ᠨᠤᠮ ᠤᠨ ᠬᠤᠷ᠎ᠠ ᠤᠮᠳᠠᠯᠠᠬᠰᠠᠨ ᠲᠤᠰᠬᠠᠢ ᠰᠡᠳᠦᠪᠲᠤ ᠠᠵᠢᠯᠯᠠᠭ᠎ᠠ
ᠨᠡᠶᠢᠲᠡᠯᠡᠭᠰᠡᠨ ᠴᠠᠭ᠄
2020-05-06
     ᠬᠤᠷᠢᠨ ᠲᠠᠪᠤᠳᠠᠬᠢ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠢᠶᠠᠷ ᠮᠠᠨ ᠤ ᠬᠤᠰᠢᠭᠤ ︽ᠨᠣᠮ ᠤᠩᠰᠢᠬᠤ ᠨᠢ ᠬᠦᠮᠦᠨ ᠤ ᠠᠮᠢᠳᠤᠷᠠᠯ ᠢ ᠨᠡᠩ ᠭᠤᠶᠤ ᠪᠣᠯᠭᠠᠨ᠎ᠠ︾ ᠭᠡᠬᠦ ᠲᠤᠰᠬᠠᠢ ᠰᠡᠲᠦᠪᠲᠦ ᠠᠵᠢᠯᠯᠠᠭ᠎ᠠ ᠦᠷᠨᠢᠭᠦᠯᠵᠦ ᠣᠯᠠᠨ ᠲᠦᠮᠡᠨ ᠳᠤ ᠨᠣᠮ ᠤᠩᠰᠢᠬᠤ ᠶᠢ ᠤᠷᠢᠶᠠᠯᠠᠭᠰᠠᠨ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠶᠢ ᠮᠠᠨ ᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠵᠢᠭᠠᠨ ᠵᠢᠯᠤᠭᠤᠳᠬᠤ ᠲᠦᠪ᠂ ᠦᠤᠰᠢᠨ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ᠂ ︽ᠮᠢᠩᠭᠠᠨᠪᠤᠤ ᠭᠡᠷ ᠪᠦᠯᠢ ᠶᠢᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠲᠦᠪ︾ ᠵᠡᠷᠭᠡ ᠪᠠᠶᠢᠭᠤᠯᠭ᠎ᠠ ᠨᠢᠭᠡᠴᠢ ᠠᠴᠠ ᠬᠠᠮᠲᠤᠷᠠᠨ ᠡᠷᠬᠢᠯᠡᠵᠦ᠂ ᠪᠦᠬᠦ ᠠᠷᠠᠳ ᠢᠶᠠᠷ ᠢᠶᠠᠨ ᠨᠤᠮ ᠣᠡᠭᠰᠢᠬᠤ ᠶᠢ ᠰᠤᠷᠳᠠᠯᠴᠢᠯᠠᠨ᠂ ᠰᠤᠷᠤᠯᠴᠠᠯᠭ᠎ᠠ ᠶᠢᠨ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠥ᠂ ᠪᠦᠬᠦ ᠠᠷᠠᠳ ᠤᠨ ᠨᠤᠮ ᠣᠡᠭᠰᠢᠬᠤ ᠢᠳᠡᠪᠬᠢᠵᠢᠯ ᠢ ᠲᠠᠶᠢᠴᠢᠯᠠᠨ᠂ ᠠᠷᠠᠳ ᠢᠷᠬᠡᠳ ᠤᠨ ᠨᠤᠮ ᠣᠡᠭᠰᠢᠬᠤ ᠰᠠᠶᠢᠨ ᠰᠠᠶᠢᠬᠠᠨ ᠣᠷᠴᠢᠨ ᠢ ᠪᠤᠢ ᠪᠣᠯᠭᠠᠬᠤ ᠶᠢ ᠵᠣᠷᠢᠭᠰᠠᠨ ᠪᠠᠶᠢᠨ᠎ᠠ᠃       ᠮᠠᠨ ᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠵᠢᠭᠠᠨ ᠵᠢᠯᠤᠭᠤᠳᠬᠤ ᠲᠦᠪ ᠶᠢᠨ ᠰᠡᠳᠬᠢᠴᠡ ᠶᠢᠨ ᠪᠠᠭᠰᠢ ᠤᠯᠠᠭᠠᠨᠲᠤᠶᠠᠭ᠎ᠠ᠄ ︽ᠦᠪᠡᠷ ᠤᠨ ᠪᠡᠶ᠎ᠡ ᠠᠴᠠ ᠪᠠᠨ ᠭᠠᠷᠳᠠᠨ ᠨᠣᠮ ᠤᠩᠰᠢᠬᠤ ᠳᠠᠳᠬᠠᠯ ᠢ ᠪᠤᠢ ᠪᠤᠯᠭᠠᠬᠤ ᠪᠠᠷ ᠴᠢᠷᠮᠠᠶᠢᠵᠦ᠂ ᠡᠨᠡ ᠰᠠᠶᠢᠬᠠᠨ ᠰᠤᠷᠲᠠᠯ ᠢ ᠨᠡᠶᠢᠬᠡᠮ ᠳᠠᠶᠠᠭᠠᠷ ᠲᠤ ᠲᠦᠭᠡᠮᠡᠯᠵᠢᠭᠦᠯᠤᠨ ᠰᠤᠷᠲᠠᠯᠴᠢᠯᠠᠬᠤ᠂ ᠬᠦᠮᠦᠨ ᠠᠷᠠᠳ ᠤᠨ ᠨᠣᠮ ᠤᠩᠰᠢᠬᠤ ᠢᠳᠡᠪᠬᠢᠵᠢᠯ ᠢ ᠳᠠᠶᠢᠴᠢᠯᠠᠬᠤ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠳᠡᠭᠡᠳᠦᠯᠡᠨ ᠦᠪᠯᠡᠬᠦ ᠤᠬᠠᠮᠰᠠᠷ ᠢᠶᠠᠨ ᠴᠢᠩᠭᠠᠳᠬᠠᠬᠤ ᠡᠭᠦᠳᠡᠨ ᠠᠴᠠ ᠡᠨᠡ ᠤᠳᠠᠭ᠎ᠠ ᠶᠢᠨ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ︾ ᠬᠡᠯ᠎ᠠ᠃       ᠠᠵᠢᠯᠯᠠᠭ᠎ᠠ ᠳᠤ ᠦᠤᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠤᠬᠢᠶᠠᠯᠴᠢᠳ ᠤᠨ ᠡᠪᠯᠡᠯ᠂ ᠦᠤᠰᠢᠨ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠵᠦᠪᠯᠡᠭᠴᠢ ᠪᠠᠭᠰᠢ ᠨᠠᠷ ᠵᠢᠴᠢ ᠠᠬᠠᠮᠠᠳ ᠵᠣᠬᠢᠶᠠᠯᠴᠢᠳ ᠣᠷᠣᠯᠴᠠᠵᠤ ᠨᠣᠮ ᠤᠩᠰᠢᠬᠤ ᠶᠢᠨ ᠴᠢᠬᠤᠯᠠ ᠴᠢᠨᠠᠷ᠂ ᠨᠣᠮ ᠤᠩᠰᠢᠬᠤ ᠲᠤᠷ᠎ᠠ ᠰᠣᠨᠢᠷᠬᠠᠯ ᠢ ᠬᠦᠮᠦᠵᠢᠭᠦᠯᠬᠦ᠂ ᠶᠠᠭᠠᠬᠢᠵᠦ ᠨᠣᠮ ᠤᠩᠰᠢᠬᠤ ᠵᠡᠷᠭᠡ ᠲᠠᠯ᠎ᠠ ᠪᠠᠷ ᠴᠢᠯᠦᠭᠡᠲᠡᠢ ᠶᠠᠷᠢᠯᠴᠠᠵᠤ ᠨᠣᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠭᠰᠠᠨ ᠪᠠᠶᠢᠨ᠎ᠠ᠃       ︽ᠮᠢᠩᠭᠠᠨᠪᠤᠤ ᠭᠡᠷ ᠪᠦᠯᠢ ᠶᠢᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠲᠦᠪ︾ ᠤᠨ ᠰᠠᠨᠠᠭᠠᠴᠢᠯᠠᠭᠴᠢ ᠮᠢᠩᠭᠠᠨᠪᠤᠤ᠄ ︽ᠰᠤᠷᠭᠠᠨ ᠬᠦᠮᠦᠵᠢᠯ ᠪᠣᠯ ᠨᠦᠯᠦᠭᠡᠯᠡᠯ ᠮᠦᠨ᠂ ᠡᠨᠡ ᠤᠳᠠᠭ᠎ᠠ ᠬᠡᠳᠦ᠋ᠢᠪᠡᠷ ᠬᠡᠤᠬᠡᠳ ᠢᠷᠡᠭᠡ ᠦᠭᠡᠢ ᠪᠤᠯᠪᠠᠴᠤ ᠬᠡᠤᠬᠡᠳ ᠤᠨ ᠶᠡᠬᠡᠮᠡᠳ᠂ ᠪᠠᠭᠰᠢ ᠨᠠᠷ ᠡᠶᠢᠮᠦ ᠤᠬᠠᠮᠰᠠᠷ ᠲᠠᠢ ᠪᠤᠯᠴᠢᠬᠠᠪᠠᠯ ᠴᠢᠨᠠᠭᠰᠢ ᠪᠠᠨ ᠬᠡᠤᠬᠡᠳ ᠢ ᠨᠦᠯᠦᠭᠡᠯᠡᠬᠦ ᠠᠴᠢ ᠬᠤᠯᠪᠤᠭᠳᠠᠯ ᠲᠠᠢ᠂ ᠶᠡᠭᠡ ᠰᠤᠷᠭᠠᠭᠤᠯᠢ ᠶᠢᠨ ᠤᠶᠤᠲᠠᠨ ᠬᠡᠷᠪᠡ ᠨᠣᠮ ᠦᠵᠡᠵᠦ ᠴᠢᠳᠠᠬᠤ ᠦᠬᠡᠢ ᠪᠣᠯ ᠶᠡᠭᠡ ᠰᠤᠷᠭᠠᠭᠤᠯᠢ ᠳᠤ ᠪᠠᠶᠢᠭ᠎ᠠ ᠪᠠᠭ᠎ᠠ ᠰᠤᠷᠭᠠᠭᠤᠯᠢ ᠶᠢᠨ ᠰᠤᠷᠤᠭᠴᠢ ᠬᠡᠵᠤ ᠬᠡᠯᠡᠵᠤ ᠪᠤᠯᠤᠨ᠎ᠠ ᠂ ᠪᠠᠭ᠎ᠠ ᠰᠤᠷᠭᠠᠭᠤᠯᠢ ᠶᠢᠨ ᠰᠤᠷᠤᠭᠴᠢ ᠦᠪᠡᠷ ᠲᠡᠭᠡᠨ ᠪᠠᠭᠰᠢ ᠶᠢᠨ ᠴᠢᠷᠠᠢ ᠬᠠᠷᠠᠬᠤ ᠦᠭᠡᠢ ᠰᠠᠶᠢᠬᠠᠨ ᠨᠤᠮ ᠤᠩᠰᠢᠭᠠᠳ ᠴᠢᠳᠠᠬᠤ ᠳᠤ ᠬᠦᠷᠪᠡᠯ ᠪᠠᠭ᠎ᠠ ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ ᠣᠶᠤᠲᠠᠨ ᠮᠦᠨ︾ ᠬᠡᠯ᠎ᠠ᠃        ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠨᠠᠮ ᠤᠨ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠮᠠᠰᠢᠵᠢᠷᠭᠠᠯ᠄ ︽ᠡᠶᠢᠮᠦᠷᠬᠦᠦ ᠠᠵᠢᠯᠯᠠᠭ᠎ᠠ ᠶᠢ ᠰᠤᠷᠭᠠᠭᠤᠯᠢ᠂ ᠠᠯᠪᠠᠨ ᠪᠠᠶᠢᠭᠤᠯᠭ᠎ᠠ ᠨᠢᠭᠡᠴᠢ ᠳᠤ ᠢᠯᠡᠭᠦᠭᠡᠨ ᠦᠷᠨᠢᠭᠦᠯᠪᠡᠯ ᠰᠠᠶᠢᠨ᠃ ᠲᠤᠰ ᠤᠳᠠᠭᠠᠨ ᠤ ᠠᠵᠢᠯᠯᠠᠭ᠎ᠠ ᠶᠢ ᠪᠦᠬᠦ ᠨᠡᠶᠢᠬᠡᠮ ᠨᠡᠶᠢᠲᠡ ᠳᠤ ᠬᠠᠨᠳᠤᠭᠤᠯᠵᠤ ᠦᠷᠨᠢᠭᠦᠯᠥᠭᠰᠡᠨ ᠶᠤᠮ᠃ ᠶᠠᠭ ᠡᠨᠡ ᠠᠵᠢᠯᠯᠠᠭ᠎ᠠ ᠲᠡᠭᠡᠷ᠎ᠡ ᠬᠡᠯᠡᠭᠰᠡᠨᠴᠢᠯᠡᠨ ᠶᠠᠮᠠᠷ ᠨᠣᠮ ᠤᠩᠰᠢᠬᠤ᠂ ᠨᠣᠮ ᠤᠩᠰᠢᠬᠤ ᠶᠢᠨ ᠦᠢᠯᠡᠳᠦᠯ ᠵᠢᠴᠢ ᠨᠣᠮ ᠠᠴᠠ ᠦᠪᠡᠷ ᠤᠨ ᠢᠶᠠᠨ ᠠᠵᠢᠯ ᠠᠮᠢᠳᠤᠷᠠᠯ ᠳᠠᠭᠠᠨ ᠠᠰᠢᠭ ᠲᠠᠢ ᠵᠦᠢᠯ ᠢᠶᠠᠨ ᠰᠢᠩᠭᠡᠭᠡᠵᠦ ᠠᠪᠬᠤ ᠮᠦᠷᠲᠡᠭᠡᠨ ᠪᠢᠳᠠ ᠨᠣᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠬᠤ ᠪᠠᠷ ᠳᠠᠮᠵᠢᠭᠤᠯᠵᠤ ᠪᠦᠬᠦ ᠨᠡᠶᠢᠬᠡᠮ ᠢᠶᠠᠷ ᠢᠶᠠᠨ ᠨᠤᠮ ᠤᠡᠭᠰᠢᠬᠤ ᠶᠢ ᠤᠷᠢᠶᠠᠯᠠᠪᠠᠯ ᠵᠤᠬᠢᠨ᠎ᠠ︾ ᠬᠡᠵᠥ ᠶᠠᠷᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号