ᠴᠠᠭ᠄
2020-05-06
     ᠤᠢᠢᠷ᠎ᠡ ᠶᠢᠨ ᠡᠳᠦᠷ᠂ ᠭᠠᠯᠠᠭᠤᠲᠤ ᠪᠠᠯᠭᠠᠰᠦᠨ ᠤ ᠰᠡᠪᠬᠦᠯ ᠭᠠᠴᠠᠭᠠᠨ ᠤ ᠮᠠᠯᠴᠢᠳ ᠪᠤᠭᠤᠳᠠᠢ ᠲᠠᠷᠢᠬᠤ ᠠᠵᠢᠯ ᠢᠶᠠᠨ ᠶᠠᠭᠠᠷᠠᠯᠲᠠᠢ ᠡᠬᠢᠯᠡᠬᠦᠯᠦᠯ᠎ᠡ᠃       ᠰᠡᠪᠬᠦᠯ ᠭᠠᠴᠠᠭᠠᠨ ᠤ ᠮᠠᠯᠴᠢᠨ ᠴᠡᠩᠬᠡᠯ ᠨᠢᠳᠤᠨᠤᠨ ᠬᠤᠷᠢᠭᠠᠳ ᠮᠥ ᠶᠢᠨ ᠪᠣᠭᠤᠳᠠᠢ ᠲᠠᠷᠢᠭᠠᠳ ᠳᠦᠮᠡ ᠢᠯᠡᠬᠦᠦ ᠳᠦᠬᠦᠷᠢᠭ ᠤᠨ ᠣᠷᠣᠯᠭ᠎ᠠ ᠣᠯᠣᠭᠰᠠᠨ ᠠᠴᠠ ᠡᠨᠡ ᠵᠢᠯ ᠲᠡᠷᠡ ᠦᠷᠭᠦᠯᠵᠢᠯᠡᠨ ᠲᠠᠷᠢᠬᠤ ᠪᠠᠷ ᠰᠢᠢᠳᠴᠡᠢ᠃ ᠴᠡᠩᠬᠡᠯ᠄ ︽ᠪᠤᠭᠤᠳᠠᠢ ᠲᠠᠷᠢᠬᠤ ᠳᠠᠭᠠᠨ ᠪᠢᠳᠡ ᠶᠠᠮᠠᠷ ᠴᠤ ᠬᠢᠮᠢ ᠶᠢᠨ ᠪᠤᠷᠳᠤᠭᠤᠷ ᠵᠠᠷᠤᠵᠤ ᠦᠬᠡᠢ᠂ ᠴᠤᠯ ᠪᠠᠶᠢᠭᠠᠯᠢᠯᠢᠭ᠃ ᠲᠠᠷᠢᠭᠰᠠᠨ ᠪᠤᠭᠤᠳᠠᠢ ᠪᠠᠨ ᠨᠡᠩ ᠤᠯᠠᠨ ᠬᠦᠮᠦᠨ ᠳᠤ ᠠᠮᠰᠠᠭᠤᠯᠵᠤ᠂ ᠪᠤᠬᠢᠷᠳᠤᠯ ᠦᠬᠡᠢ ᠭᠡᠳᠡᠭ ᠢᠶᠠᠨ ᠢᠳᠡᠬᠡᠬᠦᠯᠬᠦ ᠵᠤᠷᠢᠭ ᠡᠪᠦᠷᠯᠡᠵᠤ ᠪᠠᠶᠢᠨ᠎ᠠ︾ ᠬᠡᠵᠥ ᠶᠠᠷᠢᠯ᠎ᠠ᠃  ᠤᠳᠤᠬᠠᠨ ᠳᠤ᠂ ᠦᠤᠰᠢᠨ ᠬᠤᠰᠢᠭᠤᠨ ᠤ ᠪᠤᠭᠤᠳᠠᠢ ᠶᠢᠨ ᠲᠠᠷᠢᠮᠠᠯ ᠤᠨ ᠪᠦᠬᠦ ᠲᠠᠯᠠᠪᠠᠢ ᠨᠢ 800 ᠭᠠᠷᠤᠢ ᠮᠥ ᠪᠠᠶᠢᠵᠤ᠂ ᠰᠦᠯᠳᠡ ᠰᠤᠮᠤᠨ ᠤ ᠴᠠᠮᠬᠠᠭ ᠭᠠᠴᠠᠭ᠎ᠠ ᠶᠢᠨ 5 ᠡᠷᠦᠬᠡ 500 ᠭᠠᠷᠤᠢ ᠮᠥ ᠪᠤᠭᠤᠳᠠᠢ ᠲᠠᠷᠢᠵᠠᠢ᠃ ᠭᠠᠯᠠᠭᠤᠳᠣ ᠪᠠᠯᠭᠠᠰᠤᠨ ᠤ ᠰᠡᠪᠬᠦᠯ ᠭᠠᠴᠠᠭ᠎ᠠ ᠳᠡᠭᠡᠳᠣ ᠱᠠᠳᠣᠨ ᠤ ᠬᠦᠴᠣᠳᠡᠢ ᠳᠡᠮᠵᠢᠯᠬᠡ ᠪᠠᠷ ᠲᠠᠷᠢᠮᠠᠯ ᠤᠨ ᠪᠦᠳᠣᠴᠡ ᠪᠠᠨ ᠰᠢᠯᠢᠳᠡᠭᠵᠢᠬᠦᠯᠵᠣ᠂ ᠪᠠᠶᠢᠭᠠᠯᠢᠯᠢᠭ ᠪᠣᠬᠢᠷᠳᠣᠯ ᠦᠬᠡᠢ ᠣᠷᠭᠠᠨᠢᠭ ᠪᠣᠭᠤᠳᠠᠢ ᠶᠢ 300 ᠭᠠᠷᠤᠢ ᠮᠥ ᠲᠠᠯᠠᠪᠠᠢ ᠳᠣᠷᠰᠢᠨ ᠳᠠᠷᠢᠭᠰᠠᠨ ᠤ ᠬᠠᠮᠳᠣ ᠭᠤᠯᠢᠷ ᠪᠣᠯᠪᠡᠰᠣᠷᠠᠭᠤᠯᠬᠤ ᠣᠶᠢᠯᠡᠣᠪᠣᠷᠢ ᠪᠠᠶᠢᠭᠤᠯᠣᠨ᠂ ᠨᠢᠭᠡᠳᠣᠯᠳᠡᠢ ᠪᠣᠭᠤᠳᠠᠯᠯᠠᠨ ᠵᠠᠬ᠎ᠠ ᠳᠡᠯᠭᠡᠬᠦᠷ ᠳᠡᠭᠡᠷ᠎ᠡ ᠪᠣᠷᠣᠯᠠᠭᠤᠯᠵᠣ᠂ ᠭᠡᠷᠡᠭᠯᠡᠭᠴᠢᠳ ᠤᠨ ᠬᠠᠯᠠᠭᠤᠨ ᠬᠦᠷᠢᠶᠠᠯᠠᠯ ᠢ ᠣᠯᠣᠭᠰᠠᠨ ᠪᠣᠷᠣᠯᠠᠭᠤᠯᠭ᠎ᠠ ᠰᠠᠶᠢᠳᠡᠢ ᠪᠦᠳᠣᠭᠡᠭᠳᠡᠬᠦᠨ ᠪᠤᠯᠵᠤ᠂ ᠮᠠᠯᠴᠢᠳ ᠤᠨ ᠪᠣᠭᠤᠲᠠᠢ ᠲᠠᠷᠢᠵᠤ ᠣᠷᠣᠯᠭ᠎ᠠ ᠪᠠᠨ ᠨᠡᠮᠡᠭᠳᠡᠬᠦᠯᠬᠦ ᠢᠳᠡᠪᠬᠢᠵᠢᠯ ᠢ ᠬᠦᠢᠴᠡᠳ ᠲᠠᠶᠢᠴᠢᠯᠠᠵᠠᠢ᠃       ᠰᠡᠪᠬᠦᠯ ᠭᠠᠴᠠᠭᠠᠨ ᠤ ᠨᠠᠮ ᠤᠨ ᠡᠭᠦᠷ ᠤᠨ ᠱᠦᠵᠢ ᠮᠦᠩᠬᠡᠪᠠᠭᠠᠲᠤᠷ᠄ ︽ᠪᠤᠭᠤᠳᠠᠢ ᠪᠠᠨ ᠬᠤᠳᠠᠯᠳᠤᠭᠠᠳ ᠭᠠᠷᠭᠠᠴᠢᠬᠠᠪᠠᠯ ᠮᠥ ᠪᠦᠷᠢ ᠶᠢᠨ ᠤᠷᠤᠯᠭ᠎ᠠ ᠨᠢ 1800 — ᠠᠴᠠ 2300 ᠲᠥᠬᠦᠷᠢᠭ ᠤᠨ ᠬᠤᠭᠤᠷᠤᠨᠳᠤ ᠬᠦᠷᠳᠡᠭ᠃ ᠳᠠᠩ ᠭᠠᠭᠴᠠ ᠮᠠᠯ ᠮᠠᠯᠵᠢᠭᠠᠳ ᠤᠷᠤᠯᠭ᠎ᠠ ᠪᠠᠨ ᠨᠡᠮᠡᠭᠳᠡᠭᠦᠯᠵᠤ ᠪᠠᠶᠢᠭᠰᠠᠨ ᠠᠴᠠ ᠪᠠᠨ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠤ᠂ ᠨᠡᠶᠢᠬᠡᠮ ᠤᠨ ᠬᠡᠷᠡᠭᠴᠡᠭᠡ ᠶᠢ ᠬᠠᠩᠭᠠᠬᠤ ᠶᠢᠨ ᠲᠦᠯᠦᠬᠡ ᠰᠢᠨ᠎ᠡ ᠠᠷᠭ᠎ᠠ ᠬᠡᠮᠵᠢᠶ᠎ᠡ ᠶᠢ ᠠᠪᠴᠤ ᠤᠷᠤᠯᠭ᠎ᠠ ᠪᠠᠨ ᠨᠡᠮᠡᠭᠳᠡᠬᠦᠯᠵᠦ ᠪᠠᠶᠢᠭ᠎ᠠ ᠶᠤᠮ᠃ ᠮᠠᠨ ᠤ ︿ᠬᠤᠨ ᠭᠠᠯᠠᠭᠤ﹀ ᠲᠡᠮᠲᠡᠭᠲᠦ ᠤᠷᠭᠠᠨᠢᠭ ᠪᠤᠭᠤᠳᠠᠢ ᠨᠢ ᠵᠠᠬ᠎ᠠ ᠲᠡᠯᠭᠡᠭᠦᠷ ᠲᠡᠭᠡᠷ᠎ᠡ ᠤᠯᠠᠮ ᠠᠴᠠ ᠤᠯᠠᠮ ᠪᠤᠷᠤᠯᠠᠭᠤᠯᠭ᠎ᠠ ᠰᠠᠶᠢᠳᠠᠢ ᠪᠤᠯᠵᠤ ᠂ ᠮᠠᠯᠴᠢᠳ ᠤᠨ ᠤᠷᠤᠯᠭ᠎ᠠ ᠡᠳᠦᠷ ᠠᠴᠠ ᠡᠳᠦᠷ ᠨᠡᠮᠡᠭᠳᠡᠬᠦ ᠬᠠᠨᠳᠤᠰᠢ ᠲᠠᠢ ᠪᠤᠯᠵᠤ ᠪᠠᠶᠢᠨ᠎ᠠ︾ ᠬᠡᠵᠤ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号