ᠠᠷᠠᠳ ᠤᠨ ᠳᠦᠯᠦᠬᠡᠯᠡᠭᠴᠢᠳ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠳᠤ ᠰᠠᠨᠠᠯ ᠵᠦᠪᠯᠡᠯᠬᠡ ᠪᠠᠨ ᠳᠡᠪᠰᠢᠬᠦᠯᠪᠡ
ᠨᠡᠶᠢᠲᠡᠯᠡᠭᠰᠡᠨ ᠴᠠᠭ᠄
2020-05-06
     4 ᠰᠠᠷ᠎ᠠ ᠶᠢᠨ 28 ᠤ ᠡᠳᠦᠷ᠂ ᠦᠦᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ  ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠣᠳᠠᠭᠠᠨ ᠤ ᠬᠤᠷᠠᠯᠳᠣᠭᠠᠨ ᠳᠤ ᠣᠷᠣᠯᠴᠠᠭᠰᠠᠨ ᠠᠷᠠᠳ ᠤᠨ ᠳᠦᠯᠦᠬᠡᠯᠡᠭᠴᠢᠳ ᠠᠷᠠᠳ ᠳᠦᠮᠡᠨ ᠤ ᠬᠦᠰᠡᠯ ᠨᠠᠶᠢᠳᠠᠯᠭ᠎ᠠ ᠶᠢ ᠡᠪᠣᠷᠯᠡᠵᠦ ︽ᠵᠠᠰᠠᠭ ᠤᠨ ᠣᠷᠳᠣᠨ ᠤ ᠢᠯᠡᠳᠬᠡᠯ︾ ᠪᠠ ︽ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ︾ ᠵᠢᠴᠢ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ  ᠤᠨ ᠮᠡᠳᠡᠬᠦᠯᠦᠯᠲᠡ ᠶᠢᠨ ᠳᠣᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠬᠦᠯᠵᠦ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠳᠤ ᠰᠠᠨᠠᠯ ᠵᠦᠪᠯᠡᠯᠬᠡ ᠪᠠᠨ ᠳᠡᠪᠰᠢᠬᠦᠯᠪᠡ᠃
    ᠰᠦᠯᠳᠡ ᠰᠣᠮᠣᠨ ᠤ ᠳᠦᠯᠦᠭᠡᠯᠡᠭᠴᠢᠳ ᠤᠨ ᠪᠦᠯᠬᠦᠮ ᠤᠨ ᠶᠠᠷᠢᠯᠴᠠᠬᠤ ᠲᠤᠭᠤᠶᠢᠯᠠᠩ᠄      ᠰᠦᠯᠳᠡ ᠰᠣᠮᠣᠨ ᠤ ᠳᠦᠯᠦᠭᠡᠯᠡᠭᠴᠢᠳ ᠤᠨ ᠪᠦᠯᠬᠦᠮ ᠤᠨ ᠳᠦᠯᠦᠬᠡᠯᠡᠭᠴᠢᠳ ᠵᠠᠰᠠᠭ ᠤᠨ ᠣᠷᠳᠣᠨ ᠤ ᠢᠯᠡᠳᠭᠡᠯ᠂ ᠠᠷᠠᠳ ᠤᠨ ᠲᠦᠯᠦᠬᠡᠯᠡᠭᠴᠢᠳ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠠᠷᠠᠳ  ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠲᠡ ᠤᠨ ᠳᠣᠭᠤᠷᠢᠨ ᠳᠤ ᠰᠡᠳᠬᠢᠭᠳᠡᠯ ᠲᠦᠷᠦᠭᠳᠡᠯ ᠢᠶᠠᠨ ᠶᠠᠷᠢᠵᠦ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ  ᠳᠡᠳ᠋ ᠳᠠᠷᠤᠭ᠎ᠠ ᠪᠠᠶᠠᠨᠴᠡᠩᠬᠡᠯ ᠳᠡᠳᠡᠨ ᠲᠠᠢ ᠨᠠᠷᠢᠨ ᠨᠣᠣᠰᠤᠲᠤ ᠬᠤᠨᠢᠨ ᠤ ᠠᠰᠢᠭ ᠰᠢᠮ᠎ᠡ ᠶᠢ ᠳᠡᠭᠡᠭᠰᠢᠯᠡᠬᠦᠯᠤᠨ ᠪᠦᠲᠦᠭᠡᠭᠳᠡᠬᠦᠨ ᠢ ᠪᠣᠷᠣᠯᠠᠭᠤᠯᠬᠤ᠂ ᠠᠷᠠᠯᠵᠢᠶᠠᠴᠢᠨ ᠣᠷᠢᠵᠦ ᠪᠡᠯᠡ ᠣᠷᠣᠭᠤᠯᠬᠤ᠂ ᠣᠷᠣᠨ ᠨᠤᠲᠤᠭ ᠤᠨ ᠳᠠᠪᠠᠭᠤᠯᠢᠭ ᠢ ᠪᠠᠳᠠᠷᠠᠭᠤᠯᠣᠨ ᠠᠷᠠᠳ ᠲᠤ ᠠᠰᠢᠭ ᠬᠦᠷᠳᠡᠬᠡᠬᠦ ᠵᠡᠷᠭᠡ ᠠᠰᠠᠭᠤᠳᠠᠯ ᠤᠨ ᠳᠣᠬᠠᠢ ᠬᠦᠨᠵᠡᠬᠡᠢ ᠶᠠᠷᠢᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠵᠢᠯ ᠤᠨ ᠢᠯᠡᠳᠬᠡᠯ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠷᠠᠳ ᠤᠨ ᠠᠮᠢᠳᠣᠷᠠᠯ ᠳᠡᠭᠡᠭᠰᠢᠯᠡᠬᠦᠯᠬᠦ ᠶᠢ ᠴᠢᠬᠤᠯᠠᠴᠢᠯᠠᠪᠠ᠃ ᠠᠷᠠᠳ ᠤᠨ ᠳᠦᠯᠦᠬᠡᠯᠡᠭᠴᠢᠳ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠣᠯ ᠳᠠᠯᠪᠢᠵᠦ ᠦᠵᠡᠯᠳᠡ ᠳᠠᠨᠢᠯᠳᠠ ᠪᠠᠨ ᠦᠨᠡᠨᠬᠦ ᠳᠡᠭᠡᠭᠰᠢᠯᠡᠬᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠦᠵᠡᠯ ᠣᠬᠠᠮᠰᠠᠷ ᠢᠶᠠᠨ ᠳᠡᠭᠡᠰᠢᠯᠡᠬᠦᠯᠵᠦ ᠨᠠᠮ ᠤᠨ ᠳᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢ ᠴᠢᠩᠭᠠᠳᠬᠠᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠤᠯᠳᠡᠢ ᠲᠦᠯᠦᠪᠯᠡᠨ ᠠᠬᠢᠭᠤᠯᠵᠦ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠡᠢ ᠬᠡᠪᠡ᠃
     ᠳᠤᠭ ᠪᠠᠯᠭᠠᠰᠣᠨ ᠤ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠬᠤ ᠲᠤᠭᠤᠶᠢᠯᠠᠩ᠄      ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠬᠤᠣ ᠸᠧᠢ᠂ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠳᠤᠭ ᠪᠠᠯᠭᠠᠰᠣᠨ ᠤ ᠳᠦᠯᠦᠬᠡᠯᠡᠭᠴᠢᠳ ᠤᠨ ᠪᠦᠯᠬᠦᠮ ᠲᠠᠢ ᠠᠭᠤᠷᠬᠠᠢ ᠶᠢᠨ ᠣᠷᠣᠨ ᠤ ᠠᠷᠠᠳ ᠢ ᠰᠢᠯᠵᠢᠬᠦᠯᠦᠨ ᠳᠦᠪᠬᠢᠨᠡᠬᠦᠯᠬᠦ᠂ ᠮᠠᠯᠵᠢᠬᠤ ᠳᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠳᠦᠬᠦᠬᠡᠷᠦᠮᠵᠢ ᠶᠢᠨ ᠪᠦᠲᠦᠬᠡᠨ ᠪᠠᠶᠢᠭᠤᠯᠣᠯᠳᠠ᠂ ᠳᠠᠷᠢᠶᠠᠨ ᠭᠠᠵᠠᠷ᠂ ᠨᠣᠳᠤᠭ ᠪᠡᠯᠴᠢᠬᠡᠷ ᠤᠨ ᠬᠤᠷᠣᠬᠠᠢ ᠶᠢᠨ ᠬᠦᠨᠦᠬᠡᠯ ᠵᠡᠷᠬᠡ ᠠᠰᠠᠭᠤᠳᠠᠯ ᠤᠨ ᠳᠣᠭᠤᠷᠢᠨ ᠳᠤ ᠶᠠᠷᠢᠯᠴᠠᠭ᠎ᠠ ᠦᠷᠨᠢᠬᠦᠯᠦᠭᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠳᠣᠰ ᠣᠳᠠᠭᠠᠨ ᠤ ᠠᠷᠠᠳ ᠤᠨ ᠳᠦᠯᠦᠬᠡᠯᠡᠭᠴᠢᠳ ᠤᠨ ᠬᠤᠷᠠᠯ  ᠢᠶᠠᠷ ᠡᠬᠢᠯᠡᠯᠳᠡ ᠪᠣᠯᠭᠠᠵᠦ ᠳᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠪᠡᠶᠡᠯᠡᠬᠦᠯᠣᠨ ᠬᠤᠶᠢᠰᠢᠳᠠ ᠶᠢᠨ ᠠᠵᠢᠯ ᠤᠨ ᠳᠣᠮᠳᠠ  ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠳᠣᠭᠤᠷᠢᠨ ᠳᠤ ᠠᠷᠭ᠎ᠠ ᠪᠣᠳᠣᠯᠭ᠎ᠠ ᠰᠦᠪᠡᠭᠴᠢᠯᠡᠵᠦ ᠰᠠᠨᠠᠯ ᠵᠦᠪᠯᠡᠯᠬᠡ  ᠳᠡᠪᠰᠢᠬᠦᠯᠦᠨ ᠬᠦᠴᠦᠨ ᠴᠢᠳᠠᠯ ᠢᠶᠠᠨ ᠡᠷᠬᠦᠵᠦ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠬᠡᠷᠡᠯ ᠰᠠᠴᠣᠷᠠᠩᠭᠤᠢ ᠦᠢᠯᠡᠰ ᠢ ᠳᠠᠬᠢᠨ ᠡᠬᠦᠳᠬᠦ ᠳᠤ ᠬᠤᠪᠢ ᠨᠡᠮᠡᠷᠢ ᠦᠵᠡᠬᠦᠯᠦᠰᠦᠬᠡᠢ ᠬᠡᠪᠡ᠃
     ᠭᠠᠯᠠᠭᠤᠲᠣ ᠪᠠᠯᠭᠠᠰᠣᠨ ᠤ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠬᠤ ᠲᠤᠭᠤᠶᠢᠯᠠᠩ᠄      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ᠂ ᠬᠤᠰᠢᠭᠤ ᠣᠳᠣᠷᠢᠳᠣᠯᠭ᠎ᠠ ᠯᠢ ᠰᠢᠦ ᠹᠧᠩ᠂ ᠭᠤᠣ ᠬᠣ᠋᠂ ᠽᠦᠸᠧ ᠴᠧᠨ ᠭᠤᠸᠠᠩ ᠨᠠᠮ ᠤᠨ ᠪᠠᠶᠢᠭᠤᠯᠣᠯᠳᠠ ᠶᠢ ᠴᠢᠩᠭᠠᠳᠬᠠᠬᠤ᠂ ᠴᠢᠳᠠᠪᠣᠷᠢᠳᠠᠨ ᠢ ᠣᠷᠢᠵᠦ ᠬᠦᠮᠦᠵᠢᠬᠦᠯᠬᠦ᠂ ᠮᠠᠯᠴᠢᠨ ᠳᠠᠷᠢᠶᠠᠴᠢᠨ ᠤ ᠣᠷᠣᠯᠭ᠎ᠠ  ᠶᠢ ᠨᠡᠮᠡᠭᠳᠡᠬᠦᠯᠬᠦ᠂ ᠬᠦᠳᠡᠭᠡ ᠳᠣᠰᠬᠤᠨ ᠳᠤ ᠴᠠᠬᠢᠯᠭᠠᠨ ᠨᠡᠪᠳᠡᠷᠡᠬᠦᠯᠬᠦ ᠵᠡᠷᠬᠡ ᠠᠭᠤᠯᠭ᠎ᠠ ᠪᠠᠷ ᠭᠠᠯᠠᠭᠤᠲᠣ ᠪᠠᠯᠭᠠᠰᠣᠨ  ᠤ ᠳᠦᠯᠦᠬᠡᠯᠡᠭᠴᠢᠳ ᠤᠨ ᠪᠦᠯᠬᠦᠮ ᠲᠠᠢ ᠶᠠᠷᠢᠯᠴᠠᠭ᠎ᠠ ᠦᠷᠨᠢᠬᠦᠯᠪᠡ᠃      ᠬᠤᠷᠠᠯ ᠠᠴᠠ ᠵᠢᠭᠠᠬᠤ ᠳᠠᠭᠠᠨ᠂ ᠨᠠᠷᠢᠯᠢᠭ ᠣᠨᠣᠪᠴᠢᠲᠠᠢ ᠪᠠᠷ ᠴᠢᠳᠠᠪᠣᠷᠢᠳᠠᠨ ᠮᠡᠷᠭᠡᠵᠢᠯᠳᠡᠨ ᠢ ᠬᠡᠷᠡᠭᠯᠡᠵᠦ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ ᠰᠢᠪᠳᠣᠯᠬᠤ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ᠂ ᠲᠦᠷᠦᠯ ᠵᠦᠢᠯ ᠤᠨ ᠪᠦᠲᠦᠬᠡᠨ ᠪᠠᠶᠢᠭᠤᠯᠣᠯᠳᠠ ᠤᠨ ᠡᠮᠦᠨ᠎ᠡ ᠹᠷᠣᠨᠲ ᠠᠴᠠ ᠺᠠᠳ᠋ᠷ ᠠᠵᠢᠯᠳᠠᠨ ᠢ ᠰᠣᠩᠭᠤᠨ ᠰᠢᠯᠭᠠᠷᠠᠭᠤᠯᠬᠤ᠂ ᠦᠨᠳᠦᠷ ᠬᠡᠪ ᠰᠣᠷᠳᠠᠯ ᠲᠠᠢ ᠳᠣᠰᠬᠠᠢ ᠮᠡᠷᠭᠡᠵᠢᠯ ᠤᠨ ᠺᠠᠳ᠋ᠷ ᠠᠵᠢᠯᠳᠠᠳ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢᠨ ᠳᠦᠷᠦ ᠶᠢᠨ ᠪᠣᠳᠣᠯᠭ᠎ᠠ ᠪᠠ ᠡᠳ᠋  ᠤᠨ ᠵᠠᠰᠠᠭ ᠤᠨ ᠳᠡᠮᠵᠢᠯᠬᠡ ᠶᠢ ᠨᠡᠮᠡᠭᠳᠡᠬᠦᠯᠵᠦ ᠬᠠᠮᠲᠣ ᠶᠢᠨ ᠠᠵᠣ ᠠᠬᠤᠶᠢᠯᠠᠯ ᠤᠨ ᠡᠳ᠋ ᠤᠨ ᠶᠠᠪᠣᠳᠠᠯ ᠤᠨ ᠬᠠᠮᠢᠶᠠᠷᠣᠯᠳᠠ ᠪᠠ ᠬᠢᠨᠠᠯᠳᠠ ᠶᠢ ᠴᠢᠩᠭᠠᠳᠬᠠᠨ ᠬᠠᠮᠲᠣ ᠶᠢᠨ ᠠᠵᠣ ᠠᠬᠤᠢ ᠶᠢ ᠬᠦᠭᠵᠢᠬᠦᠯᠦᠨ ᠪᠣᠵᠠᠭᠠᠶᠢᠷᠠᠭᠤᠯᠬᠤ ᠬᠡᠷᠡᠭᠲᠡᠢ ᠬᠡᠪᠡ᠃
     ᠦᠦᠰᠢᠨᠵᠣᠣ ᠪᠠᠯᠭᠠᠰᠣᠨ ᠤ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠬᠤ ᠲᠤᠭᠤᠶᠢᠯᠠᠩ᠄      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ ᠦᠦᠰᠢᠨᠵᠣᠣ ᠪᠠᠯᠭᠠᠰᠣᠨ ᠤ ᠳᠦᠯᠦᠬᠡᠯᠡᠭᠴᠢᠳ ᠤᠨ ᠪᠦᠯᠬᠦᠮ ᠤᠨ ᠶᠠᠷᠢᠯᠴᠠᠬᠤ ᠬᠤᠷᠠᠯ ᠳᠤ ᠣᠷᠣᠯᠴᠠᠵᠦ  ᠮᠠᠯᠵᠢᠬᠤ ᠳᠠᠷᠢᠶᠠᠯᠠᠬᠤ ᠣᠷᠣᠨ ᠤ ᠪᠣᠵᠠᠷ ᠣᠰᠣ ᠶᠢ ᠰᠶᠢᠳᠪᠤᠷᠢᠯᠡᠬᠦ᠂ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠬᠡᠭᠳᠡᠬᠦᠨ ᠤ ᠨᠡᠷᠡᠲᠦ ᠳᠡᠮᠳᠡᠭ ᠢ ᠬᠦᠭᠵᠢᠬᠦᠯᠬᠦ᠂ ᠰᠠᠭᠤᠷᠢ ᠳᠦᠬᠦᠬᠡᠷᠦᠮᠵᠢ ᠶᠢᠨ ᠪᠠᠶᠢᠭᠤᠯᠣᠯᠲᠠ᠂ ᠡᠮᠡᠭᠳᠡᠶᠢᠴᠣᠳ ᠬᠡᠣᠬᠡᠳ ᠤᠨ ᠡᠷᠬᠡ ᠠᠰᠢᠭ ᠢ ᠬᠠᠮᠠᠭᠠᠯᠠᠬᠤ ᠵᠡᠷᠬᠡ ᠠᠰᠠᠭᠤᠳᠠᠯ ᠤᠨ ᠳᠣᠬᠠᠢ ᠶᠠᠷᠢᠯᠴᠠᠪᠠ᠃ ᠠᠯᠳᠠᠨᠳᠣᠶᠠᠭ᠎ᠠ ᠳᠦᠯᠦᠬᠡᠯᠡᠭᠴᠢᠳ ᠢ ᠦᠨᠳᠦᠰᠦᠨ ᠱᠠᠳᠣᠨ ᠤ ᠠᠵᠢᠯ ᠲᠠᠢ ᠣᠶᠠᠯᠳᠣᠭᠤᠯᠣᠨ ᠢᠳᠡᠪᠬᠢᠲᠡᠢ ᠪᠠᠷ ᠰᠠᠨᠠᠯ ᠵᠦᠪᠯᠡᠯᠬᠡ ᠪᠠᠨ ᠳᠡᠪᠰᠢᠬᠦᠯᠵᠦ ᠳᠣᠰ ᠳᠣᠰ ᠤᠨ ᠢᠶᠠᠨ ᠠᠵᠢᠯ ᠤᠨ ᠪᠠᠶᠢᠷᠢᠨ ᠳᠤ ᠮᠠᠨ ᠤ ᠬᠤᠰᠢᠭᠤᠨ ᠤ ᠬᠦᠭᠵᠢᠯᠳᠡ ᠳᠤ ᠠᠷᠭ᠎ᠠ ᠣᠬᠠᠭᠠᠨ ᠢᠶᠠᠨ ᠡᠷᠬᠦᠰᠦᠬᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号