ᠰᠢ ᠶᠢᠨ ᠫᠢᠩ ᠴᠧᠬᠣ᠋ ᠶᠢᠨ ᠶᠡᠷᠦᠩᠬᠡᠶᠢᠯᠡᠭᠴᠢ ᠽᠧᠮᠠᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-06
     ᠤᠯᠤᠰ ᠤᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 30 ᠤ ᠤᠷᠤᠢ ᠴᠧᠬᠣ᠋ ᠶᠢᠨ ᠶᠡᠷᠦᠩᠬᠡᠶᠢᠯᠡᠭᠴᠢ ᠽᠧᠮᠠᠨ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠪᠡᠷᠬᠡ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠡᠡᠯᠠᠯᠳᠠ ᠶᠢᠨ ᠳᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠤᠯᠪᠠ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠵᠡᠷᠭᠡ ᠪᠠᠷ᠂ ᠪᠦᠬᠦ ᠤᠯᠤᠰ ᠤᠨ ᠬᠡᠪᠴᠢᠶᠡᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠪᠦᠬᠦ ᠬᠦᠴᠦ ᠪᠠᠷ ᠢᠶᠠᠨ ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠴᠠᠭ ᠦᠶ᠎ᠡ ᠳᠤ᠂ ᠲᠠ ᠴᠧᠬᠣ᠋ ᠶᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠶᠢ ᠤᠷᠢᠶᠠᠯᠠᠭᠰᠠᠨ ᠪᠥᠭᠡᠳ ᠲᠤᠰᠬᠠᠶ ᠨᠢᠰᠬᠡᠯ ᠲᠣᠮᠢᠯᠠᠨ ᠳᠤᠮᠳᠠᠳᠤ ᠶᠢᠨ ᠲᠠᠯ᠎ᠠ ᠳᠤ ᠬᠢᠵᠢᠭ ᠲᠠᠢ ᠳᠡᠮᠡᠴᠡᠬᠦ ᠡᠳ᠋ ᠪᠣᠳᠠᠰ ᠵᠥᠭᠡᠭᠡᠪᠦᠷᠢᠯᠡᠨ ᠦᠭᠴᠤ᠂ ᠳᠤᠮᠳᠠᠳᠤ ᠤᠯᠤᠰ ᠤᠨ ᠠᠷᠠᠳ ᠲᠦᠮᠡᠨ ᠳᠤ ᠴᠢᠩ ᠦᠨᠡᠨᠴᠢ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠷᠡᠭᠦᠯᠵᠡᠶ᠃ ᠳᠤᠮᠳᠠᠳᠤ ᠶᠢᠨ ᠲᠠᠯ᠎ᠠ ᠴᠧᠬᠣ᠋ ᠶᠢᠨ ᠲᠠᠯ᠎ᠠ ᠶᠢᠨ ᠬᠢᠨ ᠤ ᠬᠢᠵᠢᠭ ᠲᠠᠢ ᠳᠡᠮᠡᠴᠡᠬᠦ ᠶᠢ ᠡᠷᠡᠰ ᠲᠡᠮᠵᠢᠵᠦ᠂ ᠬᠤᠶᠠᠷ ᠲᠠᠯ᠎ᠠ ᠬᠢᠭᠡᠳ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠶᠢᠨ ᠤᠯᠤᠰ ᠤᠳ ᠤᠨ ᠬᠠᠮᠲᠤᠷᠠᠯᠴᠠᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠴᠧᠬᠣ᠋ ᠶᠢᠨ ᠳᠠᠯ᠎ᠠ ᠯᠤᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠪᠣᠯᠤᠨ ᠲᠤᠷᠰᠢᠯᠭ᠎ᠠ ᠪᠠᠨ ᠬᠤᠪᠢᠶᠠᠯᠴᠠᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠬᠥᠮᠦᠨ ᠲᠥᠷᠥᠯᠬᠢᠲᠡᠨ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠬᠢᠵᠢᠭ ᠤᠨ ᠪᠠᠶᠢᠳᠠᠯ ᠤᠨ ᠡᠮᠦᠨ᠎ᠡ ᠨᠡᠩ ᠴᠤ ᠡᠶᠢᠮᠦ ᠪᠠᠶᠢᠳᠠᠭ᠃ ᠳᠤᠮᠳᠠᠳᠤ ᠤᠯᠤᠰ ᠳᠤᠷᠠᠲᠠᠶ᠎ᠠ ᠴᠧᠬᠣ᠋ ᠶᠢ ᠪᠠᠭᠲᠠᠭᠠᠭᠰᠠᠨ ᠳᠡᠯᠡᠬᠡᠢ ᠨᠡᠶᠢᠳᠡ ᠶᠢᠨ ᠬᠢᠨ ᠲᠠᠢ ᠬᠠᠮᠲᠤ ᠪᠠᠷ ᠪᠦᠲᠦᠮᠵᠢᠲᠡᠢ ᠬᠤᠯᠪᠤᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠢᠳᠡᠪᠬᠢᠲᠡᠢ ᠥᠷᠨᠢᠭᠦᠯᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠡᠷᠡᠰ ᠬᠤᠷᠢᠡᠡᠯᠠᠬᠤ ᠶᠢᠨ ᠬᠠᠮᠲᠤ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠳᠡᠯᠡᠬᠡᠢ ᠶᠢᠨ ᠠᠵᠤ ᠠᠬᠤᠢ ᠳᠤ ᠠᠪᠴᠢᠷᠠᠭᠰᠠᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠤᠨ ᠤᠯᠠᠨ ᠤᠯᠤᠰ ᠤᠨ ᠬᠠᠷᠢᠯᠴᠠᠭ᠎ᠠ ᠶᠢᠨ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠨ᠎ᠠ᠃ ᠳᠡᠯᠡᠬᠡᠶ ᠨᠡᠶᠢᠲᠡ ᠪᠠᠷ ᠢᠶᠠᠨ ᠭᠠᠷ ᠬᠤᠯᠪᠣᠨ ᠴᠢᠷᠮᠠᠶᠢᠬᠤ ᠪᠠᠷ ᠳᠠᠮᠵᠢᠨ ᠬᠥᠮᠦᠨ ᠲᠥᠷᠥᠯᠬᠢᠲᠡᠨ ᠡᠴᠤᠰ ᠲᠡᠭᠡᠨ ᠬᠢᠵᠢᠭ ᠢ ᠯᠠᠪᠲᠠᠶ ᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠤ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠴᠧᠬᠣ᠋ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠃ ᠳᠤᠮᠳᠠᠳᠤ ᠶᠢᠨ ᠲᠠᠯ᠎ᠠ ᠳᠤᠮᠳᠠᠳᠤ ᠴᠧᠬᠣ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠴᠧᠬᠣ᠋ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠴᠧᠬᠣ᠋ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠤᠨ᠎ᠠ᠃ ᠬᠢᠵᠢᠭ ᠥᠩᠭᠡᠷᠡᠭᠰᠡᠨ ᠤ ᠳᠠᠷᠠᠭ᠎ᠠ ᠲᠠᠨ ᠲᠠᠢ ᠠᠭᠤᠯᠵᠠᠵᠤ᠂ ᠳᠤᠮᠳᠠᠳᠤ ᠴᠧᠬᠣ᠋ ᠪᠣᠯᠤᠨ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠶᠢᠨ ᠤᠯᠤᠰ ᠤᠳ ᠤᠨ ᠬᠠᠷᠢᠯᠴᠠᠭ᠎ᠠ ᠶᠢᠨ ᠢᠷᠡᠭᠡᠳᠦᠢ ᠶᠢ ᠬᠠᠮᠲᠤ ᠪᠠᠷ ᠵᠢᠷᠤᠭᠯᠠᠬᠤ ᠶᠢ ᠪᠢ ᠬᠦᠰᠡᠵᠦ ᠪᠠᠶᠢᠨ᠎ᠠ ᠬᠡᠵᠥ ᠴᠢᠬᠤᠯᠠᠴᠢᠯᠠᠪᠠ᠃      ᠽᠧᠮᠠᠨ᠂ ᠳᠤᠮᠳᠠᠳᠤ ᠤᠯᠤᠰ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠮᠵᠢᠯᠲᠠ ᠲᠠᠢ ᠡᠵᠡᠮᠳᠡᠵᠤ᠂ ᠠᠵᠤ ᠠᠬᠤᠶ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠶ ᠪᠠᠨ ᠢᠯᠡᠷᠡᠭᠦᠯᠪᠡ᠃ ᠴᠧᠬᠣ᠋ ᠶᠢᠨ ᠬᠢᠵᠢᠭ ᠲᠠᠢ ᠳᠡᠮᠡᠴᠡᠬᠦ ᠳᠤ ᠳᠤᠮᠳᠠᠳᠤ ᠶᠢᠨ ᠲᠠᠯ᠎ᠠ ᠶᠢᠨ ᠬᠢᠨ ᠡᠷᠬᠢᠮ ᠨᠠᠨᠳᠢᠨ ᠳᠡᠮᠵᠢᠯᠭᠡ ᠪᠠ ᠲᠤᠰᠠᠯᠠᠮᠵᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠴᠧᠬᠣ᠋ ᠳᠤᠮᠳᠠᠳᠤ ᠶᠢᠨ ᠨᠥᠬᠦᠷᠯᠡᠯ ᠪᠠᠲᠤ ᠪᠠᠬᠢ ᠪᠠᠶᠢᠵᠤ᠂ ᠬᠤᠶᠠᠷ ᠲᠠᠯ᠎ᠠ ᠶᠢᠨ ᠠᠷᠠᠳ ᠲᠦᠮᠡᠨ ᠨᠥᠬᠦᠷᠰᠡᠭ ᠬᠠᠶᠢᠷ᠎ᠠ ᠰᠡᠳᠬᠢᠯᠭᠡ ᠲᠠᠢ ᠶᠤᠮ᠃ ᠪᠢ ᠪᠣᠯ ᠳᠤᠮᠳᠠᠳᠤ ᠤᠯᠤᠰ ᠤᠨ ᠦᠨᠡᠨᠴᠢ ᠨᠠᠶᠢᠵᠠ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠴᠢᠷᠮᠠᠶᠢᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠬᠠᠷᠰᠢ ᠰᠠᠭᠠᠳ ᠢ ᠠᠷᠢᠯᠭᠠᠵᠤ᠂ ᠦᠷᠭᠦᠯᠵᠢᠯᠡᠨ ᠤᠷᠤᠭᠰᠢ ᠬᠥᠭᠵᠢᠬᠦ ᠶᠢ ᠪᠠᠲᠤᠯᠠᠨ᠎ᠠ᠃ ᠪᠢ ᠤᠳᠠᠬᠤ ᠦᠭᠡᠢ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠤ ᠶᠢ ᠬᠦᠰᠡᠵᠦ ᠪᠠᠶᠢᠨ᠎ᠡ ᠬᠡᠵᠥ ᠢᠯᠡᠳᠬᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号