ᠰᠢ ᠶᠢᠨ ᠫᠢᠩ᠄ ᠬᠦᠰᠡᠯᠡᠩ ᠢᠳᠡᠬᠡᠯ ᠪᠢᠰᠢᠷᠡᠯ ᠢᠶᠠᠨ ᠪᠠᠳᠤᠳᠬᠠᠨ ᠠᠷᠠᠳ ᠲᠦᠮᠡᠨ ᠤ ᠵᠤᠬᠰᠤᠯᠳᠠ ᠳᠤ ᠪᠠᠳᠤ ᠵᠤᠬᠰᠤᠵᠤ ᠤᠷᠦ᠋ᠢᠯᠠᠬᠰᠠᠨ ᠡᠷᠳᠡᠮ ᠴᠢᠳᠠᠪᠤᠷᠢ ᠶᠢ ᠲᠠᠪᠳᠠᠨ ᠪᠤᠯᠪᠠᠰᠤᠷᠠᠭᠤᠯᠵᠦ ᠤᠯᠤᠰ ᠢᠶᠠᠨ ᠬᠦᠴᠦᠷᠭᠡᠭᠵᠢᠬᠦᠯᠬᠦ ᠠᠤᠭ᠎ᠠ ᠤᠢᠢᠯᠡᠰ ᠲᠤ ᠤᠷᠤᠯᠴᠠᠬᠤ ᠭᠡᠷᠡᠭᠳᠠᠢ
ᠨᠡᠶᠢᠲᠡᠯᠡᠭᠰᠡᠨ ᠴᠠᠭ᠄
2020-05-06
     ᠲᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠪᠠᠶᠠᠷ ᠤᠨ ᠡᠳᠦᠷ ᠬᠦᠷᠴᠤ ᠢᠷᠡᠬᠦ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠨᠠᠮ ᠤᠨ ᠲᠦᠪ ᠬᠤᠷᠢᠶ᠎ᠠ ᠶᠢ ᠲᠦᠯᠤᠬᠡᠯᠠᠵᠤ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠵᠠᠯᠠᠭᠤᠴᠤᠳ ᠲᠤ ᠪᠠᠶᠠᠷ ᠤᠨ ᠡᠳᠤᠷ ᠤᠨ ᠵᠦᠩᠨᠡᠯ ᠪᠤᠯᠤᠨ ᠴᠢᠩ ᠰᠡᠳᠬᠢᠯ ᠤᠨ ᠮᠠᠨᠳᠤᠴᠢᠯᠠᠯ ᠬᠦᠷᠬᠡᠵᠡᠢ᠃      ᠰᠢ ᠶᠢᠨ ᠫᠢᠩ᠂ ᠵᠠᠯᠠᠭᠤ ᠨᠠᠰᠤ ᠲᠠᠪᠳᠠᠨ ᠪᠤᠯᠪᠠᠰᠤᠷᠠᠯ ᠪᠠᠶᠢᠭᠰᠠᠨ ᠠᠴᠠ ᠭᠡᠷᠡᠯ ᠬᠢᠯᠪᠠᠭ᠎ᠠ ᠪᠠᠨ ᠰᠠᠴᠤᠷᠠᠭᠤᠯᠵᠤ᠂ ᠬᠦᠮᠤᠨ ᠤ ᠠᠮᠢᠳᠤᠷᠠᠯ ᠡᠷᠡᠮᠡᠭᠡᠶᠢᠯᠡᠨ ᠲᠡᠮᠡᠴᠡᠭᠰᠡᠨ ᠠᠴᠠ ᠦᠭᠡᠳᠡᠯᠡᠨ ᠲᠠᠪᠰᠢᠨ᠎ᠠ᠃ ᠬᠡᠨᠡᠳᠳᠠ ᠳᠠᠭᠠᠷᠢᠨ ᠢᠷᠡᠭᠰᠡᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠪᠦᠬᠦ ᠤᠯᠤᠰ ᠤᠨ ᠦᠨᠳᠤᠰᠤᠳᠠᠨ ᠨᠦᠭᠦᠳ ᠤᠨ ᠵᠠᠯᠠᠭᠤᠴᠤᠳ ᠨᠠᠮ ᠤᠨ ᠤᠷᠢᠶᠠᠯᠠᠭ᠎ᠠ ᠶᠢ ᠢᠳᠡᠪᠬᠢᠳᠠᠢ ᠴᠤᠤᠷᠢᠶᠠᠳᠤᠨ ᠲᠠᠭᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠳᠤ ᠭᠠᠪᠰᠢᠭᠠᠢᠢᠯᠠᠨ ᠤᠷᠤᠯᠴᠠᠵᠤ᠂ ᠬᠦᠴᠢᠷ ᠪᠡᠷᠬᠡᠰᠢᠶᠠᠯ ᠠᠴᠠ ᠠᠶᠤᠬᠤ ᠦᠬᠡᠢ ᠂ ᠬᠤᠰᠢᠭᠤᠴᠢᠯᠠᠨ ᠲᠠᠭᠠᠷᠢᠵᠤ᠂ ᠴᠢᠩ ᠦᠨᠡᠨᠴᠢ ᠰᠡᠳᠬᠢᠯ ᠢᠶᠠᠷ ᠦᠪᠡᠷ ᠢ ᠪᠠᠨ ᠵᠤᠷᠢᠭᠤᠯᠵᠤ᠂ ᠤᠳᠤ ᠦᠶ᠎ᠠ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠠᠷᠢᠭᠤᠴᠠᠯᠭ᠎ᠠ ᠪᠠᠨ ᠵᠤᠷᠢᠬᠳᠠᠢ ᠡᠬᠦᠷᠬᠡᠯᠡᠬᠦ ᠵᠤᠷᠢᠬ ᠰᠠᠨᠠᠭ᠎ᠠ ᠶᠢ ᠭᠠᠶᠢᠬᠠᠭᠤᠯᠵᠤ᠂ ᠨᠠᠮ ᠪᠤᠯᠤᠨ ᠠᠷᠠᠳ ᠲᠦᠮᠡᠨ ᠤ ᠳᠡᠭᠡᠳᠦ ᠭᠡᠮᠵᠢᠶᠠᠨ ᠤ ᠮᠠᠬᠳᠠᠭᠠᠯ ᠰᠠᠶᠢᠰᠢᠶᠠᠯ ᠢ ᠤᠯᠪᠠ᠃ ᠪᠢ ᠲᠠᠨᠠᠷ ᠤᠨ ᠡᠮᠤᠨ᠎ᠠ ᠠᠴᠠ ᠤᠮᠤᠬᠰᠢᠵᠤ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠡᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠪᠤᠯᠬᠤ ᠪᠦᠭᠡᠳ ᠪᠠᠰᠠ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ ᠲᠡᠤᠭᠡ ᠶᠢᠨ ᠠᠭᠤᠯᠵᠠᠷ ᠤᠨ ᠪᠤᠯᠤᠨ᠎ᠡ᠃ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠵᠠᠯᠠᠭᠤᠴᠤᠳ ᠲᠠᠪᠤᠨ ᠰᠠᠷ᠎ᠠ ᠶᠢᠨ ᠳᠦᠷᠪᠡᠨ ᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠵᠤ᠂ ᠠᠷᠠᠳ ᠲᠦᠮᠡᠨ ᠤ ᠵᠤᠬᠰᠤᠯᠲᠡ ᠳᠤ ᠪᠠᠲᠦ ᠵᠤᠭᠰᠤᠵᠤ᠂ ᠤᠷᠦ᠋ᠢᠯᠠᠬᠰᠠᠨ ᠡᠷᠳᠡᠮ ᠴᠢᠳᠠᠪᠤᠷᠢ ᠶᠢ ᠲᠠᠪᠳᠠᠨ ᠪᠤᠯᠪᠠᠰᠤᠷᠠᠭᠤᠯᠵᠤ᠂ ᠤᠯᠤᠰ ᠢᠶᠠᠨ ᠬᠦᠴᠦᠷᠭᠡᠭᠵᠢᠬᠦᠯᠬᠦ ᠠᠤᠭ᠎ᠠ ᠦᠢᠯᠡᠰ ᠲᠤ ᠤᠷᠤᠯᠴᠠᠵᠤ᠂ ᠢᠮᠠᠬᠳᠠ ᠰᠢᠷᠭᠠᠭᠤ ᠬᠠᠳᠠᠭᠤᠵᠢᠯᠳᠠᠢ ᠲᠡᠮᠡᠴᠡᠬᠦ ᠤᠷᠤᠬᠰᠢᠯᠠᠯᠳᠠ ᠶᠢᠨ ᠲᠦᠷᠰᠤ ᠪᠠᠶᠢᠳᠠᠯ ᠢ ᠪᠠᠲᠤᠯᠠᠵᠤ᠂ ᠲᠦᠭ ᠲᠦᠮᠡᠨ ᠠᠷᠠᠳ ᠲᠦᠮᠡᠨ ᠲᠠᠢ ᠬᠠᠮᠳᠤ ᠪᠠᠷ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠰᠢᠨ᠎ᠡ ᠤᠷᠳᠤ ᠵᠠᠮ ᠤᠨ ᠠᠶᠠᠨ ᠲᠠᠶᠢᠨ ᠳᠤ ᠡᠷᠡᠮᠡᠭᠡᠶᠢᠯᠡᠨ ᠲᠠᠮᠠᠴᠡᠬᠦ ᠭᠡᠷᠡᠭᠳᠠᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ᠂ ᠡᠯ᠎ᠡ ᠱᠠᠳᠤᠨ ᠤ ᠤᠳᠤᠷᠢᠳᠬᠤ ᠺᠠᠳ᠋ᠷ ᠵᠢᠴᠢ ᠪᠦᠬᠦ ᠨᠡᠶᠢᠭᠡᠮ ᠤᠨ ᠬᠢᠨ ᠴᠦᠮ ᠵᠠᠯᠠᠭᠤᠴᠤᠳ ᠤᠨ ᠦᠰᠤᠨ ᠪᠤᠶᠢᠵᠢᠯᠳᠠ ᠶᠢ ᠬᠠᠯᠠᠮᠵᠢᠯᠠᠵᠤ᠂ ᠦᠷᠭᠡᠨ ᠤᠯᠠᠨ ᠵᠠᠯᠠᠭᠤᠴᠤᠳ ᠤᠨ ᠭᠠᠪᠢᠶ᠎ᠡ ᠪᠠᠶᠢᠭᠤᠯᠵᠤ ᠦᠢᠯᠡᠰ ᠪᠤᠰᠬᠠᠬᠤ ᠶᠢ ᠨᠢ ᠲᠠᠮᠵᠢᠬᠦ ᠭᠡᠷᠡᠭᠳᠠᠢ᠃ ᠡᠪ ᠬᠠᠮᠳᠤ ᠵᠠᠯᠠᠭᠤᠴᠤᠳ ᠤᠨ ᠡᠪᠯᠡᠯ ᠨᠢ ᠨᠠᠮ ᠤᠨ ᠤᠯᠭᠤᠬᠰᠡᠨ ᠢᠷᠠᠭᠤ ᠠᠯᠳᠠᠷᠳᠤ ᠲᠤᠰᠢᠶᠠᠯ ᠬᠠᠷᠢᠭᠤᠴᠠᠯᠭ᠎ᠠ ᠶᠢ ᠡᠬᠦᠷᠭᠡᠯᠡᠵᠤ᠂ ᠦᠷᠭᠡᠨ ᠤᠯᠠᠨ ᠡᠪᠯᠠᠯ ᠤᠨ ᠭᠡᠰᠢᠬᠦᠨ ᠵᠠᠯᠠᠭᠤᠴᠤᠳ ᠢ ᠪᠦᠯᠬᠦᠮᠳᠡᠬᠦᠯᠤᠨ ᠲᠠᠭᠠᠭᠤᠯᠵᠤ ᠰᠢᠨ᠎ᠡ ᠴᠠᠭ ᠦᠶ᠎ᠡ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠠ ᠳᠤ ᠨᠡᠩ ᠶᠡᠭᠡ ᠰᠢᠨ᠎ᠡ ᠬᠤᠪᠢ ᠨᠠᠮᠡᠷᠢ ᠦᠵᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号