ᠮᠠᠨ ᠤ ᠬᠤᠰᠢᠭᠤᠨ ᠤ ᠪᠠᠭ᠎ᠠ ᠰᠤᠷᠭᠠᠭᠤᠯᠢ ᠶᠢᠨ ᠲᠡᠬᠡᠳᠦ ᠣᠨ ᠤ ᠰᠤᠷᠤᠭᠴᠢᠳ ᠬᠢᠴᠢᠶᠠᠯ ᠢᠶᠠᠨ ᠰᠡᠷᠭᠦᠬᠡᠬᠦ ᠪᠠᠷ ᠪᠣᠯᠣᠯ᠎ᠠ
ᠨᠡᠶᠢᠲᠡᠯᠡᠭᠰᠡᠨ ᠴᠠᠭ᠄
2020-05-07
     ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠢᠬᠡᠳᠦᠯᠳᠡᠢ ᠪᠠᠶᠢᠷᠢᠯᠠᠭᠤᠯᠤᠯᠳᠠ᠂ ᠡᠯ᠎ᠡ ᠲᠠᠯ᠎ᠠ ᠶᠢᠨ ᠬᠢᠨ ᠤ ᠬᠠᠮᠳᠤ ᠶᠢᠨ ᠴᠢᠷᠮᠠᠶᠢᠯᠭ᠎ᠠ ᠬᠠᠮᠵᠢᠯᠴᠠᠭ᠎ᠠ ᠪᠠᠷ ᠮᠠᠨ ᠤ ᠬᠤᠰᠢᠭᠤᠨ ᠤ ᠪᠠᠭ᠎ᠠ ᠰᠤᠷᠭᠠᠭᠤᠯᠢ ᠶᠢᠨ ᠲᠦᠷᠪᠠ᠂ ᠲᠠᠪᠤ᠂ ᠵᠢᠷᠭᠤᠳᠤᠭᠠᠷ ᠣᠨ ᠤ ᠰᠤᠷᠤᠭᠴᠢᠳ 5 ᠰᠠᠷ᠎ᠠ ᠶᠢᠨ 7᠎ ᠤ ᠡᠳᠦᠷ ᠨᠡᠷ᠎ᠡ ᠮᠡᠳᠡᠬᠦᠯᠵᠤ 8᠎ ᠤ ᠡᠳᠦᠷ ᠠᠴᠠ ᠬᠢᠴᠢᠶᠠᠯ ᠡᠬᠢᠯᠡᠬᠦ ᠪᠠᠷ ᠪᠤᠯᠵᠠᠢ᠃      ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠨᠡᠷ᠎ᠡ ᠮᠡᠳᠡᠬᠦᠯᠬᠦ ᠪᠠᠷ ᠰᠤᠷᠭᠠᠭᠤᠯᠢ ᠳᠠᠭᠠᠨ ᠢᠷᠡᠵᠤ ᠠᠮᠠᠪᠴᠢ ᠵᠡᠬᠦᠭᠰᠡᠨ ᠰᠤᠷᠤᠭᠴᠢ᠂ ᠭᠡᠷ ᠤᠨ ᠠᠬᠠᠮᠠᠳ ᠲᠤᠭᠳᠠᠭᠰᠠᠨ ᠵᠠᠢ ᠪᠠᠨ ᠪᠠᠳᠤᠯᠠᠵᠤ ᠲᠤᠰᠬᠠᠢ ᠪᠠᠭᠰᠢ ᠶᠢᠨ ᠵᠢᠯᠤᠭᠤᠳᠤᠯᠭ᠎ᠠ ᠪᠠᠷ ᠠᠦ᠋ᠲ᠋ᠤᠴᠢᠯᠠᠭᠰᠠᠨ ᠪᠡᠶ᠎ᠡ ᠶᠢᠨ ᠲᠤᠯᠠᠭᠠᠨ ᠢ ᠬᠡᠮᠵᠢᠬᠦ ᠮᠠᠰᠢᠨ ᠢᠶᠠᠷ ᠦᠩᠬᠡᠷᠡᠭᠰᠡᠨ ᠤ ᠲᠠᠷᠠᠭ᠎ᠠ ᠨᠡᠷ᠎ᠡ ᠮᠡᠳᠡᠬᠦᠯᠬᠦ ᠲᠤᠭᠳᠠᠭᠰᠠᠨ ᠴᠡᠭ ᠤᠷᠤᠭᠤ ᠴᠢᠭᠯᠡᠵᠦ ᠪᠠᠶᠢᠯ᠎ᠠ᠃ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠴᠢᠶᠠᠯ ᠰᠡᠷᠬᠦᠬᠡᠬᠦ ᠪᠠᠶᠢᠷᠢᠯᠠᠭᠤᠯᠤᠯᠳᠠ ᠪᠠᠷ ᠬᠢᠵᠢᠭ ᠢ ᠤᠷᠢᠳᠴᠢᠯᠠᠨ ᠰᠡᠷᠬᠡᠶᠢᠯᠡᠨ ᠡᠵᠡᠮᠳᠡᠬᠦ ᠲᠤᠰᠬᠠᠢ ᠤᠳᠤᠷᠢᠳᠬᠤ ᠲᠤᠭᠤᠶᠢᠯᠠᠩ᠂ ᠶᠡᠷᠦᠩᠬᠡᠢ ᠪᠠᠳᠤᠯᠠᠭ᠎ᠠ ᠦᠢᠯᠡᠴᠢᠯᠡᠬᠡᠨ ᠤ ᠲᠤᠭᠤᠶᠢᠯᠠᠩ ᠪᠠᠶᠢᠭᠤᠯᠵᠤ ᠪᠠᠭᠰᠢ ᠨᠠᠷ ᠢ ᠵᠤᠬᠢᠶᠠᠨ ᠪᠠᠶᠢᠭᠤᠯᠤᠨ ᠬᠢᠵᠢᠭ ᠢ ᠰᠡᠷᠬᠡᠶᠢᠯᠡᠨ ᠡᠵᠡᠮᠳᠡᠬᠦ ᠪᠤᠯᠪᠠᠰᠤᠷᠠᠯ ᠢ ᠤᠯᠠᠨᠳᠠ ᠦᠷᠨᠢᠬᠦᠯᠦᠭᠰᠡᠨ ᠮᠥᠷᠳᠡᠭᠡᠨ ᠠᠮᠠᠪᠴᠢ᠂ ᠠᠷᠢᠭᠤᠳᠬᠠᠯ ᠤᠨ ᠡᠳ᠋ ᠵᠡᠷᠬᠡ ᠶᠢ ᠤᠷᠢᠳᠴᠢᠯᠠᠨ ᠪᠦᠬᠦᠨ ᠢ ᠪᠡᠯᠡᠳᠬᠡᠵᠤ ᠠᠷᠢᠭᠤᠳᠬᠠᠯ ᠤᠨ ᠠᠵᠢᠯ ᠢ ᠲᠤᠰᠬᠠᠢ ᠬᠦᠮᠦᠨ ᠬᠠᠷᠢᠭᠤᠴᠠᠵᠤ ᠠᠯᠢ ᠡᠷᠲᠡ ᠠᠴᠠ ᠶᠠᠪᠤᠭᠳᠠᠭᠤᠯᠤᠭᠰᠠᠭᠠᠷ ᠢᠷᠡᠵᠡᠢ᠃        ᠲᠤᠰ ᠤᠳᠠᠭᠠᠨ ᠤ ᠬᠢᠴᠢᠶᠠᠯ ᠰᠡᠷᠬᠦᠬᠡᠯᠳᠡ ᠳᠤ ᠬᠤᠰᠢᠭᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ 24 ᠠᠩᠬᠢ ᠶᠢᠨ ᠨᠠᠢᠮᠠᠨ ᠵᠠᠭᠤ ᠭᠠᠷᠤᠢ ᠰᠤᠷᠤᠭᠴᠢ ᠪᠠᠭᠳᠠᠵᠤ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠳᠤ ᠵᠤᠷᠢᠭᠤᠯᠤᠨ ᠪᠠᠶᠢᠷᠢ ᠶᠢᠨ ᠠᠰᠠᠷ ᠤᠨ ᠡᠬᠦᠳᠡᠨ ᠲᠡᠭᠡᠷ᠎ᠡ ᠪᠦᠷ ᠠᠦ᠋ᠲ᠋ᠤᠴᠢᠯᠠᠭᠰᠠᠨ ᠪᠡᠶ᠎ᠡ ᠶᠢᠨ ᠲᠤᠯᠠᠭᠠᠨ ᠢ ᠬᠡᠮᠵᠢᠬᠦ ᠮᠠᠰᠢᠨ ᠢ ᠲᠤᠬᠢᠷᠠᠭᠤᠯᠵᠤ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠪᠡᠶ᠎ᠡ ᠶᠢᠨ ᠲᠤᠯᠠᠭᠠᠨ ᠢ ᠴᠠᠭ ᠦᠷᠬᠦᠯᠵᠢ ᠬᠡᠮᠵᠢᠵᠤ ᠲᠡᠶᠢᠯᠬᠦ ᠶᠢ ᠪᠠᠳᠤᠯᠠᠵᠠᠢ᠃      ᠤᠶᠢᠯᠠᠭᠠᠭᠰᠠᠨ ᠢᠶᠠᠷ᠂ ᠡᠨᠡ ᠤᠳᠠᠭ᠎ᠠ ᠮᠠᠨ ᠤ ᠬᠤᠰᠢᠭᠤᠨ ᠤ 12 ᠪᠠᠭ᠎ᠠ ᠰᠤᠷᠭᠠᠭᠤᠯᠢ ᠶᠢᠨ ᠲᠡᠬᠡᠳᠦ ᠣᠨ ᠤ ᠲᠠᠪᠤᠨ ᠮᠢᠩᠭ᠎ᠠ ᠭᠠᠷᠤᠢ ᠰᠤᠷᠤᠭᠴᠢ ᠬᠢᠴᠢᠶᠠᠯ ᠰᠠᠷᠭᠦᠭᠡᠭᠦ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号