5 ᠰᠠᠷ᠎ᠠ ᠶᠢᠨ 1 ᠤ ᠡᠳᠦᠷ ᠬᠡᠪᠯᠡᠭᠳᠡᠬᠦ ᠶᠢᠰᠦᠳᠦᠭᠡᠷ ᠬᠤᠭᠤᠴᠠᠭᠠᠨ ᠤ ︽ᠦᠨᠡᠨ︾ ᠰᠡᠳᠭᠦᠯ ᠳᠤ ᠨᠠᠮ ᠤᠨ | ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠤᠨᠢᠨ ᠳᠡᠭᠡᠷ᠎ᠠ ᠨᠢ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠲᠤᠬᠠᠢ ᠶᠠᠷᠢᠯᠴᠠᠬᠤ ᠬᠤᠷᠠᠯ ᠳᠡᠭᠡᠷᠡᠬᠢ | ᠶᠠᠷᠢᠶ᠎ᠠ︾ ᠶᠢ ᠨᠡᠶᠢᠳᠡᠯᠡᠪᠠ᠃ | ᠵᠤᠬᠢᠶᠠᠯ ᠳᠤ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠳᠤᠷ ᠬᠢᠬᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠭᠤᠷᠪᠠᠨ | ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠨᠢᠭᠡ ᠪᠤᠯᠤᠨ᠎ᠠ᠂ ᠲᠤᠭᠳᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠳᠤ | ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠲᠤᠯᠭᠠᠷᠠᠵᠤ ᠪᠠᠶᠢᠭ᠎ᠠ ᠡᠭᠦᠷᠭᠡ ᠶᠢᠨ ᠪᠡᠷᠬᠡ ᠬᠠᠳᠠᠭᠤᠵᠢᠯᠳᠤ ᠴᠢᠨᠠᠷ ᠢ | ᠳᠤᠳᠤᠷᠬᠠᠢ ᠲᠠᠨᠢᠨ ᠡᠵᠡᠮᠳᠡᠵᠤ᠂ ᠦᠢᠯᠡᠳᠦᠯᠭᠡ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠤᠯᠤᠨ | ᠡᠳᠡᠭᠡᠷ ᠠᠰᠠᠭᠤᠳᠠᠯ ᠢ ᠰᠢᠢᠳᠪᠦᠷᠢᠯᠡᠬᠦ ᠲᠤᠯᠭᠠᠮ ᠴᠢᠨᠠᠷ ᠢ ᠳᠤᠳᠤᠷᠬᠠᠢ ᠲᠠᠨᠢᠨ ᠡᠵᠡᠮᠳᠡᠵᠤ᠂ ᠡᠷᠴᠢ ᠰᠤᠯᠠᠷᠠᠯ ᠦᠭᠡᠢ | ᠂ ᠵᠤᠭᠰᠤᠩᠭᠢᠷᠠᠯ ᠦᠭᠡᠢ᠂ ᠬᠤᠶᠢᠷᠭᠤᠰᠢᠯ ᠦᠭᠡᠢ ᠪᠠᠷ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ | ᠳᠡᠭᠡᠭᠰᠢᠯᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠳᠤ | ᠠᠩᠬᠠᠷᠤᠯ ᠢᠶᠠᠨ ᠲᠦᠪᠯᠡᠷᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ | ᠯᠠᠪᠳᠠᠭᠤᠨ ᠪᠠᠳᠤᠳᠠᠢ ᠤᠷᠤᠭᠰᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | ᠵᠤᠬᠢᠶᠠᠯ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ | ᠤᠯᠤᠭᠰᠠᠨ ᠰᠢᠢᠳᠪᠦᠷᠢᠯᠡᠭᠴᠢ ᠴᠢᠨᠠᠷᠳᠠᠢ ᠠᠬᠢᠴᠠ ᠶᠢ ᠭᠦᠢᠴᠡᠳ ᠲᠠᠨᠢᠬᠤ ᠬᠡᠷᠡᠭᠳᠠᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠱᠠᠭᠠᠷᠳᠠᠯᠭ᠎ᠠ ᠠᠴᠠ ᠡᠭᠦᠰᠴᠤ᠂ ᠶᠠᠳᠠᠭᠤ ᠶᠢ ᠳᠡᠳᠬᠦᠵᠤ ᠨᠡᠬᠡᠬᠡᠨ ᠬᠦᠭᠵᠢᠭᠦᠯᠬᠦ ᠠᠵᠢᠯ ᠢ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠳᠠ ᠳᠤ ᠤᠷᠤᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ | ᠪᠡᠶᠡᠯᠡᠭᠦᠯᠬᠦ ᠴᠢᠬᠤᠯᠠ ᠡᠭᠦᠷᠭᠡ ᠪᠤᠯᠭᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠳᠠ ᠪᠠ ᠲᠤᠬᠢᠷᠠᠭᠤᠯᠤᠯᠳᠠ | ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ | ᠡᠬᠢᠯᠡᠭᠦᠯᠵᠤ᠂ ᠮᠠᠨ ᠤ ᠤᠯᠤᠰ ᠤᠨ ᠶᠠᠳᠠᠭᠤ ᠶᠢ ᠪᠠᠭᠠᠰᠬᠠᠭᠰᠠᠨ ᠲᠡᠤᠬᠡᠨ ᠳᠡᠭᠡᠷᠡᠬᠢ ᠬᠠᠮᠤᠭ ᠤᠨ ᠰᠠᠶᠢᠨ | ᠠᠮᠵᠢᠯᠳᠠ ᠶᠢ ᠡᠭᠦᠳᠴᠤ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠲᠦᠷᠭᠡᠨ ᠬᠦᠭᠵᠢᠬᠦ ᠶᠢ ᠠᠬᠢᠭᠤᠯᠵᠤ᠂ ᠪᠦᠬᠦ | ᠨᠡᠶᠢᠭᠡᠮ ᠢᠶᠠᠷ ᠢᠶᠠᠨ ᠶᠠᠳᠠᠭᠤ ᠶᠢ ᠳᠡᠳᠬᠦᠬᠦ ᠬᠦᠴᠦᠷᠬᠡᠭ ᠶᠡᠭᠡ ᠬᠠᠮᠳᠤᠷᠠᠯ ᠬᠦᠴᠦᠨ ᠢ ᠴᠤᠭᠴᠠᠯᠠᠵᠤ᠂ ᠳᠤᠮᠳᠠᠳᠤ | ᠤᠯᠤᠰ ᠤᠨ ᠤᠨᠴᠠᠯᠢᠭ ᠲᠠᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠦᠷᠢᠮ ᠤᠨ ᠰᠢᠰᠲ᠋ᠧᠮ ᠢ | ᠪᠠᠶᠢᠭᠤᠯᠵᠤ᠂ ᠪᠦᠬᠦ ᠳᠡᠯᠡᠭᠡᠢ ᠶᠢᠨ ᠶᠠᠳᠠᠭᠤ ᠶᠢ ᠪᠠᠭᠠᠰᠬᠠᠬᠤ ᠦᠢᠯᠡᠰ ᠲᠤ ᠳᠤᠮᠳᠠᠳᠤ ᠤᠯᠤᠰ ᠤᠨ ᠤᠶᠤᠨ ᠤᠬᠠᠭᠠᠨ | ᠪᠠ ᠳᠤᠮᠳᠠᠳᠤ ᠤᠯᠤᠰ ᠤᠨ ᠲᠦᠰᠦᠯ ᠢ ᠨᠡᠮᠡᠷᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠤᠨ ᠡᠷᠴᠢ ᠬᠦᠴᠦᠨ ᠤ ᠶᠡᠭᠡ᠂ ᠬᠡᠪᠴᠢᠶ᠎ᠠ ᠶᠢᠨ ᠦᠷᠭᠡᠨ᠂ ᠨᠦᠯᠦᠭᠡ ᠶᠢᠨ ᠭᠦᠨ ᠨᠢ ᠤᠷᠢᠳᠤ ᠡᠮᠦᠨ᠎ᠠ | ᠪᠠᠶᠢᠭ᠎ᠠ ᠦᠭᠡᠢ ᠬᠡᠮᠵᠢᠶᠠᠨ ᠳᠤ ᠬᠦᠷᠴᠤ᠂ ᠰᠢᠢᠳᠪᠦᠷᠢᠯᠡᠭᠴᠢ ᠴᠢᠨᠠᠷᠳᠠᠢ ᠠᠬᠢᠴᠠ ᠲᠠᠢ ᠪᠤᠯᠵᠤ᠂ ᠶᠠᠳᠠᠭᠤ | ᠬᠦᠴᠢᠷᠳᠡᠯᠳᠠᠢ ᠭᠠᠵᠠᠷ ᠤᠷᠤᠨ ᠪᠤᠯᠤᠨ ᠶᠠᠳᠠᠭᠤ ᠬᠦᠴᠢᠷᠳᠡᠯᠳᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠨᠦᠬᠦᠴᠡᠯ ᠢ ᠮᠡᠳᠡᠭᠳᠡᠮ᠎ᠠ ᠰᠠᠶᠢᠵᠢᠷᠠᠭᠤᠯᠵᠤ᠂ ᠬᠦᠮᠦᠨ ᠲᠦᠷᠦᠯᠬᠢᠳᠡᠨ ᠤ ᠶᠠᠳᠠᠭᠤ ᠶᠢ ᠡᠰᠡᠷᠭᠦᠴᠡᠬᠦ ᠲᠡᠤᠬᠡ ᠶᠢᠨ | ᠰᠢᠨ᠎ᠠ ᠬᠠᠭᠤᠳᠠᠰᠤ ᠶᠢ ᠪᠢᠴᠢᠭᠯᠡᠵᠠᠢ ᠭᠡᠵᠤ ᠵᠢᠭᠠᠵᠤ ᠭᠠᠷᠭᠠᠪᠠ᠃ | ᠵᠤᠬᠢᠶᠠᠯ ᠳᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠭᠤᠤ ᠶᠡᠭᠡ ᠦᠢᠯᠡᠲᠦᠯᠭᠡ | ᠲᠤᠮᠲᠠ᠂ ᠪᠢᠲᠠ ᠮᠠᠰᠢ ᠤᠯᠠᠠ ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠵᠠᠢ᠃ ᠨᠢᠭᠡ ᠳᠤ᠂ ᠨᠠᠮ ᠤᠨ | ᠤᠲᠤᠷᠢᠲᠤᠯᠭ᠎ᠠ ᠶᠢ ᠪᠠᠷᠢᠮᠲᠠᠯᠠᠠ᠂ ᠵᠤᠬᠢᠶᠠᠠ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠠᠢ᠃ ᠬᠤᠶᠠᠷ ᠲᠤ᠂ | ᠨᠠᠷᠢᠯᠢᠭ ᠤᠨᠤᠪᠴᠢᠲᠠᠢ ᠠᠷᠭ᠎ᠠ ᠪᠤᠳᠤᠯᠭ᠎ᠠ ᠶᠢ ᠪᠠᠷᠢᠮᠲᠠᠯᠠᠠ᠂ ᠶᠠᠲᠠᠭᠤ ᠠᠴᠠ ᠠᠩᠭᠢᠵᠢᠷᠠᠭᠤᠯᠬᠤ ᠪᠤᠲᠠᠲᠤ ᠦᠷ᠎ᠠ | ᠪᠦᠲᠦᠮᠵᠢ ᠶᠢ ᠲᠡᠭᠡᠭᠰᠢᠯᠡᠭᠦᠯᠵᠠᠢ᠃ ᠭᠤᠷᠪᠠ ᠳᠤ᠂ ᠤᠷᠤᠭᠤᠯᠤᠯᠲᠠ ᠪᠠᠨ ᠨᠡᠮᠡᠭᠲᠡᠭᠦᠯᠬᠦ ᠶᠢ ᠪᠠᠷᠢᠮᠳᠠᠯᠠᠨ᠂ ᠪᠡᠯᠡ | ᠮᠦᠩᠭᠦᠨ ᠤ ᠲᠡᠮᠵᠢᠯᠭᠡ ᠪᠠᠨ ᠴᠢᠩᠭᠠᠳᠬᠠᠵᠠᠢ᠃ ᠲᠦᠷᠪᠡ ᠳᠤ᠂ ᠨᠡᠶᠢᠭᠡᠮ ᠨᠡᠶᠢᠳᠡ ᠶᠢ ᠳᠠᠶᠢᠴᠢᠯᠠᠬᠤ ᠶᠢ ᠪᠠᠷᠢᠮᠲᠠᠯᠠᠨ᠂ | ᠡᠯ᠎ᠠ ᠲᠠᠯ᠎ᠠ ᠶᠢᠨ ᠬᠦᠴᠤᠨ ᠢ ᠨᠢᠭᠲᠠᠷᠠᠭᠤᠯᠪᠠ᠃ ᠲᠠᠪᠤ ᠳᠤ᠂ ᠴᠢᠩᠭ᠎ᠠ ᠱᠠᠭᠠᠷᠲᠠᠬᠤ ᠶᠢ ᠪᠠᠷᠢᠮᠲᠠᠯᠠᠠ᠂ ᠦᠨᠡᠨ ᠬᠦ | ᠠᠳᠬᠤᠠ ᠪᠤᠳᠠᠳᠠᠢ ᠠᠵᠢᠯᠯᠠᠬᠤ ᠶᠢ ᠠᠬᠢᠭᠤᠯᠪᠠ᠃ ᠵᠢᠷᠭᠤᠭ᠎ᠠ ᠳᠤ᠂ ᠤᠯᠠᠠ ᠲᠦᠮᠡᠡ ᠢᠶᠠᠷ ᠭᠤᠤᠯ ᠴᠤᠭᠴᠠ | ᠪᠤᠯᠭᠠᠬᠤ ᠶᠢ ᠪᠠᠷᠢᠮᠲᠠᠯᠡᠨ᠂ ᠲᠤᠲᠤᠭᠠᠲᠤ ᠬᠦᠲᠡᠯᠭᠡᠬᠦ ᠬᠦᠴᠤᠨ ᠢ ᠪᠠᠳᠠᠷᠠᠭᠤᠯᠪᠠ᠃ ᠡᠲᠡᠭᠡᠷ ᠲᠤᠷᠰᠢᠯᠭ᠎ᠠ ᠮᠠᠰᠢ | ᠡᠷᠬᠢᠮ ᠨᠠᠠᠲᠢᠨ ᠪᠠᠶᠢᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠪᠦᠭᠡᠳ ᠲᠠᠰᠤᠷᠠᠯᠲᠠ ᠦᠭᠡᠢ | ᠲᠡᠭᠦᠯᠲᠡᠷᠵᠢᠭᠦᠯᠥᠠ ᠬᠦᠭᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠡᠯᠲᠡ ᠶᠢ | ᠤᠯᠬᠤ ᠳᠤ ᠲᠤᠯᠭᠠᠷᠠᠬᠤ ᠬᠦᠴᠢᠷ ᠪᠡᠷᠬᠡᠰᠢᠶᠠᠯ ᠪᠤᠯᠤᠨ ᠦᠷᠢᠰᠦᠯᠲᠦᠭᠡᠡ ᠢ ᠰᠡᠷᠭᠡᠭ ᠢᠶᠠᠷ ᠡᠵᠡᠮᠲᠡᠬᠦ ᠬᠡᠷᠡᠭᠲᠡᠢ᠃ | ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠯᠤᠲᠦ ᠶᠡᠭᠡ ᠠᠮᠵᠢᠯᠲᠠ ᠤᠯᠤᠭᠰᠠᠠ ᠪᠤᠯᠪᠠᠴᠤ | ᠲᠤᠯᠭᠠᠷᠠᠵᠦ ᠪᠠᠶᠢᠭ᠎ᠠ ᠬᠦᠴᠢᠷᠲᠡᠯ ᠪᠤᠯᠤᠨ ᠦᠷᠢᠰᠦᠯᠲᠦᠭᠡᠡ ᠴᠤ ᠠᠳᠠᠯᠢᠬᠠᠨ ᠯᠤᠲᠦ ᠶᠡᠭᠡ ᠪᠠᠶᠢᠨ᠎ᠠ᠂ ᠰᠢᠢᠦᠪᠦᠷᠢᠯᠡᠬᠦ | ᠴᠢᠬᠤᠯᠠᠲᠠᠢ ᠲᠤᠪᠤᠶᠢᠮ᠎ᠠ ᠠᠰᠠᠭᠤᠲᠠᠯ ᠮᠦᠨ ᠬᠦ ᠴᠦᠭᠡᠡ ᠪᠤᠰᠤ ᠪᠠᠶᠢᠨ᠎ᠠ᠃ ᠶᠠᠲᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠬᠤ ᠠᠵᠢᠯ ᠳᠤ ᠲᠤᠯᠭᠠᠷᠠᠬᠤ ᠠᠰᠠᠭᠤᠳᠠᠯ ᠶᠠᠪᠤᠬᠤ ᠲᠤᠳᠤᠮ ᠪᠡᠷᠬᠡᠰᠢᠶᠠᠯᠳᠠᠢ ᠪᠤᠯᠬᠤ ᠪᠤᠯᠤᠨ᠎ᠠ᠃ | ᠬᠡᠯᠪᠡᠷᠢᠴᠢ ᠦᠵᠡᠯ᠂ ᠨᠤᠶᠠᠠᠴᠢ ᠰᠤᠷᠲᠠᠯ᠂ ᠬᠤᠳᠠᠯ ᠬᠡᠯᠡᠵᠦ ᠬᠠᠭᠤᠷᠮᠠᠭᠯᠠᠨ ᠵᠤᠬᠢᠶᠠᠬᠤ᠂ ᠶᠠᠭᠠᠷᠠᠵᠤ ᠪᠠᠴᠢᠮᠳᠠᠬᠤ ᠪᠠ | ᠬᠠᠯᠠᠰᠢᠷᠠᠬᠤ ᠰᠡᠳᠭᠢᠯᠭᠡ ᠵᠢᠴᠢ ᠨᠠᠵᠠᠭᠠᠢᠢᠷᠠᠨ ᠬᠤᠶᠢᠷᠭᠤᠰᠢᠵᠤ ᠢᠯᠵᠠᠷᠠᠨ ᠳᠤᠷᠦ᠋ᠢᠳᠠᠬᠤ ᠦᠵᠡᠭᠲᠡᠯ ᠮᠦᠨ ᠬᠦ | ᠤᠷᠤᠰᠢᠵᠦ ᠪᠠᠶᠢᠨ᠎ᠠ᠃ ᠬᠦᠴᠢᠷ ᠪᠡᠷᠬᠡᠰᠢᠶᠡᠯ ᠢ ᠨᠡᠩ ᠬᠦᠢᠴᠡᠳ ᠵᠢᠱᠢᠵᠦ᠂ ᠦᠷᠢᠰᠦᠯᠲᠦᠭᠡᠡ ᠢ ᠨᠡᠩ ᠬᠦᠢᠴᠡᠳ | ᠲᠠᠨᠢᠵᠦ᠂ ᠡᠯ᠎ᠠ ᠵᠦᠢᠯ ᠤᠨ ᠬᠦᠴᠢᠷ ᠪᠡᠷᠬᠡᠰᠢᠶᠠᠯ ᠪᠤᠯᠤᠨ ᠦᠷᠢᠰᠦᠯᠲᠦᠭᠡᠡ ᠢ ᠠᠷᠭᠠᠴᠠᠭᠠᠬᠤ ᠪᠠ ᠢᠯᠠᠨ ᠳᠠᠪᠠᠭ᠋ᠤ | ᠪᠡᠯᠡᠳᠭᠡᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠪᠦᠬᠦ ᠲᠠᠯ᠎ᠠ ᠪᠠᠷ | ᠰᠠᠶᠢᠲᠤᠷ ᠬᠢᠬᠦ ᠬᠡᠷᠡᠭᠲᠡᠢ᠃ ᠨᠠᠮ ᠤᠨ ᠲᠦᠪ ᠬᠤᠷᠢᠶᠠᠠ ᠤ ᠶᠡᠷᠦᠩᠭᠡᠢ ᠪᠠᠶᠢᠷᠢᠯᠠᠭᠤᠯᠤᠯᠲᠠ ᠪᠤᠯᠤᠨ ᠲᠤᠬᠢᠷᠠᠭᠤᠯᠤᠯᠲᠠ | ᠶᠤᠰᠤᠭᠠᠷ᠂ ᠵᠤᠬᠢᠶᠠᠠ ᠪᠠᠶᠢᠭᠤᠯᠵᠤ ᠤᠳᠤᠷᠢᠳᠬᠤ ᠪᠠᠨ ᠴᠢᠩᠭᠠᠳᠬᠠᠠ᠂ ᠬᠠᠷᠠᠯᠲᠠ ᠪᠠᠷᠢᠮᠵᠢᠶ᠎ᠠ ᠶᠢ ᠪᠠᠷᠢᠮᠲᠠᠯᠠᠵᠦ᠂ | ᠪᠠᠶᠢᠭᠤᠯᠤᠮᠵᠢ ᠲᠤᠭᠲᠠᠴᠠ ᠪᠠᠨ ᠴᠢᠩᠭᠠᠳᠬᠠᠠ᠂ ᠨᠠᠷᠢᠯᠢᠭ ᠤᠨᠤᠪᠴᠢᠲᠠᠢ ᠪᠠᠶᠢᠬᠤ ᠶᠢ ᠪᠠᠳᠤ ᠡᠵᠡᠮᠲᠡᠠ᠂ ᠪᠡᠯᠡ | ᠮᠦᠩᠭᠦᠨ ᠤ ᠬᠠᠮᠢᠶᠠᠷᠤᠯᠲᠠ ᠪᠠᠨ ᠲᠡᠭᠦᠯᠲᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠠ᠂ ᠺᠠᠳ᠋ᠷ ᠢ | ᠡᠭᠡᠯᠵᠢᠯᠡᠡ ᠪᠤᠯᠪᠠᠰᠤᠷᠠᠯ ᠬᠦᠷᠳᠡᠭᠡᠵᠦ᠂ ᠲᠤᠲᠤᠭᠠᠲᠤ ᠬᠦᠲᠡᠯᠭᠡᠬᠦ ᠬᠦᠴᠤᠨ ᠢ ᠪᠠᠳᠠᠷᠠᠭᠤᠯᠬᠤ ᠶᠢ ᠴᠢᠬᠤᠯᠠᠴᠢᠯᠠᠬᠤ | ᠭᠡᠷᠡᠭᠲᠡᠢ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠲᠤᠭᠲᠠᠭᠰᠠᠠ ᠬᠤᠭᠤᠴᠠᠭᠠᠠ ᠳᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠲᠠᠶᠢᠯᠠᠯᠲᠤᠭᠠᠠ ᠤ ᠢᠯᠠᠯᠲᠠ ᠶᠢ ᠤᠯᠪᠠᠯ᠂ ᠲᠤᠮᠲᠠᠲᠤ ᠶᠢᠨ ᠦᠨᠲᠦᠰᠦᠲᠡᠡ ᠳᠤ ᠤᠳᠠᠭᠠᠨ ᠵᠢᠯ ᠤᠷᠤᠰᠢᠭᠰᠠᠭᠠᠷ | ᠢᠷᠡᠭᠰᠡᠡ ᠬᠠᠷᠢᠴᠠᠯᠠᠰᠢᠭᠦᠢ ᠶᠠᠲᠠᠭᠤ ᠬᠦᠴᠢᠷᠲᠡᠯᠲᠡᠢ ᠪᠠᠶᠢᠬᠤ ᠠᠰᠠᠭᠤᠲᠠᠯ᠂ ᠮᠠᠠ ᠤ ᠡᠨᠡ ᠨᠢᠭᠡ ᠦᠶ᠎ᠠ ᠶᠢᠨ | ᠬᠦᠮᠦᠰ ᠤᠨ ᠭᠠᠷ ᠲᠤ ᠲᠡᠤᠭᠡᠲᠦ ᠴᠢᠨᠠᠷᠲᠠᠢ ᠰᠢᠢᠳᠪᠦᠷᠢᠯᠡᠭᠲᠡᠬᠦ ᠪᠤᠯᠤᠨ᠎ᠠ᠃ ᠡᠨᠡ ᠪᠤᠯ ᠮᠠᠨ ᠤ ᠠᠮᠢᠲᠤᠷᠠᠯ ᠤᠨ ᠠᠵᠠ | ᠵᠠᠪᠰᠢᠶᠠᠠ ᠪᠢᠯᠡ᠃ ᠪᠢᠲᠠ ᠬᠠᠮᠲᠤ ᠪᠠᠷ ᠴᠢᠷᠮᠠᠶᠢᠵᠦ ᠪᠠᠶᠢᠭᠠᠳ᠂ ᠡᠨᠡ ᠬᠦ ᠲᠤᠮᠲᠠᠲᠤ ᠶᠢᠨ ᠦᠨᠲᠦᠰᠦᠲᠠᠠ ᠵᠢᠴᠢ | ᠪᠦᠬᠦ᠋ᠢᠯᠡ ᠬᠦᠮᠦᠨ ᠲᠦᠷᠦᠯᠬᠢᠲᠠᠠ ᠳᠤ ᠪᠦᠷ ᠴᠢᠬᠤᠯᠠ ᠶᠡᠭᠡ ᠠᠴᠢ ᠬᠤᠯᠪᠤᠭᠲᠠᠯ ᠲᠠᠢ ᠠᠭᠤᠤ ᠶᠡᠭᠡ ᠦᠢᠯᠡᠰ ᠢ | ᠬᠠᠮᠲᠤ ᠪᠠᠷ ᠪᠡᠶᠡᠯᠡᠭᠦᠯᠰᠦᠭᠡᠢ᠃ ᠪᠦᠬᠦ ᠨᠠᠮ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ | ᠰᠡᠳᠬᠢᠯ ᠨᠢᠭᠡᠳᠦᠨ ᠬᠦᠴᠤ ᠪᠠᠨ ᠬᠠᠮᠲᠤᠳᠬᠠᠵᠦ᠂ ᠡᠷᠡᠯᠭᠡᠭᠯᠡᠨ ᠲᠡᠮᠡᠴᠡᠲᠡᠭ ᠯᠡ ᠶᠤᠮ ᠪᠤᠯ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠯᠠᠪᠲᠠᠢ ᠰᠠᠶᠢᠨ ᠬᠢᠵᠦ ᠢᠯᠠᠯᠲᠠ ᠤᠯᠵᠦ ᠴᠢᠲᠠᠨ᠎ᠠ | ᠭᠡᠵᠦ ᠴᠢᠬᠤᠯᠠᠴᠢᠯᠠᠪᠠ᠃ | |