ᠠᠷᠠᠳ ᠤᠨ ᠲᠦᠯᠦᠭᠡᠯᠡᠭᠴᠢ ᠨᠠᠷᠠᠰᠤ᠄ ᠠᠵᠦ ᠦᠢᠯᠡᠰ ᠤᠨ ᠬᠦᠭᠵᠢᠯᠲᠡ ᠶᠢ ᠠᠬᠢᠭᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢ ᠳᠡᠭᠡᠭᠰᠢᠯᠡᠬᠦᠯᠪᠡᠯ ᠵᠤᠬᠢᠨ᠎ᠠ
ᠨᠡᠶᠢᠲᠡᠯᠡᠭᠰᠡᠨ ᠴᠠᠭ᠄
2020-05-06
     ᠨᠢᠭᠡ ᠳᠤ᠂ ᠬᠤᠲᠠ ᠬᠤᠰᠢᠭᠤᠨ ᠠᠴᠠ ᠪᠦᠭᠦᠳᠡᠭᠡᠷ ᠢᠶᠠᠨ ᠲᠡᠮᠵᠢᠵᠤ ᠬᠠᠮᠠᠭᠠᠯᠠᠵᠤ ᠪᠠᠶᠢᠭ᠎ᠠ ᠤᠷᠳᠤᠰ ᠨᠠᠷᠢᠨ ᠨᠤᠤᠰᠤᠲᠤ ᠬᠤᠨᠢᠨ ᠤ ᠠᠰᠢᠭ ᠰᠢᠮ᠎ᠡ ᠶᠢ ᠲᠡᠭᠡᠭᠰᠢᠯᠡᠬᠦᠯᠬᠦ ᠲᠤᠬᠠᠢ᠃ 150 ᠡᠷᠦᠬᠡ ᠤᠷᠳᠤᠰ ᠨᠠᠷᠢᠨ ᠨᠤᠤᠰᠤᠲᠤ ᠬᠤᠨᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠤᠨ᠎ᠠ ᠭᠡᠵᠦ ᠪᠠᠶᠢᠨ᠎ᠠ᠃ ᠮᠠᠨ ᠤ ᠰᠦᠯᠳᠡ ᠰᠤᠮᠤ ᠨᠢ ᠦᠥᠰᠢᠨ ᠬᠤᠰᠢᠭᠤᠨ ᠤ ᠴᠤᠷ ᠤᠨ ᠭᠠᠭᠴᠠ ᠮᠠᠯᠵᠢᠬᠤ ᠰᠤᠮᠤ ᠪᠤᠯᠤᠭᠰᠠᠨ ᠤ ᠬᠤᠪᠢ ᠳᠤ ᠡᠨᠡ ᠲᠠᠯ᠎ᠠ ᠪᠠᠷ ᠴᠢᠷᠮᠠᠶᠢᠵᠤ ᠨᠡᠩ ᠢᠯᠡᠬᠦᠦ ᠦᠢᠯᠡᠳᠦᠯ ᠭᠠᠷᠭᠠᠬᠤ ᠴᠢᠬᠤᠯᠠᠲᠠᠢ ᠬᠡᠵᠦ ᠦᠵᠡᠵᠦ ᠪᠠᠶᠢᠨ᠎ᠠ᠃ ᠬᠤᠶᠠᠷ ᠲᠤ᠂ ᠮᠠᠨ ᠤ ᠬᠤᠰᠢᠭᠤ ᠬᠤᠨᠢ  ᠶᠢ ᠲᠤᠭᠲᠠᠪᠤᠷᠢᠵᠢᠭᠤᠯᠵᠤ ᠦᠬᠡᠷ ᠢ ᠦᠷᠭᠡᠳᠬᠡᠬᠦ ᠲᠦᠷᠦ ᠶᠢᠨ ᠪᠤᠳᠤᠯᠭ᠎ᠠ ᠲᠠᠢ᠂ ᠡᠨᠡ ᠤᠳᠠᠭᠠᠨ ᠤ ᠬᠤᠷᠠᠯ ᠳᠤ ᠰᠠᠶᠢᠨ ᠡᠭᠦᠯᠳᠡᠷ ᠤᠨ ᠦᠬᠡᠷ ᠢ ᠤᠷᠤᠭᠤᠯᠵᠤ ᠠᠪᠬᠤ ᠲᠤᠬᠠᠢ ᠲᠦᠷᠦ ᠶᠢᠨ ᠪᠤᠳᠤᠯᠭ᠎ᠠ ᠪᠠᠶᠢᠨ᠎ᠠ᠃ ᠪᠢᠳᠠ ᠡᠨᠡ ᠲᠠᠯ᠎ᠠ ᠳᠤ ᠪᠠᠨ ᠬᠠᠨᠳᠤᠭᠤᠯᠵᠤ ᠪᠠᠶᠢᠭᠠᠳ ᠦᠬᠡᠷ ᠤᠨ ᠦᠢᠯᠡᠰ ᠤᠨ ᠬᠤᠯᠪᠤᠭᠠᠲᠤ ᠴᠤᠭᠴᠠ ᠶᠢ ᠪᠠᠶᠢᠭᠤᠯᠵᠤ ᠪᠦᠬᠦ ᠰᠤᠮᠤᠨ ᠤ ᠦᠬᠡᠷ ᠪᠤᠶᠤ ᠨᠠᠷᠢᠨ ᠭᠤᠤᠯ ᠰᠢᠷᠬᠤᠰᠤᠨ ᠭᠤᠤᠯ ᠤᠨ ᠬᠦᠪᠡᠭᠡ ᠲᠠᠭᠠᠥ ᠦᠬᠡᠷ ᠢ ᠬᠠᠮᠳᠤ ᠳᠤ ᠨᠢ ᠬᠤᠯᠪᠤᠭᠠᠯᠠᠵᠤ ᠪᠠᠶᠢᠭᠠᠳ ᠪᠤᠷᠤᠯᠠᠭᠤᠯᠬᠤ᠂ ᠲᠡᠵᠢᠬᠡᠬᠦ᠂ ᠠᠷᠠᠴᠢᠯᠠᠬᠤ ᠵᠡᠷᠭᠡ ᠲᠠᠯ᠎ᠠ ᠶᠢ ᠬᠠᠮᠲᠤ ᠪᠠᠶᠢᠯᠭᠠᠵᠤ ᠦᠪᠡᠷ  ᠤᠨ ᠦᠷᠲᠡᠭ ᠢ ᠲᠤᠭᠤᠭᠰᠢᠯᠠᠭᠤᠯᠤᠨ ᠵᠠᠬ᠎ᠠ ᠲᠡᠯᠭᠡᠭᠦᠷ ᠤᠷᠤᠭᠤ ᠬᠠᠨᠳᠤᠭᠤᠯᠬᠤ ᠶᠢ ᠲᠡᠭᠡᠭᠰᠢᠯᠡᠬᠦᠯᠤᠨ᠎ᠡ᠃ ᠭᠤᠷᠪᠠ  ᠳᠤ᠂ ᠬᠤᠷᠠᠯ ᠳᠤ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠤᠯᠲᠠ ᠶᠢ ᠵᠤᠭᠠᠴᠠᠯ ᠤᠨ ᠦᠢᠯᠡᠰ  ᠲᠠᠢ ᠤᠶᠠᠯᠳᠤᠭᠤᠯᠵᠦ ᠬᠦᠭᠵᠢᠬᠦᠯᠬᠦ ᠰᠠᠶᠢᠬᠠᠨ ᠰᠠᠨᠠᠯ ᠲᠤᠷᠠᠳᠤᠭᠰᠠᠨ ᠪᠠᠶᠢᠨ᠎ᠠ᠃ ᠰᠦᠯᠳᠡ ᠰᠤᠮᠤ ᠡᠯ᠎ᠡ ᠵᠦᠢᠯ ᠤᠨ ᠠᠷᠭ᠎ᠠ ᠶᠢ ᠰᠦᠪᠡᠭᠴᠢᠯᠡᠨ ᠠᠵᠤ ᠠᠬᠤᠢ ᠶᠢᠨ ᠲᠡᠳᠬᠦᠮᠵᠢ ᠶᠢ ᠤᠯᠵᠤ ᠪᠠᠶᠢᠭᠠᠳ ᠰᠤᠶᠤᠯ ᠵᠤᠭᠠᠴᠠᠯ ᠤᠶᠠᠯᠳᠤᠭᠰᠠᠨ ᠦᠢᠯᠡᠰ ᠢ ᠬᠦᠭᠵᠢᠬᠦᠯᠵᠦ ᠮᠠᠯᠴᠢᠨ ᠲᠦᠮᠡᠨ ᠤ ᠤᠷᠤᠯᠭ᠎ᠠ ᠶᠢ ᠲᠡᠭᠡᠭᠰᠢᠯᠡᠬᠦᠯᠪᠡᠯ ᠵᠤᠬᠢᠨ᠎ᠠ᠃       ︵ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ︶      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号