ᠵᠤᠤ ᠹᠸᠢ ᠯᠤ᠋ ᠰᠢᠷᠬᠤᠰᠤᠨ ᠪᠠᠯᠭᠠᠰᠤ ᠰᠥᠯᠳᠠ ᠰᠤᠮᠤ ᠥᠥᠰᠢᠨᠵᠤᠤ ᠪᠠᠯᠭᠠᠰᠤᠨ ᠤ ᠲᠥᠯᠥᠭᠡᠯᠡᠭᠴᠢᠳ ᠤᠨ ᠪᠥᠯᠭᠦᠮ ᠤᠨ ᠲᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020-05-06
     ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠦᠤᠰᠢᠨ ᠬᠤᠰᠢᠭᠤᠨ  ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠲᠦᠷᠪᠡᠲᠦᠭᠡᠷ ᠤᠳᠠᠭᠠᠨ ᠤ ᠬᠤᠷᠠᠯᠳᠤᠭᠠᠨ ᠤ ᠰᠢᠷᠬᠤᠰᠤᠨ ᠪᠠᠯᠭᠠᠰᠤ᠂ ᠰᠥᠯᠳᠠ ᠰᠤᠮᠤ᠂ ᠥᠥᠰᠢᠨᠵᠤᠤ ᠪᠠᠯᠭᠠᠰᠤᠨ ᠤ ᠲᠥᠯᠥᠭᠡᠯᠡᠭᠴᠢᠳ ᠤᠨ ᠪᠥᠯᠭᠦᠮ ᠤᠨ ᠲᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠳᠤ ᠤᠷᠤᠯᠴᠠᠨ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠲᠦᠷᠪᠡᠲᠦᠭᠡᠷ ᠤᠳᠠᠭᠠᠨ ᠤ ᠬᠤᠷᠠᠯᠳᠤᠭᠠᠨ ᠳᠤ ᠤᠷᠤᠯᠴᠠᠭᠰᠠᠨ ᠲᠥᠯᠥᠭᠡᠯᠡᠭᠴᠢ ᠲᠠᠢ ᠬᠠᠮᠳᠤᠪᠠᠷ ᠵᠠᠰᠠᠭ ᠤᠨ ᠤᠷᠳᠤᠨ ᠤ ᠠᠵᠢᠯ ᠤᠨ ᠢᠯᠠᠳᠭᠡᠯ ᠢ ᠶᠠᠷᠢᠯᠴᠠᠭᠰᠠᠨ ᠪᠠᠶᠢᠨ᠎ᠠ᠃
     ᠬᠤᠷᠠᠯ ᠳᠡᠭᠡᠷ᠎ᠡ᠂ ᠲᠥᠯᠥᠭᠡᠯᠡᠭᠴᠢᠳ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠦᠨᠡᠨ ᠠᠴᠠ ᠵᠥᠪ ᠢ ᠡᠷᠢᠨ ᠪᠤᠰᠤᠳᠴᠢ ᠣᠨᠣᠪᠴᠢᠲᠠᠶ ᠪᠠᠷ ᠪᠠᠶᠢᠳᠠᠯ ᠢ ᠵᠠᠳᠠᠯᠵᠦ᠂ 2019 ᠣᠨ ᠤ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠥᠩᠨᠡᠵᠦ 2020 ᠣᠨ ᠤ ᠠᠵᠢᠯ  ᠢᠶᠠᠨ ᠲᠦᠯᠦᠪᠵᠢᠬᠦᠯᠦᠨ ᠬᠦᠴᠦᠨ ᠴᠢᠳᠠᠯ ᠢ ᠨᠢᠭᠲᠠᠷᠠᠭᠤᠯᠤᠨ ᠤᠷᠤᠭᠰᠢ ᠳᠠᠪᠰᠢᠭᠤᠯᠬᠤ ᠶᠢ ᠵᠣᠷᠢᠭᠵᠢᠭᠤᠯᠬᠤ ᠰᠠᠶᠢᠨ ᠢᠯᠡᠳᠬᠡᠯ ᠪᠤᠯᠤᠭᠰᠠᠨ ᠪᠠᠶᠢᠨ᠎ᠠ ᠭᠡᠵᠦ ᠰᠠᠨᠠᠯ ᠨᠢᠭᠡᠲᠡᠶ ᠦᠵᠡᠪᠡ᠃      ᠵᠣᠣ ᠹᠸᠢ ᠯᠦ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠣᠷᠴᠢᠨ ᠲᠤᠭᠤᠷᠢᠨ ᠨᠢ ᠭᠠᠵᠠᠷ ᠣᠷᠣᠨ ᠤ ᠠᠯᠤᠰ ᠬᠡᠲᠦ ᠶᠢᠨ ᠭᠦᠭᠵᠢᠯᠲᠡ᠂ ᠠᠷᠠᠳ ᠢᠷᠭᠡᠳ ᠤᠨ ᠵᠣᠯ ᠵᠢᠷᠭᠠᠯ ᠪᠠ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠦ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ  ᠶᠢᠨ ᠵᠢᠱᠢᠶᠡᠴᠢ ᠶᠢ ᠡᠭᠦᠳᠤᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ ᠪᠡᠯᠴᠢᠭᠡᠷᠯᠡᠭᠦᠯᠭᠦ ᠶᠢ ᠬᠤᠷᠢᠬᠯᠠᠬᠤ ᠲᠦᠷᠢᠮ ᠢ ᠴᠢᠩᠭ᠎ᠠ ᠬᠡᠷᠡᠭᠵᠢᠭᠦᠯᠵᠦ ᠰᠢᠨᠵᠢᠯᠡᠬᠦ ᠤᠬᠠᠭᠠᠨᠴᠢ ᠪᠠᠷ ᠤᠷᠤᠨ ᠬᠤᠪᠢᠶᠠᠨ ᠡᠭᠡᠯᠵᠢᠯᠡᠨ ᠮᠠᠯᠵᠢᠵᠤ ᠤᠰᠤ ᠠᠷᠪᠢᠯᠠᠬᠤ ᠲᠠᠷᠢᠮᠠᠯ ᠪᠣᠯᠤᠨ ᠤᠰᠤ ᠠᠷᠪᠢᠯᠠᠬᠤ ᠤᠰᠤᠯᠠᠬᠤ ᠲᠥᠭᠦᠭᠡᠷᠤᠮᠵᠢ  ᠶᠢ ᠳᠡᠯᠭᠡᠷᠡᠭᠦᠯᠣᠨ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠦ ᠦᠷ᠎ᠡ ᠬᠤᠶᠢᠴᠢᠰ ᠲᠠᠭᠠᠨ ᠬᠥᠭᠵᠢᠯᠲᠡ ᠶᠢᠨ ᠣᠷᠣᠨ ᠵᠠᠢ ᠶᠢ ᠦᠯᠡᠳᠡᠭᠡᠬᠦ ᠬᠡᠷᠡᠭᠲᠡᠢ ᠭᠡᠵᠡᠢ᠃
     ᠵᠣᠣ ᠹᠸᠢ ᠯᠦ ᠴᠢᠬᠤᠯᠠᠴᠢᠯᠠᠭᠰᠠᠨ ᠨᠢ᠂ ᠰᠢᠷᠬᠤᠰᠣᠨ ᠪᠠᠯᠭᠠᠰᠤ ᠪᠣᠯᠤᠨ ᠰᠦᠯᠳᠡ ᠰᠤᠮᠤ ᠪᠣᠯ ᠮᠠᠯ ᠲᠠᠷᠢᠶᠠᠯᠠᠩ ᠠᠵᠤ ᠠᠬᠤᠶ ᠶᠢᠨ ᠦᠶᠯᠡᠳᠪᠦᠷᠢᠯᠡᠯ ᠤᠨ ᠲᠣᠮᠣ ᠪᠠᠯᠭᠠᠰᠤ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠲᠡᠵᠢᠭᠡᠬᠦ ᠶᠢᠨ ᠲᠥᠯᠥᠭᠡ ᠳᠠᠷᠢᠬᠤ᠂ ᠳᠠᠷᠢᠵᠤ ᠲᠠᠵᠢᠭᠡᠭᠦ ᠶᠢ ᠤᠶᠠᠯᠳᠤᠭᠤᠯᠬᠤ᠂ ᠠᠮᠢ ᠠᠬᠤᠶ ᠶᠢ ᠡᠷᠭᠢᠯᠳᠦᠭᠦᠯᠬᠦ ᠬᠥᠭᠵᠢᠯᠲᠡ ᠶᠢᠨ ᠵᠠᠭᠪᠤᠷ ᠢ ᠪᠠᠷᠢᠮᠳᠠᠯᠠᠨ ᠰᠢᠨ᠎ᠡ ᠡᠭᠦᠯᠳᠡᠷ᠂ ᠰᠢᠨ᠎ᠡ ᠮᠡᠷᠭᠡᠵᠢᠯ ᠢ ᠣᠷᠣᠭᠤᠯᠬᠤ ᠪᠠ ᠮᠡᠷᠭᠡᠵᠢᠯ ᠤᠨ ᠰᠠᠶᠢᠵᠢᠷᠠᠭᠤᠯᠤᠯᠳᠠ᠂ ᠲᠡᠵᠢᠭᠡᠨ ᠠᠷᠠᠴᠢᠯᠠᠯᠳᠠ ᠪᠠᠷ ᠳᠠᠮᠵᠢᠭᠤᠯᠤᠨ ᠤᠯᠠᠮᠵᠢᠯᠠᠯᠲᠤ ᠪᠦᠳᠦᠭᠦᠯᠢᠭ ᠲᠠᠷᠢᠮᠠᠯ ᠲᠠᠵᠢᠭᠡᠪᠤᠷᠢ ᠶᠢᠨ ᠠᠷᠭ᠎ᠠ ᠮᠠᠶ᠋ᠢᠭ  ᠢ ᠬᠤᠪᠢᠷᠠᠭᠤᠯᠵᠤ ᠦᠶᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ ᠮᠠᠯ ᠲᠠᠷᠢᠶᠠᠯᠠᠩ ᠠᠵᠤ ᠠᠬᠤᠶ ᠶᠢᠨ ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠶ ᠭᠡᠵᠡᠢ᠃      ᠵᠣᠣ ᠹᠸᠢ ᠯᠦ ᠴᠢᠬᠤᠯᠠᠴᠢᠯᠠᠭᠰᠠᠨ ᠨᠢ᠂ ᠥᠥᠰᠢᠨᠵᠤᠤ ᠪᠠᠯᠭᠠᠰᠤ ᠠᠮᠢ ᠠᠬᠤᠶ ᠶᠢᠨ ᠤᠰᠤ ᠨᠥᠬᠦᠪᠥᠷᠢᠯᠡᠬᠦ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠭᠢᠭᠤᠯᠤᠨ ᠴᠠᠬᠢᠯᠭᠠᠨ ᠬᠦᠴᠦᠨ᠂ ᠭᠠᠵᠠᠷ ᠰᠢᠷᠣᠶ ᠶᠢ ᠡᠮᠬᠢᠯᠡᠬᠦ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠵᠡᠷᠭᠡ ᠰᠠᠭᠤᠷᠢ ᠲᠥᠭᠦᠭᠡᠷᠤᠮᠵᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ   ᠲᠥᠷᠭᠡᠳᠭᠡᠵᠤ ᠬᠥᠭᠵᠢᠯᠲᠡ ᠶᠢᠨ ᠤᠷᠴᠢᠨ ᠢ ᠤᠯᠠᠮ ᠰᠠᠶᠢᠵᠢᠷᠠᠭᠤᠯᠤᠨ ᠠᠵᠤ ᠦᠶᠯᠡᠰ ᠤᠨ ᠲᠥᠪᠯᠡᠷᠡᠩᠭᠦᠶ ᠪᠠᠶᠢᠷᠢᠰᠢᠭᠤᠯᠤᠯᠲᠠ ᠶᠢ ᠠᠬᠢᠭᠤᠯᠵᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠶ ᠭᠡᠵᠡᠢ᠃      ᠵᠣᠣ ᠹᠸᠢ ᠯᠦ᠂ ᠠᠷᠠᠳ ᠤᠨ ᠲᠥᠯᠥᠭᠡᠯᠡᠭᠴᠢᠳ ᠦᠶᠯᠡᠳᠦᠯ ᠢᠶᠠᠨ ᠭᠦᠶᠴᠡᠳ ᠪᠠᠳᠠᠷᠠᠭᠤᠯᠤᠨ ᠮᠠᠯᠵᠢᠬᠤ ᠶᠢ ᠬᠤᠷᠢᠭᠯᠠᠬᠤ᠂ ᠶᠠᠳᠠᠭᠤ ᠶᠢ ᠲᠡᠳᠬᠦᠬᠦ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠤᠬᠠᠭᠤᠯᠭ᠎ᠠ ᠶᠢ ᠴᠢᠩᠭᠠᠳᠬᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠥᠭᠴᠤ ᠲᠤᠭᠳᠠᠭᠠᠬᠤ ᠲᠦᠷᠢᠮ ᠢ ᠰᠠᠶᠢᠲᠤᠷ ᠭᠡᠷᠡᠭᠵᠢᠭᠦᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠥᠷᠭᠦᠯᠵᠢᠯᠡᠭᠰᠠᠨ ᠡᠷᠡᠭᠦᠯ ᠭᠥᠭᠵᠢᠯᠳᠠ  ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号