【 2020.4.28 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠲᠦᠷᠪᠠᠳᠣᠬᠡᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ | ᠨᠢᠭᠡ︶ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | — — 2020 ᠣᠨ ᠤ 4 ᠰᠠᠷ᠎ᠠ ᠶᠢᠨ 28 ᠤ ᠡᠳᠦᠷ ᠤᠨ ᠦᠣᠰᠢᠨ ᠬᠤᠰᠢᠭᠤᠨ ᠤ ᠠᠷᠪᠠᠨ | ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠦᠷᠪᠠᠳᠣᠬᠡᠷ ᠣᠳᠠᠭᠠᠨ ᠤ | ᠬᠤᠷᠠᠯᠳᠤᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠵᠣᠣ ᠹᠧᠢ ᠯᠤ᠋ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ | ᠬᠤᠷᠠᠯ ᠳᠤ ᠤᠷᠤᠯᠴᠠᠭᠰᠡᠳ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ | ᠵᠢᠯ ᠤᠨ ᠲᠤᠷᠰᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠳᠡᠮᠵᠢᠯᠭᠡ ᠳᠣᠤᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ | ᠬᠦᠭᠵᠢᠯᠳᠡ ᠶᠢ ᠠᠬᠢᠭᠤᠯᠬᠤ ᠪᠠ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠠᠶᠠᠯᠡᠬᠦᠯᠬᠦ ᠲᠡᠮᠡᠴᠡᠬᠦ ᠬᠠᠷᠠᠯᠲᠠ ᠶᠢᠨ | ᠲᠣᠭᠤᠷᠢᠨ ᠳᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠶᠢᠴᠢᠯᠡᠵᠣ ᠰᠢᠷᠭᠠᠭᠤ ᠬᠠᠲᠠᠭᠤᠵᠢᠯᠲᠠᠶ ᠲᠡᠮᠡᠴᠠᠨ ᠯᠠᠪᠳᠠᠭᠤᠨ ᠪᠠᠲᠤᠲᠠᠶ ᠠᠵᠢᠯᠯᠠᠵᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ | ᠢᠶᠠᠷ ᠲᠣᠭᠲᠠᠭᠠᠭᠰᠠᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠡᠢ᠃ | ︵ᠨᠢᠭᠡ︶ ᠠᠵᠣ ᠠᠬᠤᠢ ᠶᠢᠨ ᠡᠷᠬᠢᠯᠳᠡ ᠤᠷᠤᠭᠰᠢᠯᠠᠬᠤ ᠶᠢᠨ ᠳᠤᠮᠳᠠ ᠰᠠᠶᠢᠵᠢᠷᠠᠪᠠ᠃ ᠣᠷᠣᠨ ᠨᠣᠳᠤᠭ ᠤᠨ | ᠣᠶᠢᠯᠡᠳᠪᠦᠷᠢᠯᠡᠯ ᠤᠨ ᠶᠡᠷᠦᠩᠬᠡᠶ ᠥᠷᠲᠡᠭ ᠢ 309.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 26.1 | ᠳ᠋ᠦᠩᠰᠢᠭᠤᠷ ᠲᠥᠭᠦᠷᠢᠭ ᠪᠡᠶᠡᠯᠡᠭᠦᠯᠵᠦ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠣᠶᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠶᠢ 41.7 ᠳ᠋ᠦᠩᠰᠢᠭᠤᠷ | ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ | 47671 ᠲᠥᠭᠦᠷᠢᠭ ᠪᠠ 20153 ᠲᠥᠭᠦᠷᠢᠭ ᠬᠦᠷᠬᠡᠵᠣ᠂ ᠠᠳᠠᠯᠢ ᠬᠤᠭᠤᠴᠠᠭᠠᠨ ᠤ ᠬᠢ ᠠᠴᠠ 6.4% ᠪᠠ | 10.4% ᠪᠠᠷ ᠨᠡᠮᠡᠭᠳᠡᠪᠡ︔ ᠬᠤᠲᠠ ᠪᠠᠯᠭᠠᠰᠤᠨ ᠤ 1595 ᠬᠥᠮᠦᠨ ᠳᠤ ᠰᠢᠨ᠎ᠡ ᠪᠠᠷ ᠠᠵᠢᠯ ᠣᠯᠭᠤᠵᠤ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.05% ᠳᠣᠳᠣᠷ᠎ᠠ ᠬᠢᠵᠠᠭᠠᠷᠯᠠᠪᠠ᠃ | ᠡᠳ᠋ ᠤᠨ ᠵᠠᠰᠠᠭ ᠤᠨ ᠲᠥᠰᠦᠪ ᠤᠨ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠥᠷᠲᠡᠭ ᠤᠨ 3 | ᠲᠦᠷᠥᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠨᠢᠭᠡᠳᠦᠭᠡᠷ ᠲᠤ ᠪᠠᠶᠢᠷᠢᠯᠠᠪᠠ᠃ | ᠶᠡᠷᠦᠩᠬᠡᠶᠢᠯᠡᠭᠰᠡᠨ ᠪᠣᠳᠠᠲᠤ ᠬᠦᠴᠦᠨ ᠳᠡᠭᠡᠭᠰᠢᠯᠡᠭᠡᠳ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ | ᠰᠢᠶᠠᠨ ᠤ 21 ᠳ᠋ᠦ᠋ᠬᠡᠷ᠂ ᠳᠤᠮᠳᠠᠳᠤ ᠤᠯᠤᠰ ᠤᠨ ᠠᠵᠤ ᠣᠶᠢᠯᠡᠳᠪᠦᠷᠢ ᠶᠢᠨ ᠠᠵᠤ ᠠᠬᠤᠶ ᠶᠢᠨ ᠵᠠᠭᠤᠨ ᠬᠦᠴᠦᠷᠬᠡᠭ | ᠬᠤᠰᠢᠭᠤ ᠰᠢᠶᠠᠨ ᠤ 43 ᠳ᠋ᠣᠭᠠᠷ ᠲᠤ ᠣᠷᠣᠵᠤ ᠨᠢᠳᠤᠨᠤᠨ ᠤ ᠬᠢ ᠠᠴᠠ ᠳᠣᠰᠪᠣᠷᠢ 1 ᠪᠠ 8 ᠣᠷᠣᠨ ᠳᠠᠪᠰᠢᠵᠣ | ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠨᠠᠩ ᠢᠯᠡᠷᠬᠡᠶ ᠪᠤᠯᠵᠤ ᠰᠠᠶᠢᠨ ᠬᠠᠨᠳᠣᠰᠢ | ᠨᠠᠩ ᠴᠢᠩᠭᠠᠷᠠᠪᠠ᠃ | ︵ᠬᠤᠶᠠᠷ︶ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠠᠯᠬᠤᠴᠠ ᠯᠠᠪᠳᠠᠭᠤᠨ ᠪᠠᠳᠣᠳᠡᠢ ᠪᠣᠯᠪᠠ᠃ ᠠᠵᠤ | ᠣᠶᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠨᠡᠩ ᠲᠤᠭᠲᠠᠭᠤᠨ ᠪᠣᠯᠪᠠ᠃ᠬᠡᠪᠴᠢᠶᠡᠵᠢᠯ ᠠᠴᠠ ᠳᠡᠭᠡᠭᠰᠢᠬᠢ 21 | ᠠᠵᠤ ᠣᠶᠢᠯᠡᠳᠪᠦᠷᠢ ᠶᠢᠨ ᠠᠵᠤ ᠠᠬᠤᠶᠢᠯᠠᠯ 394.3 ᠳ᠋ᠦᠩᠰᠢᠭᠤᠷ ᠲᠥᠭᠦᠷᠢᠭ ᠤᠨ ᠣᠶᠢᠯᠡᠳᠪᠣᠷᠢᠯᠡᠯ ᠤᠨ | ᠶᠡᠷᠦᠩᠬᠡᠶ ᠥᠷᠲᠡᠭ ᠢ ᠪᠡᠶᠡᠯᠡᠭᠦᠯᠵᠦ 5.1% ᠪᠠᠷ ᠨᠡᠮᠡᠭᠳᠡᠪᠡ᠃ ᠬᠤᠯᠤᠰᠤ ᠨᠡᠭᠦᠷᠡᠰᠦᠨ ᠠᠭᠤᠷᠬᠠᠢ ᠶᠢᠨ ᠠᠭᠤᠷᠬᠠᠢ | ᠮᠠᠯᠲᠠᠬᠤ ᠵᠥᠪᠰᠢᠶᠡᠷᠡᠯ ᠤᠨ ᠦᠨᠡᠮᠯᠡᠯ ᠢ ᠣᠯᠵᠤ ᠱᠠᠩ ᠤᠨ ᠬᠤᠭᠤᠯᠠᠢ᠂ ᠮᠠᠩᠬᠢᠰᠣᠨ ᠵᠠᠳᠠᠭᠠᠢ ᠨᠡᠭᠦᠷᠡᠰᠦᠨ | ᠠᠭᠤᠷᠬᠠᠢ ᠶᠢ ᠬᠢᠨᠠᠨ ᠵᠦᠪᠰᠢᠶᠡᠷᠡᠭᠦᠯᠪᠡ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠢ 406 ᠰᠢᠨ᠎ᠡ ᠪᠠᠷ | ᠮᠠᠯᠲᠠᠵᠤ ᠰᠣᠪᠣᠷᠭ᠎ᠠ ᠵᠡᠭᠦᠨ ᠳᠠᠯ᠎ᠠ ᠶᠢᠨ 6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠢ ᠬᠠᠳᠠᠭᠠᠯᠠᠬᠤ | ᠬᠥᠮᠥᠷᠭᠡ ᠶᠢ ᠠᠰᠢᠭᠯᠠᠯᠲᠠ ᠳᠤ ᠣᠷᠣᠭᠤᠯᠪᠠ᠃ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠬᠢᠮᠢ ᠶᠢᠨ | ᠣᠶᠢᠯᠡᠳᠪᠣᠷᠢ ᠶᠢᠨ ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ ᠣᠶᠢᠯᠡᠳᠬᠦ᠂ ᠵᠦᠩ | ᠮᠧᠢ ᠪᠦᠯᠥᠭᠯᠡᠯ ᠤᠨ ᠶᠤᠸᠠᠨ ᠰᠢᠩ ᠺᠣᠮᠫᠠᠨᠢ ᠶᠢᠨ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ | ᠵᠡᠷᠭᠡ ᠲᠥᠷᠥᠯ ᠵᠦᠢᠯ ᠢ ᠲᠦᠷᠬᠡᠳᠬᠡᠨ ᠪᠦᠳᠦᠬᠡᠨ ᠪᠠᠶᠢᠭᠤᠯᠪᠠ᠃ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠨᠢ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠠᠢ ᠨᠥᠬᠦᠷᠰᠡᠭ ᠬᠠᠷᠢᠴᠠᠭ᠎ᠠ ᠪᠠᠶᠢᠭᠤᠯᠪᠠ᠃ ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠰᠢᠨ᠎ᠡ ᠪᠠᠷ 2 ᠨᠡᠮᠡᠭᠳᠡᠭᠦᠯᠪᠠ᠃ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠰᠢᠯᠢᠳᠡᠭᠵᠢᠪᠡ | ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7.4 ᠲᠦᠮᠡᠨ ᠮᠦ ᠬᠡᠷᠡᠭᠵᠢᠭᠦᠯᠵᠦ ᠲᠦᠬᠦᠬᠡᠷᠣᠮᠵᠢᠳᠣ ᠲᠠᠷᠢᠶᠠᠯᠠᠩ ᠢ | ᠰᠢᠨ᠎ᠡ ᠪᠠᠷ 1089 ᠮᠦ ᠳᠠᠷᠢᠵᠣ ᠠᠮᠤ ᠪᠤᠳᠠᠭᠠᠨ ᠤ ᠤᠨᠠᠯᠲᠠ 17.7 ᠲᠦᠮᠡᠨ ᠲᠣᠨ ᠳᠤ ᠬᠦᠷᠪᠡ᠃ ᠣᠷᠳᠣᠰ | ᠨᠠᠷᠢᠨ ᠨᠣᠣᠰᠣᠲᠤ ᠬᠤᠨᠢᠨ ᠤ ᠡᠭᠦᠯᠳᠡᠷ ᠪᠤᠶᠢᠵᠢᠭᠤᠯᠬᠤ ᠭᠤᠤᠯ ᠡᠷᠦᠬᠡ ᠶᠢ 80 ᠪᠣᠢ ᠪᠣᠯᠭᠠᠵᠣ ᠰᠠᠶᠢᠨ | ᠡᠭᠦᠯᠳᠡᠷ ᠤᠨ 860 ᠠᠩᠬᠢᠰ ᠠᠯᠠᠰᠢᠨ ᠦᠬᠡᠷ ᠢ ᠣᠷᠣᠭᠤᠯᠤᠨ ᠠᠪᠴᠢᠷᠠᠵᠤ ᠭᠠᠭ᠋ᠠᠶ ᠶᠢ ᠣᠯᠠᠰᠢᠷᠠᠭᠤᠯᠣᠨ ᠳᠡᠵᠢᠬᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠤᠨᠢ ᠮᠠᠯ ᠵᠡᠷᠬᠡ ᠬᠡᠷ ᠤᠨ ᠳᠡᠵᠢᠬᠡᠪᠣᠷᠢ ᠶᠢᠨ ᠲᠤᠭ᠎ᠠ ᠶᠢ 116 | ᠲᠦᠮᠨ ᠬᠦᠷᠬᠡᠪᠠ᠃ 914 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠳᠤ ᠨᠥᠬᠦᠪᠥᠷᠢ ᠦᠭᠪᠠ᠃ ᠣᠷᠳᠣᠰ | ᠨᠠᠷᠢᠨ ᠨᠣᠣᠰᠣᠲᠤ ᠬᠤᠨᠢᠨ ᠤ ᠮᠢᠬ᠎ᠠ᠂ ᠦᠦᠰᠢᠨ ᠤᠯᠠᠭᠠᠨ ᠠᠮᠤ ᠶᠢ ᠭᠠᠵᠠᠷ ᠵᠦᠢ ᠶᠢᠨ ᠪᠡᠯᠭᠡ ᠳᠡᠮᠳᠡᠭᠳᠣ | ᠬᠡᠷᠡᠴᠢᠯᠡᠯᠳᠤ ᠲᠠᠸᠠᠷ ᠤᠨ ᠲᠡᠮᠳᠡᠭ ᠢᠶᠠᠷ ᠳᠠᠩᠰᠠᠯᠠᠭᠤᠯᠵᠤ᠂ ᠦᠦᠰᠢᠨ ᠮᠣᠷᠢ ᠶᠢ ᠭᠠᠵᠠᠷ ᠵᠦᠢ ᠶᠢᠨ ᠪᠡᠯᠭᠡ | ᠳᠡᠮᠳᠡᠭᠳᠣ ᠪᠠᠷ ᠬᠡᠷᠡᠴᠢᠯᠡᠬᠦᠯᠪᠠ᠃ ᠬᠤᠸᠠᠩ ᠰᠢᠶᠠᠩ ᠳᠡᠮᠳᠡᠭᠳᠣ ᠭᠠᠭ᠋ᠠᠶ ᠵᠡᠷᠭᠡ 7 ᠠᠵᠤ ᠣᠶᠢᠯᠡᠰ ᠤᠨ ᠬᠤᠯᠪᠣᠭᠠᠲᠤ | ᠴᠣᠭᠴᠠ ᠶᠢ ᠪᠠᠶᠢᠭᠤᠯᠵᠤ ᠬᠤᠲᠠ ᠶᠢᠨ ᠱᠠᠲᠤᠨ ᠠᠴᠠ ᠳᠡᠭᠡᠭᠰᠢᠬᠢ 5 ᠳᠣᠯᠣᠭᠠᠶᠢᠯᠠᠬᠤ ᠠᠵᠤ ᠠᠬᠤᠶᠢᠯᠠᠯ ᠢ | ᠭᠤᠶᠤᠴᠢᠯᠠᠨ ᠮᠡᠳᠡᠭᠦᠯᠵᠦ 1000 ᠲᠦᠮᠡᠨ ᠲᠥᠭᠦᠷᠢᠭ ᠤᠨ ᠠᠰᠢᠭ ᠲᠤᠰᠠ ᠶᠢᠨ ᠬᠤᠯᠪᠣᠭᠠᠨ ᠤ ᠪᠡᠯᠡ ᠮᠥᠩᠭᠦ ᠶᠢ | 22 ᠠᠵᠤ ᠣᠶᠢᠯᠡᠰ ᠤᠨ ᠲᠥᠷᠥᠯ ᠵᠣᠶᠢᠯ ᠢ ᠳᠡᠮᠵᠢᠬᠦ ᠳᠤ ᠨᠠᠶᠢᠳᠠᠪᠤᠷᠢᠵᠢᠭᠤᠯᠵᠤ᠂ 80% ᠶᠢᠨ ᠭᠠᠴᠠᠭ᠎ᠠ | ᠲᠣᠰᠬᠤᠨ ᠢ 2 ᠠᠴᠠ ᠳᠡᠭᠡᠭᠰᠢ ᠬᠠᠮᠲᠤ ᠶᠢᠨ ᠠᠵᠤ ᠠᠬᠤᠶ ᠶᠢᠨ ᠲᠥᠷᠥᠯ ᠵᠣᠶᠢᠯ ᠲᠠᠢ ᠪᠣᠯᠭᠠᠵᠣ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ 600 ᠮᠠᠯᠴᠢᠨ ᠲᠠᠷᠢᠶᠠᠴᠢᠨ ᠢ ᠬᠦᠮᠦᠵᠢᠬᠦᠯᠵᠡᠢ᠃ ᠣᠯᠠᠭᠠᠠᠳᠣᠯᠣᠭᠠᠢ ᠪᠠᠯᠭᠠᠰᠤ ᠪᠥᠬᠦ | ᠤᠯᠤᠰ ᠤᠨ ︽ᠨᠢᠭᠡ ᠭᠠᠴᠠᠭ᠎ᠠ ᠲᠣᠰᠬᠤᠨ ᠨᠢᠭᠡ ᠨᠠᠷᠠᠳᠣ ᠳᠡᠮᠳᠡᠭ ᠲᠠᠢ ᠪᠠᠶᠢᠬᠤ︾ ᠵᠢᠱᠢᠶᠠᠴᠢ ᠪᠠᠯᠭᠠᠰᠤ ᠪᠠᠷ | ᠦᠨᠡᠯᠡᠭᠳᠡᠪᠡ᠃ ᠤᠳᠤ ᠦᠶ᠎ᠡ ᠶᠢᠨ ᠣᠶᠢᠯᠡᠴᠢᠯᠡᠭᠡᠨ ᠤ ᠣᠶᠢᠯᠡᠰ ᠲᠦᠷᠬᠡᠨ ᠬᠥᠭᠵᠢᠪᠡ᠃ ᠪᠥᠬᠦ ᠣᠷᠣᠨ ᠪᠦᠰᠠ | ᠶᠢᠨ ᠵᠢᠭᠤᠯᠴᠢᠯᠠᠯ ᠤᠨ ᠲᠦᠯᠦᠪᠵᠢᠬᠦᠯᠭᠡ᠂ ᠰᠢᠷᠬᠤᠰᠣ 5A ᠲᠠᠰ ᠤᠨ ᠦᠵᠡᠮᠵᠢ ᠶᠢᠨ ᠣᠷᠣᠨ ᠢ ᠡᠬᠦᠳᠣᠨ | ᠪᠠᠶᠢᠭᠤᠯᠬᠤ ᠵᠡᠷᠭᠡ 7 ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠵᠣ ᠬᠤᠪᠢᠰᠬᠠᠯ ᠤᠨ ᠰᠣᠶᠣᠯ ᠢ ᠵᠠᠯᠭᠠᠮᠵᠢᠯᠠᠨ | ᠬᠠᠮᠠᠭᠠᠯᠠᠬᠤ ᠪᠠ ᠬᠥᠭᠵᠢᠭᠦᠯᠬᠦ ᠶᠢ ᠰᠣᠳᠣᠯᠣᠨ ᠶᠠᠷᠢᠯᠴᠠᠬᠤ ᠬᠤᠷᠠᠯ ᠢ ᠡᠷᠭᠢᠯᠡᠵᠦ ᠵᠢᠭᠤᠯᠴᠢᠯᠠᠭᠰᠠᠳ ᠲᠤ | ᠣᠶᠢᠯᠡᠴᠢᠯᠡᠬᠦ ᠲᠥᠪ ᠵᠢᠴᠢ ᠵᠢᠭᠤᠯᠴᠢᠯᠠᠯ ᠤᠨ ᠣᠷᠣᠨ ᠳᠠᠬᠢ ᠵᠣᠷᠯᠣᠩ ᠢ 10 ᠪᠠᠷᠢᠵᠣ ᠰᠢᠷᠬᠤᠰᠣᠨ ᠪᠠᠯᠭᠠᠰᠣᠨ ᠤ | ᠪᠠᠲᠤ ᠶᠢᠨ ᠲᠣᠬᠤᠢ ᠲᠣᠰᠬᠤᠨ ᠠᠩᠬᠠᠳᠠᠭᠴᠢ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠤᠯᠳᠠᠯᠭᠠᠳᠣ ᠲᠣᠰᠬᠤᠨ ᠢᠶᠠᠷ ᠦᠨᠡᠯᠡᠭᠳᠡᠪᠡ᠃ ᠪᠦᠬᠦ ᠵᠢᠯ ᠳᠤ ᠵᠢᠭᠤᠯᠴᠢᠯᠠᠭᠰᠠᠳ ᠢ 131.9 ᠲᠦᠮᠡᠨ ᠬᠥᠮᠦᠨ | ᠤᠳᠠᠭ᠎ᠠ ᠬᠦᠯᠢᠶᠡᠨ ᠵᠣᠴᠢᠯᠡᠵᠣ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 43.2 ᠳ᠋ᠦᠩᠰᠢᠭᠤᠷ | ᠲᠥᠭᠦᠷᠢᠭ ᠪᠡᠶᠡᠯᠡᠭᠦᠯᠪᠡ᠃ ᠬᠤᠨᠵᠢᠨᠴᠡᠶᠢᠳᠠᠮ ᠬᠦᠷᠦᠬᠡᠵᠣ ᠬᠦᠯᠳᠡᠬᠡᠬᠦ ᠬᠡᠯᠬᠢᠶᠠᠵᠢᠯ ᠤᠨ ᠪᠠᠷᠠᠭᠠᠨ ᠭᠦᠢᠯᠭᠡᠭᠡᠨ ᠤ | ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠴᠡᠭ ᠢ 6᠂ ᠮᠠᠯᠵᠢᠬᠤ ᠳᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠵᠢᠱᠢᠶᠠᠴᠢ | ᠡᠷᠦᠬᠡ ᠶᠢ 10 ᠪᠠᠶᠢᠭᠤᠯᠵᠤ 20 ᠭᠠᠷᠤᠢ ᠲᠦᠷᠥᠯ ᠤᠨ ᠨᠣᠳᠤᠭ ᠤᠨ ᠭᠠᠷᠣᠯᠳᠠᠳᠣ ᠮᠠᠯ ᠤᠨ ᠠᠰᠢᠭ ᠰᠢᠮ᠎ᠡ ᠶᠢᠨ | ᠣᠶᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠬᠡᠷ᠎ᠡ ᠪᠠ ᠳᠠᠯᠬᠡᠬᠦᠷ ᠲᠤ ᠵᠡᠷᠭᠡᠪᠡᠷ ᠪᠣᠷᠣᠯᠠᠭᠤᠯᠵᠣ | ᠪᠠᠶᠢᠨ᠎ᠠ᠃ | ︵ᠭᠤᠷᠪᠠ︶ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠤᠭᠠᠨ ᠵᠠᠩᠬᠢᠯᠠᠭ᠎ᠠ ᠶᠢᠨ ᠠᠬᠢᠴᠠ ᠲᠠᠢ ᠪᠣᠯᠪᠠ | ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠲᠦᠷᠥᠯ ᠤᠨ ᠵᠢᠭᠡᠯᠡᠯᠭᠡ ᠶᠢᠨ ᠲᠡᠮᠳᠡᠭᠲᠦ ᠶᠢ 6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ | ᠣᠨ ᠤ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ 163.8% ᠪᠠᠷ ᠪᠡᠶᠡᠯᠡᠭᠦᠯᠵᠦ 5400 ᠲᠦᠮᠡᠨ | ᠲᠥᠭᠦᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠ ᠶᠢ ᠴᠡᠶᠢᠷᠠᠭᠤᠯᠣᠭᠠᠳ ᠳᠠᠪᠠᠭᠤᠯᠣᠨ | ᠪᠠᠶᠡᠯᠡᠬᠦᠯᠵᠣ ︽ᠠᠷᠪᠠ ᠶᠢ ᠪᠦᠷᠬᠦᠭᠦᠯᠬᠦ︾ ᠢᠨᠵᠧᠨᠧᠷᠢᠩ ᠲᠠᠢ ᠰᠢᠭᠤᠳ ᠬᠤᠯᠪᠣᠭᠳᠠᠬᠤ ᠦᠷᠢ ᠰᠢᠷᠢ ᠶᠢ ᠪᠦᠬᠦᠨ ᠢ | ᠢᠯᠭᠠᠷᠠᠭᠤᠯᠪᠠ᠃ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠴᠣᠭᠯᠠᠭᠤᠯᠣᠭᠰᠠᠨ 9 ᠬᠡᠷᠡᠭ ᠤᠨ | ᠬᠡᠷᠡᠭ ᠲᠤ ᠬᠤᠯᠪᠤᠭᠳᠠᠭᠰᠠᠨ ᠡᠳ᠋ ᠬᠥᠷᠥᠩᠭᠡ ᠶᠢ ᠨᠢ ᠰᠢᠢᠳᠪᠣᠷᠢᠯᠡᠬᠦ ᠶᠠᠪᠣᠴᠠ ᠳᠤ ᠣᠷᠣᠭᠤᠯᠪᠠ᠃ ᠪᠠᠩᠬᠢ ᠶᠢᠨ | ᠡᠷᠡᠭᠦᠯ ᠪᠤᠰᠤ ᠵᠢᠭᠡᠯᠡᠯᠭᠡ ᠶᠢ 1.46 ᠳ᠋ᠦᠩᠰᠢᠭᠤᠷ ᠲᠥᠭᠦᠷᠢᠭ ᠪᠣᠴᠠᠭᠠᠪᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠪᠠᠲᠤᠳᠬᠠᠵᠣ 1600 ᠭᠠᠷᠤᠢ ᠲᠦᠮᠡᠨ ᠲᠦᠬᠦᠷᠢᠭ ᠤᠨ ᠪᠡᠯᠡ | ᠮᠥᠩᠭᠦ ᠶᠢ ᠨᠠᠶᠢᠳᠠᠪᠤᠷᠢᠵᠢᠭᠤᠯᠵᠤ 26 ᠠᠵᠤ ᠦᠢᠯᠡᠰ ᠤᠨ ᠲᠥᠷᠦᠯ ᠵᠦᠢᠯ ᠢ ᠬᠡᠷᠡᠭᠵᠢᠬᠦᠯᠥᠨ ᠳᠠᠩᠰᠠᠯᠠᠵᠣ | ᠺᠠᠷᠲᠯᠠᠭᠰᠠᠨ ᠶᠠᠳᠠᠭᠤ ᠬᠦᠴᠢᠷᠳᠡᠯᠳᠡᠢ ᠥᠯᠡᠲᠡᠭᠰᠡᠨ 2 ᠡᠷᠦᠬᠡ ᠶᠢ ᠪᠠᠷᠢᠮᠵᠢᠶ᠎ᠠ ᠶᠣᠰᠣᠭᠠᠷ ᠶᠠᠳᠠᠭᠤ ᠠᠴᠠ | ᠠᠩᠬᠢᠵᠢᠷᠠᠭᠤᠯᠵᠣ 443 ᠪᠠᠳᠣᠳᠬᠠᠨ ᠳᠡᠳᠬᠦᠬᠦ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃ 23 | ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠰᠢᠨᠡᠳᠬᠡᠨ ᠵᠠᠰᠠᠵᠣ 108 ᠶᠠᠳᠠᠭᠤ ᠬᠦᠴᠢᠷᠳᠡᠯᠳᠡᠢ | ᠬᠡᠷ ᠪᠦᠯᠢ ᠶᠢᠨ ᠰᠣᠷᠣᠭᠴᠢ ᠳᠤ ᠲᠤᠰᠠᠯᠠᠮᠵᠢ ᠬᠦᠷᠳᠡᠬᠡᠵᠣ ᠶᠠᠳᠠᠭᠤ ᠬᠦᠴᠢᠷᠳᠡᠯᠲᠡᠶ ᠬᠡᠷ ᠪᠦᠯᠢ ᠶᠢᠨ 20 ᠤᠶᠤᠲᠠᠳ | ᠲᠤ ᠳᠣᠭᠳᠠᠪᠣᠷᠢᠳᠡᠢ ᠠᠵᠢᠯ ᠣᠯᠭᠤᠵᠣ ᠶᠠᠳᠠᠭᠤ ᠬᠦᠴᠢᠷᠳᠡᠯᠲᠡᠶ ᠬᠦᠮᠦᠨ ᠠᠮᠠ ᠶᠢᠨ ᠡᠮᠨᠡᠯᠭᠡ ᠳᠤ ᠰᠠᠭᠤᠵᠤ | ᠡᠮᠴᠢᠯᠡᠬᠦᠯᠥᠭᠰᠡᠨ ᠵᠠᠷᠣᠳᠠᠯ ᠤᠨ ᠳᠠᠩᠰᠠᠨ ᠠᠴᠠ ᠲᠠᠶᠢᠯᠬᠤ ᠬᠠᠷᠢᠴᠠᠯ ᠢ 90% ᠳᠤ ᠬᠦᠷᠬᠡᠪᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠲᠤᠷ ᠬᠢᠵᠦ ᠬᠤᠶᠠᠳᠤᠭᠠᠷ ᠤᠳᠠᠭᠠᠨ ᠤ ᠪᠦᠬᠦ | ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠳᠠ ᠶᠢᠨ ᠰᠡᠭᠦᠯ ᠬᠤᠷᠢᠶᠠᠬᠤ ᠠᠵᠢᠯ ᠢ | ᠳᠠᠭᠤᠰᠬᠠᠪᠠ᠃ 255 ᠬᠡᠪᠴᠢᠶᠠᠵᠢᠭ᠍ᠰᠡᠨ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠰᠢᠬᠡᠭ ᠢ | ᠶᠡᠷᠦᠩᠬᠡᠶᠢᠯᠡᠨ ᠠᠰᠢᠭᠯᠠᠬᠤ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠨᠠᠩᠭᠢ ᠰᠢᠷᠣᠶ ᠶᠢᠨ | 15 ᠳᠣᠭᠤᠰᠬᠠᠨ ᠣᠶᠢᠯᠡᠳᠪᠦᠷᠢ ᠶᠢ ᠬᠠᠭᠠᠵᠤ ᠪᠠᠶᠠᠨᠭᠤᠣᠯ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠴᠢᠯᠠᠭᠤ ᠶᠢ | ᠡᠬᠡᠬᠦᠯᠥᠨ ᠬᠢᠵᠤ ᠠᠭᠤᠷᠬᠠᠢ ᠶᠢ ᠪᠣᠯᠠᠬᠤ ᠪᠠ ᠱᠠᠩ ᠤᠨ ᠬᠤᠭᠤᠯᠠᠢ᠂ ᠪᠠᠶᠠᠨᠭᠤᠣᠯ ᠤᠨ ᠠᠭᠤᠷᠬᠠᠢ ᠶᠢᠨ | ᠬᠤᠳᠳᠤᠭ ᠤᠨ ᠤᠰᠤ ᠶᠢ ᠭᠦᠨᠵᠡᠭᠡᠶ ᠰᠢᠢᠳᠪᠦᠷᠢᠯᠡᠬᠦ ᠲᠥᠷᠥᠯ ᠵᠣᠶᠢᠯ ᠢ ᠠᠰᠢᠭᠯᠠᠯᠲᠠ ᠳᠤ ᠣᠷᠣᠭᠤᠯᠵᠤ ᠭᠤᠤᠯ ᠤᠨ | ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠨ ᠬᠥᠷᠥᠰᠥᠨ ᠤ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠠᠭᠠᠷ ᠮᠠᠨᠳᠠᠯ ᠤᠨ ᠴᠡᠪᠡᠷᠴᠠ ᠶᠢᠨ ᠨᠣᠷᠮ᠎ᠠ ᠶᠢ 86.2% ᠲᠤ ᠬᠦᠷᠬᠡᠪᠠ | ᠃ | ︵ᠲᠦᠷᠪᠡ︶ ᠠᠷᠠᠳ ᠤᠨ ᠠᠮᠢᠳᠤᠷᠠᠯ ᠨᠡᠩ ᠵᠣᠯ ᠵᠢᠷᠭᠠᠯ ᠲᠠᠢ ᠪᠣᠯᠪᠠ᠃ 34.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠳᠤᠲᠠᠭᠤᠳᠠᠯ ᠢ ᠨᠥᠬᠦᠪᠥᠷᠢᠯᠡᠨ ᠶᠠᠰᠤ ᠴᠢᠨᠠᠷ ᠦᠷ᠎ᠡ ᠪᠦᠳᠣᠮᠵᠢ ᠶᠢ | ᠳᠡᠭᠡᠭᠰᠢᠯᠡᠭᠦᠯᠦᠭᠰᠡᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠡᠷᠡᠭᠵᠢᠭᠦᠯᠪᠡ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠨ 202 ᠰᠣᠷᠣᠭᠴᠢ ᠶᠢ ᠨᠠᠶᠢᠳᠠᠨ ᠬᠥᠮᠦᠵᠢᠭᠦᠯᠪᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ 440 ᠠᠵᠢᠯᠳᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ | ᠲᠤᠰᠢᠶᠠᠪᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ 281 | ᠲᠦᠮᠡᠨ ᠲᠥᠭᠦᠷᠢᠭ᠂ ᠠᠳᠠᠯ ᠦᠢᠯᠡᠰ ᠪᠣᠰᠬᠠᠬᠤ ᠪᠠᠳᠣᠯᠠᠪᠣᠷᠢ ᠶᠢᠨ ᠵᠢᠭᠡᠯᠡᠯᠭᠡ ᠶᠢ655 ᠲᠦᠮᠡᠨ ᠲᠥᠭᠦᠷᠢᠭ | ᠲᠠᠷᠬᠠᠭᠠᠪᠠ᠃ ᠱᠠᠷᠯᠢᠭ ᠵᠡᠷᠭᠡ 4 ᠰᠤᠷᠭᠠᠭᠤᠯᠢ ᠶᠢᠨ ᠪᠠᠭᠰᠢ ᠶᠢᠨ ᠪᠠᠶᠢᠷᠢ ᠶᠢ ᠪᠠᠷᠢᠵᠣ ᠭᠤᠷᠪᠠᠳᠤᠭᠠᠷ ᠬᠡᠣᠬᠡᠳ ᠤᠨ | ᠴᠡᠴᠡᠷᠯᠢᠭ ᠤᠨ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠵᠦ ᠨᠠᠷᠢᠠᠭᠤᠣᠯ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ | ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ 8 ᠰᠤᠷᠭᠠᠭᠤᠯᠢ ᠶᠢᠨ ᠭᠠᠯ ᠤᠨᠲᠠᠷᠠᠭᠠᠬᠤ | ᠠᠵᠢᠯ ᠤᠨ ᠳᠠᠯ᠎ᠠ ᠪᠠᠷ ᠬᠢ ᠦᠬᠡᠷᠡᠴᠢᠯᠡᠯᠳᠡ ᠶᠢ ᠬᠡᠷᠡᠭᠵᠢᠭᠦᠯᠵᠦ ᠬᠤᠲᠠ ᠶᠢᠨ ᠮᠣᠩᠭᠤᠯ ᠦᠨᠳᠦᠰᠦᠲᠡᠨ ᠤ | ᠬᠤᠶᠠᠳᠤᠭᠠᠷ ᠳᠤᠮᠳᠠᠳᠤ ᠰᠤᠷᠭᠠᠭᠤᠯᠢ᠂ ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶ ᠵᠡᠷᠭᠡ 4 | ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ 3 ᠰᠤᠷᠭᠠᠭᠤᠯᠢ ᠶᠢᠨ ᠶᠡᠷᠦᠩᠬᠡᠶᠢᠯᠡᠭᠰᠡᠨ | ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ | ᠡᠩᠨᠡᠬᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠳᠠᠲᠠᠶ | ᠬᠡᠷᠡᠭᠵᠢᠭᠦᠯᠬᠦ ᠰᠠᠨᠠᠯ︾ ᠢ ᠨᠡᠶᠢᠲᠡᠯᠡᠵᠦ 196 ᠪᠠᠭᠰᠢ ᠶᠢ ᠰᠢᠯᠭᠠᠨ ᠡᠯᠰᠡᠵᠣ ᠨᠢᠯᠬ᠎ᠠ ᠬᠡᠣᠬᠡᠳ ᠤᠨ ᠬᠥᠮᠦᠵᠢᠯ ᠤᠨ | ᠪᠠᠶᠢᠭᠤᠯᠤᠮᠵᠢ ᠶᠢ 12 ᠨᠡᠭᠡᠭᠡᠨ ᠡᠷᠭᠢᠯᠡᠪᠡ᠃ ᠠᠯᠪᠠᠨ ᠠᠴᠠ ᠡᠷᠬᠢᠯᠡᠭᠰᠠᠨ ᠬᠤᠶᠠᠷ ᠡᠮᠨᠡᠯᠭᠡ ᠶᠢᠨ ᠬᠤᠷᠢᠶ᠎ᠠ ᠳᠣᠰᠪᠣᠷᠢ | ᠨᠠᠨᠵᠢᠩ ᠬᠤᠲᠠ ᠶᠢᠨ ᠨᠢᠭᠡᠳᠦᠭᠡᠷ ᠡᠮᠨᠡᠯᠬᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ | ᠡᠮᠨᠡᠯᠭᠡ ᠶᠢᠨ ᠬᠤᠷᠢᠶ᠎ᠠ ᠲᠠᠢ ᠬᠠᠮᠳᠣᠷᠠᠯᠴᠠᠬᠤ ᠬᠠᠷᠢᠴᠠᠭ᠎ᠠ ᠪᠠᠶᠢᠭᠤᠯᠵᠤ ᠭᠤᠷᠪᠠᠳᠣᠭᠠᠷ ᠳᠠᠰ ᠤᠨ ᠬᠦᠬᠡ ᠵᠡᠷᠬᠡ ᠶᠢᠨ | ᠡᠮᠨᠡᠯᠭᠡ ᠶᠢᠨ ᠬᠤᠷᠢᠶᠠᠨ ᠤ ᠲᠤᠰᠬᠠᠶ ᠮᠡᠷᠬᠡᠵᠢᠯᠳᠡᠨ ᠢ 56 ᠨᠡᠷᠡᠰ ᠤᠷᠢᠨ ᠡᠪᠡᠳᠴᠢᠳᠠᠨ ᠳᠤ ᠡᠮᠴᠢᠯᠡᠭᠡ ᠬᠢᠯᠬᠡᠪᠠ᠃ | 46 ᠡᠮᠴᠢ ᠰᠤᠪᠢᠯᠠᠭᠴᠢ ᠶᠢ ᠰᠢᠯᠭᠠᠨ ᠡᠯᠰᠡᠪᠡ᠃ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ︽ᠡᠷᠡᠭᠦᠯ | ᠮᠡᠨᠳᠦ ᠶᠢᠨ ᠡᠯᠧᠺᠲᠷᠣᠨ ᠺᠣᠳ᠋︾ ᠢ ᠬᠡᠷᠡᠭᠵᠢᠭᠦᠯᠵᠦ 143 ᠵᠤᠶᠢᠯ ᠤᠨ ᠪᠠᠶᠢᠩᠭᠤ ᠬᠡᠷᠡᠭᠯᠡᠭᠳᠡᠬᠦ ᠮᠣᠩᠭᠤᠯ ᠡᠮ ᠢ | ᠳᠠᠩᠰᠠᠨ ᠠᠴᠠ ᠲᠠᠶᠢᠯᠬᠤ ᠭᠠᠷᠴᠠᠭ ᠲᠤ ᠣᠷᠣᠭᠤᠯᠵᠣ ᠡᠮᠴᠢᠯᠡᠭᠡᠨ ᠤ ᠳᠠᠭᠠᠳᠬᠠᠯ ᠢ ᠣᠨᠳᠣᠤ ᠭᠠᠵᠠᠷ ᠲᠤ ᠲᠡᠷᠡ | ᠳᠠᠷᠤᠶ ᠳᠤᠨᠢ ᠲᠡᠰᠦᠯᠦᠨ ᠪᠤᠳᠤᠬᠤ ᠶᠢ ᠪᠥᠬᠦ ᠲᠠᠯ᠎ᠠ ᠪᠠᠷ ᠬᠡᠷᠡᠭᠵᠢᠭᠦᠯᠵᠡᠢ᠃ ︽ᠲᠦᠮᠡᠨ ᠠᠯᠬᠤᠮ ᠤᠨ ᠪᠣᠯᠵᠤᠭ᠎ᠠ︾ | ᠵᠡᠷᠭᠡ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠦᠷᠨᠢᠬᠦᠯᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠯ ᠪᠥᠮᠪᠦᠭᠡ ᠶᠢᠨ ᠣᠷᠳᠣᠨ ᠢ ᠪᠠᠶᠢᠭᠤᠯᠵᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠣᠷᠢᠯᠡᠬᠦ ᠲᠤᠷᠰᠢᠯᠲᠠ ᠶᠢᠨ ᠠᠰᠠᠷ ᠪᠠ ᠡᠬᠡ | ᠨᠢᠯᠬᠠᠰ ᠤᠨ ᠡᠷᠡᠬᠦᠯᠵᠢᠯ ᠲᠥᠯᠥᠪᠯᠡᠬᠡᠳᠣ ᠬᠦᠩᠬᠡᠵᠢᠯ ᠤᠨ ᠣᠶᠢᠯᠡᠴᠢᠯᠡᠬᠡᠨ ᠤ ᠲᠦᠪ ᠢ ᠠᠰᠢᠭᠯᠠᠯᠳᠠ ᠳᠤ | ᠣᠷᠣᠭᠤᠯᠵᠣ ᠲᠤᠭ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠣᠮᠣ ᠪᠠᠯᠭᠠᠰᠤ ᠪᠠᠷ ᠨᠡᠷᠡᠶᠢᠳᠦᠭᠳᠡᠵᠦ ᠪᠦᠬᠦ | ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ ᠪᠠ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠠᠮᠢᠳᠤᠷᠠᠯ ᠤᠨ ᠨᠥᠬᠦᠪᠥᠷᠢ ᠶᠢ ᠰᠠᠷ᠎ᠠ | ᠪᠣᠯᠭᠠᠨ ᠳᠣᠰᠪᠣᠷᠢ 50 ᠲᠥᠭᠦᠷᠢᠭ᠂ 136 ᠲᠥᠭᠦᠷᠢᠭ ᠨᠡᠮᠡᠭᠳᠡᠬᠦᠯᠪᠠ᠃ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠣᠰᠪᠣᠷᠢ ᠰᠠᠷ᠎ᠠ ᠪᠣᠯᠭᠠᠨ 675 ᠲᠥᠭᠦᠷᠢᠭ᠂ ᠵᠢᠯ | ᠪᠣᠯᠭᠠᠨ 6169 ᠲᠥᠭᠦᠷᠢᠭ ᠪᠣᠯᠭᠠᠨ ᠳᠡᠭᠡᠭᠰᠢᠯᠡᠭᠦᠯᠪᠡ᠃ ᠨᠠᠰᠤᠲᠠᠶᠢᠴᠤᠳ ᠢ ᠠᠰᠠᠷᠠᠨ ᠰᠤᠪᠢᠯᠠᠬᠤ | ᠬᠦᠷᠢᠶᠡᠯᠡᠩ ᠤᠨ B ᠠᠰᠠᠷ ᠪᠠ ᠲᠤᠭ ᠤᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠰᠣᠪᠣᠷᠭ᠎ᠠ | ᠨᠡᠶᠢᠭᠡᠮ ᠲᠣᠭᠤᠷᠢᠭ ᠤᠨ ᠡᠳᠦᠷ ᠢᠶᠠᠷ ᠠᠰᠠᠷᠠᠨ ᠬᠠᠷᠠᠭᠠᠯᠵᠠᠬᠤ ᠲᠥᠪ ᠢ ᠠᠰᠢᠭᠯᠠᠯᠲᠠ ᠳᠤ ᠣᠷᠣᠭᠤᠯᠵᠣ 170 | ᠣᠷᠣ ᠶᠢ ᠰᠢᠨ᠎ᠡ ᠪᠠᠷ ᠨᠡᠮᠡᠪᠡ᠃ 1800 ᠭᠠᠷᠤᠶ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠵᠢᠴᠢ | ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠳᠤ ︽ᠢᠷᠠᠭᠤ ᠠᠯᠳᠠᠷᠲᠤ ᠬᠡᠷ ᠪᠦᠯᠢ︾ ᠶᠢᠨ ᠫᠠᠶᠢᠰᠠ ᠡᠯᠭᠦᠵᠦ | 82 ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ ᠮᠦᠩᠬᠦ ᠶᠢ ᠦᠷᠬᠦᠯᠵᠢᠯᠡᠨ ᠳᠣᠰᠢᠶᠠᠪᠠ᠃ | ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠭᠤᠷᠢᠨ ᠳᠤ ᠨᠢᠭᠡ ᠪᠦᠯᠦᠭ ᠴᠠᠭ ᠦᠶ᠎ᠡ ᠶᠢᠨ ᠬᠡᠪ | ᠪᠠᠶᠢᠳᠠᠯ ᠢ ᠲᠤᠰᠬᠠᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠣᠷᠣᠨ ᠤ ᠳᠣᠳᠣᠷ᠎ᠠ | ᠤᠯᠠᠭᠠᠨᠮᠥ᠋ᠴᠢᠷ ᠰᠣᠯᠢᠯᠴᠠᠭ᠎ᠠ ᠲᠣᠭᠯᠠᠯᠲᠠ ᠥᠷᠨᠢᠭᠦᠯᠵᠦ ︽ᠣᠨᠢᠰᠣᠭᠠᠯᠢᠭ ᠰᠢᠷᠬᠤᠰᠣ︾ ᠬᠡᠬᠦ ᠺᠢᠨᠣ᠋ ᠶᠢ ᠠᠩᠬ᠎ᠠ | ᠤᠳᠠᠭ᠎ᠠ ᠨᠡᠪᠳᠡᠷᠡᠬᠦᠯᠵᠣ ᠨᠢᠬᠡ ᠬᠦᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ︽ | ᠰᠠᠷᠠᠨ᠎ᠠ︾ ᠳᠡᠮᠳᠡᠭᠳᠣ ᠱᠠᠩᠨᠠᠯ ᠢ ᠭᠥᠷᠳᠡᠪᠡ᠃ ᠣᠯᠠᠭᠠᠠᠳᠣᠯᠣᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠭᠤᠷᠪᠠᠳᠤᠭᠠᠷ | ᠪᠦᠯᠦᠭ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠳᠣ ᠭᠠᠴᠠᠭ᠎ᠠ ᠲᠣᠰᠬᠤᠨ ᠢᠶᠠᠷ | ᠨᠡᠷᠡᠶᠢᠳᠦᠭᠳᠡᠪᠡ᠃ | ︵ᠲᠠᠪᠤ︶ ᠬᠤᠳᠠ ᠬᠥᠳᠡᠭᠡ ᠶᠢᠨ ᠲᠦᠷᠢ ᠲᠦᠷᠬᠦ ᠰᠢᠨ᠎ᠡ ᠪᠠᠶᠢᠳᠠᠯ ᠲᠠᠢ ᠪᠣᠯᠪᠠ᠃ ᠪᠦᠬᠦ ᠤᠯᠤᠰ ᠤᠨ | ᠬᠤᠰᠢᠭᠤ ᠰᠢᠶᠠᠨ ᠤ ᠳᠠᠰ ᠤᠨ ᠪᠣᠯᠪᠠᠰᠤᠨ ᠬᠤᠲᠠ ᠶᠢ ᠢᠳᠡᠪᠬᠢᠳᠡᠢ ᠡᠭᠦᠳᠦᠨ ᠪᠠᠶᠢᠭᠤᠯᠵᠣ2018 ᠣᠨ ᠠᠴᠠ | ᠨᠠᠰᠢ ᠪᠦᠬᠦ ᠬᠤᠰᠢᠭᠤᠨ ᠤ ᠺᠡᠳ᠋ᠷ ᠣᠯᠠᠨ ᠲᠦᠮᠡᠨ ᠡᠵᠡᠨ ᠬᠦᠮᠦᠨ ᠤ ᠦᠵᠡᠯ ᠤᠬᠠᠮᠰᠠᠷ ᠢᠶᠠᠷ ᠪᠣᠯᠪᠠᠰᠣᠨ ᠬᠤᠳᠠ | ᠶᠢ ᠡᠬᠦᠳᠣᠨ ᠪᠠᠶᠢᠭᠤᠯᠬᠤ ᠠᠵᠢᠯ ᠢ ᠴᠢᠩ ᠰᠠᠳᠬᠢᠯ ᠠᠴᠠ ᠬᠦᠷᠢᠶᠠᠯᠠᠨ ᠢᠳᠡᠪᠬᠢᠲᠠᠢ ᠣᠷᠣᠯᠴᠠᠵᠣ ᠮᠠᠨ ᠤ ᠬᠤᠰᠢᠭᠤ | ᠬᠤᠶᠡᠷ ᠵᠢᠯ ᠳᠠᠷᠠᠭᠠᠯᠠᠨ ᠪᠦᠬᠦ ᠦᠪᠡᠷᠳᠡᠬᠡᠨ ᠵᠠᠰᠠᠬᠤ ᠣᠷᠣᠨ ᠤ ᠨᠢᠬᠡᠳᠣᠬᠡᠷ ᠲᠤ ᠪᠠᠶᠢᠷᠢᠯᠠᠪᠠ᠃ ᠣᠢ ᠶᠢᠨ | ᠰᠠᠬᠦᠳᠡᠷᠳᠣ ᠵᠠᠮ᠂ ᠰᠣᠪᠣᠷᠭ᠎ᠠ ᠵᠡᠭᠡᠯᠢ ᠵᠡᠷᠭᠡ 5 ᠵᠤᠷᠪᠤᠰ ᠵᠠᠮ ᠢ ᠥᠭᠡᠷᠡᠴᠢᠯᠡᠨ ᠵᠠᠰᠠᠵᠤ 6 ᠺᠢᠯᠥᠮᠧᠲᠷ ᠤᠨ | ᠠᠯᠭᠤᠷ ᠠᠶᠠᠯᠠᠬᠤ ᠵᠠᠮ ᠢ ᠵᠠᠰᠠᠵᠣ 30.6 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠪᠠ︔ 7500 | ᠲᠡᠭᠰᠢ ᠳᠥᠷᠪᠡᠯᠵᠢᠨ ᠮᠧᠲᠷ ᠤᠨ ᠤᠢ ᠶᠢᠨ ᠰᠡᠬᠦᠳᠡᠷᠳᠣ ᠲᠡᠷᠭᠡᠨ ᠵᠣᠭᠰᠣᠭᠠᠯ ᠢ ᠪᠠᠶᠢᠭᠤᠯᠵᠣ ᠪᠠᠢ ᠰᠦᠩ ᠶᠤᠸᠠᠨ | ᠵᠡᠷᠭᠡ 4 ᠴᠡᠴᠡᠷᠯᠢᠭ ᠢ ᠰᠢᠨ᠎ᠡ ᠪᠠᠷ ᠪᠠᠶᠢᠭᠤᠯᠣᠨ 41 ᠴᠡᠴᠡᠷᠯᠢᠭ ᠤᠨ ᠦᠵᠡᠮᠵᠢ ᠶᠢᠨ ᠴᠡᠭ ᠤᠨ ᠵᠡᠷᠬᠡ ᠳᠠᠰ ᠢ | ᠦᠬᠡᠷᠡᠴᠢᠯᠡᠨ ᠳᠡᠬᠡᠭᠰᠢᠯᠡᠬᠦᠯᠵᠣ 24 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠦᠬᠡᠷᠡᠴᠢᠯᠡᠨ | ᠨᠣᠭᠤᠭᠠᠷᠠᠭᠤᠯᠪᠠ᠃ ᠶᠦᠩ ᠲᠠᠢ ᠢᠯᠴᠢ ᠴᠠᠬᠢᠯᠭᠠᠨ ᠤ ᠬᠤᠯᠪᠣᠭᠠᠯᠠᠭᠰᠠᠨ ᠲᠥᠷᠥᠯ ᠵᠦᠢᠯ ᠢ ᠨᠡᠶᠢᠯᠡᠬᠦᠯᠥᠨ | ᠠᠵᠢᠯᠯᠠᠭᠤᠯᠵᠣ ᠡᠯ᠎ᠡ ᠲᠥᠷᠥᠯ ᠤᠨ ᠬᠤᠭᠤᠯᠠᠢ ᠲᠣᠣᠷ ᠢ 75 ᠺᠢᠯᠣᠮᠧᠲᠷ ᠳᠡᠪᠢᠰᠴᠦ 43.8 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠲᠦᠪᠯᠡᠷᠡᠬᠦᠯᠥᠨ ᠳᠣᠯᠠᠭᠠᠯᠠᠭ᠎ᠠ ᠬᠠᠩᠭᠠᠪᠠ᠃ ᠰᠠᠭᠤᠭᠠᠯᠢ ᠠᠷᠠᠳ ᠤᠨ ᠵᠠᠮ ᠤᠨ | ᠳ᠋ᠧᠩ ᠢ 450 ᠤᠭᠰᠠᠷᠠᠪᠠ᠃ ᠣᠰᠣ ᠪᠠᠷ ᠵᠠᠶᠢᠯᠠᠬᠤ ᠮᠠᠶ᠋ᠢᠭ ᠤᠨ ᠵᠣᠷᠯᠣᠩ ᠢ 10 ᠦᠬᠡᠷᠡᠴᠢᠯᠡᠨ ᠵᠠᠰᠠᠪᠠ᠃ | ᠶᠤᠸᠠᠢ ᠰᠢᠨ ᠶᠤᠸᠠᠨ ᠵᠡᠷᠭᠡ ᠰᠠᠭᠤᠭᠠᠯᠢ ᠠᠷᠠᠳ ᠤᠨ 22 ᠬᠠᠭᠤᠴᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ | ᠵᠠᠰᠠᠵᠤ ᠵᠢᠩ ᠢ ᠶᠤᠸᠠᠨ ᠵᠡᠷᠭᠡ ᠰᠠᠭᠤᠭᠠᠯᠢ ᠠᠷᠠᠳ ᠤᠨ 8 ᠲᠣᠭᠤᠷᠢᠭ ᠤᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠪᠡ᠃ ᠮᠠᠨᠳᠠ ᠵᠠᠬ᠎ᠠ ᠳᠡᠯᠭᠡᠭᠦᠷ᠂ ᠰᠣᠶᠣᠯ ᠤᠨ ᠠᠵᠢᠯᠯᠠᠭᠠᠨ ᠤ ᠲᠥᠪ ᠤᠨ ᠡᠷᠭᠢᠨ | ᠲᠣᠭᠤᠷᠢᠨ ᠢ ᠵᠠᠰᠠᠨ ᠦᠬᠡᠷᠡᠴᠢᠯᠡᠵᠣ ᠬᠠᠶᠠᠭᠳᠠᠮᠠᠯ ᠡᠳ᠋ ᠪᠣᠳᠠᠰ ᠬᠤᠳᠠᠯᠳᠤᠨ ᠠᠪᠬᠤ ᠥᠷᠲᠡᠭᠡ ᠶᠢᠨ ᠨᠢᠭᠡᠳᠦᠭᠡᠷ | ᠬᠤᠭᠤᠴᠠᠭ᠎ᠠ ᠪᠠ ᠮᠠᠰᠢᠨ ᠲᠦᠷᠢᠶᠡᠰᠦᠯᠡᠬᠦ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ | ᠬᠤᠭ ᠨᠣᠪᠰᠢ ᠶᠢ ᠠᠪᠴᠢᠭᠤᠯᠣᠨ ᠳᠠᠮᠵᠢᠭᠤᠯᠬᠤ ᠥᠷᠲᠡᠭᠡ ᠶᠢ 5᠂ ᠠᠭᠤᠷᠬᠠᠶᠢᠵᠢᠭᠤᠯᠣᠨ ᠠᠭᠤᠷᠰᠢᠭᠤᠯᠣᠨ ᠵᠢᠩᠨᠡᠬᠦ | ᠵᠤᠤᠬ᠎ᠠ ᠶᠢ 2᠂ ᠤᠰᠤ ᠪᠠᠷ ᠵᠠᠶᠢᠯᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ 15 ᠪᠠᠷᠢᠵᠣ 5000 ᠡᠷᠦᠬᠡ ᠶᠢᠨ | ᠵᠣᠷᠯᠣᠩ ᠢ ᠦᠬᠡᠷᠡᠴᠢᠯᠡᠨ ᠵᠠᠰᠠᠪᠠ᠃ ᠠᠶᠢᠯ ᠲᠤᠰᠬᠤᠨ ᠤ ᠤᠷᠴᠢᠨ ᠲᠤᠭᠤᠷᠢᠨ ᠢ ᠲᠦᠪᠯᠡᠷᠡᠭᠦᠯᠦᠨ ᠴᠡᠭᠴᠡᠯᠡᠨ | ᠵᠠᠰᠠᠬᠤ ᠡᠳᠦᠷ ᠢ ᠳᠣᠬᠢᠷᠠᠭᠤᠯᠵᠣ ︽ᠦᠵᠡᠰᠬᠦᠯᠡᠩᠲᠦ ᠰᠠᠶᠢᠬᠠᠨ ᠬᠦᠷᠢᠶ᠎ᠠ ᠬᠠᠰᠢᠶ᠎ᠠ︾ ᠶᠢ ᠠᠳᠠᠯᠢᠳᠬᠠᠨ | ᠰᠢᠯᠭᠠᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠠ ᠮᠠᠯᠴᠢᠨ ᠲᠠᠷᠢᠶᠠᠴᠢᠨ ᠤ ᠣᠶᠤᠨ | ᠰᠠᠨᠠᠭᠠᠨ ᠤ ᠬᠡᠪ ᠪᠠᠶᠢᠳᠠᠯ ᠢ ᠨᠡᠯᠢᠶᠡᠳ ᠰᠠᠶᠢᠵᠢᠷᠠᠭᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ ᠭᠤᠷᠪᠠᠳᠤᠭᠠᠷ ᠤᠳᠠᠭᠠᠨ ᠤ ᠣᠯᠣᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ | ᠥᠷᠨᠢᠭᠦᠯᠣᠨ 884.5 ᠲᠡᠭᠰᠢ ᠳᠥᠷᠪᠡᠯᠵᠢᠨ ᠺᠢᠯᠣᠮᠧᠲᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠢ ᠵᠠᠭᠠᠭᠯᠠᠨ ᠲᠣᠭᠲᠠᠭᠠᠪᠠ᠃ ᠭᠤᠤᠯ ᠨᠠᠭᠤᠷ ᠤᠨ ᠡᠷᠭᠢ ᠶᠢᠨ ᠱᠤᠭᠤᠮ ᠢ ᠵᠠᠭᠠᠭᠯᠠᠨ ᠨᠤᠲᠠᠯᠠᠨ | ᠲᠣᠭᠲᠠᠭᠠᠬᠤ ᠪᠠ ︽ᠳᠥᠷᠪᠡᠨ ᠡᠷᠦᠢ ᠬᠤᠷᠤᠢ ᠦᠬᠡᠢ ᠪᠠᠶᠢᠬᠤ ᠶᠢ ᠴᠡᠭᠴᠡᠯᠡᠨ ᠵᠠᠰᠠᠬᠤ︾᠂ ᠬᠠᠣᠯᠢ ᠲᠦᠷᠢᠮ ᠢ | ᠵᠦᠷᠢᠴᠡᠨ ᠪᠠᠶᠢᠭᠤᠯᠣᠭᠰᠠᠨ ᠳᠣᠰᠠᠭᠠᠷ ᠰᠠᠭᠤᠴᠠᠳᠣ ᠣᠷᠣᠨ ᠰᠠᠭᠤᠴᠠ ᠶᠢᠨ ᠲᠤᠰᠬᠠᠶ ᠲᠦᠷᠥᠯ ᠤᠨ ᠴᠡᠭᠴᠡᠯᠡᠯᠳᠡ | ᠶᠢ ᠲᠦᠯᠬᠢᠨ ᠠᠬᠢᠭᠤᠯᠪᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ | ᠶᠢ 61.5 ᠲᠦᠮᠡᠨ ᠮᠦ᠂ ᠬᠥᠷᠥᠰᠥ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 15 ᠲᠦᠮᠡᠨ ᠮᠦ | ᠬᠡᠷᠡᠭᠵᠢᠭᠦᠯᠪᠡ᠃ ᠤᠯᠠᠭᠠᠨ ᠬᠥᠯᠲᠦ ᠱᠣᠩᠬᠤᠷ᠂ ᠤᠯᠠᠭᠠᠨ ᠬᠤᠰᠢᠭᠤᠲᠤ ᠴᠠᠬᠤᠯᠠᠶ ᠦᠣᠰᠢᠨ ᠨᠤᠳᠤᠭ ᠲᠤ | ᠦᠷᠡᠵᠢᠨ ᠠᠮᠢᠳᠣᠷᠠᠵᠣ ᠪᠠᠶᠢᠬᠤ ᠶᠢ ᠠᠩᠬ᠎ᠠ ᠤᠳᠠᠭ᠎ᠠ ᠢᠯᠡᠷᠡᠭᠦᠯᠪᠡ᠃ ᠴᠠᠭᠠᠠᠰᠦ᠋ᠮᠠ ᠶᠢᠨ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠴᠡᠭᠴᠡᠯᠡᠨ ᠵᠠᠰᠠᠵᠣ ᠣᠶᠢᠲᠤ ᠭᠠᠵᠠᠷ ᠤᠨ ᠬᠤᠪᠢᠷᠠᠭᠠᠯᠳᠠ ᠶᠢᠨ | ᠪᠠᠶᠢᠴᠠᠭᠠᠯᠳᠠ ᠵᠢᠴᠢ ᠤᠯᠤᠰ ᠤᠨ ᠣᠶ ᠰᠢᠭᠤᠶ ᠶᠢᠨ ᠪᠠᠶᠢᠴᠠᠭᠠᠯᠳᠠ ᠶᠢᠨ ᠬᠠᠷᠢᠭᠤ ᠳᠣᠰᠬᠠᠯ ᠤᠨ ᠠᠰᠠᠭᠤᠳᠠᠯ ᠢ | ᠲᠦᠪ ᠴᠢᠩᠭ᠎ᠠ ᠴᠡᠭᠴᠡᠯᠡᠨ ᠰᠠᠶᠢᠵᠢᠷᠠᠭᠤᠯᠵᠤ ᠬᠡᠭᠡᠷ᠎ᠡ ᠭᠠᠳᠠᠭ᠎ᠠ ᠳᠠᠶᠢᠯᠭ᠎ᠠ ᠬᠢᠭᠰᠡᠨ ᠠᠴᠠ ᠪᠣᠯᠤᠭᠰᠠᠨ ᠭᠠᠯ ᠤᠨ | ᠠᠶᠤᠯ ᠤᠨ 21 ᠬᠠᠷᠢᠭᠤᠴᠠᠯᠭ᠎ᠠ ᠡᠭᠦᠷᠭᠡᠯᠡᠭᠴᠢ ᠶᠢ ᠬᠡᠷᠡᠭ ᠪᠣᠯᠭᠠᠨ ᠳᠠᠩᠰᠠᠯᠠᠵᠤ ᠰᠢᠢᠳᠪᠦᠷᠢᠯᠡᠪᠡ᠃ | ︵ᠵᠢᠷᠭᠤᠭ᠎ᠠ︶ ᠬᠥᠭᠵᠢᠯᠲᠡ ᠶᠢᠨ ᠰᠠᠭᠤᠷᠢ ᠬᠦᠴᠦᠨ ᠳᠠᠰᠣᠷᠠᠯᠳᠡ ᠦᠬᠡᠢ ᠪᠠᠬᠢᠵᠢᠪᠠ᠃ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ ᠬᠤᠶᠠᠳᠣᠭᠠᠷ᠂ | ᠭᠤᠷᠪᠠᠳᠤᠭᠠᠷ ᠠᠵᠤ ᠦᠢᠯᠡᠰ ᠤᠨ ᠨᠠᠷᠢᠨ ᠪᠠᠶᠢᠳᠠᠯ ᠢ ᠲᠣᠳᠣᠷᠬᠠᠢ ᠣᠶᠢᠯᠠᠭᠠᠪᠠ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠭᠠᠶᠢᠯᠢ ᠠᠴᠠ ᠬᠡᠯᠲᠦᠷᠢᠭᠦᠯᠬᠦ ᠵᠠᠷᠤᠳᠠᠯ ᠢ 5.6 ᠳ᠋ᠦᠩᠰᠢᠭᠤᠷ ᠲᠦᠬᠦᠷᠢᠭ ᠬᠥᠩᠭᠡᠯᠡᠵᠦ ᠴᠠᠬᠢᠯᠭᠠᠨ | ᠬᠦᠴᠦᠨ ᠤ ᠤᠯᠠᠨ ᠲᠠᠯᠠᠲᠤ ᠠᠷᠠᠯᠵᠢᠶᠠᠨ ᠤ 16 ᠠᠵᠤ ᠠᠬᠤᠶᠢᠯᠠᠯ ᠤᠨ ᠠᠷᠪᠢᠯᠠᠭᠰᠠ ᠥᠪᠡᠷ ᠤᠨ ᠦᠷᠳᠡᠭ 1.2 | ᠳ᠋ᠦᠩᠰᠢᠭᠤᠷ ᠲᠥᠭᠦᠷᠢᠭ ᠲᠤ ᠬᠦᠷᠴᠡᠶ᠃ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠳᠣ 5 ᠶᠡᠭᠡ | ᠠᠵᠤ ᠠᠬᠤᠶᠢᠯᠠᠯ ᠢ ᠴᠣᠮᠬᠤᠳᠬᠠᠨ ᠨᠡᠶᠢᠯᠡᠭᠦᠯᠵᠦ ᠪᠠᠶᠢᠭᠤᠯᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠬᠦᠨᠵᠡᠬᠡᠶᠢᠷᠡᠬᠦᠯᠣᠨ ︽ᠤᠷᠢᠳᠠᠪᠠᠷ ᠦᠨᠡᠮᠯᠡᠯ ᠢ ᠭᠤᠶᠣᠴᠢᠯᠡᠨ ᠳᠠᠷᠠᠭ᠎ᠠ ᠨᠢ ᠬᠡᠷᠡᠴᠢ ᠶᠢ | ᠬᠦᠢᠴᠡᠳᠬᠡᠭᠰᠡᠨ︾ ᠡᠵᠡᠩᠨᠡᠯᠲᠡ ᠶᠢᠨ ᠦᠨᠡᠮᠯᠡᠯ ᠢ 1320 ᠬᠤᠪᠢ ᠲᠠᠷᠬᠠᠭᠠᠪᠠ᠃ ᠭᠠᠵᠠᠷ ᠰᠢᠷᠣᠶ ᠶᠢᠨ ᠡᠷᠬᠡ ᠶᠢ | ᠨᠤᠲᠠᠯᠠᠨ ᠲᠣᠭᠲᠠᠭᠠᠬᠤ ᠪᠠ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ | ᠬᠡᠰᠢᠬᠦᠨ ᠤ ᠬᠢᠷᠢ ᠬᠡᠮ ᠢ ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ 21.1 ᠲᠦᠮᠡᠨ | ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠪᠠ᠃ ᠤᠯᠤᠰ | ᠤᠨ ᠵᠠᠮ ᠤᠨ 338 ᠱᠤᠭᠤᠮ ᠤᠨ ᠭᠠᠯᠠᠭᠤᠲᠤ ᠠᠴᠠ ᠣᠯᠠᠭᠠᠠᠪᠠᠯᠭᠠᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ | ᠮᠤᠵᠢ ᠶᠢᠨ ᠵᠠᠮ ᠤᠨ 216 ᠱᠤᠭᠤᠮ ᠤᠨ ᠦᠪᠣᠷ ᠮᠣᠩᠭᠤᠯ ᠤᠨ ᠪᠠᠷᠠᠭᠤᠨ ᠬᠡᠰᠡᠭ ᠠᠴᠠ ᠵᠠᠩᠭᠤᠳᠣ ᠬᠦᠷᠬᠦ ᠬᠡᠰᠡᠭ | ᠢ ᠦᠬᠡᠷᠡᠴᠢᠯᠡᠨ ᠪᠠᠶᠢᠭᠤᠯᠣᠭᠠᠳ ᠲᠡᠷᠭᠡ ᠨᠡᠪᠳᠠᠷᠠᠬᠦᠯᠵᠣ ᠮᠤᠵᠢ ᠶᠢᠨ ᠵᠠᠮ ᠤᠨ 317 ᠱᠤᠭᠤᠮ ᠤᠨ ᠳᠣᠯᠢ ᠠᠴᠠ | ᠨᠠᠩᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠤᠰᠢᠨ ᠤ ᠬᠡᠰᠡᠭ ᠤᠨ ᠭᠤᠣᠯ ᠴᠣᠭᠴᠠ ᠶᠢᠨ ᠪᠠᠷᠢᠯᠭ᠎ᠠ | ᠶᠢ ᠳᠠᠭᠤᠰᠬᠠᠵᠣ ᠬᠥᠳᠡᠭᠡ ᠲᠣᠰᠬᠤᠨ ᠤ 172 ᠺᠢᠯᠣᠮᠧᠲᠷ ᠤᠨ ᠵᠠᠰᠠᠮᠠᠯ ᠵᠠᠮ ᠢ ᠶᠡᠬᠡᠪᠡᠷ ᠦᠬᠡᠷᠡᠴᠢᠯᠡᠨ ᠵᠠᠰᠠᠵᠤ 3. | 3 ᠲᠦᠮᠡᠨ ETC ᠲᠥᠬᠦᠭᠡᠷᠦᠮᠵᠢ ᠶᠢ ᠣᠭᠰᠠᠷᠠᠨ ᠲᠦᠭᠡᠮᠡᠯᠵᠢᠭᠦᠯᠵᠦ ᠥᠪᠡᠷᠲᠡᠭᠡᠨ ᠵᠠᠰᠠᠬᠤ ᠣᠷᠣᠨ ᠤ ︽ | ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶᠠᠴᠢ ᠬᠤᠰᠢᠭᠤ ᠶᠢ ᠠᠮᠵᠢᠯᠲᠠᠲᠠᠢ ᠡᠭᠦᠳᠦᠨ | ᠪᠠᠶᠢᠭᠤᠯᠪᠠ᠃ ᠬᠤᠯᠪᠣᠭᠠᠯᠵᠢ ᠠᠴᠠ ᠵᠢᠢ ᠠᠨ ᠬᠦᠷᠬᠦ ᠲᠡᠮᠦᠷ ᠵᠠᠮ ᠪᠣᠯᠤᠨ ᠭᠠᠯᠠᠭᠤᠲᠤ ᠠᠴᠠ ᠪᠤᠭᠤᠲᠤ ᠶᠢᠨ ᠵᠡᠬᠦᠨ | ᠦᠷᠳᠡᠭᠡ ᠬᠦᠷᠬᠦ ᠠᠶᠠᠨᠴᠢᠳ ᠤᠨ ᠭᠠᠯᠲᠤ ᠲᠡᠷᠭᠡ ᠶᠢ ᠨᠡᠪᠳᠡᠷᠡᠬᠦᠯᠵᠡᠢ᠃ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠲᠦᠷᠥᠯ ᠵᠣᠶᠢᠯ ᠤᠨ ᠳᠣᠭᠳᠠᠭᠠᠯᠳᠠ ᠨᠢ ᠬᠢᠨᠠᠨ ᠲᠣᠭᠲᠠᠭᠠᠯᠲᠠ ᠶᠢ ᠥᠩᠭᠡᠷᠡᠭᠡᠵᠡᠶ᠃ ᠪᠠᠶᠠᠨᠨᠠᠭᠤᠷ | 35 ᠺᠢᠯᠣᠸᠣᠯᠲ ᠵᠡᠷᠭᠡ 4 ᠲᠦᠷᠥᠯ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ | ᠣᠷᠣᠭᠤᠯᠵᠤ 211 ᠺᠢᠯᠣᠮᠧᠲᠷ ᠤᠨ ᠳᠠᠷᠢᠶᠠᠯᠠᠩ ᠤᠨ ᠴᠠᠬᠢᠯᠭᠠᠨ ᠲᠣᠣᠷ ᠢ ᠰᠢᠨ᠎ᠡ ᠪᠠᠷ ᠦᠬᠡᠷᠡᠴᠢᠯᠡᠪᠠ᠃ ︽ | ᠳᠣᠯᠤᠭ᠎ᠠ ᠨᠢᠬᠡ︾ ᠵᠡᠷᠭᠡ 3 ᠤᠰᠤᠨ ᠴᠥᠭᠦᠷᠥᠮ ᠢ ᠰᠡᠯᠪᠢᠨ ᠵᠠᠰᠠᠬᠤ ᠢᠨᠵᠧᠨᠧᠷᠢᠩ ᠢ ᠳᠠᠭᠤᠰᠬᠠᠪᠠ᠃ | ︵ᠲᠤᠯᠤᠭ᠎ᠠ︶ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯ ᠲᠠᠢ ᠳᠣᠭᠳᠠᠭᠤᠨ ᠪᠣᠯᠪᠠ᠃ 2 ᠬᠦᠷᠢᠶᠡᠯᠡᠩ | ᠲᠣᠭᠤᠷᠢᠭ ᠪᠠ 74 ᠠᠵᠤ ᠠᠬᠤᠶᠢᠯᠠᠯ ᠳᠤ ᠪᠦᠬᠦᠯᠢ ᠴᠣᠭᠴᠠ ᠶᠢᠨ ᠠᠮᠤᠷ ᠲᠦᠪᠰᠢᠨ ᠤ ᠦᠨᠡᠯᠡᠯᠲᠡ ᠬᠢᠪᠠ᠃ | ᠨᠣᠳᠤᠭ ᠤᠨ ᠭᠠᠷᠣᠯᠳᠠᠳᠣ ᠢᠳᠡᠭᠡᠨ ᠣᠮᠳᠠᠭᠠᠨ ᠤ ᠬᠦᠷᠢᠶᠡᠯᠡᠩ ᠲᠣᠭᠤᠷᠢᠭ ᠢ ᠥᠭᠡᠷᠡᠴᠢᠯᠡᠨ ᠰᠢᠨᠡᠳᠬᠡᠵᠦ ᠳᠡᠰ | ᠳᠡᠪᠰᠢᠭᠦᠯᠵᠦ ᠪᠠᠶᠢᠴᠠᠭᠠᠨ ᠰᠢᠯᠭᠠᠬᠤ ᠲᠥᠪ ᠤᠨ ᠰᠢᠨ᠎ᠡ ᠪᠠᠷ ᠨᠡᠮᠡᠭᠳᠡᠭᠰᠡᠨ ᠭᠡᠷᠡᠴᠢᠯᠡᠯ ᠤᠨ ᠯᠠᠪᠯᠠᠯᠳᠠ ᠳᠤᠭ᠎ᠠ 17 | ᠪᠠᠶᠢᠵᠤ ᠲᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ︽ᠪᠥᠬᠦ ᠤᠯᠤᠰ ᠤᠨ ᠦᠨᠳᠦᠰᠦᠨ | ᠱᠠᠲᠤᠨ ᠤ ᠰᠢᠯᠢᠳᠡᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ︾ ᠢᠶᠠᠷ ᠨᠡᠷᠡᠶᠢᠳᠦᠭᠳᠡᠪᠠ᠃ | ᠦᠯᠡᠳᠡᠭᠳᠡᠯ ᠠᠰᠠᠭᠤᠳᠠᠯ ᠢ ᠬᠦᠴᠦᠯᠡᠨ ᠰᠶᠢᠳᠪᠤᠷᠢᠯᠡᠵᠦ 60% ᠶᠢᠨ ᠭᠠᠵᠠᠷ ᠰᠢᠷᠣᠶ ᠶᠢᠨ ᠦᠯᠡᠳᠡᠭᠳᠡᠯ | ᠠᠰᠠᠭᠤᠳᠠᠯ ᠢ ᠵᠠᠷᠯᠠᠨ ᠨᠡᠶᠢᠲᠡᠯᠡᠵᠦ 124 ᠡᠷᠦᠬᠡ ᠳᠤ 3.4 ᠲᠦᠮᠡᠨ ᠲᠡᠭᠰᠢ ᠲᠦᠷᠪᠡᠯᠵᠢᠨ ᠮᠧᠲᠷ ᠤᠨ ᠭᠠᠵᠠᠷ | ᠰᠢᠷᠣᠶ ᠶᠢ ᠰᠣᠯᠢᠵᠤ ᠥᠭᠪᠡ︔ ᠲᠠᠢ ᠾᠧ᠂ ᠪᠥᠸᠧ ᠵᠢᠤᠸᠠᠢ ᠰᠠᠭᠤᠭᠠᠯᠢ ᠠᠷᠠᠳ ᠤᠨ ᠳᠣᠭᠤᠷᠢᠭ ᠤᠨ ᠪᠠᠷᠢᠯᠭ᠎ᠠ | ᠶᠢᠨ ᠠᠵᠢᠯ ᠵᠣᠭᠰᠣᠩᠭᠤᠶᠢᠷᠠᠭᠰᠠᠨ 2 ᠲᠥᠷᠥᠯ ᠵᠣᠶᠢᠯ ᠢ ᠠᠵᠢᠯᠯᠠᠭᠤᠯᠵᠣ 33 ᠲᠥᠷᠥᠯ ᠵᠣᠶᠢᠯ ᠤᠨ 11561 | ᠢᠵᠢ ᠨᠢᠭᠡᠨᠲᠡ ᠣᠷᠣᠵᠤ ᠰᠠᠭᠤᠭᠰᠠᠨ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠢ ᠬᠦᠢᠴᠡᠳᠬᠡᠬᠦ | ᠵᠡᠷᠭᠡ ᠠᠵᠢᠯ ᠢ ᠠᠬᠢᠭᠤᠯᠪᠠ︔ ᠶᠡᠷᠡᠭᠡᠳ ᠣᠨ ᠤ ᠦᠶ᠎ᠡ ᠳᠤ ᠶᠡᠭᠡ ᠰᠤᠷᠭᠠᠭᠤᠯᠢ᠂ ᠳᠤᠮᠳᠠ ᠵᠡᠷᠭᠡ ᠶᠢᠨ ᠳᠣᠰᠬᠠᠢ | ᠮᠡᠷᠭᠡᠵᠢᠯ ᠤᠨ ᠰᠤᠷᠭᠠᠭᠤᠯᠢ ᠳᠡᠬᠦᠰᠦᠬᠡᠳ ᠠᠵᠢᠯ ᠬᠤᠪᠢᠶᠠᠷᠢᠯᠠᠭᠰᠠᠨ ᠦᠬᠡᠢ 19 ᠬᠦᠮᠦᠨ ᠢ ᠲᠦᠷᠦ ᠶᠢᠨ | ᠪᠤᠳᠤᠯᠭ᠎ᠠ ᠶᠢᠨ ᠶᠣᠰᠣᠭᠠᠷ ᠲᠦᠪᠬᠢᠨᠡᠬᠦᠯᠪᠠ︔ ᠬᠥᠳᠡᠭᠡ ᠲᠣᠰᠬᠤᠨ ᠤ 51 ᠡᠮᠴᠢ ᠶᠢ ᠣᠷᠣᠯᠠᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠢ ᠳᠣᠰᠢᠶᠠᠪᠠ᠃ ᠦᠣᠰᠢᠨᠵᠣᠣ ᠰᠦᠮ᠎ᠡ ᠶᠢᠨ ᠬᠡᠬᠡᠨ | ᠰᠤᠪᠤᠷᠭ᠎ᠠ ᠶᠢ ᠪᠠᠬᠢᠵᠢᠬᠦᠯᠵᠤ ᠭᠤᠵᠣᠩ ᠬᠤᠷᠠᠬᠤ ᠶᠢᠨ ᠣᠪᠣᠭ᠎ᠠ ᠶᠢ ᠰᠠᠯᠪᠢᠨ ᠰᠢᠨᠡᠳᠬᠡᠪᠠ᠃ ᠭᠤᠷᠪᠠᠳᠣᠭᠠᠷ | ᠳᠣᠷᠰᠢᠯᠳᠡ ᠶᠢᠨ ᠪᠠᠭ᠎ᠠ ᠰᠣᠷᠭᠠᠭᠤᠯᠢ ᠶᠢᠨ ᠵᠠᠬᠢᠷᠣᠯ ᠸᠠᠩ ᠶᠢᠨ ᠼᠠᠢ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢᠶᠠᠷ ᠦᠨᠡᠯᠡᠭᠳᠡᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ︽ᠫᠤᠤ ᠰᠤᠮᠤ ᠶᠢ ᠬᠤᠷᠢᠶᠠᠮᠵᠢᠯᠠᠨ ᠳᠠᠯᠪᠠᠷᠠᠯᠳᠠ ᠶᠢᠨ ᠡᠳ᠋ ᠢ | ᠴᠡᠭᠴᠡᠯᠡᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ ᠬᠠᠷᠭᠢᠰ ᠬᠦᠴᠦᠨ ᠤ ᠪᠦᠯᠬᠦᠮ ᠢ 3 ᠠᠷᠢᠯᠭᠠᠵᠤ | ᠬᠡᠷᠡᠭ ᠲᠤ ᠬᠤᠯᠪᠣᠭᠳᠠᠭᠰᠠᠨ 107 ᠬᠥᠮᠦᠨ ᠢ ᠪᠠᠶᠢᠴᠠᠭᠠᠨ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ | ᠪᠣᠯᠪᠠᠰᠤᠨ ᠤ ᠣᠶᠢᠯᠡᠳᠦᠯᠬᠡᠵᠢᠬᠦᠯᠬᠡ ᠶᠢᠨ ᠳᠥᠷᠪᠡᠨ ᠱᠠᠲᠤᠨ ᠤ ᠠᠵᠢᠯ ᠤᠨ ᠰᠢᠰᠲ᠋ᠧᠮ ᠢ ᠪᠠᠶᠢᠭᠤᠯᠵᠤ 75 | ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠤᠨ ᠭᠠᠴᠠᠭ᠎ᠠ ᠲᠣᠰᠬᠤᠨ ᠤ ᠲᠦᠷᠢᠮ ᠠᠷᠠᠳ ᠤᠨ ᠭᠡᠷ᠎ᠡ ᠶᠢ | ᠲᠡᠭᠦᠯᠳᠡᠷᠵᠢᠭᠦᠯᠣᠬᠡᠳ ᠬᠦᠴᠦᠯᠡᠨ ᠳᠠᠮᠠᠴᠠᠵᠣ ᠵᠢᠳᠬᠦᠯ ᠴᠢᠷᠮᠠᠶᠢᠯᠭ᠎ᠠ ᠭᠠᠷᠭᠠᠭᠰᠠᠨ ᠰᠢᠨ᠎ᠡ ᠴᠠᠭ ᠦᠶ᠎ᠡ ᠶᠢᠨ | ᠢᠳᠡᠪᠬᠢ ᠬᠦᠴᠦᠨ ᠢ ᠳᠠᠰᠣᠷᠠᠯᠳᠡ ᠥᠬᠡᠶ ᠨᠢᠭᠲᠠᠷᠠᠭᠤᠯᠪᠠ᠃ | ︵ᠨᠠᠢᠮᠠ︶ ᠲᠣᠰ ᠪᠡᠶ᠎ᠡ ᠶᠢᠨ ᠪᠠᠶᠢᠭᠤᠯᠤᠯᠲᠠ ᠨᠠᠩ ᠪᠤᠳᠠᠳᠠᠢ ᠪᠦᠲᠦᠮᠵᠢᠲᠠᠢ ᠪᠤᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠠᠷᠠᠳ ᠤᠨ | ᠲᠥᠯᠥᠭᠡᠯᠡᠭᠴᠢᠳ ᠤᠨ 45 ᠬᠤᠪᠢ ᠰᠠᠨᠠᠯ ᠵᠦᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 40 | ᠬᠤᠪᠢ ᠰᠠᠨᠠᠯ ᠲᠤᠷᠠᠳᠤᠯᠭ᠎ᠠ ᠶᠢ ᠬᠦᠢᠴᠡᠳᠬᠡᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ 9 ᠤᠳᠠᠭ᠎ᠠ | ᠬᠤᠷᠠᠯᠳᠤᠭᠤᠯᠪᠠ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠬᠢᠨᠠᠨ ᠵᠥᠪᠰᠢᠶᠡᠷᠡᠬᠦᠯᠬᠦ | ︽ᠨᠢᠭᠡ ᠥᠷᠲᠡᠭᠡᠲᠤ ᠮᠠᠶ᠋ᠢᠭ︾ ᠤᠨ ᠦᠢᠯᠡᠴᠢᠯᠡᠭᠡᠨ ᠤ ᠲᠥᠪ ᠢ ᠪᠠᠶᠢᠭᠤᠯᠵᠤ ︽ᠲᠦᠷᠪᠡᠨ ᠬᠦᠢᠴᠡᠳᠬᠡᠬᠦ︾ 511 | ᠤᠴᠢᠷ ᠶᠠᠪᠤᠳᠠᠯ ᠢ ᠨᠡᠶᠢᠲᠡᠯᠡᠵᠦ ᠲᠦᠪᠡᠭ ᠪᠤᠳᠤᠯᠢᠶᠠᠨᠲᠠᠢ 100 ᠤᠴᠢᠷ ᠶᠠᠪᠤᠳᠠᠯ ᠢ ︽ᠨᠢᠭᠡ ᠯᠡ ᠤᠳᠠᠭ᠎ᠠ ᠲᠡᠭᠡᠷ᠎ᠡ | ᠬᠦᠢᠴᠡᠳᠬᠡᠬᠦ︾ ᠶᠢ ᠪᠡᠶᠡᠯᠡᠬᠦᠯᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ︽ᠠᠭᠤᠷᠬᠠᠶ ᠬᠠᠶᠢᠬᠤ | ᠡᠷᠬᠡ ᠶᠢ ᠳᠣᠤᠷ᠎ᠠ ᠦᠨ᠎ᠡ ᠪᠠᠷ ᠰᠢᠯᠵᠢᠬᠦᠯᠦᠨ ᠦᠭᠭᠦᠭᠰᠡᠨ︾ ᠵᠡᠷᠭᠡ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠵᠤ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠤᠨ ᠪᠣᠳᠠᠲᠤ | ᠴᠣᠭᠴᠠ ᠶᠢᠨ ᠲᠥᠷᠥᠯ ᠵᠦᠢᠯ ᠤᠨ ᠪᠠᠷᠢᠯᠭ᠎ᠠ ᠶᠢ ᠲᠠᠭᠤᠰᠬᠠᠵᠤ ᠳ᠋ᠦᠩᠨᠡᠨ ᠪᠤᠳᠤᠵᠤ ᠳᠠᠬᠢᠨ ᠬᠢᠨᠠᠬᠤ ᠠᠵᠢᠯ ᠢ | ᠥᠷᠨᠢᠭᠦᠯᠪᠠ᠃ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠭᠡᠷ᠎ᠡ ᠶᠢᠨ ᠳᠦᠷᠢᠮ ᠢᠶᠠᠷ ᠬᠠᠮᠢᠶᠠᠷᠴᠦ ᠪᠠᠶᠢᠭ᠎ᠠ | 1300 ᠭᠠᠷᠤᠶ ᠨᠡᠷ᠎ᠡ ᠠᠵᠢᠯᠲᠠᠨ ᠤ ᠴᠠᠯᠢᠩ ᠣᠯᠭᠤᠮᠵᠢ ᠶᠢ ᠣᠷᠳᠣ ᠬᠤᠭᠤᠴᠠᠭ᠎ᠠ ᠪᠠᠷ ᠦᠰᠬᠡᠬᠦ ᠲᠣᠭᠲᠠᠴᠠ ᠶᠢ | ᠪᠦᠷᠢᠯᠳᠦᠬᠦᠯᠵᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠢ ᠲᠡᠮᠡᠴᠡᠨ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠵᠤ ᠺᠠᠳ᠋ᠷᠴᠤᠳ ᠰᠢᠷᠭᠠᠭᠤ ᠪᠣᠳᠠᠲᠠᠶ ᠠᠵᠢᠯᠯᠠᠬᠤ ᠬᠠᠲᠠᠭᠤ ᠰᠤᠷᠲᠠᠯ ᠢ ᠪᠣᠶ ᠪᠣᠯᠭᠠᠵᠤ ᠪᠥᠬᠦ | ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠬᠢᠵᠦ ᠠᠳᠠᠯ ᠦᠢᠯᠡᠰ | ᠪᠤᠰᠬᠠᠬᠤ ᠠᠭᠤᠷ ᠠᠮᠢᠰᠬᠤᠯ ᠢ ᠨᠡᠩ ᠰᠠᠶᠢᠵᠢᠷᠠᠭᠤᠯᠪᠠ᠃ ᠡᠭᠦᠨ ᠤ ᠬᠠᠮᠲᠤ ᠡᠮᠡᠭᠲᠡᠶᠢᠴᠦᠳ ᠬᠡᠤᠬᠡᠳ᠂ ᠠᠷᠠᠳ ᠤᠨ | ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠤᠶᠠᠷ ᠢ | ᠬᠦᠷᠢᠶᠡᠯᠡᠬᠦ ᠨᠠᠰᠤᠳᠠᠶᠢᠴᠤᠳ ᠤᠨ ᠠᠰᠠᠷᠠᠮᠵᠢ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠴᠥᠮ ᠰᠢᠨ᠎ᠡ | ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠡᠳᠦᠢ ᠬᠦᠴᠢᠷ ᠪᠡᠷᠬᠡᠰᠢᠶᠡᠯ ᠲᠠᠢ | ᠬᠡᠳᠡᠭ ᠢ ᠮᠡᠳᠡᠬᠦ ᠦᠭᠡᠢ︕ 2019 ᠣᠨ ᠳᠤ᠂ ᠪᠢᠳᠡ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠠᠭᠤᠤ | ᠶᠡᠭᠡ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠠᠶᠠᠷᠯᠠᠨ ᠪᠡᠯᠭᠡᠯᠡᠵᠤ ᠡᠯ᠎ᠡ | ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠰᠢᠢᠳᠪᠦᠷᠢᠯᠡᠵᠤ ᠠᠵᠤ ᠠᠬᠤᠢ ᠨᠡᠶᠢᠭᠡᠮ ᠤᠨ ᠡᠯ᠎ᠡ | ᠲᠦᠷᠦᠯ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠶᠡᠭᠡ ᠬᠠᠨᠳᠤᠰᠢ ᠶᠢ ᠡᠵᠡᠮᠳᠡᠵᠦ ᠬᠠᠶᠢᠷᠠᠯᠠᠨ ᠬᠠᠯᠠᠮᠵᠢᠯᠠᠭᠰᠠᠨ ᠤ ᠦᠷ᠎ᠡ ᠳ᠋ᠦᠩ | ᠮᠥᠨ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠡᠷᠡᠰ ᠴᠢᠩᠭ᠎ᠠ | ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠦᠴᠦᠲᠡᠶ ᠲᠡᠮᠵᠢᠵᠤ ᠴᠢᠩᠭ᠎ᠠ ᠬᠢᠨᠠᠭᠰᠠᠨ ᠤ ᠦᠷ᠎ᠡ ᠳ᠋ᠦᠩ ᠮᠥᠨ᠂ ᠪᠥᠬᠦ ᠨᠠᠮ ᠤᠨ | ᠭᠡᠰᠢᠭᠦᠨ ᠺᠠᠳ᠋ᠷᠴᠤᠳ ᠤᠨ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠤ ᠦᠷ᠎ᠡ ᠳ᠋ᠦᠩ ᠮᠥᠨ᠂ ᠨᠠᠩ ᠴᠤ ᠦᠦᠰᠢᠨ | ᠤ ᠡᠯ᠎ᠡ ᠦᠨᠳᠦᠰᠦᠲᠡᠨ ᠨᠦᠭᠦᠳ ᠤᠨ 13 ᠲᠦᠮᠡᠨ ᠠᠷᠠᠳ ᠲᠦᠮᠡᠨ ᠵᠣᠯ ᠵᠢᠷᠭᠠᠯᠲᠤ ᠠᠮᠢᠳᠤᠷᠠᠯ ᠤᠨ ᠲᠥᠯᠥᠭᠡ | ᠲᠡᠮᠡᠴᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ | ᠢ ᠲᠦᠯᠦᠭᠡᠯᠡᠨ ᠪᠦᠬᠦ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ | ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ᠂ ᠰᠢᠷᠭᠠᠭᠤ ᠲᠡᠮᠡᠴᠡᠵᠦ ᠪᠠᠶᠢᠭ᠎ᠠ ᠥᠷᠭᠡᠨ ᠣᠯᠠᠨ ᠲᠦᠮᠡᠨ ᠪᠠ | ᠬᠠᠲᠠᠭᠤᠵᠢᠯᠲᠠᠢ ᠠᠵᠢᠯᠯᠠᠵᠤ ᠪᠠᠶᠢᠭ᠎ᠠ ᠺᠠᠳ᠋ᠷ ᠠᠵᠢᠯᠲᠠᠨ ᠠᠵᠢᠯᠴᠢᠨ ᠳᠤ᠂ ᠦᠦᠰᠢᠨ ᠤ ᠬᠥᠭᠵᠢᠯᠲᠡ ᠶᠢ | ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠦᠬᠦ ᠨᠠᠶᠢᠵᠠ ᠨᠥᠬᠦᠳ ᠲᠤ ᠪᠠᠨ ᠡᠷᠬᠢᠮ ᠳᠡᠭᠡᠲᠤ ᠬᠦᠨᠳᠦᠳᠬᠡᠯ | ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ ᠪᠢᠳᠠ ᠰᠡᠷᠭᠡᠭ ᠢᠶᠠᠷ ᠲᠠᠨᠢᠵᠤ ᠤᠯᠤᠭᠰᠠᠨ ᠨᠢ᠄ | ᠬᠡᠳᠦᠶᠢᠪᠡᠷ ᠥᠩᠭᠡᠷᠡᠭᠰᠡᠨ ᠨᠢᠭᠡ ᠵᠢᠯ ᠳᠤ ᠮᠠᠨ ᠤ ᠬᠤᠰᠢᠭᠤᠨ ᠤ ᠠᠵᠤ ᠠᠬᠤᠢ ᠶᠢᠨ ᠭᠤᠤᠯ ᠬᠦᠢᠴᠡᠳᠬᠡᠯ | ᠲᠤᠭ᠎ᠠ ᠶᠢᠨ ᠨᠡᠮᠡᠭᠳᠡᠯ ᠨᠢ ᠪᠦᠬᠦ ᠬᠤᠲᠠ ᠶᠢᠨ ᠲᠦᠷᠦᠬᠦᠨ ᠳᠤ ᠪᠠᠶᠢᠭᠰᠠᠨ ᠴᠦ ᠪᠠᠷᠠᠭᠤᠨ ᠣᠷᠣᠨ ᠤ ᠵᠠᠭᠤᠨ | ᠬᠦᠴᠦᠷᠬᠡᠭ ᠬᠤᠰᠢᠭᠤ ᠰᠢᠶᠠᠨ ᠤ ᠨᠡᠷᠡᠰ ᠤᠨ ᠵᠢᠭᠰᠠᠭᠠᠯᠲᠠ ᠳᠤ ᠵᠥᠪᠬᠡᠨ ᠨᠢᠭᠡ ᠯᠡ ᠤᠷᠤᠨ ᠨᠡᠮᠡᠭᠳᠡᠭᠰᠡᠨ ᠨᠢ ᠪᠢᠳᠡ | ᠬᠦᠭᠵᠢᠵᠤ ᠪᠠᠶᠢᠬᠤ ᠳᠤ ᠪᠤᠰᠤᠳ ᠭᠠᠵᠠᠷ ᠤᠷᠤᠨ ᠴᠦ ᠠᠯᠬᠤᠭ᠎ᠠ ᠪᠠᠨ ᠤᠳᠠᠭᠠᠰᠢᠷᠠᠭᠤᠯᠤᠭᠰᠠᠨ ᠦᠭᠡᠢ ᠶᠢ | ᠬᠠᠷᠠᠭᠤᠯᠵᠤ ᠪᠠᠶᠢᠨ᠎ᠠ᠃ ᠡᠷᠬᠡᠪᠰᠢ ᠲᠤᠯᠭᠠᠮ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ | ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠪᠤᠳᠠᠲᠠᠢ ᠠᠵᠢᠯ ᠤᠨ ᠰᠤᠷᠳᠠᠯ ᠢᠶᠠᠷ ᠠᠵᠢᠯ ᠢᠶᠠᠨ | ᠲᠥᠯᠥᠪᠵᠢᠭᠦᠯᠵᠦ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ | ᠪᠢᠳᠡ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠨᠠᠶᠢᠲᠠᠪᠤᠷᠢᠵᠢᠭᠤᠯᠵᠤ ᠠᠵᠤ ᠦᠢᠯᠡᠰ ᠤᠨ | ᠪᠦᠲᠦᠴᠡ ᠶᠢᠨ ᠲᠡᠰ ᠳᠡᠪᠰᠢᠬᠦ᠂ ᠳᠤᠲᠠᠭᠤᠳᠠᠯ ᠢ ᠨᠥᠬᠦᠪᠥᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠤᠯᠪᠠᠴᠦ ᠠᠭᠤᠷᠬᠠᠢ ᠶᠢᠨ ᠬᠤᠳᠳᠤᠭ ᠤᠨ ᠤᠰᠤ᠂ | ᠨᠡᠭᠦᠷᠡᠰᠦᠨ ᠴᠢᠯᠠᠭᠤ᠂ ᠰᠢᠲᠠᠮᠠᠬᠠᠢ ᠬᠡᠢ ᠶᠢᠨ ᠬᠢᠮᠢ ᠶᠢᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠡᠭᠦᠳᠬᠦ᠂ ᠮᠠᠯ ᠲᠠᠷᠢᠶᠠᠯᠠᠩ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠬᠤ ᠵᠡᠷᠭᠡ ᠲᠠᠯ᠎ᠠ ᠪᠠᠷ | ᠮᠥᠨ ᠬᠦ ᠳᠤᠲᠠᠭᠤᠳᠠᠯ ᠣᠷᠣᠰᠢᠵᠤ ᠪᠠᠶᠢᠨ᠎ᠠ᠃ ᠡᠷᠬᠡᠪᠰᠢ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠥᠭᠡᠯᠡᠨ | ᠠᠵᠢᠯ ᠤᠨ ᠰᠡᠳᠬᠢᠮᠵᠢ ᠪᠠᠨ ᠰᠢᠨᠡᠴᠢᠯᠡᠵᠦ ᠡᠨᠧᠷᠬᠢ ᠶᠢᠨ ᠰᠤᠷᠪᠤᠯᠵᠢ᠂ ᠬᠢᠮᠢ ᠶᠢᠨ ᠦᠢᠯᠡᠳᠪᠦᠷᠢ᠂ ᠮᠠᠯ ᠲᠠᠷᠢᠶᠠᠯᠠᠩ | ᠠᠵᠤ ᠠᠬᠤᠢ᠂ ᠰᠣᠶᠣᠯ ᠵᠢᠭᠤᠯᠴᠢᠯᠠᠯ᠂ ᠪᠠᠷᠠᠭᠠᠨ ᠭᠦᠢᠯᠭᠡᠭᠡ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ ᠰᠢᠨ᠎ᠡ ᠲᠦᠷᠦᠯ ᠵᠦᠢᠯ ᠢ ᠲᠦᠯᠦᠪᠯᠡᠨ ᠨᠠᠶᠢᠲᠠᠪᠤᠷᠢᠵᠢᠭᠤᠯᠵᠤ ᠰᠢᠨ᠎ᠡ ᠵᠠᠭᠪᠤᠷ ᠢ ᠬᠡᠷᠡᠭᠵᠢᠭᠦᠯᠤᠨ | ᠬᠥᠭᠵᠢᠯᠲᠡ ᠶᠢᠨ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ ᠪᠢᠳᠡ | ᠠᠷᠠᠳ ᠤᠨ ᠠᠮᠢᠳᠤᠷᠠᠯ ᠢ ᠪᠦᠬᠦ ᠬᠦᠴᠦ ᠪᠠᠷ ᠢᠶᠠᠨ ᠰᠠᠶᠢᠵᠢᠷᠠᠭᠤᠯᠤᠭᠰᠠᠨ ᠪᠣᠯᠪᠠᠴᠤ ᠰᠤᠷᠭᠠᠨ ᠬᠥᠮᠦᠵᠢᠯ᠂ ᠡᠮ | ᠡᠮᠨᠡᠯᠭᠡ ᠵᠡᠷᠭᠡ ᠬᠦᠷᠢᠶᠡᠨ ᠳᠠᠬᠢ ᠦᠩᠭᠡᠷᠡᠭᠰᠡᠨ ᠤ ᠥᠷᠢ ᠰᠢᠷᠢ ᠨᠡᠯᠢᠶᠡᠳ ᠤᠯᠠᠨ᠂ ᠵᠠᠷᠢᠮ ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠠᠬᠢᠴᠠ ᠨᠡᠯᠢᠶᠡᠳ ᠤᠳᠠᠭᠠᠨ ᠪᠠᠶᠢᠵᠤ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ | ᠪᠠᠶᠢᠨ᠎ᠠ᠃ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ | ᠨᠢᠭᠡ ᠠᠯᠬᠤᠮ ᠪᠠᠲᠤ ᠪᠤᠢ ᠪᠣᠯᠭᠠᠵᠤ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠨ ᠬᠥᠭᠵᠢᠯᠲᠡ ᠶᠢᠨ ᠨᠡᠶᠢᠳᠡᠮ ᠬᠠᠷᠠᠭᠠᠯᠵᠠᠬᠤ ᠴᠢᠨᠠᠷ ᠢ | ᠴᠢᠩᠭᠠᠳᠬᠠᠨ᠎ᠡ᠃ | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠡ︕ ᠵᠢᠯ ᠤᠨ ᠡᠬᠢᠨ ᠠᠴᠠ ᠨᠠᠰᠢ ᠬᠡᠨᠡᠳᠳᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠡᠮᠦᠨ᠎ᠡ ᠪᠥᠬᠦ ᠬᠤᠰᠢᠭᠤ ᠪᠠᠷ ᠢᠶᠠᠨ ᠲᠠᠷᠤᠢ ᠲᠦᠷᠭᠡᠨ ᠬᠦᠳᠡᠯᠦᠯᠴᠡᠵᠤ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠤ ᠨᠠᠮ ᠪᠠ | ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ︽ᠬᠤᠶᠠᠷ ᠲᠠᠯ᠎ᠠ ᠶᠢ ᠠᠳᠬᠤᠬᠤ︾ ᠶᠢ | ᠪᠠᠷᠢᠮᠲᠠᠯᠠᠵᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠬᠦ ᠶᠢ ᠠᠬᠢᠭᠤᠯᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠨᠤᠲᠤᠭ | ᠳᠡᠪᠢᠰᠬᠡᠷ ᠢᠶᠠᠨ ᠰᠠᠬᠢᠬᠤ ᠡᠬᠦᠷᠭᠡ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠬᠦᠢᠴᠡᠳ ᠢᠯᠡᠷᠡᠭᠦᠯᠵᠤ ᠪᠠᠶᠢᠨ᠎ᠠ᠃ | ᠬᠢᠵᠢᠭ ᠤᠨ ᠪᠠᠶᠢᠳᠠᠯ ᠢ ᠰᠠᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠨᠢᠭᠲᠠ ᠴᠢᠩᠭ᠎ᠠ ᠰᠢᠰᠲ᠋ᠧᠮ ᠢ ᠪᠠᠶᠢᠭᠤᠯᠵᠤ 5.1 ᠲᠦᠮᠡ ᠭᠠᠷᠤᠶ ᠭᠠᠳᠠᠨ᠎ᠠ ᠠᠴᠠ | ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠭᠤᠤᠯᠳᠠᠯᠭ᠎ᠠ ᠲᠠᠢ ᠬᠢᠵᠢᠭ ᠤᠨ ᠣᠷᠣᠨ ᠠᠴᠠ ᠪᠤᠴᠠᠵᠤ ᠢᠷᠡᠭᠰᠡᠨ | 418 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ ᠭᠠᠳᠠᠨ᠎ᠠ ᠠᠴᠠ ᠤᠷᠤᠵᠤ ᠢᠷᠡᠭᠰᠡᠨ ᠡᠪᠡᠳᠴᠢᠨ ᠤ ᠵᠢᠱᠢᠶ᠎ᠡ | ᠭᠠᠷᠤᠭᠰᠠᠨ ᠦᠭᠡᠢ ᠪᠠᠶᠢᠵᠤ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠪᠠᠲᠤᠯᠠᠪᠠ᠃ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠠᠵᠢᠯ ᠢ ᠴᠢᠩᠭ᠎ᠠ | ᠠᠳᠬᠤᠨ᠎ᠠ᠃ ︽ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ | ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ ᠨᠡᠶᠢᠭᠡᠮ ᠤᠨ ᠳᠠᠭᠠᠳᠬᠠᠯ ᠤᠨ ᠵᠠᠷᠤᠳᠠᠯ᠂ | ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ᠂ ᠥᠷᠲᠡᠭ ᠤᠨ ᠨᠡᠮᠡᠭᠳᠡᠯ ᠤᠨ ᠭᠠᠶᠢᠯᠢ ᠪᠠ ᠮᠦᠩᠭᠦᠨ ᠬᠦᠢᠯᠬᠡᠬᠡ ᠪᠠᠷ | ᠳᠡᠮᠵᠢᠨ ᠳᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ 715 ᠲᠦᠮᠡᠨ ᠲᠥᠭᠦᠷᠢᠭ ᠤᠨ ᠠᠵᠢᠯ | ᠰᠡᠷᠬᠦᠭᠡᠬᠦ ᠱᠠᠩᠨᠠᠯ ᠤᠨ ᠪᠠᠯᠠ ᠮᠥᠩᠭᠦ ᠳᠣᠭᠢᠷᠠᠭᠤᠯᠵᠤ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ | ᠳᠤᠲᠠᠭᠳᠠᠬᠤ᠂ ᠦᠢᠯᠡᠳᠬᠦᠨ ᠢ ᠲᠡᠭᠡᠭᠡᠪᠦᠷᠢᠯᠡᠬᠦ ᠵᠡᠷᠭᠡ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠤ ︽ | ᠲᠦᠷᠪᠡᠨ ᠵᠦᠢᠯ ᠤᠨ ᠬᠡᠪᠴᠢᠶᠡᠵᠢᠯ ᠠᠴᠠ ᠲᠡᠭᠡᠭᠰᠢᠬᠢ︾ 69 ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ 1.2 ᠲᠦᠮᠡ ᠭᠠᠷᠤᠶ ᠡᠷᠦᠬᠡ ᠪᠤᠯᠤᠨ ᠦᠨᠳᠦᠷ ᠲᠤᠮᠳᠠᠲᠤ᠂ ᠠᠩᠬ᠎ᠠ ᠲᠤᠮᠳᠠᠲᠤ᠂ ᠠᠵᠢᠯ | ᠮᠡᠷᠭᠡᠵᠢᠯ ᠤᠨ ᠲᠤᠮᠳᠠᠲᠤ ᠰᠤᠷᠭᠠᠭᠤᠯᠢ ᠶᠢ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠪᠠ ᠬᠢᠴᠢᠶᠡᠯ ᠢᠶᠠᠨ | ᠰᠡᠷᠭᠦᠭᠡᠬᠦ ᠶᠢ ᠠᠬᠢᠭᠤᠯᠤᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠩᠭ᠎ᠠ ᠠᠳᠬᠤᠨ᠎ᠠ᠃ ᠮᠠᠯ | ᠲᠠᠷᠢᠶᠠᠯᠠᠩ ᠠᠵᠤ ᠠᠬᠤᠢ ᠲᠠᠢ ᠬᠤᠯᠪᠤᠭᠳᠠᠭᠰᠠᠨ ᠵᠢᠭᠡᠯᠡᠯᠭᠡ ᠶᠢ 6.2 ᠳ᠋ᠦᠩᠰᠢᠭᠤᠷ ᠲᠦᠬᠦᠷᠢᠭ ᠲᠠᠷᠬᠠᠭᠠᠵᠤ | ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠬᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠤᠨ | ᠡᠷᠲᠡᠬᠡᠨ ᠠᠵᠢᠯ ᠢᠶᠠᠨ ᠡᠬᠢᠯᠡᠭᠦᠯᠬᠦ ᠶᠢ ᠲᠦᠯᠬᠢᠨ ᠠᠬᠢᠭᠤᠯᠵᠤ ᠲᠠᠷᠢᠶᠠᠨ ᠰᠠᠶᠢᠨ ᠦᠷ᠎ᠡ᠂ ᠬᠢᠮᠢ ᠶᠢᠨ ᠪᠣᠷᠳᠣᠭᠤᠷ᠂ | ᠲᠠᠷᠢᠶᠠᠨ ᠡᠮ ᠵᠡᠷᠭᠡ ᠲᠠᠷᠢᠶᠠᠯᠠᠩ ᠤᠨ ᠡᠳ᠋ ᠪᠠᠷᠠᠭ᠎ᠠ ᠶᠢ ᠬᠦᠢᠴᠡᠳ ᠨᠥᠭᠡᠴᠡᠯᠡᠵᠦ 59 ᠲᠦᠮᠡᠨ ᠲᠥᠯ ᠲᠤᠰᠴᠤ | 163 ᠲᠦᠮᠡᠨ ᠸᠠᠺᠼᠢᠨ ᠤ ᠲᠠᠷᠢᠯᠭ᠎ᠠ ᠲᠠᠷᠢᠵᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ | ᠰᠠᠶᠢᠵᠢᠷᠠᠭᠤᠯᠬᠤ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ ᠶᠢ ᠥᠷᠨᠢᠭᠦᠯᠤᠨ ᠤᠨ ᠤᠳᠠᠭᠰᠠᠨ | ᠨᠢᠭᠡ ᠪᠦᠯᠦᠭ ᠬᠤᠭ ᠨᠣᠪᠰᠢ ᠶᠢ ᠴᠡᠪᠡᠷᠯᠡᠵᠦ ᠳᠦᠷᠢᠮ ᠠᠴᠠ ᠵᠥᠷᠢᠴᠡᠭᠰᠡᠨ ᠨᠢᠭᠡ ᠪᠦᠯᠦᠭ ᠪᠠᠷᠢᠯᠭ᠎ᠠ ᠶᠢ ᠨᠤᠷᠠᠭᠠᠨ᠎ᠠ | ᠃ ᠭᠤᠣᠯᠳᠠᠯᠭᠠᠲᠤ ᠲᠥᠷᠥᠯ ᠵᠦᠢᠯ ᠤᠨ ᠠᠵᠢᠯ ᠢ ᠡᠬᠢᠯᠡᠬᠦᠯᠬᠦ ᠪᠠ ᠰᠡᠷᠭᠦᠭᠡᠬᠦ ᠶᠢ ᠴᠢᠩᠭ᠎ᠠ ᠠᠳᠬᠤᠨ᠎ᠠ᠃ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠰᠢᠭᠲᠠᠢ ᠲᠣᠬᠢᠶᠠᠯ ᠢ | ᠠᠳᠬᠤᠵᠤ 16 ᠲᠦᠷᠦᠯ ᠤᠨ ᠭᠠᠷ ᠭᠦᠢᠴᠡᠳᠬᠡᠯ ᠢ ᠬᠤᠯᠪᠣᠭᠠᠯᠠᠨ ᠬᠦᠢᠴᠡᠳᠬᠡᠵᠤ ᠳ᠋ᠦᠩᠰᠢᠭᠤᠷ ᠲᠦᠬᠦᠷᠢᠭ ᠠᠴᠠ | ᠳᠡᠭᠡᠭᠰᠢᠬᠢ 14 ᠲᠥᠷᠥᠯ ᠵᠦᠢᠯ ᠤᠨ ᠤᠷᠤᠭᠰᠢᠲᠠᠢ ᠠᠵᠢᠯ ᠢᠶᠠᠨ ᠡᠬᠢᠯᠡᠭᠦᠯᠵᠤ ᠰᠡᠷᠬᠦᠬᠡᠬᠦ ᠶᠢ ᠠᠬᠢᠭᠤᠯᠤᠨ᠎ᠠ᠃ | ᠨᠡᠭᠦᠷᠡᠰᠦᠨ ᠤ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ᠃ ᠠᠵᠢᠯ ᠤᠨ ᠲᠤᠰᠬᠠᠶ ᠠᠩᠭᠢ | ᠪᠠᠶᠢᠭᠤᠯᠵᠤ ᠪᠥᠬᠦ ᠬᠤᠰᠢᠭᠤᠨ ᠤ ᠨᠢᠭᠡᠨᠲᠡ ᠪᠠᠶᠢᠭᠤᠯᠤᠭᠰᠠᠨ ᠵᠢᠴᠢ ᠪᠠᠶᠢᠭᠤᠯᠵᠤ ᠪᠠᠶᠢᠭ᠎ᠠ 7 ᠨᠡᠭᠦᠷᠡᠰᠦᠨ ᠠᠭᠤᠷᠬᠠᠶ | ᠂ ᠠᠭᠤᠷᠬᠠᠶ ᠬᠠᠶᠢᠬᠤ ᠡᠷᠬᠡ ᠣᠯᠤᠭᠰᠠᠨ 9 ᠬᠤᠳᠳᠤᠭ᠂ ᠨᠡᠭᠦᠷᠡᠰᠦ ᠬᠢᠮᠢ ᠶᠢᠨ ᠦᠢᠯᠡᠳᠪᠦᠷᠢ ᠳᠤ | ᠬᠤᠯᠪᠣᠭᠳᠠᠭᠰᠠᠨ 12 ᠠᠵᠤ ᠠᠬᠤᠶᠢᠯᠠᠯ ᠤᠨ ᠲᠥᠯᠥᠪᠵᠢᠭᠦᠯᠭᠡ ᠶᠢᠨ ᠲᠥᠷᠥᠯ ᠲᠤᠭᠲᠠᠭᠠᠬᠤ᠂ ᠪᠠᠯᠠ | ᠣᠷᠣᠭᠤᠯᠤᠯᠲᠠ ᠶᠢ ᠬᠢᠨᠠᠨ ᠬᠠᠷᠭᠤᠭᠤᠯᠬᠤ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠡᠯ᠎ᠡ ᠭᠤᠭᠴᠣᠭᠠᠨ ᠤ ᠪᠥᠬᠦ | ᠡᠯᠧᠮᠧᠨ᠋ᠲ ᠢ ᠲᠤᠶᠢᠯᠪᠤᠷᠢᠲᠠᠢ ᠪᠠᠶᠢᠴᠠᠭᠠᠨ᠎ᠡ᠃ | ᠲᠥᠯᠥᠭᠡᠯᠡᠭᠴᠢᠳ ᠡ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ | ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠥᠭᠡᠳ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠦᠯᠦᠪᠵᠢᠬᠦᠯᠭᠡ ᠶᠢᠨ ᠡᠬᠢᠯᠡᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠬᠤ ᠵᠠᠩᠭᠢᠯᠠᠭ᠎ᠠ ᠶᠢᠨ ᠨᠢᠭᠡ ᠵᠢᠯ ᠮᠥᠨ᠃ ᠣᠳᠣᠬᠠᠨ ᠳᠤ ᠬᠡᠳᠦ᠋ᠢᠪᠡᠷ | ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠤᠯᠠᠮ ᠨᠢᠭᠡ ᠠᠯᠬᠤᠮ | ᠪᠠᠬᠢᠵᠢᠵᠦ ᠪᠠᠶᠢᠭ᠎ᠠ ᠪᠣᠯᠪᠠᠴᠤ ᠲᠡᠯᠡᠬᠡᠢ ᠶᠢᠨ ᠬᠢᠵᠢᠭ ᠤᠨ ᠪᠠᠶᠢᠳᠠᠯ ᠲᠡᠯᠬᠡᠷᠡᠬᠦ ᠬᠠᠨᠳᠤᠰᠢ ᠲᠠᠢ ᠪᠠᠶᠢᠵᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤᠯᠠᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ | ᠰᠡᠷᠭᠡᠶᠢᠯᠡᠬᠦ ᠡᠭᠦᠷᠭᠡ ᠬᠦᠨᠳᠦᠷᠡᠵᠦ ᠡᠯ᠎ᠡ ᠲᠠᠯ᠎ᠠ ᠶᠢᠨ ᠲᠤᠭᠳᠠᠮᠠᠯ ᠪᠤᠰᠤ ᠡᠯᠧᠮᠧᠨ᠋ᠲ ᠲᠠᠪᠬᠤᠷᠯᠠᠨ ᠠᠵᠤ ᠠᠬᠤᠶ ᠶᠢᠨ | ᠬᠥᠭᠵᠢᠯᠲᠡ ᠶᠢᠨ ᠬᠠᠨᠳᠤᠰᠢ ᠪᠠᠶᠠᠷᠯᠠᠭᠤᠰᠢᠲᠠᠢ ᠪᠤᠰᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠤᠷᠢᠳ ᠡᠮᠦᠨ᠎ᠡ | ᠪᠠᠶᠢᠭ᠎ᠠ ᠥᠬᠡᠶ ᠪᠠᠶᠢᠵᠤ ᠬᠦᠴᠢᠷᠳᠡᠯ ᠪᠠ ᠠᠰᠠᠭᠤᠳᠠᠯ ᠤᠤᠯ ᠠᠴᠠ ᠪᠠᠨ ᠨᠡᠩ ᠤᠯᠠᠨ ᠪᠤᠯᠵᠤ ᠲᠠᠷᠤᠯᠲᠠ ᠨᠡᠩ ᠶᠡᠭᠡ | ᠪᠠᠶᠢᠨ᠎ᠠ᠃ ᠡᠶᠢᠮᠦᠷᠬᠦᠤ ᠲᠡᠤᠬᠡ ᠶᠢᠨ ᠵᠠᠩᠭᠢᠯᠠᠭ᠎ᠠ ᠶᠢᠨ ᠴᠡᠭ ᠪᠠ ᠪᠤᠳᠤᠯᠢᠶᠠᠨ ᠪᠡᠷᠬᠡᠰᠢᠶᠡᠯᠲᠠᠢ ᠬᠠᠨᠳᠤᠰᠢ ᠶᠢᠨ | ᠲᠤᠤᠷ᠎ᠠ ᠪᠥᠬᠦ ᠵᠢᠯ ᠤᠨ ᠠᠵᠢᠯ ᠢᠶᠠᠨ ᠰᠠᠶᠢᠲᠤᠷ ᠬᠢᠵᠦ ᠰᠢᠨ᠎ᠡ ᠠᠶᠠᠨ ᠵᠠᠮ ᠢᠶᠠᠨ ᠤᠷᠤᠭᠰᠢᠲᠠᠶ ᠡᠬᠢᠯᠡᠭᠦᠯᠬᠦ ᠳᠤ | ᠡᠭᠦᠷᠭᠡ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ᠃ ᠤᠳᠤᠬᠠᠨ ᠳᠤ ᠨᠠᠮ ᠤᠨ ᠲᠦᠪ | ᠬᠤᠷᠢᠶ᠎ᠠ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠦᠭᠵᠢᠯᠲᠡ ᠶᠢ ᠤᠯᠤᠰ ᠤᠨ ᠰᠢᠨ᠎ᠡ ᠪᠠᠶᠢᠯᠳᠤᠬᠤ ᠪᠤᠳᠤᠯᠭ᠎ᠠ ᠪᠤᠯᠭᠠᠨ ᠲᠡᠪᠰᠢᠬᠦᠯᠵᠤ ᠰᠢᠨ᠎ᠡ ᠨᠢᠭᠡ ᠡᠬᠡᠯᠵᠢ ᠶᠢᠨ | ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ | ᠬᠦᠬᠡᠬᠤᠲᠠ ᠪᠤᠭᠤᠲᠤ ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠤᠨ ᠵᠤᠬᠢᠴᠠᠩᠭᠤᠢ ᠬᠦᠭᠵᠢᠯᠲᠡ ᠶᠢ | ᠪᠦᠬᠦ ᠲᠠᠯ᠎ᠠ ᠪᠠᠷ ᠡᠬᠢᠯᠡᠬᠦᠯᠦᠨ ᠤᠷᠳᠤᠰ ᠬᠤᠲᠠ ᠶᠢ ᠪᠦᠬᠦ ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ | ᠠᠬᠤᠢ ᠶᠢᠨ ᠵᠢᠱᠢᠶᠡᠴᠢ ᠬᠤᠲᠠ ᠪᠤᠯᠭᠠᠨ ᠡᠬᠦᠳᠦᠨ ᠪᠠᠶᠢᠭᠤᠯᠬᠤ ᠶᠢ ᠯᠠᠪᠳᠠᠭᠤᠨ ᠠᠬᠢᠭᠤᠯᠵᠤ ᠮᠠᠨ ᠤ ᠬᠤᠰᠢᠭᠤ | ᠴᠦ ᠲᠡᠤᠬᠡ ᠶᠢᠨ ᠰᠢᠨ᠎ᠡ ᠴᠢᠬᠤᠯᠠ ᠠᠵᠠ ᠲᠤᠬᠢᠶᠠᠯ ᠢ ᠤᠭᠲᠤᠨ ᠠᠪᠴᠢᠷᠠᠭᠰᠠᠨ ᠪᠠᠶᠢᠨ᠎ᠠ᠃ ᠨᠠᠩ ᠢᠯᠠᠩᠭᠤᠶ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠭᠡᠳᠦᠯᠲᠠᠢ | ᠲᠦᠯᠦᠪᠵᠢᠬᠦᠯᠦᠨ ᠠᠬᠢᠭᠤᠯᠬᠤ ᠨᠢᠭᠡ ᠰᠢᠷᠢᠰ ᠲᠡᠳᠬᠦᠬᠦ ᠲᠦᠷᠦ ᠶᠢᠨ ᠪᠤᠳᠤᠯᠭ᠎ᠠ ᠭᠠᠷᠬᠤ ᠶᠢ ᠲᠠᠭᠠᠯᠳᠤᠨ ᠠᠵᠦ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠦᠬᠦ ᠲᠠᠯ᠎ᠠ ᠪᠠᠷ ᠰᠡᠷᠭᠦᠭᠰᠡᠨ ᠪᠠᠶᠢᠨ᠎ᠠ᠃ ᠪᠢᠳᠠ | ᠤᠳᠤᠬᠠᠨ ᠤ ᠬᠠᠨᠳᠤᠰᠢ ᠶᠢ ᠢᠯᠭᠠᠨ ᠲᠠᠨᠢᠵᠤ ᠢᠳᠡᠭᠡᠯ ᠵᠤᠷᠢᠭ ᠢᠶᠠᠨ ᠪᠠᠳᠤᠳᠬᠠᠨ ᠰᠡᠳᠬᠢᠮᠵᠢ ᠪᠠᠨ ᠱᠤᠭᠤᠵᠤ | ᠬᠤᠷᠴᠠ ᠱᠠᠯᠠᠮᠠᠭᠠᠢ ᠪᠠᠷ ᠠᠵᠠ ᠲᠤᠬᠢᠶᠠᠯ ᠢ ᠡᠵᠡᠮᠳᠡᠨ ᠦᠤᠰᠢᠨ ᠠᠷᠠᠳ ᠲᠦᠮᠡᠨ ᠤ ᠬᠦᠴᠢᠷ ᠪᠡᠷᠬᠡᠰᠢᠶᠡᠯ ᠠᠴᠠ | ᠠᠶᠤᠬᠤ ᠦᠭᠡᠢ ᠵᠤᠷᠢᠭᠲᠠᠢ ᠲᠡᠮᠡᠴᠡᠳᠡᠭ ᠵᠤᠷᠢᠭ ᠰᠠᠨᠠᠭ᠎ᠠ ᠶᠢ ᠪᠠᠳᠠᠷᠠᠭᠤᠯᠵᠤ ᠨᠡᠩ ᠬᠠᠳᠠᠭᠤᠵᠢᠯᠲᠠᠢ ᠴᠢᠷᠮᠠᠶᠢᠯᠭ᠎ᠠ | ᠭᠠᠷᠭᠠᠳᠠᠭ ᠯᠠ ᠶᠤᠮ ᠪᠤᠯ ᠯᠠᠪᠲᠠᠢ ᠠᠶᠤᠯ ᠲᠦᠭᠰᠢᠬᠦᠷᠢ ᠶᠢ ᠠᠵᠠ ᠲᠤᠬᠢᠶᠠᠯ ᠪᠤᠯᠭᠠᠨ ᠬᠤᠪᠢᠷᠠᠭᠤᠯᠵᠤ ᠬᠦᠭᠵᠢᠯᠲᠡ | ᠶᠢᠨ ᠰᠠᠨᠠᠭᠠᠴᠢᠯᠠᠭᠠᠲᠤ ᠡᠷᠭᠡ ᠶᠢ ᠠᠳᠬᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠪᠠᠶᠢᠳᠠᠯ ᠢ ᠡᠬᠦᠳᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠤ | ᠬᠢᠭᠰᠡᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠤᠨ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ | ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ | ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ | ᠬᠤᠷᠠᠯᠳᠤᠭᠠᠨ ᠤ ᠱᠠᠭᠠᠷᠳᠠᠯᠭ᠎ᠠ ᠶᠤᠰᠤᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠲᠦᠯᠲᠠᠢ ᠲᠦᠯᠦᠪᠵᠢᠬᠦᠯᠦᠨ ᠠᠬᠢᠭᠤᠯᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠤᠷᠢᠳᠠᠯ ᠲᠤᠤᠷ᠎ᠠ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠠᠷᠢᠮᠲᠠᠯᠠᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠭᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ︽ | ᠵᠢᠷᠭᠤᠭ᠎ᠠ ᠶᠢ ᠲᠤᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠬᠦᠷᠭᠡ ᠶᠢ | ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠠᠵᠤ ᠠᠬᠤᠢ | ᠶᠢᠨ ᠬᠦᠭᠵᠢᠯᠲᠡ ᠪᠠ ᠨᠡᠶᠢᠬᠡᠮ ᠤᠨ ᠠᠮᠤᠷ ᠲᠤᠭᠳᠠᠭᠤᠨ ᠤ ᠶᠡᠭᠡ ᠪᠠᠶᠢᠳᠠᠯ ᠢ ᠬᠠᠮᠠᠭᠠᠯᠠᠨ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠲᠤᠯᠠᠵᠤ ᠴᠢᠨᠠᠷ ᠰᠠᠶᠢᠲᠠᠶ ᠬᠥᠭᠵᠢᠯᠲᠡ ᠶᠢᠨ ᠲᠤᠤᠷ᠎ᠠ ᠨᠤᠮᠢᠨ ᠲᠠᠩᠰᠤᠭ | ᠬᠦᠭᠵᠢᠨ ᠮᠠᠨᠳᠤᠯᠲᠠ ᠶᠢᠨ ᠵᠠᠮ ᠢᠶᠠᠷ ᠰᠠᠶᠢᠲᠤᠷ ᠵᠠᠮᠨᠠᠨ᠎ᠠ᠃ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠶᠢᠨ ᠬᠠᠨᠳᠤᠰᠢ ᠲᠠᠢ ᠤᠶᠠᠯᠳᠤᠭᠤᠯᠤᠨ | ᠪᠦᠬᠦ ᠵᠢᠯ ᠤᠨ ᠲᠡᠮᠡᠴᠡᠬᠦ ᠬᠠᠷᠠᠯᠳᠠ ᠶᠢ ᠲᠤᠷᠠᠳᠴᠦ ᠭᠠᠷᠭᠠᠭᠰᠠᠨ ᠨᠢ᠄ ᠤᠷᠤᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 4% ᠤᠷᠴᠢᠮ ᠢᠶᠠᠷ ᠨᠡᠮᠡᠭᠳᠡᠬᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 9.6% ᠤᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 5% ᠤᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 4% ᠤᠷᠴᠢᠮ ᠢᠶᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ ᠶᠢ 6% ᠪᠠ 8% ᠪᠠᠷ | ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠬᠤ ᠠᠵᠢᠯ ᠠᠯᠳᠠᠯᠲᠠ ᠶᠢᠨ ᠨᠣᠷᠮ᠎ᠠ ᠶᠢ 4.5% ᠶᠢᠨ | ᠳᠣᠲᠣᠷ᠎ᠠ ᠬᠢᠵᠠᠭᠠᠷᠯᠠᠨ᠎ᠠ᠃ | ᠪᠦᠬᠦ ᠵᠢᠯ ᠤᠨ ᠬᠠᠷᠠᠯᠲᠠ ᠡᠬᠦᠷᠭᠡ ᠶᠢᠨ ᠲᠤᠭᠤᠷᠢᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠶᠢ ᠪᠠᠲᠤᠯᠠᠵᠤ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠨᠠᠷᠢᠯᠢᠭ ᠤᠨᠤᠪᠴᠢᠲᠠᠢ ᠪᠠᠷ ᠬᠦᠴᠦᠯᠡᠵᠦ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠦ ᠢᠯᠠᠯᠲᠠ ᠶᠢ ᠤᠯᠬᠤ | ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠤᠨ | ᠬᠦᠴᠦᠯᠡᠨ ᠴᠢᠷᠮᠠᠶᠢᠵᠤ ᠰᠢᠢᠳᠪᠦᠷᠢᠲᠦ ᠢᠯᠠᠯᠲᠠ ᠶᠢ ᠤᠯᠬᠤ ᠪᠠᠷ ᠪᠦᠬᠦ ᠬᠦᠴᠦᠨ ᠢᠶᠠᠷ ᠢᠶᠠᠨ ᠲᠡᠮᠡᠴᠡᠨ᠎ᠡ᠃ | ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠤᠨ᠎ᠠ᠃ ᠰᠠᠭᠰᠤ ᠭᠦᠷᠦᠬᠦ ᠳᠤ ᠰᠡᠬᠦᠯ ᠬᠤᠷᠢᠶᠠᠬᠤ ᠨᠢ ᠴᠢᠬᠤᠯᠠ᠃ ᠡᠨᠡ ᠵᠢᠯ ᠪᠣᠯ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠦᠢᠯᠪᠤᠷᠢᠲᠠᠢ ᠣᠯᠵᠤ ᠲᠡᠦᠬᠡᠲᠦ | ᠴᠢᠨᠠᠷᠲᠠᠢ ᠪᠠᠷ ᠶᠠᠳᠠᠭᠤ ᠬᠦᠴᠢᠷᠳᠡᠯ ᠢ ᠠᠷᠢᠯᠭᠠᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠢ | ᠦᠨᠳᠦᠰᠦᠯᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ᠂ | ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠳᠤ ᠪᠦᠬᠦ ᠲᠠᠯ᠎ᠠ ᠪᠠᠷ ᠪᠠᠶᠢᠴᠠᠭᠠᠯᠲᠠ | ᠬᠢᠨ᠎ᠡ᠃ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠬᠦ ᠲᠥᠷᠥᠯ | ᠵᠦᠢᠯ ᠤᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ ᠭᠠᠴᠠᠭ᠎ᠠ ᠲᠣᠰᠬᠤᠨ ᠳᠤ ᠰᠠᠭᠤᠬᠤ ᠠᠵᠢᠯᠯᠠᠬᠤ | ᠠᠩᠭᠢ ᠶᠢᠨ ᠭᠡᠰᠢᠭᠦᠨ᠂ ᠠᠵᠤ ᠦᠢᠯᠡᠰ ᠤᠨ ᠬᠥᠭᠵᠢᠯᠲᠡ ᠶᠢᠨ ᠵᠢᠯᠤᠭᠤᠳᠤᠭᠴᠢ ᠪᠠ ᠶᠠᠳᠠᠭᠤ ᠶᠢ ᠲᠡᠳᠬᠦᠬᠦ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠲᠤᠮᠢᠯᠠᠬᠤ ᠳᠤ ᠪᠠᠨ ᠰᠢᠯᠢᠳᠡᠭ ᠰᠠᠶᠢᠨ ᠺᠠᠳ᠋ᠷ | ᠢᠶᠠᠨ ᠰᠤᠩᠭᠤᠨ ᠲᠤᠮᠢᠯᠠᠵᠤ ᠶᠠᠳᠠᠭᠤ ᠠᠴᠠ ᠠᠩᠭᠢᠵᠢᠷᠠᠭᠤᠯᠤᠭᠰᠠᠨ 158 ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ | ᠰᠠᠭᠤᠷᠢ ᠶᠢ ᠪᠠᠬᠢᠵᠢᠭᠦᠯᠦᠨ 90% ᠠᠴᠠ ᠳᠡᠭᠡᠭᠰᠢᠬᠢ ᠶᠠᠳᠠᠭᠤ ᠬᠦᠴᠢᠷᠳᠡᠯᠲᠡᠢ ᠡᠷᠦᠬᠡ ᠶᠢ ᠠᠰᠢᠭ ᠲᠤᠰᠠ ᠶᠢᠨ | ᠬᠤᠯᠪᠤᠭᠠᠲᠤ ᠰᠢᠰᠲ᠋ᠧᠮ ᠳᠤ ᠣᠷᠣᠭᠤᠯᠬᠤ ᠪᠠᠷ ᠴᠢᠷᠮᠠᠶᠢᠨ᠎ᠠ᠃ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ | ᠳᠣᠰᠬᠤᠨ ᠢ ᠳᠡᠮᠵᠢᠬᠦ︾ ᠠᠵᠢᠯᠯᠠᠭ᠎ᠠ ᠶᠢ ᠬᠦᠨᠵᠡᠬᠡᠶᠢᠷᠡᠬᠦᠯᠵᠣ ᠣᠷᠣᠨ ᠨᠣᠳᠤᠭ ᠲᠤ ᠰᠠᠭᠤᠷᠢᠰᠢᠭ᠎ᠠ ᠠᠵᠣ | ᠠᠬᠤᠶᠢᠯᠡᠯ ᠪᠣᠯᠣᠨ ᠶᠠᠳᠠᠭᠤ ᠬᠦᠴᠢᠷᠳᠡᠯᠳᠡᠢ ᠡᠷᠦᠬᠡ ᠶᠢᠨ ᠣᠶᠢᠯᠡᠳᠪᠣᠷᠢᠯᠡᠯ ᠪᠠ ᠬᠡᠷᠡᠭᠴᠡᠭᠡ ᠶᠢ ᠵᠠᠯᠭᠠᠯᠳᠣᠭᠤᠯᠬᠤ | ᠳᠠᠪᠴᠡᠩ ᠢ ᠪᠠᠶᠢᠭᠤᠯᠵᠣ ᠬᠤᠳᠠᠯᠳᠣᠨ ᠠᠪᠬᠤ ᠪᠠᠷ ᠪᠣᠷᠣᠯᠠᠭᠤᠯᠬᠤ ᠶᠢ ᠣᠷᠣᠯᠠᠭᠤᠯᠬᠤ᠂ ᠬᠤᠳᠠᠯᠳᠣᠨ ᠠᠪᠬᠤ ᠪᠠᠷ | ᠳᠡᠮᠵᠢᠬᠦ ᠶᠢ ᠣᠷᠣᠯᠠᠭᠤᠯᠬᠤ ᠪᠠᠷ ᠶᠠᠳᠠᠭᠤ ᠬᠦᠴᠢᠷᠳᠡᠯᠳᠡᠢ ᠡᠷᠦᠬᠡ ᠶᠢᠨ ᠣᠷᠣᠯᠭ᠎ᠠ ᠶᠢ ᠨᠡᠮᠡᠭᠳᠡᠬᠦᠯᠥᠨ᠎ᠠ᠃ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠬᠥᠳᠡᠯᠦᠩᠬᠦᠢ ᠪᠠᠷ ᠢᠯᠭᠠᠨ ᠲᠠᠨᠢᠬᠤ ᠪᠠ ᠨᠢᠭᠡᠨᠲᠡ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ ︽ᠶᠠᠳᠠᠭᠤ | ᠠᠴᠠ ᠠᠩᠬᠢᠵᠢᠷᠠᠭᠤᠯᠬᠤ ᠳᠠᠭᠠᠳᠬᠠᠯ︾ ᠢ ᠳᠡᠯᠬᠡᠷᠡᠬᠦᠯᠵᠣ ᠡᠷᠡᠬᠦᠯ ᠮᠠᠨᠳᠣ ᠪᠠ ᠰᠣᠷᠭᠠᠨ ᠬᠦᠮᠦᠵᠢᠯ ᠢᠶᠠᠷ ᠶᠠᠳᠠᠭᠤ | ᠶᠢ ᠳᠡᠳᠬᠦᠬᠦ ᠠᠷᠭ᠎ᠠ ᠪᠠᠷᠢᠯ ᠢ ᠨᠠᠶᠢᠳᠠᠪᠣᠷᠢᠵᠢᠭᠤᠯᠵᠣ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠪᠠᠷ ᠳᠤᠲᠠᠮᠠᠭ | ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤ ᠬᠦᠴᠢᠷᠳᠡᠯᠳᠡᠢ ᠡᠷᠤᠭᠡ ᠶᠢᠨ ᠪᠠᠷᠢᠮᠵᠢᠶᠠᠨ ᠳᠤ ᠣᠶᠢᠷᠠᠳᠣᠵᠦ ᠪᠠᠶᠢᠭ᠎ᠠ | ᠡᠷᠤᠬᠡ ᠶᠢᠨ ᠲᠠᠭᠠᠭᠠᠵᠤ ᠪᠤᠯᠬᠤ ᠵᠦᠢᠯ ᠢ ᠪᠦᠬᠦᠨ ᠢ ᠲᠠᠭᠠᠭᠠᠵᠤ ᠲᠠᠬᠢᠨ ᠶᠠᠳᠠᠭᠤᠷᠠᠬᠤ ᠶᠢ ᠰᠡᠷᠬᠡᠶᠢᠯᠡᠨ ᠬᠤᠷᠢᠭᠯᠠᠵᠦ | ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ | ᠲᠤᠭᠤᠯᠬᠤ ᠶᠢ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠲᠦᠪ ᠤᠨ | ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠲᠠ ᠶᠢᠨ ︽ᠡᠷᠬᠢᠵᠤ ᠬᠠᠷᠠᠬᠤ︾ ᠵᠢᠴᠢ ᠲᠠᠯ᠎ᠠ ᠨᠤᠲᠤᠭ ᠤᠨ ᠠᠮᠢ | ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ ᠢ ᠰᠠᠶᠢᠲᠤᠷ ᠴᠡᠭᠴᠡᠯᠡᠨ ᠵᠠᠰᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ︽ | ᠠᠷᠪᠠᠨ ᠶᠡᠭᠡ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠵᠥᠩ ᠲᠢᠶᠠᠨ ᠾᠧ ᠴᠤᠸᠠᠩ ᠺᠤᠮᠫᠠᠨᠢ | ᠵᠡᠷᠭᠡ 6 ᠠᠵᠤ ᠠᠬᠤᠶᠢᠯᠠᠯ ᠢ ᠱᠠᠯᠠᠪᠳᠠᠭᠤᠯᠤᠨ ᠵᠤᠤᠬᠠᠨ ᠤ ᠭᠠᠳᠠᠭᠰᠢᠯᠠᠭᠤᠯᠤᠯᠲᠠ ᠶᠢ ᠤᠨᠴᠠ ᠲᠤᠤᠷ᠎ᠠ ᠪᠤᠯᠭᠠᠬᠤ | ᠦᠬᠡᠷᠡᠴᠢᠯᠡᠯᠲᠡ ᠪᠠ ᠬᠦᠬᠦᠷ ᠨᠧᠲᠷᠤ᠋ ᠥᠬᠡᠶᠢᠵᠢᠬᠦᠯᠬᠦ ᠥᠭᠡᠷᠡᠴᠢᠯᠡᠯᠲᠡ ᠶᠢ ᠪᠡᠶᠡᠯᠡᠭᠦᠯᠵᠦ ᠲᠣᠭᠤᠰᠣ ᠰᠢᠷᠤᠢ ᠪᠠ | ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠤᠷᠭᠠᠨᠢᠭ ᠪᠣᠳᠠᠰ ᠢ ᠵᠠᠰᠠᠨ ᠴᠡᠭᠴᠡᠯᠡᠬᠦ ᠶᠢ | ᠴᠢᠩᠭᠠᠳᠬᠠᠨ ᠠᠭᠠᠷ ᠮᠠᠨᠳᠠᠯ ᠤᠨ ᠴᠡᠪᠡᠷᠴᠡ ᠶᠢᠨ ᠶᠠᠰᠣ ᠴᠢᠨᠡᠷ ᠢ ᠪᠠᠳᠣᠯᠠᠨ᠎ᠠ᠃ ᠵᠦᠩ ᠮᠸᠢ ᠪᠦᠯᠦᠭᠯᠡᠯ ᠤᠨ ᠮᠸᠡᠭ | ᠳ᠋ᠠ ᠺᠤᠮᠫᠠᠨᠢ ᠵᠡᠷᠭᠡ 4 ᠠᠵᠤ ᠠᠬᠤᠶᠢᠯᠠᠯ ᠢ ᠱᠠᠭᠠᠷᠳᠠᠨ ᠦᠨᠳᠦᠷ ᠲᠠᠪᠤᠰᠤᠲᠤ ᠤᠰᠤ ᠶᠢ ᠲᠠᠪᠤᠰᠤ ᠦᠭᠡᠶᠢᠵᠢᠬᠦᠯᠦᠨ | ᠲᠠᠯᠠᠰᠵᠢᠭᠤᠯᠬᠤ ᠲᠦᠬᠦᠭᠡᠷᠦᠮᠵᠢ ᠶᠢ ᠪᠠᠶᠢᠭᠤᠯᠤᠨ ᠮᠦᠩᠬᠡᠴᠢ᠂ ᠮᠠᠩᠭᠢᠰᠤᠨ ᠵᠠᠳᠠᠭᠠᠢ᠂ ᠨᠠᠷᠢᠠᠭᠤᠤᠯ ᠬᠤᠶᠠᠳᠤᠭᠠᠷ | ᠨᠡᠬᠦᠷᠡᠰᠦᠨ ᠠᠭᠤᠷᠬᠠᠢ ᠶᠢᠨ ᠤᠰᠤ ᠶᠢ ᠬᠦᠨᠵᠡᠭᠡᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ ᠭᠠᠯᠠᠭᠤᠲᠤ ᠪᠠᠯᠭᠠᠰᠤᠨ ᠤ ᠠᠮᠢ ᠠᠬᠤᠢ ᠶᠢᠨ ᠤᠰᠤᠨ ᠰᠢᠰᠲ᠋ᠧᠮ ᠪᠠ ᠪᠠᠭᠠᠨᠠᠭᠤᠷ ᠤᠨ ᠤᠰᠤᠨ ᠤ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠦᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ | ᠤᠷᠤᠨ ᠤ ᠭᠤᠤᠯᠳᠠᠯᠭᠠᠲᠤ ᠲᠤᠭᠤᠷᠢᠭ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠠᠬᠢᠭᠤᠯᠤᠨ᠎ᠠ᠃ ᠲᠤᠭ ᠠᠵᠤ | ᠦᠢᠯᠡᠳᠪᠦᠷᠢ ᠶᠢᠨ ᠲᠦᠷᠦᠯ ᠵᠦᠢᠯ ᠤᠨ ᠲᠤᠭᠤᠷᠢᠭ ᠪᠠ ᠶᠢᠨ ᠴᠧᠩ ᠲᠠᠢ ᠺᠣᠮᠫᠠᠨᠢ ᠶᠢᠨ ᠰᠢᠭᠠᠷᠣ ᠶᠢᠨ ᠳᠠᠯᠠᠪᠠᠢ | ᠶᠢᠨ ᠪᠦᠳᠦᠬᠡᠨ ᠪᠠᠶᠢᠭᠤᠯᠥᠯᠳᠡ ᠶᠢ ᠠᠬᠢᠭᠤᠯᠵᠣ ᠬᠤᠯᠤᠰᠤ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠴᠢᠯᠠᠭᠤ ᠶᠢ | ᠡᠬᠡᠭᠦᠯᠦᠨ ᠬᠢᠵᠤ ᠠᠭᠤᠷᠬᠠᠢ ᠶᠢ ᠪᠤᠯᠠᠬᠤ ᠰᠢᠰᠲ᠋ᠧᠮ ᠢ ᠠᠰᠢᠭᠯᠠᠯᠲᠠ ᠳᠤ ᠤᠷᠤᠭᠤᠯᠤᠨ᠎ᠠ᠃ ᠪᠠᠶᠢᠭᠠᠯᠢ ᠶᠢᠨ | ᠰᠢᠲᠠᠮᠠᠬᠠᠶ ᠬᠡᠶ ᠨᠡᠭᠡᠭᠡᠨ ᠮᠠᠯᠲᠠᠬᠤ ᠠᠴᠠ ᠪᠤᠢ ᠪᠤᠯᠤᠭᠰᠠᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠮᠢᠳᠤᠷᠠᠯ ᠤᠨ | ᠬᠤᠭ ᠨᠣᠪᠰᠢ ᠶᠢ ᠪᠤᠯᠠᠬᠤ ᠲᠠᠯᠠᠪᠤᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠣᠷᠣᠨ ᠪᠦᠰᠡ ᠶᠢᠨ ᠬᠠᠷᠠᠭᠠᠨ | ᠳᠠᠪᠲᠠᠮᠵᠢ ᠶᠢᠨ ᠬᠢᠨᠠᠨ ᠡᠵᠡᠮᠰᠢᠯ ᠤᠨ ᠨᠠᠶᠢᠳᠠᠮᠵᠢᠬᠦᠯᠥᠯᠳᠡ ᠶᠢ ᠦᠷᠭᠡᠳᠭᠡᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ ᠭᠠᠷ ᠲᠠᠳᠠᠭᠤ ᠠᠮᠢᠳᠤᠷᠠᠯ ᠢ ᠦᠩᠭᠡᠷᠡᠬᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ | ᠡᠩ ᠤᠨ ᠴᠢᠨᠠᠷᠲᠠᠶ ᠵᠠᠷᠤᠯᠭ᠎ᠠ ᠶᠢ 20% ᠪᠠᠷ ᠪᠠᠭᠠᠰᠬᠠᠨ ᠪᠠᠩᠬᠢ ᠶᠢᠨ ᠵᠢᠭᠡᠯᠡᠯᠭᠡ ᠶᠢᠨ ᠬᠤᠭᠤᠴᠠᠭ᠎ᠠ ᠶᠢ | ᠠᠯᠭᠤᠷᠯᠠᠭᠤᠯᠬᠤ᠂ ᠬᠦᠤ ᠮᠥᠩᠭᠦ ᠶᠢ ᠪᠠᠭᠤᠷᠠᠭᠤᠯᠬᠤ ᠪᠠᠷ ᠴᠢᠷᠮᠠᠶᠢᠵᠤ ᠭᠠᠶᠢᠯᠢ ᠲᠠᠲᠠᠪᠤᠷᠢᠯᠠᠵᠤ ᠬᠠᠮᠢᠶᠠᠷᠬᠤ᠂ ᠰᠤᠯᠠ | ᠪᠠᠶᠢᠭ᠎ᠠ ᠡᠳ᠋ ᠬᠦᠷᠦᠩᠭᠡ ᠶᠢ ᠰᠢᠢᠳᠪᠦᠷᠢᠯᠡᠬᠦ ᠶᠢ ᠴᠢᠩᠭᠠᠳᠬᠠᠨ ᠠᠵᠣ ᠠᠬᠤᠶᠢᠯᠡᠯ ᠲᠠᠢ ᠬᠤᠯᠪᠣᠭᠳᠠᠭᠰᠠᠨ ᠦᠷᠢ | ᠰᠢᠷᠢ ᠶᠢ ᠰᠠᠯᠭᠠᠨ ᠢᠯᠠᠭᠠᠷᠠᠭᠤᠯᠵᠣ ᠵᠠᠰᠠᠭ ᠤᠨ ᠣᠷᠳᠣᠨ ᠤ ᠥᠷᠢ ᠰᠢᠷᠢ ᠶᠢ ᠢᠯᠭᠠᠷᠠᠭᠤᠯᠬᠤ ᠤᠨ ᠤ ᠡᠬᠦᠷᠭᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠦᠷᠢᠴᠡᠯ ᠵᠢᠭᠤᠷᠠᠯᠳᠤᠭᠠᠨ ᠥᠬᠡᠶ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠠᠩᠰᠨ ᠶᠢ ᠴᠠᠭ ᠲᠤᠬᠠᠶ ᠳᠤᠨᠢ ᠢᠯᠭᠠᠷᠠᠭᠤᠯᠤᠨ ᠡᠶᠡᠳᠡᠭᠦᠯᠬᠦ᠂ ᠵᠥᠪᠳᠡᠯᠴᠡᠬᠦ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠵᠦᠷᠢᠴᠡᠯ ᠵᠢᠭᠤᠷᠠᠯᠳᠤᠭᠠᠨ ᠲᠠᠢ ᠭᠡᠰᠡᠭ ᠢ ᠲᠥᠷᠥᠯ ᠬᠤᠪᠢᠶᠠᠨ ᠰᠢᠢᠳᠪᠦᠷᠢᠯᠡᠨ᠎ᠡ᠃ | ᠲᠦᠷᠥᠯ ᠵᠣᠶᠢᠯ ᠢ ᠨᠦᠬᠡᠴᠡᠯᠡᠬᠦ ᠡᠮᠦᠨ᠎ᠡ ᠬᠤᠭᠤᠴᠠᠭᠠᠨ ᠤ ᠠᠵᠢᠯ ᠢ ᠰᠠᠶᠢᠳᠣᠷ ᠠᠳᠬᠤᠵᠤ ᠵᠠᠰᠠᠭ ᠤᠨ ᠣᠷᠳᠣᠨ ᠤ | ᠪᠡᠯᠡ ᠮᠦᠩᠬᠦᠨ ᠤ ᠣᠷᠣᠭᠤᠯᠤᠯᠲᠠ ᠶᠢᠨ ᠬᠠᠨᠳᠤᠰᠢ ᠪᠠ ᠲᠦᠷᠥᠯ ᠵᠣᠶᠢᠯ ᠤᠨ ᠬᠡᠪᠴᠢᠶᠠᠵᠢᠯ᠂ ᠪᠠᠷᠢᠮᠵᠢᠶ᠎ᠠ ᠶᠢ ᠵᠦᠢ | ᠵᠣᠬᠢᠰᠳᠡᠢ ᠬᠢᠵᠠᠭᠠᠷᠯᠠᠵᠣ ᠳᠡᠬᠡᠳᠣ ᠱᠠᠳᠣᠨ ᠤ ᠳᠣᠰᠬᠠᠢ ᠲᠦᠷᠥᠯ ᠤᠨ ᠪᠡᠯᠡ ᠮᠦᠩᠬᠦ ᠪᠠ ᠦᠷᠢ ᠶᠢᠨ ᠳᠡᠮᠳᠡᠭᠳᠣ | ᠶᠢᠨ ᠪᠡᠯᠡ ᠮᠦᠩᠬᠦ ᠶᠢ ᠢᠳᠡᠪᠬᠢᠳᠡᠢ ᠳᠠᠮᠠᠴᠠᠨ ᠣᠯᠵᠣ ᠪᠡᠯᠡ ᠮᠦᠩᠬᠦᠨ ᠤ ᠢᠷᠡᠯᠲᠡ ᠶᠢ ᠨᠠᠶᠢᠳᠠᠪᠤᠷᠢᠵᠢᠭᠤᠯᠤᠭᠠᠳᠤᠶ | ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠴᠢᠩᠭ᠎ᠠ ᠬᠤᠷᠢᠭᠯᠠᠨ᠎ᠠ᠃ ᠪᠤᠷᠤ ᠬᠡᠷᠲᠤ ᠲᠤᠭᠤᠷᠢᠭ ᠤᠨ 3850 | ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠰᠣᠯᠢᠬᠤ ᠭᠡᠷᠡᠴᠢ ᠪᠠᠷᠢᠮᠲᠠ ᠶᠢ ᠴᠠᠭ ᠲᠤᠬᠠᠶ ᠳᠤᠨᠢ ᠰᠤᠯᠢᠵᠤ | ᠦᠭᠭᠦᠨ᠎ᠡ᠃ ᠨᠢᠭᠡᠨᠲᠡ ᠰᠢᠭᠦᠨ ᠲᠠᠰᠤᠯᠤᠭᠰᠠᠨ ᠬᠠᠤᠯᠢ ᠪᠤᠰᠤ ᠪᠠᠷ ᠮᠦᠩᠭᠦ ᠴᠤᠭᠯᠠᠭᠤᠯᠤᠭᠰᠠᠨ 8 ᠬᠡᠷᠡᠭ ᠤᠨ | ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠶᠢ ᠠᠭᠢᠭᠤᠯᠤᠨ᠎ᠠ᠃ ᠣᠯᠣᠰ ᠤᠨ ᠦᠮᠴᠢᠯᠡᠯᠳᠣ | ᠠᠵᠣ ᠠᠬᠤᠶᠢᠯᠡᠯ ᠤᠨ ᠬᠦᠭᠵᠢᠯᠳᠡ ᠶᠢᠨ ᠬᠡᠯᠪᠠᠷᠢ ᠪᠠᠨ ᠬᠤᠪᠢᠷᠠᠭᠤᠯᠣᠨ ᠬᠦᠭᠵᠢᠬᠦᠯᠬᠦ ᠶᠢ ᠲᠦᠷᠬᠡᠳᠬᠡᠨ ᠠᠬᠢᠭᠤᠯᠵᠣ | ᠳᠠᠮᠣᠷ ᠵᠠᠮ ᠤᠨ ᠪᠠᠷᠠᠭᠠᠨ ᠬᠦᠢᠯᠬᠡᠬᠡ᠂ ᠰᠣᠶᠣᠯ ᠵᠢᠭᠤᠯᠴᠢᠯᠡᠯ᠂ ᠠᠮᠢ ᠠᠬᠤᠢ ᠤᠷᠴᠢᠨ ᠲᠤᠭᠤᠷᠢᠨ ᠵᠢᠴᠢ ᠬᠤᠳᠠ | ᠪᠠᠯᠭᠠᠰᠣᠨ ᠤ ᠰᠠᠭᠤᠷᠢ ᠲᠦᠬᠦᠬᠡᠷᠣᠮᠵᠢ ᠶᠢᠨ ᠪᠦᠳᠦᠬᠡᠨ ᠪᠠᠶᠢᠭᠤᠯᠣᠯᠳᠠ᠂ ᠮᠠᠯ ᠤᠨ ᠠᠰᠢᠭ ᠰᠢᠮ᠎ᠡ ᠶᠢᠨ | ᠣᠶᠢᠯᠡᠳᠬᠦᠨ ᠪᠠ ᠳᠠᠷᠢᠶᠠᠯᠠᠩ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠵᠡᠷᠬᠡ ᠳᠠᠯ᠎ᠠ ᠪᠠᠷ ᠨᠡᠶᠢᠬᠡᠮ ᠤᠨ | ᠦᠷᠢᠰᠣᠯᠳᠣᠬᠡᠨ ᠳᠤ ᠣᠷᠣᠯᠴᠠᠵᠣ ᠪᠣᠳᠠᠳᠣ ᠴᠣᠭᠴᠠ ᠶᠢᠨ ᠲᠦᠷᠥᠯ ᠵᠣᠶᠢᠯ ᠢ ᠬᠦᠭᠵᠢᠬᠦᠯᠥᠨ ᠡᠵᠡᠩᠨᠡᠯᠳᠡ ᠶᠢᠨ | ᠣᠷᠣᠯᠭ᠎ᠠ ᠶᠢ ᠨᠡᠮᠡᠭᠳᠡᠬᠦᠯᠦᠨ᠎ᠡ᠃ | ︵ᠬᠤᠶᠠᠷ︶ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠵᠤ ᠬᠥᠭᠵᠢᠯᠲᠡ ᠶᠢᠨ ᠰᠢᠨ᠎ᠡ | ᠬᠦᠳᠡᠯᠭᠡᠭᠴᠢ ᠡᠨᠧᠷᠭᠢ ᠶᠢ ᠲᠦᠷᠭᠡᠳᠬᠡᠨ ᠪᠤᠢ ᠪᠤᠯᠭᠠᠨ᠎ᠠ᠃ ᠴᠢᠨᠠᠷ ᠰᠠᠶᠢᠲᠠᠶᠬᠥ᠋ᠭᠵᠢᠯᠲᠡ ᠶᠢᠨ ᠦᠨᠳᠦᠰᠦᠨ | ᠱᠠᠭᠠᠷᠳᠠᠯᠭ᠎ᠠ ᠶᠢᠨ ᠲᠣᠭᠤᠷᠢᠨ ᠳᠤ ︽ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ | ᠲᠥᠯᠥᠪᠵᠢᠭᠦᠯᠭᠡ︾ ᠶᠢ ᠨᠠᠶᠢᠷᠠᠭᠤᠯᠤᠨ ᠲᠤᠭᠳᠠᠭᠠᠵᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠤᠨ ᠰᠠᠭᠤᠷᠢ ᠴᠢᠳᠠᠪᠬᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠦᠨ ᠠᠵᠤ | ᠦᠢᠯᠡᠰ ᠤᠨ ᠲᠥᠷᠥᠯ ᠵᠦᠢᠯ ᠢ ᠤᠷᠢᠳᠴᠢᠯᠠᠨ ᠲᠥᠯᠥᠪᠯᠡᠵᠦ ᠰᠢᠨ᠎ᠡ ᠬᠠᠭᠤᠴᠢᠨ ᠬᠦᠳᠡᠯᠭᠡᠭᠴᠢ ᠡᠨᠧᠷᠭᠢ ᠶᠢᠨ | ᠵᠠᠯᠭᠠᠯᠳᠤᠨ ᠰᠣᠯᠢᠭᠳᠠᠬᠤ ᠶᠢ ᠲᠦᠷᠭᠡᠳᠬᠡᠨ ᠣᠯᠠᠨ ᠲᠦᠢᠯ ᠢᠶᠠᠷ ᠲᠤᠯᠭᠠᠭᠤᠷᠢᠯᠠᠬᠤ᠂ ᠣᠯᠠᠨ ᠡᠰᠢᠴᠢᠯᠡᠨ ᠬᠥᠭᠵᠢᠬᠦ | ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ | ᠮᠢᠩᠭᠠᠨ ᠳ᠋ᠦᠩᠰᠢᠭᠤᠷ ᠲᠦᠬᠦᠷᠢᠭ ᠤᠨ ᠲᠡᠰ ᠤᠨ ︽ᠳᠥᠷᠪᠡᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠤᠨ᠎ᠠ᠃ ︽ᠳᠥᠷᠪᠡᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠤᠨ ᠣᠨᠣᠯᠵᠢᠭᠤᠨ ᠢ | ᠲᠡᠭᠦᠯᠳᠡᠷᠵᠢᠭᠦᠯᠵᠦ ᠬᠦᠷᠢᠶᠡᠯᠡᠩ ᠲᠤᠭᠤᠷᠢᠭ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠪᠣᠭᠤᠮᠲᠠ | ᠰᠢᠪᠲᠤᠯᠬᠤ ᠠᠵᠢᠯᠯᠠᠭ᠎ᠠ ᠶᠢ ᠥᠷᠨᠢᠭᠦᠯᠦᠨ ᠴᠢᠳᠠᠪᠬᠢ ᠨᠢ ᠪᠦᠷᠢᠨ ᠲᠡᠭᠦᠯᠳᠡᠷ᠂ ᠪᠠᠶᠢᠷᠢ ᠲᠣᠭᠲᠠᠭᠠᠯᠲᠠ ᠨᠢ ᠨᠠᠷᠢᠯᠢᠭ | ᠣᠨᠣᠪᠴᠢᠲᠠᠶ᠂ ᠬᠡᠯᠬᠢᠶᠡᠵᠢᠯ ᠨᠢ ᠪᠦᠷᠢᠨ ᠪᠦᠲᠦᠨ᠂ ᠣᠨᠴᠠᠯᠢᠭ ᠨᠢ ᠢᠯᠡ ᠲᠣᠳᠣ ᠬᠦᠷᠢᠶᠡᠯᠡᠩ ᠲᠤᠭᠤᠷᠢᠭ ᠢ | ᠪᠦᠲᠦᠬᠡᠨ ᠪᠠᠶᠢᠭᠤᠯᠵᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠪᠤᠯᠭᠠᠬᠤ ᠪᠠᠷ ᠴᠢᠷᠮᠠᠶᠢᠨ᠎ᠠ᠃ | ᠬᠦᠷᠢᠶᠡᠯᠡᠩ ᠲᠣᠭᠤᠷᠢᠭ ᠢ ᠰᠢᠯᠢᠳᠡᠭᠵᠢᠬᠦᠯᠦᠨ ᠲᠤᠬᠢᠷᠠᠭᠤᠯᠬᠤ ᠠᠵᠢᠯ ᠢ ᠠᠬᠢᠭᠤᠯᠤᠨ ᠬᠠᠮᠢᠶ᠎ᠠ ᠪᠦᠬᠦᠢ | ᠲᠥᠯᠥᠪᠵᠢᠬᠦᠯᠭᠡ ᠶᠢ ᠵᠠᠰᠠᠪᠤᠷᠢᠯᠠᠨ ᠲᠤᠭᠳᠠᠭᠠᠵᠤ ᠤᠷᠲᠤ ᠬᠤᠭᠤᠴᠠᠭ᠎ᠠ ᠰᠤᠨᠵᠢᠷᠠᠭᠤᠯᠤᠭᠠᠳ ᠪᠦᠲᠦᠭᠡᠨ ᠪᠠᠶᠢᠭᠤᠯᠬᠤ | ᠦᠭᠡᠢ ᠲᠥᠷᠥᠯ ᠵᠦᠢᠯ ᠤᠨ ᠡᠵᠡᠯᠡᠬᠦ ᠭᠠᠵᠠᠷ ᠰᠢᠷᠣᠢ ᠵᠡᠷᠭᠡ ᠡᠯᠧᠮᠧᠨ᠋ᠲ ᠶᠢᠨ ᠡᠬᠢ ᠪᠠᠶᠠᠯᠢᠭ ᠢ ᠡᠮᠬᠢᠳᠭᠡᠨ | ᠴᠡᠭᠴᠡᠯᠡᠭᠡᠳ ᠠᠮᠢᠳᠤᠯᠢᠭ ᠪᠤᠯᠭᠠᠵᠤ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠲᠤᠭ | ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠭᠤᠷᠢᠭ᠂ ᠦᠤᠰᠢᠨᠵᠤᠤ ᠬᠢᠮᠢ ᠶᠢᠨ ᠦᠢᠯᠡᠳᠪᠦᠷᠢ ᠶᠢᠨ ᠲᠥᠷᠥᠯ | ᠵᠦᠢᠯ ᠤᠨ ᠲᠣᠭᠤᠷᠢᠭ ᠤᠨ ᠵᠠᠮ᠂ ᠪᠤᠬᠢᠷ ᠤᠰᠤ ᠶᠢ ᠴᠡᠪᠡᠷᠰᠢᠬᠦᠯᠦᠨ ᠠᠰᠢᠭᠯᠠᠬᠤ ᠬᠤᠭᠤᠯᠠᠢ ᠲᠣᠣᠷ ᠵᠡᠷᠭᠡ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠤᠨ ︽ᠪᠠᠷᠢᠮᠵᠢᠶᠠᠲᠤ ᠭᠠᠵᠠᠷ︾᠂ ︽ᠪᠠᠷᠢᠮᠵᠢᠶᠠᠲᠤ ᠦᠢᠯᠡᠳᠪᠦᠷᠢ ᠶᠢᠨ ᠲᠠᠰᠤᠭ︾᠂ ︽ | ᠬᠦᠳᠡᠯᠭᠡᠭᠴᠢ ᠬᠦᠴᠦᠨ ᠤ ᠲᠦᠪ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠦᠩ ᠮᠸᠢ ᠪᠦᠯᠦᠭᠯᠡᠯ | ᠵᠡᠷᠭᠡ ᠤᠷᠤᠨ ᠨᠤᠲᠤᠭ ᠲᠤ ᠰᠠᠭᠤᠷᠢᠰᠢᠭᠰᠠᠨ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠶᠢᠨ | ᠦᠢᠯᠡᠳᠪᠦᠷᠢ ᠶᠢᠨ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠬᠤ ᠶᠢ ᠳᠡᠮᠵᠢᠵᠤ ᠦᠢᠯᠡᠳᠪᠦᠷᠢᠯᠡᠯ ᠰᠤᠷᠤᠯᠴᠠᠯᠭ᠎ᠠ | ᠰᠤᠳᠤᠯᠭᠠᠨ ᠢ ᠬᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠬᠦᠳᠦᠭᠰᠡᠨ ᠲᠤᠭᠳᠠᠯᠴᠠᠭ᠎ᠠ ᠶᠢ | ᠪᠠᠶᠢᠭᠤᠯᠤᠨ᠎ᠠ᠃ ᠠᠵᠤ ᠦᠢᠯᠡᠰ ᠤᠨ ᠦᠢᠯᠡᠴᠢᠯᠡᠭᠡᠨ ᠤ ᠪᠤᠯᠪᠠᠰᠤᠷᠠᠯ ᠤᠨ ᠲᠦᠪ ᠵᠢᠴᠢ ᠠᠵᠤ ᠦᠢᠯᠡᠳᠪᠦᠷᠢ ᠶᠢᠨ | ᠦᠵᠡᠰᠬᠦᠯᠡᠩ ᠢ ᠡᠬᠢᠯᠡᠬᠦᠯᠦᠨ ᠪᠦᠲᠦᠭᠡᠨ ᠪᠠᠶᠢᠭᠤᠯᠵᠤ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | ᠵᠡᠷᠭᠡ ᠶᠡᠭᠡ ᠳᠡᠭᠡᠳᠦ ᠰᠤᠷᠭᠠᠭᠤᠯᠢ ᠨᠤᠭᠤᠳ ᠲᠠᠢ ᠬᠠᠮᠲᠤᠷᠠᠨ ᠤᠷᠴᠢᠨ ᠲᠣᠭᠤᠷᠢᠨ ᠤ ᠬᠠᠮᠠᠭᠠᠯᠠᠯᠲᠠ᠂ ᠠᠮᠤᠷ | ᠲᠦᠪᠰᠢᠨ᠂ ᠬᠢᠮᠢ ᠶᠢᠨ ᠦᠢᠯᠡᠳᠪᠦᠷᠢ ᠶᠢᠨ ᠬᠦᠷᠢᠶᠡᠨ ᠳᠠᠬᠢ ᠬᠠᠮᠢᠶᠠᠷᠤᠯᠲᠠ ᠪᠠ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠵᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠬᠠᠮᠢᠶᠠᠷᠤᠯᠲᠠ ᠪᠠᠨ | ᠰᠠᠶᠢᠵᠢᠷᠠᠭᠤᠯᠬᠤ ᠪᠠᠷ ᠳᠠᠮᠵᠢᠭᠤᠯᠤᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠶᠢ | ᠳᠡᠮᠵᠢᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠎ᠠ᠃ ᠪᠦᠦ ᠹᠧᠩ | ᠡᠨᠧᠷᠭᠢ ᠶᠢᠨ ᠪᠦᠯᠦᠭᠯᠡᠯ ᠤᠨ ᠨᠡᠬᠦᠷᠡᠰᠦ ᠪᠠᠷ ᠠᠯᠺᠧᠨ ᠦᠢᠯᠡᠳᠬᠦ᠂ ᠵᠦᠩ ᠲᠢᠶᠠᠨ ᠾᠧ ᠴᠤᠸᠠᠩ ᠺᠤᠮᠫᠠᠨᠢ᠂ ᠵᠦᠩ | ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ | ᠵᠡᠷᠭᠡ ᠴᠢᠬᠤᠯᠠ ᠶᠡᠭᠡ ᠰᠠᠭᠤᠷᠢ ᠪᠤᠯᠬᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠦᠭᠵᠢᠯᠲᠡ ᠶᠢᠨ | ᠬᠠᠨᠳᠤᠰᠢ ᠶᠢ ᠮᠥᠷᠳᠡᠵᠦ ᠨᠡᠬᠦᠷᠡᠰᠦᠨ ᠠᠭᠤᠷᠬᠠᠶ ᠶᠢᠨ ᠠᠮᠠᠰᠠᠷ ᠤᠨ ᠬᠠᠵᠠᠭᠤ ᠪᠠᠷ ᠪᠠᠶᠢᠷᠢᠯᠠᠬᠤ ᠴᠠᠬᠢᠯᠭᠠᠨ | ᠦᠢᠯᠡᠳᠪᠦᠷᠢ ᠪᠠ ᠴᠠᠬᠢᠯᠭᠠᠨ ᠢ ᠭᠠᠳᠠᠭᠰᠢ ᠬᠦᠷᠭᠡᠬᠦ ᠤᠳᠠᠰᠤ ᠶᠢᠨ ᠪᠠᠶᠢᠷᠢᠰᠢᠭᠤᠯᠤᠯᠲᠠ ᠶᠢ ᠠᠬᠢᠭᠤᠯᠵᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ ᠲᠥᠷᠥᠯ ᠵᠦᠢᠯ ᠤᠨ ᠡᠮᠦᠨ᠎ᠡ | ᠬᠤᠭᠤᠴᠠᠭᠠᠨ ᠤ ᠭᠠᠷ ᠬᠦᠢᠴᠡᠳᠬᠡᠯ ᠢ ᠡᠬᠢᠯᠡᠬᠦᠯᠦᠨ᠎ᠡ᠃ ᠬᠡᠷᠡᠯ ᠴᠠᠬᠢᠯᠭᠠᠨ ᠤ ᠲᠥᠷᠥᠯ ᠵᠦᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ | ᠤᠷᠢᠳᠴᠢᠯᠠᠨ ᠲᠥᠯᠥᠪᠯᠡᠨ᠎ᠡ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠱᠠᠩᠨᠠᠯ ᠤᠨ ᠲᠥᠷᠥ ᠶᠢᠨ | ᠪᠣᠳᠣᠯᠭ᠎ᠠ ᠶᠢ ᠨᠡᠶᠢᠲᠡᠯᠡᠵᠦ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠯᠦᠭᠡ ᠬᠠᠮᠳᠤᠷᠠᠯᠴᠠᠭ᠎ᠠ ᠪᠠᠨ ᠴᠢᠩᠭᠠᠳᠬᠠᠵᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠨ | ᠣᠨᠣᠪᠴᠢᠲᠠᠢ ᠪᠠᠷ ᠠᠷᠠᠯᠵᠢᠶᠠᠴᠢᠨ ᠤᠷᠢᠵᠤ ᠰᠢᠨ᠎ᠡ ᠮᠠᠲ᠋ᠧᠷᠢᠶᠠᠯ ᠵᠡᠷᠭᠡ ᠬᠡᠯᠬᠢᠶᠡᠵᠢᠯ ᠢᠶᠠᠨ ᠤᠷᠳᠤᠳᠬᠠᠬᠤ᠂ | ᠬᠡᠯᠬᠢᠶᠡᠵᠢᠯ ᠢᠶᠠᠨ ᠨᠦᠬᠦᠪᠦᠷᠢᠯᠡᠬᠦ᠂ ᠬᠡᠯᠬᠢᠶᠡᠵᠢᠯ ᠢᠶᠠᠨ ᠴᠢᠩᠭᠠᠳᠬᠠᠬᠤ ᠲᠦᠷᠦᠯ ᠵᠦᠢᠯ ᠢ ᠣᠷᠣᠭᠤᠯᠤᠨ ᠠᠪᠴᠢᠷᠠᠨ᠎ᠠ | ᠃ ᠵᠤᠬᠢᠶᠠᠮᠠᠯ ᠤᠶᠤᠨ᠂ ᠤᠷᠤᠨ ᠬᠡᠰᠡᠭ ᠤᠨ ᠴᠦᠷᠭᠡᠯᠡᠭᠡ᠂ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ | ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢ ᠲᠦᠯᠦᠪᠵᠢᠬᠦᠯᠦᠨ ᠪᠦᠲᠦᠭᠡᠨ ᠪᠠᠶᠢᠭᠤᠯᠬᠤ ᠪᠠ ᠠᠵᠤ | ᠦᠢᠯᠡᠰᠵᠢᠬᠦᠯᠦᠨ ᠬᠡᠷᠡᠭᠯᠡᠬᠦ ᠶᠢ ᠠᠬᠢᠭᠤᠯᠤᠨ ᠠᠵᠤ ᠦᠢᠯᠡᠳᠪᠦᠷᠢᠵᠢᠬᠦᠯᠦᠯᠲᠡ ᠪᠠ ᠴᠢᠮᠡᠭᠡ ᠵᠠᠩᠭᠢᠴᠢᠯᠠᠯᠲᠠ ᠶᠢ | ᠠᠭᠤᠰᠤᠯᠴᠠᠭᠤᠯᠤᠨ ᠬᠦᠭᠵᠢᠬᠦᠯᠵᠤ ᠲᠤᠭᠠᠴᠠᠯᠠᠭᠰᠠᠨ ᠠᠵᠤ ᠠᠬᠤᠢ ᠶᠢᠨ ᠰᠢᠨ᠎ᠡ ᠪᠠᠶᠢᠳᠠᠯ᠂ ᠰᠢᠨ᠎ᠡ ᠵᠠᠭᠪᠤᠷ ᠢ ᠪᠤᠢ | ᠪᠤᠯᠭᠠᠨ᠎ᠠ᠃ | ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠴᠢᠬᠤᠯᠠ | ᠶᠡᠭᠡ ᠲᠥᠷᠥᠯ ᠵᠦᠢᠯ ᠢ ᠰᠢᠶᠠᠨ ᠤ ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ ᠠᠵᠤ ᠠᠬᠤᠶᠢᠯᠠᠯ ᠤᠨ ᠲᠥᠷᠥᠯ ᠵᠦᠢᠯ ᠤᠨ ᠬᠢᠨᠠᠨ ᠵᠦᠪᠰᠢᠶᠡᠷᠡᠯᠲᠡ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠶ ᠳᠤᠨᠢ ᠰᠢᠢᠳᠪᠦᠷᠢᠯᠡᠵᠤ 20 ᠲᠦᠷᠥᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠ 107 | ᠲᠦᠷᠦᠯ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠴᠠᠭ ᠲᠤᠬᠠᠶ ᠳᠤᠨᠢ ᠠᠵᠢᠯ ᠢᠶᠠᠨ | ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠨ᠎ᠡ᠃ ᠨᠡᠭᠦᠷᠡᠰᠦᠨ ᠠᠭᠤᠷᠬᠠᠢ ᠶᠢᠨ ᠭᠠᠷ ᠬᠦᠢᠴᠡᠳᠬᠡᠯ ᠢ ᠠᠬᠢᠭᠤᠯᠤᠨ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠳᠳᠤᠭ ᠢ 400 ᠰᠢᠨ᠎ᠡ ᠪᠠᠷ ᠮᠠᠯᠲᠠᠵᠤ ᠡᠨᠧᠷᠬᠢ ᠶᠢᠨ ᠬᠠᠩᠭᠠᠯᠭ᠎ᠠ ᠶᠢᠨ | ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠵᠦᠸᠧ ᠵᠧᠩ ᠺᠤᠮᠫᠠᠨᠢ᠂ ᠱᠠᠨᠰᠢ ᠨᠡᠭᠦᠷᠡᠰᠦᠨ ᠪᠦᠯᠦᠭᠯᠡᠯ ᠤᠨ | ᠵᠢᠶᠠᠨ ᠹᠧᠩ ᠺᠤᠮᠫᠠᠨᠢ ᠵᠡᠷᠭᠡ ᠪᠠᠷᠢᠯᠭ᠎ᠠ ᠵᠤᠭᠰᠤᠭᠰᠠᠨ ᠲᠥᠷᠥᠯ ᠵᠦᠢᠯ ᠢᠶᠠᠨ ᠲᠠᠬᠢᠨ ᠡᠬᠢᠯᠡᠬᠦᠯᠬᠦ ᠶᠢ ᠠᠬᠢᠭᠤᠯᠤᠨ | ᠵᠦᠩ ᠮᠸᠢ ᠪᠦᠯᠦᠭᠯᠡᠯ ᠤᠨ ᠶᠤᠸᠠᠨ ᠰᠢᠩ ᠺᠤᠮᠫᠠᠨᠢ ᠶᠢᠨ 60 ᠲᠦᠮᠡᠨ ᠲᠣᠨ ᠮᠧᠲ᠋ᠢᠯ ᠠᠯᠺᠣᠣᠯ ᠤᠨ ᠮᠡᠷᠭᠡᠵᠢᠯ ᠤᠨ | ᠥᠭᠡᠷᠡᠴᠢᠯᠡᠯᠲᠡ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ | 100 ᠲᠦᠮᠡᠨ ᠲᠣᠨ ᠨᠡᠶᠢᠯᠡᠮᠠᠯ ᠬᠡᠢ ᠪᠠᠷ ᠮᠧᠲ᠋ᠢᠯ ᠠᠯᠺᠣᠣᠯ ᠦᠢᠯᠡᠳᠬᠦ ᠮᠡᠷᠭᠡᠵᠢᠯ ᠤᠨ ᠥᠭᠡᠷᠡᠴᠢᠯᠡᠯᠲᠡ ᠵᠢᠴᠢ | ᠢᠵᠢ ᠪᠦᠷᠢᠳᠦᠬᠦᠯᠦᠭᠰᠡᠨ ᠬᠤᠭᠤᠯᠠᠶ ᠱᠤᠭᠤᠮ᠂ ᠵᠥᠩ ᠲᠢᠶᠠᠨ ᠾᠧ ᠴᠤᠸᠠᠩ ᠺᠤᠮᠫᠠᠨᠢ ᠶᠢᠨ ᠳᠣᠤᠷ᠎ᠠ ᠳᠠᠷᠤᠯᠲᠠᠲᠤ | ᠭᠠᠯ ᠪᠠᠮᠪᠠᠷ ᠢ ᠥᠭᠡᠷᠡᠴᠢᠯᠡᠬᠦ᠂ ᠰᠾᠢ ᠬᠠᠶ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ | ᠨᠢᠭᠡᠳᠦᠭᠡᠷ ᠬᠤᠭᠤᠴᠠᠭᠠᠨ ᠤ 15 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠭᠡᠭᠦᠯᠦᠨ | ᠬᠤᠷᠢᠶᠠᠬᠤ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ | ᠣᠳᠣ ᠦᠶ᠎ᠡ ᠶᠢᠨ ᠪᠠᠷᠠᠭᠠᠨ ᠭᠦᠢᠯᠭᠡᠭᠡᠨ ᠤ ᠦᠢᠯᠡᠰ ᠢ ᠬᠥᠭᠵᠢᠭᠦᠯᠦᠨ᠎ᠡ᠃ ᠬᠤᠯᠪᠤᠭᠠᠯᠵᠢ ᠠᠴᠠ ᠵᠢᠢ ᠠᠨ | ᠬᠦᠷᠬᠦ ᠲᠡᠮᠦᠷ ᠵᠠᠮ ᠤᠨ ᠡᠬᠢᠯᠡᠯᠲᠡ ᠶᠢᠨ ᠴᠡᠭ ᠤᠨ ᠳᠠᠪᠠᠭᠤᠯᠢᠭ ᠲᠤ ᠲᠦᠰᠢᠭᠯᠡᠨ ᠨᠡᠭᠦᠷᠡᠰᠦ ᠶᠢ ᠨᠡᠭᠡᠭᠡᠨ | ᠠᠰᠢᠭᠯᠠᠬᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠭᠠᠯᠠᠭᠤᠲᠤ᠂ ᠨᠠᠷᠢᠠᠭᠤᠤᠯ ᠤᠨ | ᠶᠡᠷᠦᠩᠭᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ ᠱᠠᠩ ᠤᠨ ᠬᠤᠭᠤᠯᠠᠢ | ᠲᠡᠮᠦᠷ ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠨᠡᠭᠦᠷᠡᠰᠦ ᠵᠦᠭᠡᠭᠡᠪᠦᠷᠢᠯᠡᠬᠦ ᠬᠥᠭᠦᠷᠭᠡ ᠪᠠ ᠨᠠᠷᠢᠠᠭᠤᠤᠯ | ᠬᠤᠶᠠᠳᠤᠭᠠᠷ ᠬᠤᠳᠳᠤᠭ ᠤᠨ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠨ ᠪᠦᠲᠦᠭᠡᠨ᠎ᠠ᠃ ᠲᠤᠮᠳᠠᠳᠤ | ᠤᠷᠤᠨ ᠤ ᠨᠡᠭᠦᠷᠡᠰᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠬᠠᠷᠢᠯᠴᠠᠭ᠎ᠠ ᠪᠠᠨ ᠴᠢᠩᠭᠠᠳᠬᠠᠵᠤ ᠥᠪᠥᠷ | ᠮᠣᠩᠭᠤᠯ ᠤᠨ ᠨᠡᠭᠦᠷᠡᠰᠦᠨ ᠠᠷᠠᠯᠵᠢᠶᠠᠨ ᠤ ᠲᠥᠪ ᠲᠤ ᠲᠦᠰᠢᠭᠯᠡᠨ ᠡᠨᠧᠷᠭᠢ ᠬᠢᠮᠢ ᠶᠢᠨ ᠦᠢᠯᠡᠳᠪᠦᠷᠢ ᠶᠢᠨ | ᠠᠷᠠᠯᠵᠢᠶᠠᠨ ᠤ ᠲᠥᠪ ᠢ ᠫᠠᠶᠢᠰᠠ ᠡᠯᠭᠦᠨ ᠪᠠᠶᠢᠭᠤᠯᠬᠤ ᠠᠵᠢᠯ ᠢ ᠰᠦᠪᠡᠭᠴᠢᠯᠡᠵᠦ ᠬᠤᠭᠤᠴᠠᠭᠠᠲᠤ ᠪᠠᠷᠠᠭᠠᠨ ᠤ | ᠲᠠᠰᠤᠯᠤᠨ ᠪᠤᠳᠤᠬᠤ ᠬᠥᠮᠥᠷᠭᠡ ᠶᠢ ᠪᠠᠶᠢᠭᠤᠯᠤᠨ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ︽ | ᠳᠣᠲᠣᠭᠠᠳᠤ ᠬᠠᠭᠤᠷᠠᠶ ᠶᠢᠨ ᠭᠠᠷᠠᠮ︾ ᠢ ᠪᠥᠲᠥᠭᠡᠨ ᠪᠠᠶᠢᠭᠤᠯᠤᠨ᠎ᠠ᠃ ᠰᠦᠯᠵᠢᠶᠠᠨ ᠳᠡᠭᠡᠭᠡᠪᠤᠷᠢ ᠶᠢᠨ ᠪᠠᠷᠠᠭᠠᠨ | ᠬᠦᠢᠯᠬᠡᠬᠡ ᠶᠢ ᠬᠦᠭᠵᠢᠬᠦᠯᠵᠤ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠤᠨ ᠭᠤᠤᠯ ᠪᠤᠯᠬᠤ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠴᠢᠨᠠᠷ ᠰᠠᠶᠢᠲᠠᠶ ᠮᠠᠯ | ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠲᠡᠭᠡᠭᠡᠪᠦᠷᠢᠯᠡᠨ | ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ᠃ ᠬᠤᠪᠢᠰᠬᠠᠯ ᠤᠨ ᠰᠤᠶᠤᠯ ᠪᠠ ︽ᠳᠤᠭᠤᠶᠢᠯᠠᠩ︾ ᠤᠨ | ᠬᠥᠳᠡᠯᠭᠡᠭᠡᠨ᠂ ︽ᠮᠠᠯᠵᠢᠬᠤ ᠳ᠋ᠠᠵᠠᠢ︾ ᠶᠢᠨ ᠲᠡᠦᠬᠡᠨ ᠮᠠᠲ᠋ᠧᠷᠢᠶᠠᠯ ᠢ ᠠᠭᠤᠳᠠᠯᠠᠨ ᠡᠮᠬᠢᠯᠡᠵᠦ 1949 ᠤᠨ ᠤ ᠨᠠᠮᠤᠷ | ᠤᠨ ᠰᠡᠬᠦᠯᠴᠢ ᠶᠢᠨ ᠬᠤᠰᠢᠭᠤ ᠨᠠᠮ ᠤᠨ ᠬᠤᠷᠢᠶᠠᠨ ᠤ ᠬᠠᠭᠤᠴᠢᠨ ᠪᠠᠭᠤᠷᠢ᠂ ᠨᠢᠭᠡᠳᠦᠭᠡᠷ ᠨᠠᠮ ᠤᠨ ᠪᠠᠭ᠎ᠠ | ᠳᠤᠭᠤᠶᠢᠯᠠᠩ ᠤᠨ ᠬᠠᠭᠤᠴᠢᠨ ᠪᠠᠭᠤᠷᠢ᠂ ᠪᠠᠲᠤ ᠶᠢᠨ ᠲᠤᠬᠤᠢ ᠶᠢᠨ ᠡᠷᠦᠬᠡ ᠶᠢᠨ ᠴᠡᠷᠢᠭ ᠤᠨ ᠪᠠᠶᠢᠴᠠᠭᠠᠬᠤ | ᠦᠷᠲᠡᠬᠡᠨ ᠤ ᠬᠠᠭᠤᠴᠢᠨ ᠪᠠᠭᠤᠷᠢ ᠪᠠ ᠦᠷᠡᠭᠳᠡᠭᠰᠡᠨ ᠪᠠᠭᠠᠲᠤᠷ ᠲᠤᠪᠴᠢᠨᠳᠤᠷᠵᠢ ᠶᠢᠨ ᠬᠠᠭᠤᠴᠢᠨ ᠰᠠᠭᠤᠴᠠ ᠵᠡᠷᠭᠡ | ᠶᠢ ᠬᠠᠮᠠᠭᠠᠯᠠᠨ ᠰᠠᠯᠪᠢᠨ ᠵᠠᠰᠠᠵᠣ ᠬᠤᠪᠢᠰᠬᠠᠯ ᠤᠨ ᠲᠡᠦᠬᠡ ᠶᠢᠨ ᠮᠦᠽᠧᠶ ᠪᠠ ᠨᠠᠮ ᠤᠨ ᠪᠠᠶᠢᠭᠤᠯᠤᠯᠲᠠ ᠶᠢᠨ | ᠬᠥᠮᠦᠵᠢᠯ ᠤᠨ ᠰᠠᠭᠤᠷᠢᠨ ᠭᠠᠵᠠᠷ ᠢ ᠲᠦᠯᠦᠪᠯᠡᠨ ᠪᠠᠶᠢᠭᠤᠯᠵᠤ ᠱᠠᠨᠰᠢ ᠭᠠᠨᠰᠦ ᠨᠢᠩᠰᠢᠶᠠ ᠶᠢᠨ ᠬᠤᠪᠢᠰᠬᠠᠯ ᠤᠨ | ᠵᠢᠭᠤᠯᠴᠢᠯᠠᠯ ᠤᠨ ᠲᠤᠭᠤᠷᠢᠭ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠤᠨ᠎ᠠ᠃ ᠬᠠᠭᠤᠴᠢ ᠰᠤᠳᠤᠯᠤᠯ ᠤᠨ | ᠪᠠᠭᠤᠷᠢ ᠶᠢᠨ ᠴᠡᠴᠡᠷᠯᠢᠭ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠰᠢᠨ᠎ᠡ ᠨᠢᠭᠡᠨ ᠡᠭᠡᠯᠵᠢ ᠶᠢᠨ | ᠬᠠᠭᠤᠴᠢ ᠰᠤᠳᠤᠯᠤᠯ ᠤᠨ ᠠᠭᠤᠳᠠᠯᠠᠬᠤ ᠠᠵᠢᠯ ᠢ ᠦᠷᠨᠢᠬᠦᠯᠦᠨ ᠬᠠᠭᠤᠴᠢ ᠰᠤᠳᠤᠯᠤᠯ ᠢ ᠪᠡᠶᠡᠴᠢᠯᠡᠨ ᠣᠶᠢᠯᠠᠭᠠᠬᠤ | ᠲᠦᠬᠦᠮ ᠪᠦᠲᠦᠴᠡᠲᠤ ᠭᠡᠷ᠂ ᠸᠠᠩ ᠣᠪᠣᠭᠲᠤ ᠶᠢᠨ ᠤᠰᠤᠨ ᠦᠬᠡᠷ ᠢ ᠢᠯᠡᠷᠡᠭᠦᠯᠦᠭᠰᠡᠨ ᠭᠠᠵᠠᠷ ᠵᠢᠴᠢ ᠮᠤᠳᠤᠨ | ᠬᠥᠭᠦᠷᠭᠡᠨ ᠵᠠᠮ ᠵᠡᠷᠭᠡ ᠵᠠᠩᠭᠢᠯᠠᠭ᠎ᠠ ᠶᠢᠨ ᠴᠡᠭ ᠢ ᠪᠠᠶᠢᠭᠤᠯᠵᠤ ᠰᠢᠷᠬᠤᠰᠤ 5A ᠲᠡᠰ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ | ᠵᠢᠭᠤᠯᠴᠢᠯᠠᠯ᠂ ᠦᠪᠡᠷᠳᠡᠭᠡᠨ ᠮᠠᠰᠢᠨ ᠵᠢᠯᠣᠭᠤᠳᠴᠤ ᠬᠥᠳᠡᠭᠡ ᠲᠣᠰᠬᠤᠨ ᠢᠶᠠᠷ ᠵᠢᠭᠤᠯᠴᠢᠯᠠᠬᠤ ᠵᠡᠷᠭᠡ ᠰᠣᠳᠣᠨ ᠵᠠᠮ | ᠱᠤᠭᠤᠮ ᠢ ᠨᠡᠭᠡᠭᠡᠨ ᠬᠥᠭᠵᠢᠭᠦᠯᠵᠦ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠭᠠᠴᠠᠭ᠎ᠠ ᠲᠣᠰᠬᠤᠨ ᠤ ᠰᠤᠯᠠ | ᠪᠠᠶᠢᠭ᠎ᠠ ᠬᠡᠷ ᠪᠠᠶᠢᠰᠢᠩ ᠢ ᠠᠰᠢᠭᠯᠠᠨ ᠦᠪᠡᠷᠮᠢᠴᠡ ᠤᠨᠴᠠᠯᠢᠭᠲᠤ ᠠᠷᠠᠳ ᠤᠨ ᠡᠷᠬᠢᠯᠡᠭᠰᠡᠨ ᠬᠤᠨᠤᠭ ᠤᠨ ᠭᠠᠵᠠᠷ ᠪᠠ | ᠢᠳᠡᠭᠡᠨ ᠤᠮᠳᠠᠭᠠᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠰᠣᠶᠣᠯ ᠤᠨ ᠪᠦᠲᠦᠭᠡᠯᠳᠡ ᠠᠵᠤ | ᠦᠢᠯᠡᠰ ᠤᠨ ᠬᠦᠷᠢᠶᠡᠯᠡᠩ ᠢ ᠲᠠᠰ ᠳᠡᠪᠰᠢᠭᠦᠯᠬᠦ᠂ ᠨᠠᠷᠢᠯᠢᠭ ᠬᠠᠮᠢᠶᠠᠷᠬᠤ ᠶᠢ ᠠᠬᠢᠭᠤᠯᠵᠤ ᠠᠯᠲᠠ ᠮᠦᠩᠭᠦᠨ ᠡᠳ᠋ᠯᠡᠯ | ᠬᠡᠷᠡᠭᠰᠡᠯ᠂ ᠦᠨᠳᠦᠰᠦᠨ ᠰᠡᠶᠢᠯᠦᠮᠡᠯ ᠵᠡᠷᠭᠡ ᠶᠢ ᠦᠢᠯᠡᠳᠬᠦ ᠠᠵᠤ ᠠᠬᠤᠶᠢᠯᠠᠯ᠂ ᠭᠠᠷ ᠤᠷᠠᠯᠠᠭᠴᠢᠳ ᠤᠨ | ᠦᠪᠡᠷᠮᠢᠴᠡ ᠣᠨᠴᠠᠯᠢᠭᠲᠤ ᠰᠣᠶᠣᠯ ᠤᠨ ᠤᠷᠠᠨ ᠰᠡᠳᠬᠢᠮᠵᠢ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ | ᠬᠤᠷ᠎ᠠ ᠤᠰᠤ ᠦᠵᠡᠮᠵᠢ ᠶᠢᠨ ᠣᠷᠣᠨ᠂ ᠪᠠᠶᠠᠨᠨᠠᠭᠤᠷ ᠤᠨ ᠲᠠᠯ᠎ᠠ ᠨᠤᠲᠤᠭ᠂ ᠤᠩᠭᠤᠨ ᠮᠠᠩᠬ᠎ᠠ ᠪᠠ ᠪᠦᠷᠢᠳᠦ ᠡᠯᠡᠰᠦ | ᠮᠠᠩᠬ᠎ᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠦᠭᠵᠢᠬᠦᠯᠵᠤ ᠠᠷᠠᠳ ᠤᠨ ᠵᠠᠩ | ᠦᠢᠯᠡ ᠶᠢᠨ ᠵᠢᠭᠤᠯᠴᠢᠯᠠᠯ ᠤᠨ ᠨᠠᠶᠢᠷ ᠵᠡᠷᠭᠡ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ | ᠵᠢᠭᠤᠯᠴᠢᠯᠠᠯ ᠤᠨ ᠤᠷᠤᠨ ᠤ ᠵᠣᠷᠯᠣᠩ ᠢ 10 ᠰᠢᠨ᠎ᠡ ᠪᠠᠷ ᠪᠠᠶᠢᠭᠤᠯᠤᠨ᠎ᠠ᠃ ᠢᠷᠭᠠᠢ᠂ ᠶᠠᠨ ᠠᠨ᠂ ᠲᠡᠮᠡᠭᠡᠲᠦ ᠵᠡᠷᠭᠡ | ᠡᠷᠭᠢᠨ ᠲᠣᠭᠤᠷᠢᠨ ᠤ ᠵᠢᠭᠤᠯᠴᠢᠯᠠᠯ ᠤᠨ ᠬᠥᠭᠵᠢᠶᠡᠨᠲᠦ ᠭᠠᠵᠠᠷ ᠲᠤ ᠴᠢᠭᠯᠡᠬᠦᠯᠦᠨ ︽ᠡᠯᠡᠰᠤ ᠮᠠᠩᠬᠠᠨ ᠤ ᠳᠠᠷᠬᠠᠨ | ᠣᠷᠣᠨ · ᠨᠤᠮᠢᠨ ᠲᠠᠩᠰᠤᠭ ᠦᠦᠰᠢᠨ︾ ᠤ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠵᠤ ᠵᠢᠭᠤᠯᠴᠢᠯᠠᠯ ᠤᠨ ᠵᠠᠬ᠎ᠠ | ᠲᠡᠯᠭᠡᠭᠦᠷ ᠢ ᠴᠡᠴᠡᠭᠯᠡᠬᠦᠯᠦᠨ ᠬᠦᠭᠵᠢᠬᠦᠯᠦᠨ᠎ᠡ᠃ | ︵ᠭᠤᠷᠪᠠ︶ ᠪᠦᠬᠦ ᠲᠠᠯ᠎ᠠ ᠪᠠᠷ ᠨᠢᠭᠡᠳᠦᠯᠲᠠᠢ ᠲᠦᠯᠦᠪᠵᠢᠬᠦᠯᠦᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠤᠨ᠎ᠠ᠃ ᠪᠦᠲᠦᠴᠡ ᠶᠢ | ᠰᠢᠯᠢᠳᠡᠭᠵᠢᠬᠦᠯᠬᠦ᠂ ᠬᠡᠪᠴᠢᠶᠡᠵᠢᠯ ᠢ ᠡᠷᠴᠢᠮᠵᠢᠬᠦᠯᠬᠦ᠂ ᠥᠨᠳᠥᠷ ᠪᠦᠲᠦᠮᠵᠢ ᠲᠠᠢ ᠠᠭᠤᠰᠤᠯᠴᠠᠭᠤᠯᠬᠤ᠂ ᠡᠵᠡᠩᠨᠡᠯᠲᠡ | ᠶᠢ ᠨᠠᠷᠠᠲᠤ ᠲᠡᠮᠲᠡᠭᠴᠢᠯᠡᠬᠦ ᠤᠶᠢᠯᠠᠭᠠᠭᠳᠠᠬᠤᠨ ᠢ ᠪᠠᠷᠢᠮᠲᠠᠯᠠᠵᠤ ᠵᠢᠯ ᠤᠨ ᠲᠤᠲᠤᠷ᠎ᠠ ᠡᠳ᠋ ᠤᠨ ᠵᠠᠰᠠᠭ ᠤᠨ ᠪᠠᠯᠠ | ᠮᠥᠩᠭᠦ᠂ ᠲᠤᠰᠬᠠᠶ ᠲᠦᠷᠦᠯ ᠤᠨ ᠪᠠᠯᠠ ᠮᠥᠩᠭᠦ ᠪᠠ ᠪᠠᠩᠬᠢ ᠶᠢᠨ ᠵᠢᠭᠡᠯᠡᠯᠭᠡ ᠶᠢ ᠨᠡᠶᠢᠯᠡᠭᠦᠯᠦᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠦᠷᠦᠯ ᠤᠨ ᠪᠠᠯᠠ ᠮᠥᠩᠭᠦ ᠶᠢ 1 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠣᠭᠢᠷᠠᠭᠤᠯᠵᠤ ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ ᠠᠵᠤ ᠠᠬᠤᠶ ᠶᠢᠨ ︽ | ᠲᠦᠷᠪᠡ ᠶᠢ ᠲᠦᠷᠭᠡᠳᠬᠡᠨ ᠬᠤᠪᠢᠷᠠᠭᠤᠯᠬᠤ︾ ᠶᠢ ᠪᠡᠶᠡᠯᠡᠬᠦᠯᠦᠨ᠎ᠡ᠃ | ᠰᠢᠨ᠎ᠡ ᠵᠠᠭᠪᠤᠷ᠂ ᠰᠢᠨ᠎ᠡ ᠮᠡᠷᠭᠡᠵᠢᠯ ᠢ ᠳᠡᠯᠭᠡᠷᠡᠭᠦᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠬᠦᠯᠵᠤ ᠠᠵᠤ ᠠᠬᠤᠢ ᠶᠢ ᠦᠨᠳᠦᠷ ᠪᠦᠲᠦᠮᠵᠢᠲᠠᠢ ᠲᠦᠷᠭᠡᠳᠭᠡᠨ ᠬᠤᠪᠢᠷᠠᠭᠤᠯᠬᠤ ᠶᠢ | ᠲᠦᠯᠬᠢᠨ ᠠᠬᠢᠭᠤᠯᠤᠨ᠎ᠠ᠃ 4.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 500 ᠮᠦ | ᠲᠥᠬᠦᠭᠡᠷᠦᠮᠵᠢᠲᠦ ᠲᠠᠷᠢᠶᠠᠯᠠᠩ ᠢ ᠬᠡᠷᠡᠭᠵᠢᠬᠦᠯᠵᠤ ᠤᠰᠤ ᠪᠣᠷᠳᠣᠭᠤᠷ ᠢ ᠴᠣᠭᠴᠠᠵᠢᠭᠤᠯᠤᠭᠰᠠᠨ ᠮᠡᠷᠭᠡᠵᠢᠯ ᠢ | ᠳᠡᠯᠭᠡᠷᠡᠬᠦᠯᠦᠨ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠮᠡᠷᠭᠡᠵᠢᠯ ᠢ | ᠰᠠᠶᠢᠲᠤᠷ ᠬᠡᠷᠡᠭᠯᠡᠵᠦ ᠡᠷᠳᠡᠨᠢ ᠰᠢᠰᠢ ᠶᠢᠨ ᠲᠣᠮᠣ ᠲᠣᠯᠪᠣᠲᠤ ᠡᠪᠡᠳᠴᠢᠨ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ | ᠵᠢᠯᠤᠭᠤᠳᠤᠨ ᠰᠠᠶᠢᠲᠤᠷ ᠬᠢᠵᠦ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠢ | ᠲᠤᠭᠲᠠᠪᠤᠷᠢᠵᠢᠭᠤᠯᠤᠨ᠎ᠠ᠃ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠰᠠᠶᠢᠨ᠂ ᠴᠢᠨᠠᠷ ᠰᠠᠶᠢᠲᠠᠶ ᠲᠠᠷᠢᠮᠠᠯ ᠤᠨ | ᠰᠢᠨ᠎ᠡ ᠲᠦᠷᠦᠯ ᠢ ᠤᠷᠤᠭᠤᠯᠤᠨ ᠠᠪᠴᠢᠷᠠᠬᠤ ᠪᠠ ᠪᠤᠶᠢᠵᠢᠭᠤᠯᠬᠤ ᠭᠦᠴᠦᠯᠡᠴᠡ ᠶᠢ ᠨᠡᠮᠡᠭᠳᠡᠬᠦᠯᠵᠤ ᠪᠤᠷᠳᠤᠨ | ᠲᠡᠵᠢᠭᠡᠬᠦ ᠪᠠ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠶᠢ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠮᠠᠰᠢᠨ ᠢ | ᠳᠡᠯᠭᠡᠷᠡᠭᠦᠯᠦᠨ᠎ᠡ᠃ ᠲᠠᠷᠢᠶᠠᠨ ᠡᠮ᠂ ᠬᠢᠮᠢ ᠶᠢᠨ ᠪᠤᠷᠳᠤᠭᠤᠷ ᠪᠠ ᠲᠠᠷᠢᠶᠠᠯᠠᠩ ᠤᠨ ᠪᠦᠷᠬᠦᠪᠴᠢ ᠬᠡᠷᠡᠭᠯᠡᠬᠦ ᠬᠡᠮᠵᠢᠶ᠎ᠡ | ᠪᠠᠨ ᠪᠠᠭᠠᠰᠬᠠᠵᠤ ᠪᠤᠲᠠ ᠮᠣᠳᠣᠨ ᠤ ᠲᠠᠭᠠᠷᠢᠳᠠᠰᠤ ᠪᠠ ᠲᠠᠷᠢᠮᠠᠯ ᠤᠨ ᠡᠰᠢ ᠰᠦᠷᠡᠯ ᠵᠡᠷᠭᠡ ᠠᠮᠢᠳᠤ ᠪᠣᠳᠠᠰ ᠤᠨ ᠡᠬᠢ | ᠪᠠᠶᠠᠯᠢᠭ ᠢ ᠠᠰᠢᠭᠯᠠᠨ ᠣᠷᠭᠠᠨᠢᠭ ᠪᠣᠷᠳᠣᠭᠤᠷ ᠪᠠ ᠠᠮᠢᠳᠤ ᠪᠣᠳᠠᠰ ᠤᠨ ᠮᠥᠬᠦᠯᠢᠭᠲᠦ ᠮᠠᠲ᠋ᠧᠷᠢᠶᠠᠯ ᠢ ᠬᠦᠭᠵᠢᠬᠦᠯᠬᠦ ᠶᠢ | ᠳᠡᠮᠵᠢᠨ᠎ᠡ᠃ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ | ᠦᠨᠡᠮᠯᠡᠯ ᠤᠨ ᠬᠡᠷᠡᠴᠢᠯᠡᠭᠡ ᠬᠢᠬᠦ ᠲᠦᠷᠢᠮ ᠢ ᠴᠢᠩᠭ᠎ᠠ ᠬᠡᠷᠡᠭᠵᠢᠭᠦᠯᠵᠦ ᠨᠤᠲᠤᠭ ᠤᠨ ᠭᠠᠷᠤᠯᠳᠠᠲᠤ ᠢᠳᠡᠭᠡᠨ | ᠤᠮᠳᠠᠭᠠᠨ ᠤ SC ᠭᠡᠷᠡᠴᠢᠯᠡᠭᠡ ᠶᠢ ᠠᠬᠢᠭᠤᠯᠵᠤ ᠭᠠᠵᠠᠷ ᠵᠦᠶ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠪᠠ | ᠪᠣᠬᠢᠷᠲᠤᠯ ᠥᠬᠡᠶ᠂ ᠣᠷᠭᠠᠨᠢᠭ ᠪᠦᠲᠦᠬᠡᠭᠳᠡᠬᠦᠨ ᠢ 10 ᠮᠡᠳᠡᠬᠦᠯᠦᠨ ᠭᠡᠷᠡᠴᠢᠯᠡᠭᠦᠯᠵᠦ ᠮᠠᠯᠴᠢᠨ ᠲᠠᠷᠢᠶᠠᠴᠢᠨ᠂ | ᠬᠤᠷᠰᠢᠭᠰᠠᠨ ᠵᠣᠬᠢᠶᠠᠨ ᠪᠠᠶᠢᠭᠤᠯᠤᠯᠲᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ ᠢ | ᠬᠡᠷᠡᠭᠯᠡᠬᠦ ᠶᠢ ᠵᠣᠷᠢᠭᠵᠢᠭᠤᠯᠤᠨ᠎ᠠ᠃ ︽ᠣᠶᠤᠨᠴᠢ ᠴᠠᠭ ᠠᠭᠤᠷ︾ ᠤᠨ ᠲᠤᠷᠰᠢᠯᠲᠠ ᠶᠢᠨ ᠴᠡᠭ ᠭᠠᠷᠭᠠᠵᠤ | ᠦᠢᠯᠡᠳᠪᠦᠷᠢᠯᠡᠯ ᠳᠤ ᠨᠠᠷᠢᠯᠢᠭ ᠤᠨᠤᠪᠴᠢᠲᠠᠢ ᠴᠠᠭ ᠠᠭᠤᠷ ᠤᠨ ᠦᠢᠯᠡᠴᠢᠯᠡᠭᠡ ᠬᠠᠩᠭᠠᠨ᠎ᠠ᠃ | ᠲᠥᠷᠥ ᠶᠢᠨ ᠪᠣᠳᠣᠯᠭ᠎ᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠮᠠᠯ ᠠᠵᠤ ᠠᠬᠤᠶ ᠶᠢ ᠶᠠᠰᠤ ᠴᠢᠨᠠᠷ | ᠦᠷ᠎ᠡ ᠠᠰᠢᠭ ᠢ ᠴᠢᠬᠤᠯᠠᠴᠢᠯᠠᠬᠤ ᠲᠡᠰᠢ ᠲᠦᠷᠭᠡᠳᠬᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠠᠮᠢ ᠠᠬᠤᠶ ᠶᠢ ᠡᠷᠬᠢᠯᠳᠦᠬᠦᠯᠬᠦ | ᠬᠥᠭᠵᠢᠯᠲᠡ ᠶᠢᠨ ᠠᠷᠭ᠎ᠠ ᠮᠠᠶ᠋ᠢᠭ ᠢ ᠪᠠᠷᠢᠮᠲᠠᠯᠠᠵᠤ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠴᠢᠨᠠᠷ | ᠰᠠᠶᠢᠲᠠᠶ ᠲᠡᠵᠢᠭᠡᠯ ᠡᠪᠡᠰᠦ ᠪᠠ ᠨᠤᠭᠤᠭᠠᠨ ᠪᠣᠷᠳᠤᠭ᠎ᠠ ᠲᠠᠷᠢᠬᠤ ᠲᠠᠯᠠᠪᠠᠢ ᠶᠢ ᠥᠷᠭᠡᠳᠬᠡᠵᠦ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠤᠪᠢᠷᠠᠭᠤᠯᠵᠤ ᠴᠢᠨᠠᠷ ᠰᠠᠶᠢᠲᠠᠶ ᠥᠨᠳᠥᠷ | ᠦᠷ᠎ᠡ ᠪᠦᠲᠦᠮᠵᠢᠲᠡᠶ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠎ᠡ᠃ ︽ᠣᠷᠳᠣᠰ ᠨᠠᠷᠢᠨ ᠨᠣᠣᠰᠣᠲᠤ | ᠬᠤᠨᠢᠨ ᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠤ ᠣᠷᠳᠣᠰ ᠨᠠᠷᠢᠨ | ᠨᠣᠣᠰᠣᠲᠤ ᠬᠤᠨᠢᠨ ᠤ ᠰᠢᠨ᠎ᠡ ᠡᠬᠦᠯᠳᠡᠷ ᠢ ᠪᠤᠶᠢᠵᠢᠭᠤᠯᠤᠨ ᠥᠨᠳᠥᠷ ᠪᠦᠲᠦᠮᠵᠢᠲᠡᠶ ᠲᠦᠯᠵᠢᠬᠦᠯᠬᠦ ᠮᠡᠷᠭᠡᠵᠢᠯ ᠢ | ᠳᠡᠯᠭᠡᠷᠡᠭᠦᠯᠦᠨ ᠬᠤᠨᠢᠨ ᠨᠣᠤᠰᠣ ᠶᠢ ᠨᠢᠭᠡᠳᠦᠯᠲᠡᠶ ᠲᠠᠰ ᠬᠤᠪᠢᠶᠠᠨ ᠡᠮᠬᠢᠯᠡᠬᠦ᠂ ᠨᠢᠭᠡᠳᠦᠯᠲᠡᠶ ᠪᠣᠭᠤᠳᠠᠯᠯᠠᠬᠤ | ᠲᠤᠷᠰᠢᠯᠲᠠ ᠶᠢᠨ ᠴᠡᠭ ᠢ ᠪᠠᠶᠢᠭᠤᠯᠵᠤ ᠨᠠᠷᠢᠨ ᠨᠣᠣᠰᠣᠲᠤ ᠬᠤᠨᠢᠨ ᠤ ᠡᠭᠦᠯᠳᠡᠷ ᠪᠤᠶᠢᠵᠢᠭᠤᠯᠬᠤ ᠰᠦᠷᠦᠭ ᠤᠨ | ᠬᠡᠪᠴᠢᠶᠡᠵᠢᠯ ᠢ ᠥᠷᠭᠡᠳᠬᠡᠨ ᠣᠷᠳᠣᠰ ᠨᠠᠷᠢᠨ ᠨᠣᠣᠰᠣᠲᠤ ᠬᠤᠨᠢᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠴᠠᠭ | ᠬᠤᠭᠤᠴᠠᠭ᠎ᠠ ᠶᠢ ᠪᠤᠭᠤᠨᠢᠰᠬᠠᠬᠤ ᠶᠢ ᠲᠤᠷᠰᠢᠨ ᠬᠡᠷᠡᠭᠵᠢᠭᠦᠯᠵᠦ ᠵᠢᠱᠢᠶᠡᠴᠢ ᠮᠠᠯᠵᠢᠯ ᠤᠨ ᠲᠠᠯᠠᠪᠠᠢ ᠶᠢ 150 ᠡᠷᠦᠬᠡ | ᠪᠤᠢ ᠪᠤᠯᠭᠠᠨ ᠮᠠᠯᠵᠢᠯ ᠤᠨ ᠵᠢᠱᠢᠶᠡᠴᠢ ᠭᠠᠴᠠᠭ᠎ᠠ ᠲᠤᠰᠬᠤᠨ ᠢ 10 ᠪᠤᠯᠭᠠᠨ᠎ᠠ᠃ ᠠᠩᠭᠢᠰ ᠠᠯᠠᠰᠢᠨ ᠦᠬᠡᠷ ᠤᠨ | ᠰᠠᠶᠢᠨ ᠡᠭᠦᠯᠳᠡᠷ ᠢ ᠤᠷᠤᠭᠤᠯᠤᠨ ᠠᠪᠴᠢᠷᠠᠵᠤ ᠡᠬᠦᠯᠳᠡᠷ ᠰᠠᠶᠢᠵᠢᠷᠠᠭᠤᠯᠤᠭᠰᠠᠨ ᠠᠯᠠᠰᠢᠨ ᠦᠬᠡᠷ ᠤᠨ ᠲᠥᠷᠦᠯ | ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠶᠦ᠋ᠨ ᠮᠧᠩ ᠺᠤᠮᠫᠠᠨᠢ ᠶᠢᠨ 2000 ᠠᠯᠠᠰᠢᠨ ᠦᠭᠡᠷ᠂ ᠰᠢᠶᠦ᠋ᠨ | ᡂᠢ ᠺᠤᠮᠫᠠᠨᠢ ᠶᠢᠨ 1 ᠲᠦᠮᠡᠨ ᠠᠯᠠᠰᠢᠨ ᠦᠬᠡᠷ ᠮᠠᠯᠵᠢᠬᠤ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ 50 ᠠᠴᠠ ᠳᠡᠭᠡᠭᠰᠢ ᠠᠯᠠᠰᠢᠨ ᠦᠬᠡᠷ ᠮᠠᠯᠵᠢᠵᠦ ᠪᠠᠶᠢᠬᠤ ᠡᠷᠦᠬᠡ ᠶᠢ 20 ᠠᠴᠠ ᠢᠯᠡᠬᠦᠦ | ᠬᠦᠭᠵᠢᠬᠦᠯᠵᠤ ᠰᠢᠷᠬᠤᠰᠤᠨ ᠭᠤᠣᠯ ᠤᠨ ᠰᠠᠪᠠ ᠭᠠᠵᠠᠷ ᠤᠨ 10 ᠲᠦᠮᠡᠨ ᠠᠯᠠᠰᠢᠨ ᠦᠬᠡᠷ ᠤᠨ ᠰᠠᠭᠤᠷᠢᠨ | ᠭᠠᠵᠠᠷ ᠢ ᠪᠠᠶᠢᠭᠤᠯᠤᠨ᠎ᠠ᠃ ᠭᠠᠭ᠋ᠠᠶ ᠶᠢ ᠤᠯᠠᠰᠢᠷᠠᠭᠤᠯᠤᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ | ᠱᠤᠸᠠᠩ ᠹᠧᠩ᠂ ᠱᠤᠸᠠᠩ ᠺᠠᠩ ᠵᠡᠷᠭᠡ ᠠᠵᠤ ᠠᠬᠤᠶᠢᠯᠠᠯ ᠪᠠ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ | ᠬᠡᠪᠴᠢᠶᠡᠵᠢᠯ ᠢᠶᠠᠨ ᠰᠡᠷᠬᠦᠭᠡᠬᠦ ᠶᠢ ᠳᠡᠮᠵᠢᠵᠤ ᠡᠭᠦᠯᠳᠡᠷ ᠤᠨ ᠭᠠᠭ᠋ᠠᠶ ᠶᠢ ᠲᠦᠮᠡ ᠲᠡᠵᠢᠭᠡᠨ ᠦᠷᠡᠵᠢᠭᠦᠯᠬᠦ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠪᠦᠬᠦ ᠵᠢᠯ ᠤᠨ ᠭᠠᠭ᠋ᠠᠶ ᠪᠤᠷᠳᠤᠨ ᠲᠡᠵᠢᠭᠡᠬᠦ ᠬᠡᠮᠵᠢᠶ᠎ᠡ ᠶᠢ 40 | ᠲᠦᠮᠡ ᠠᠴᠠ ᠳᠡᠭᠡᠭᠰᠢ ᠬᠦᠷᠬᠡᠬᠦ ᠪᠠᠷ ᠴᠢᠷᠮᠠᠶᠢᠨ᠎ᠠ᠃ 50 ᠠᠴᠠ ᠳᠡᠭᠡᠭᠰᠢᠬᠢ ᠰᠠᠭᠠᠯᠢ ᠶᠢᠨ ᠦᠨᠢᠶᠡᠨ ᠤ ᠲᠡᠵᠢᠭᠡᠨ | ᠦᠷᠡᠵᠢᠭᠦᠯᠬᠦ 2 ᠲᠤᠰᠬᠠᠶ ᠬᠤᠷᠰᠢᠶᠠᠵᠢᠯ ᠢ ᠪᠠᠶᠢᠭᠤᠯᠵᠤ ᠴᠠᠭᠠᠨ ᠢᠳᠡᠭᠡᠨ ᠡᠳ᠋ᠰᠢᠭᠦᠯᠬᠦ ᠶᠢ ᠪᠠᠷᠢᠮᠵᠢᠶᠠᠵᠢᠭᠤᠯᠤᠨ | ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠦᠦᠰᠢᠨ ᠮᠤᠷᠢᠨ ᠤ ᠡᠬᠦᠯᠳᠡᠷ ᠢ ᠰᠠᠶᠢᠲᠤᠷ | ᠬᠠᠮᠠᠭᠠᠯᠠᠵᠤ ᠡᠬᠦᠯᠳᠡᠷ ᠤᠨ ᠬᠠᠮᠠᠭᠠᠯᠠᠯᠲᠠ ᠶᠢᠨ ᠲᠠᠯᠠᠪᠠᠢ ᠶᠢ 1 ᠪᠠᠶᠢᠭᠤᠯᠤᠨ᠎ᠠ᠃ ᠦᠨᠳᠦᠰᠦᠨ ᠱᠠᠲᠤᠨ ᠤ ᠮᠠᠯ ᠤᠨ | ᠡᠮᠴᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠡᠩᠨᠡᠭᠡ ᠶᠢ ᠵᠤᠬᠢᠶᠠᠨ ᠪᠠᠶᠢᠭᠤᠯᠵᠤ ᠠᠹᠷᠢᠺᠠ ᠲᠢᠪ ᠤᠨ ᠭᠠᠭ᠋ᠠᠶ ᠶᠢᠨ | ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠦᠷᠬᠦᠯᠵᠢᠯᠡᠨ ᠰᠡᠷᠬᠡᠶᠢᠯᠡᠨ ᠡᠵᠡᠮᠳᠡᠵᠤ ᠲᠡᠵᠢᠬᠡᠨ ᠦᠷᠡᠵᠢᠬᠦᠯᠬᠦ | ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ | ᠵᠣᠬᠢᠶᠠᠨ ᠪᠠᠶᠢᠭᠤᠯᠤᠯᠲᠠᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ ᠮᠠᠯᠵᠢᠬᠤ ᠲᠠᠷᠢᠶᠠᠯᠠᠬᠤ ᠤᠷᠤᠨ ᠤ | ᠠᠵᠤ ᠠᠬᠤᠢ ᠶᠢ ᠵᠤᠬᠢᠬᠤ ᠬᠡᠪᠴᠢᠶᠠᠨ ᠳᠤ ᠠᠵᠤ ᠦᠢᠯᠡᠰᠵᠢᠬᠦᠯᠦᠨ ᠡᠵᠡᠩᠨᠡᠬᠦ ᠠᠷᠭ᠎ᠠ ᠲᠠᠰᠢ ᠲᠦᠷᠭᠡᠳᠭᠡᠨ | ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠡᠰ ᠤᠨ 5 ᠵᠢᠱᠢᠶᠡᠴᠢ ᠭᠠᠴᠠᠭ᠎ᠠ ᠲᠣᠰᠬᠤᠨ ᠤ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠵᠡᠷᠭᠡ ᠰᠠᠭᠤᠷᠢ | ᠴᠢᠨᠠᠷᠲᠠᠶ ᠥᠭᠡᠷᠡᠴᠢᠯᠡᠯᠲᠡ ᠶᠢ ᠪᠡᠶᠡᠯᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠢ ᠬᠤᠪᠢ | ᠤᠷᠤᠭᠤᠯᠤᠯᠲᠠ ᠪᠤᠯᠭᠠᠨ ᠬᠤᠪᠢᠷᠠᠭᠤᠯᠬᠤ᠂ ᠪᠡᠯᠡ ᠮᠦᠩᠭᠦ ᠶᠢ ᠬᠤᠪᠢ ᠤᠷᠤᠭᠤᠯᠬᠤ ᠮᠦᠩᠭᠦ ᠪᠤᠯᠭᠠᠨ | ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ᠶᠢ ᠯᠠᠪᠳᠠᠭᠤᠨ ᠠᠬᠢᠭᠤᠯᠵᠤ ᠭᠠᠵᠠᠷ | ᠰᠢᠷᠣᠶ᠂ ᠡᠪᠡᠰᠦ ᠪᠡᠯᠴᠢᠭᠡᠷ ᠢ ᠡᠷᠬᠢᠯᠳᠦᠬᠦᠯᠬᠦ ᠲᠠᠪᠴᠠᠩ ᠢ ᠲᠡᠭᠦᠯᠳᠡᠷᠵᠢᠬᠦᠯᠦᠨ ︽ᠨᠠᠮ ᠤᠨ ᠡᠭᠦᠷ + | ᠲᠤᠯᠤᠭᠠᠶᠢᠯᠠᠬᠤ ᠠᠵᠤ ᠠᠬᠤᠶᠢᠯᠠᠯ + ᠬᠤᠷᠰᠢᠭᠰᠠᠨ ᠵᠣᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠨ ᠡᠷᠦᠬᠡ︾ | ᠶᠢᠨ ᠵᠠᠭᠪᠤᠷ ᠢ ᠬᠦᠨᠵᠡᠭᠡᠶᠢᠷᠡᠬᠦᠯᠵᠤ ᠣᠷᠳᠣᠰ ᠨᠠᠷᠢᠨ ᠨᠣᠣᠰᠣᠲᠤ ᠬᠤᠨᠢ ᠵᠡᠷᠭᠡ ᠭᠤᠤᠯᠯᠠᠬᠤ ᠠᠵᠤ ᠦᠢᠯᠡᠰ ᠪᠠ | ᠨᠠᠪᠴᠢ ᠨᠣᠭᠤᠭ᠎ᠠ ᠭᠤᠸ᠎ᠠ ᠵᠢᠮᠢᠰ ᠵᠡᠷᠭᠡ ᠣᠨᠴᠠᠯᠢᠭᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠲᠣᠭᠤᠷᠢᠨ ᠳᠤ ᠳᠠᠶᠢᠴᠢᠯᠠᠬᠤ ᠴᠢᠳᠠᠪᠤᠷᠢ ᠲᠠᠢ ᠲᠤᠯᠤᠭᠠᠶᠢᠯᠠᠬᠤ ᠠᠵᠤ ᠠᠬᠤᠶᠢᠯᠠᠯ ᠢ ᠤᠷᠤᠭᠤᠯᠤᠨ | ᠠᠪᠴᠢᠷᠠᠬᠤ ᠪᠠ ᠬᠦᠮᠦᠵᠢᠬᠦᠯᠦᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ | ᠴᠢᠨᠠᠷᠲᠠᠶ ᠣᠷᠣᠯᠭ᠎ᠠ ᠶᠢ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ ᠬᠦᠷᠭᠡᠨ᠎ᠡ᠃ ᠠᠵᠤ ᠠᠬᠤᠶᠢᠯᠠᠯ ᠤᠨ | ᠬᠤᠯᠪᠣᠭᠠᠲᠤ ᠴᠣᠭᠴᠠ ᠶᠢᠨ ᠰᠢᠨ᠎ᠡ ᠶᠢ ᠡᠭᠦᠳᠬᠦ ᠬᠦᠭᠵᠢᠯᠲᠡ ᠶᠢ ᠵᠢᠯᠤᠭᠤᠳᠤᠨ ᠮᠠᠯᠴᠢᠨ ᠲᠠᠷᠢᠶᠠᠴᠢᠨ ᠤ | ᠬᠤᠷᠰᠢᠭᠰᠠᠨ ᠵᠣᠬᠢᠶᠠᠨ ᠪᠠᠶᠢᠭᠤᠯᠤᠯᠲᠠ ᠪᠠ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ ᠤᠷᠤᠨ ᠨᠤᠲᠤᠭ ᠲᠤ | ᠰᠠᠭᠤᠷᠢᠰᠢᠭ᠎ᠠ ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠦᠢᠯᠡᠳᠪᠦᠷᠢᠯᠡᠯ ᠢ ᠦᠷᠨᠢᠬᠦᠯᠦᠨ᠎ᠡ᠃ ︽ᠢᠨᠲ᠋ᠧᠷ | ᠰᠦᠯᠵᠢᠶ᠎ᠡ + ᠵᠠᠬᠢᠶᠠᠯᠠᠭ᠎ᠠ ᠶᠢᠨ ᠮᠠᠯ ᠲᠠᠷᠢᠶᠠᠯᠠᠩ ᠠᠵᠤ ᠠᠬᠤᠶ︾ ᠶᠢ ᠵᠣᠷᠢᠭᠵᠢᠭᠤᠯᠤᠨ ᠬᠥᠭᠵᠢᠭᠦᠯᠵᠦ | ᠦᠨᠳᠦᠰᠦᠨ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ ᠪᠠᠷᠠᠭᠠᠨ ᠬᠦᠢᠯᠭᠡᠭᠡᠨ ᠤ ᠳᠣᠭᠢᠷᠠᠭᠤᠯᠤᠨ ᠬᠦᠷᠭᠡᠯᠳᠡ᠂ ᠰᠢᠨ᠎ᠡ ᠰᠣᠷᠭᠤᠭ ᠬᠠᠳᠠᠭᠠᠯᠠᠯᠲᠠ ᠶᠢᠨ | ᠬᠦᠴᠢᠷᠳᠡᠯ ᠢ ᠰᠶᠢᠳᠪᠤᠷᠢᠯᠡᠨ᠎ᠡ᠃ ᠴᠡᠷᠢᠭ ᠠᠴᠠ ᠬᠠᠯᠠᠭᠳᠠᠭᠰᠠᠳ ᠪᠠ ᠤᠶᠤᠲᠠᠳ ᠨᠤᠲᠤᠭ ᠲᠠᠭᠠᠨ ᠬᠠᠷᠢᠵᠤ | ᠦᠢᠯᠡᠰ ᠪᠤᠰᠬᠠᠬᠤ ᠶᠢ ᠳᠡᠮᠵᠢᠵᠦ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ 150 ᠮᠠᠯᠴᠢᠨ ᠲᠠᠷᠢᠶᠠᠴᠢᠨ ᠢ | ᠬᠦᠮᠦᠵᠢᠬᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ | ᠮᠠᠯᠵᠢᠬᠤ ᠲᠠᠷᠢᠶᠠᠯᠠᠬᠤ ᠤᠷᠤᠨ ᠢ ᠪᠤᠵᠠᠷ ᠮᠠᠭᠤᠬᠠᠢ ᠡᠷᠦᠢ ᠬᠤᠷᠤᠢ ᠦᠭᠡᠢ ᠠᠴᠠ ᠴᠡᠪᠡᠷᠰᠢᠨ ᠲᠤᠬᠢᠯᠢᠭᠵᠢᠵᠦ | ᠰᠠᠶᠢᠵᠢᠷᠠᠬᠤ ᠲᠡᠰᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ 3855 ᠡᠷᠦᠬᠡ ᠶᠢᠨ | ᠵᠣᠷᠯᠣᠩ ᠢ ᠦᠭᠡᠷᠡᠴᠢᠯᠡᠵᠤ ᠳᠣᠣᠷ᠎ᠠ ᠲᠤᠯᠠᠭᠠᠴᠠᠲᠤ ᠵᠤᠤᠬ᠎ᠠ ᠶᠢ 5᠂ ᠤᠰᠤ ᠪᠠᠷ ᠵᠠᠶᠢᠯᠠᠬᠤ ᠬᠡᠯᠪᠡᠷᠢ ᠶᠢᠨ ᠵᠣᠷᠯᠣᠩ | ᠢ 6 ᠪᠠᠷᠢᠵᠦ ᠰᠢᠷᠬᠤᠰᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠦᠲᠦᠭᠡᠨ | ᠪᠠᠶᠢᠭᠤᠯᠵᠦ ᠤᠷᠳᠤᠪᠡᠶ᠎ᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠵᠠᠰᠠᠵᠤ ᠬᠤᠭ ᠨᠣᠪᠰᠢ | ᠰᠢᠢᠳᠪᠦᠷᠢᠯᠡᠬᠦ ᠲᠠᠯᠠᠪᠤᠷ ᠢ 2 ᠪᠦᠲᠦᠭᠡᠨ ᠪᠠᠶᠢᠭᠤᠯᠵᠦ ᠬᠤᠭ ᠨᠣᠪᠰᠢ ᠶᠢ ᠳᠠᠷᠤᠰᠢᠭᠤᠯᠤᠨ ᠠᠪᠴᠢᠭᠤᠯᠬᠤ᠂ ᠪᠣᠬᠢᠷ | ᠤᠰᠤ ᠶᠢ ᠵᠦᠭᠡᠭᠡᠪᠦᠷᠢᠯᠡᠬᠦ ᠵᠡᠷᠭᠡ ᠳᠤ ᠬᠡᠷᠡᠭᠯᠡᠬᠦ ᠲᠡᠷᠭᠡ ᠮᠠᠰᠢᠨ ᠢ ᠢᠵᠢ ᠪᠦᠷᠢᠳᠦᠬᠦᠯᠦᠨ᠎ᠡ᠃ ᠭᠡᠷ ᠤᠨ ᠲᠡᠵᠢᠭᠡᠪᠦᠷᠢ | ᠶᠢᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠶᠢᠯᠡ ᠬᠤᠰᠢᠭᠤ ᠪᠠᠷ ᠢᠶᠠᠨ ᠲᠦᠯᠬᠢᠨ ᠠᠬᠢᠭᠤᠯᠬᠤ | ᠲᠥᠷᠥᠯ ᠵᠦᠢᠯ ᠪᠤᠯᠭᠠᠨ ᠬᠡᠷᠡᠭᠵᠢᠭᠦᠯᠵᠦ ᠬᠤᠶᠠᠷ ᠵᠢᠯ ᠤᠨ ᠳᠣᠲᠣᠷ᠎ᠠ 460 ᠭᠠᠭ᠋ᠠᠶ ᠲᠡᠵᠢᠭᠡᠨ ᠦᠷᠡᠵᠢᠭᠦᠯᠬᠦ | ᠲᠠᠯᠠᠪᠠᠢ ︵ᠡᠷᠦᠬᠡ︶᠂ 170 ᠦᠬᠡᠷ ᠬᠤᠨᠢᠨ ᠤ ᠬᠡᠪᠴᠢᠶᠡᠵᠢᠭᠰᠡᠨ ᠮᠠᠯᠵᠢᠯ ᠤᠨ ᠡᠷᠦᠬᠡ ᠳᠤ ᠰᠢᠭᠡᠭ ᠢ ᠡᠬᠢ | ᠪᠠᠶᠠᠯᠢᠭᠵᠢᠭᠤᠯᠤᠨ ᠠᠰᠢᠭᠯᠠᠬᠤ ᠲᠦᠬᠦᠭᠡᠷᠦᠮᠵᠢ ᠲᠤᠬᠢᠷᠠᠭᠤᠯᠤᠨ᠎ᠠ᠃ 1000 ᠲᠦᠮᠡᠨ ᠲᠥᠭᠦᠷᠢᠭ ᠤᠨ ︽ | ᠲᠠᠷᠢᠶᠠᠯᠠᠩ ᠤᠨ ᠬᠠᠮᠠᠭᠠᠯᠠᠯᠲᠠ ᠶᠢᠨ ᠵᠠᠷᠤᠳᠠᠯ︾ ᠲᠣᠬᠢᠷᠠᠭᠤᠯᠵᠤ ᠠᠶᠢᠯ ᠲᠣᠰᠬᠤᠨ᠂ ᠬᠦᠷᠢᠶ᠎ᠡ ᠬᠠᠰᠢᠶ᠎ᠠ᠂ ᠲᠠᠷᠢᠶᠠᠨ | ᠭᠠᠵᠠᠷ ᠮᠠᠯᠵᠢᠯ ᠤᠨ ᠲᠠᠯᠠᠪᠠᠶ᠂ ᠵᠠᠮ ᠳᠠᠭᠠᠤ᠂ ᠭᠤᠤᠯ ᠨᠠᠭᠤᠷ ᠤᠨ ᠤᠰᠤᠨ ᠣᠷᠣᠨ ᠤ ᠣᠷᠴᠢᠨ ᠲᠣᠭᠤᠷᠢᠨ ᠤ | ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠬᠦᠯᠦᠨ ᠣᠷᠴᠢᠨ ᠲᠣᠭᠤᠷᠢᠨ ᠤ ᠴᠡᠭᠴᠡᠯᠡᠨ | ᠵᠠᠰᠠᠯᠲᠠ ᠶᠢᠨ ᠵᠢᠱᠢᠶᠡᠴᠢ ᠭᠠᠴᠠᠭ᠎ᠠ ᠲᠣᠰᠬᠤᠨ ᠢ ᠠᠳᠠᠯᠢᠳᠬᠠᠨ ᠰᠢᠯᠭᠠᠷᠠᠭᠤᠯᠵᠤ ᠮᠠᠯᠴᠢᠨ ᠲᠠᠷᠢᠶᠠᠴᠢᠨ ᠢᠶᠠᠷ ᠭᠤᠤᠯ | ᠴᠣᠭᠴᠠ ᠪᠤᠯᠭᠠᠵᠤ ᠰᠤᠮᠤ ᠪᠠᠯᠭᠠᠰᠤ ᠪᠠᠷ ᠬᠢᠨᠠᠨ ᠬᠠᠮᠢᠶᠠᠷᠤᠭᠤᠯᠵᠤ ᠭᠠᠴᠠᠭ᠎ᠠ ᠲᠣᠰᠬᠤᠨ ᠤ ᠦᠪᠡᠷᠳᠡᠭᠡᠨ | ᠬᠠᠮᠢᠶᠠᠷᠴᠤ ᠦᠢᠯᠡᠴᠢᠯᠡᠬᠦ ᠪᠦᠲᠦᠮᠵᠢᠲᠡᠶ ᠲᠤᠭᠲᠠᠯᠴᠠᠭ᠎ᠠ ᠶᠢ ᠪᠤᠢ ᠪᠤᠯᠭᠠᠨ᠎ᠠ᠃ ︽ᠮᠢᠩᠭᠠᠨ ᠭᠠᠴᠠᠭ᠎ᠠ ᠲᠣᠰᠬᠤᠨ | ᠵᠢᠱᠢᠶ᠎ᠡ ᠦᠵᠡᠬᠦᠯᠵᠤ ᠲᠦᠮᠡᠨ ᠭᠠᠴᠠᠭ᠎ᠠ ᠲᠣᠰᠬᠤᠨ ᠬᠦᠳᠡᠯᠦᠯᠴᠡᠬᠦ︾ ᠠᠵᠢᠯᠯᠠᠭ᠎ᠠ ᠶᠢ ᠥᠷᠨᠢᠭᠦᠯᠵᠦ ︽ᠨᠢᠭᠡ ᠶᠢ | ᠰᠤᠷᠤᠯᠴᠠᠬᠤ᠂ ᠬᠤᠶᠠᠷ ᠢ ᠪᠠᠶᠢᠭᠤᠯᠬᠤ᠂ ᠭᠤᠷᠪᠠ ᠶᠢ ᠳᠠᠶᠢᠴᠢᠯᠠᠬᠤ᠂ ᠲᠠᠪᠤ ᠶᠢ ᠥᠭᠡᠷᠡᠴᠢᠯᠡᠬᠦ᠂ ᠲᠠᠪᠤ ᠶᠢ | ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ ᠣᠶᠤᠨ ᠰᠠᠨᠠᠭᠠᠨ ᠤ ᠲᠠᠯ᠎ᠠ ᠪᠠᠷ ᠬᠢ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢᠨ ᠬᠡᠷᠡᠭᠵᠢᠭᠦᠯᠦᠯᠲᠡ ᠳᠤ ᠦᠵᠡᠯ ᠰᠠᠨᠠᠭᠠᠨ ᠤ ᠪᠠᠲᠤᠯᠠᠭ᠎ᠠ ᠪᠠ ᠣᠶᠤᠨ ᠰᠠᠨᠠᠭᠠᠨ ᠤ ᠬᠦᠳᠡᠯᠭᠡᠭᠴᠢ ᠬᠦᠴᠦᠨ | ᠬᠠᠩᠭᠠᠵᠤ ᠮᠠᠯᠵᠢᠬᠤ ᠲᠠᠷᠢᠶᠠᠯᠠᠬᠤ ᠣᠷᠣᠨ ᠢ ᠥᠩᠭᠡ ᠦᠵᠡᠮᠵᠢ ᠭᠤᠶᠢᠳᠠ ᠰᠠᠶᠢᠬᠠᠨ ᠮᠥᠷᠲᠡᠭᠡᠨ ᠡᠯᠪᠡᠭ ᠪᠠᠶᠠᠯᠢᠭ | ᠠᠭᠤᠯᠤᠭᠳᠠᠬᠤᠨ ᠲᠠᠢ ᠪᠣᠯᠭᠠᠨ᠎ᠠ᠃ | ︵ᠲᠦᠷᠪᠡ︶ ᠪᠦᠬᠦ ᠠᠷᠠᠳ ᠢᠶᠠᠷ ᠢᠶᠠᠨ ᠬᠦᠳᠡᠯᠦᠯᠴᠡᠵᠤ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ | ᠪᠣᠯᠪᠠᠰᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠥᠨᠥ ᠵᠢᠯ ᠪᠣᠯ | ᠭᠤᠷᠪᠠᠨ ᠵᠢᠯ ᠤᠨ ᠡᠭᠦᠳᠦᠨ ᠪᠠᠶᠢᠭᠤᠯᠬᠤ ᠦᠶᠡᠯᠡᠯ ᠤᠨ ᠰᠢᠪᠲᠤᠯᠤᠯᠲᠠ ᠶᠢᠨ ᠵᠢᠯ ᠪᠠᠶᠢᠵᠤ ᠨᠡᠩ ᠤᠷᠬᠢᠯᠤᠮ᠎ᠠ | ᠬᠠᠯᠠᠭᠤᠨ ᠰᠡᠳᠬᠢᠯᠭᠡ ᠪᠠᠷ ᠡᠬᠦᠳᠦᠨ ᠪᠠᠶᠢᠭᠤᠯᠬᠤ ᠠᠵᠢᠯ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ | ᠪᠠᠭᠤᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠲᠤᠯᠠᠨ ᠦᠤᠰᠢᠨ ᠤ ᠠᠷᠠᠳ | ᠲᠦᠮᠡᠨ ᠳᠤ ᠢᠯᠡᠳᠲᠡ ᠬᠤᠪᠢᠷᠠᠯᠲᠠ ᠭᠠᠷᠤᠭᠰᠠᠨ ᠲᠦᠷᠦᠭᠳᠡᠯ ᠤᠯᠭᠤᠵᠤ ᠪᠠᠶᠠᠷᠯᠠᠭᠤᠰᠢᠲᠠᠶ ᠦᠷ᠎ᠡ ᠪᠦᠲᠦᠭᠡᠯ | ᠦᠵᠡᠭᠦᠯᠬᠦ ᠪᠠᠷ ᠴᠢᠷᠮᠠᠶᠢᠨ᠎ᠠ᠃ | ᠬᠤᠲᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠵᠦ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ | ᠪᠠᠶᠠᠨ ᠵᠠᠮ ᠤᠨ ᠵᠡᠭᠦᠨ ᠵᠡᠭᠡᠯᠢ ᠶᠢᠨ ᠤᠷᠳᠤᠳᠬᠠᠯ ᠵᠠᠮ᠂ ᠢ ᠯᠢᠨ ᠡᠮᠦᠨ᠎ᠡ ᠵᠠᠮ᠂ ᠲᠣᠭᠤᠷᠢᠮ ᠵᠡᠭᠡᠯᠢ᠂ ᠭᠠᠯᠠᠭᠤᠲᠤ | ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠠᠴᠠ ᠭᠠᠯᠲᠤ ᠲᠡᠷᠭᠡᠨ ᠥᠷᠲᠡᠭᠡ ᠬᠦᠷᠬᠦ | ᠵᠠᠯᠭᠠᠯᠲᠠ ᠱᠤᠭᠤᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠨ᠎ᠠ᠃ | ᠴᠡᠪᠡᠷᠰᠢᠭᠦᠯᠦᠭᠰᠡᠨ ᠪᠤᠬᠢᠷ ᠤᠰᠤ᠂ ᠲᠤᠯᠠᠭᠠᠯᠠᠭ᠎ᠠ᠂ ᠪᠣᠷᠣᠭᠠᠨ ᠤ ᠤᠰᠤ ᠪᠠ ᠪᠤᠬᠢᠷ ᠤᠰᠤ᠂ ᠰᠢᠲᠠᠮᠠᠬᠠᠶ ᠬᠡᠢ ᠵᠡᠷᠭᠡ | ᠶᠢᠨ ᠬᠤᠭᠤᠯᠠᠶ ᠲᠣᠤᠷ ᠢ 28 ᠺᠢᠯᠤᠮᠧᠲᠷ ᠳᠡᠪᠢᠰᠦᠨ᠎ᠡ᠃ 6.8 ᠲᠦᠮᠡᠨ ᠲᠡᠭᠰᠢ ᠳᠥᠷᠪᠡᠯᠵᠢᠨ ᠮᠧᠲᠷ ᠰᠠᠭᠤᠭᠠᠯᠢ | ᠠᠷᠠᠳ ᠤᠨ ᠭᠤᠲᠤᠮᠵᠢ ᠶᠢ ᠨᠦᠬᠦᠵᠤ ᠰᠡᠯᠪᠢᠨ᠎ᠡ᠃ ᠣᠯᠠᠨ ᠨᠡᠶᠢᠲᠡ ᠶᠢᠨ ︵ᠰᠢᠯᠵᠢᠮᠡᠯ︶ ᠤᠰᠤ ᠪᠠᠷ ᠵᠠᠶᠢᠯᠠᠬᠤ | ᠮᠠᠶ᠋ᠢᠭ ᠤᠨ ᠵᠣᠷᠯᠣᠩ ᠢ 10 ᠰᠢᠨ᠎ᠡ ᠪᠠᠷ ᠪᠠᠶᠢᠭᠤᠯᠬᠤ ᠪᠠ ᠬᠤᠳᠠᠯᠳᠤᠨ ᠠᠪᠤᠨ᠎ᠠ᠃ ᠰᠤᠪᠤᠷᠭ᠎ᠠ ᠵᠡᠭᠡᠯᠢ᠂ ᠤᠢ ᠶᠢᠨ | ᠰᠡᠭᠦᠳᠡᠷᠲᠦ ᠵᠠᠮ ᠪᠠ ᠬᠡᠰᠡᠭ ᠵᠠᠩᠭᠢᠯᠠᠭ᠎ᠠ ᠶᠢᠨ ᠴᠡᠭ ᠤᠨ ᠴᠡᠴᠡᠷᠯᠢᠭᠵᠢᠬᠦᠯᠦᠯᠲᠡ ᠶᠢᠨ ᠬᠢᠷᠢ ᠳᠦᠪᠰᠢᠨ ᠢ | ᠳᠡᠭᠡᠭᠰᠢᠯᠡᠭᠦᠯᠵᠦ 8.5 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠰᠢᠨ᠎ᠡ ᠪᠠᠷ ᠦᠭᠡᠷᠡᠴᠢᠯᠡᠨ | ᠨᠤᠭᠤᠭᠠᠷᠠᠭᠤᠯᠵᠤ 2 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠤᠨ ᠵᠡᠭᠡᠯᠢ ᠭᠤᠳᠤᠮᠵᠢ ᠶᠢᠨ ᠵᠠᠮ ᠤᠨ ᠳ᠋ᠧᠩ ᠢ | 150 ᠤᠭᠰᠠᠷᠠᠨ᠎ᠠ᠃ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠬᠥᠮᠦᠨ ᠠᠮᠠ ᠶᠢ ᠲᠠᠷᠬᠠᠭᠠᠬᠤ | ᠰᠠᠭᠤᠷᠢᠨ ᠭᠠᠵᠠᠷ ᠪᠣᠯᠤᠨ ᠭᠠᠯᠠᠭᠤᠲᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢ ᠪᠦᠲᠦᠭᠡᠨ | ᠪᠠᠶᠢᠭᠤᠯᠤᠨ᠎ᠠ᠃ ᠰᠣᠶᠣᠯ ᠤᠷᠠᠯᠢᠭ ᠤᠨ ᠲᠣᠭᠯᠠᠯᠲᠠ ᠭᠠᠷᠭᠠᠬᠤ ᠂ ᠨᠣᠮ ᠪᠢᠴᠢᠭ ᠦᠵᠡᠬᠦ᠂ ᠪᠡᠶ᠎ᠡ ᠴᠢᠭᠢᠷᠠᠭᠵᠢᠭᠤᠯᠵᠤ | ᠰᠡᠯᠡᠭᠦᠴᠡᠬᠦ ᠵᠡᠷᠭᠡ ᠴᠢᠳᠠᠮᠵᠢ ᠶᠢ ᠨᠡᠶᠢᠯᠡᠭᠦᠯᠵᠦ ᠠᠵᠢᠯᠲᠠᠨ ᠠᠵᠢᠯᠴᠢᠨ ᠤ ᠠᠵᠢᠯᠯᠠᠭᠠᠨ ᠤ ᠲᠥᠪ ᠢ ᠰᠢᠨ᠎ᠡ ᠪᠠᠷ | ᠪᠠᠶᠢᠭᠤᠯᠤᠨ᠎ᠠ᠃ ᠵᠢᠵᠢᠭ ᠬᠤᠲᠠ ᠪᠠᠯᠭᠠᠰᠤ ᠶᠢᠨ ᠰᠠᠭᠤᠷᠢ ᠴᠢᠳᠠᠮᠵᠢ ᠶᠢ ᠳᠡᠭᠡᠭᠰᠢᠯᠡᠭᠦᠯᠵᠦ ᠰᠢᠷᠬᠤᠰᠤᠨ ᠪᠠᠯᠭᠠᠰᠤ ᠪᠠ | ᠦᠦᠰᠢᠨᠵᠤᠤ ᠪᠠᠯᠭᠠᠰᠤᠨ ᠲᠣᠭᠤᠷᠢᠭ ᠤᠨ ᠬᠤᠭᠤᠯᠠᠶ ᠲᠣᠤᠷ᠂ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ | ᠲᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠤ ᠠᠷᠠᠳ ᠤᠨ ᠬᠦᠰᠡᠯ ᠡᠷᠡᠮᠡᠯᠵᠡᠯ ᠢ ᠪᠡᠶᠡᠯᠡᠬᠦᠯᠦᠨ᠎ᠡ᠃ | ᠵᠣᠷᠢᠭ ᠢᠶᠠᠨ ᠴᠢᠩᠭᠠᠯᠠᠨ ᠬᠦᠴᠢᠷ ᠠᠴᠠ ᠰᠦᠷᠳᠡᠬᠦ ᠦᠭᠡᠢ ᠪᠠᠶᠢᠬᠤ ᠬᠡᠷᠡᠭᠲᠡᠢ᠃ 1200 ᠮᠦ ᠶᠢᠨ ᠰᠣᠯᠢᠬᠤ | ᠭᠠᠵᠠᠷ ᠰᠢᠷᠤᠢ ᠵᠢᠴᠢ ᠪᠤᠰᠤᠳ ᠭᠠᠵᠠᠷ ᠰᠢᠷᠣᠶ ᠶᠢ ᠲᠠᠲᠠᠪᠤᠷᠢᠯᠠᠬᠤ᠂ ᠭᠡᠷ ᠪᠠᠶᠢᠰᠢᠩ ᠨᠤᠷᠠᠭᠠᠵᠤ ᠨᠡᠬᠦᠯᠬᠡᠬᠦ | ᠦᠯᠡᠳᠡᠭᠳᠡᠯ ᠠᠰᠠᠭᠤᠳᠠᠯ ᠢ ᠵᠠᠷᠯᠠᠨ ᠨᠡᠶᠢᠲᠡᠯᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ ᠰᠢᠢᠳᠪᠦᠷᠢᠯᠡᠵᠤ | ᠪᠡᠶᠡᠯᠡᠬᠦᠯᠬᠦ ᠴᠠᠭ ᠤᠨ ᠬᠦᠰᠦᠨᠦᠭᠲᠦ ᠶᠢ ᠨᠢᠭᠡ ᠨᠢᠭᠡ ᠪᠠᠷ ᠰᠤᠳᠤᠯᠤᠨ ᠲᠤᠲᠤᠷᠬᠠᠶᠢᠯᠠᠨ᠎ᠠ᠃ ᠪᠤᠷᠤ ᠭᠡᠷᠲᠦ | ᠲᠣᠭᠤᠷᠢᠭ ᠤᠨ 157 ᠢᠵᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠨᠢᠭᠡᠨᠲᠡ ᠰᠣᠯᠢᠭᠰᠠᠨ ᠣᠷᠣᠨ ᠪᠦᠰᠡ | ᠳᠠᠬᠢ ᠭᠡᠷ ᠪᠠᠶᠢᠰᠢᠩ ᠢ ᠪᠦᠬᠦᠨ ᠢ ᠨᠤᠷᠠᠭᠠᠨ᠎ᠠ᠃ ᠭᠠᠯᠠᠭᠤᠲᠤ ᠪᠠᠯᠭᠠᠰᠤᠨ ᠲᠣᠭᠤᠷᠢᠭ ᠤᠨ ᠨᠤᠷᠠᠬᠤ ᠠᠶᠤᠯᠲᠠᠢ | ᠬᠠᠭᠤᠴᠢᠨ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠨ ᠪᠠᠶᠢᠭᠤᠯᠬᠤ ᠠᠷᠭ᠎ᠠ ᠶᠢ ᠰᠤᠳᠤᠯᠤᠨ ᠨᠡᠶᠢᠲᠡᠯᠡᠨ᠎ᠡ᠃ ᠬᠤᠲᠠ | ᠪᠠᠯᠭᠠᠰᠤᠨ ᠤ ᠤᠯᠤᠰ ᠤᠨ ᠦᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢ | ᠳᠠᠩᠰᠠᠯᠠᠬᠤ ᠠᠵᠢᠯ ᠢ ᠲᠦᠯᠬᠢᠨ ᠠᠬᠢᠭᠤᠯᠵᠤ ᠦᠯᠡᠳᠡᠭᠰᠡᠨ 11 ᠲᠥᠷᠥᠯ ᠤᠨ 4273 ᠢᠵᠢ ᠭᠡᠷ ᠪᠠᠶᠢᠰᠢᠩ ᠤᠨ | ᠦᠨᠡᠮᠯᠡᠯ ᠭᠦᠢᠴᠡᠳᠬᠡᠬᠦ ᠠᠵᠢᠯ ᠢ ᠲᠠᠪᠤᠳᠤᠭᠠᠷ ᠰᠠᠷ᠎ᠠ ᠶᠢᠨ ᠰᠡᠭᠦᠯᠴᠢ ᠳᠤ ᠪᠡᠶᠡᠯᠡᠬᠦᠯᠵᠤ ᠪᠠᠷᠠᠭᠠᠬᠤ ᠶᠢ ᠪᠠᠲᠤᠯᠠᠨ᠎ᠠ᠃ | ᠨᠠᠷᠢᠯᠢᠭ ᠪᠠᠶᠢᠭᠤᠯᠤᠨ ᠬᠠᠮᠢᠶᠠᠷᠬᠤ ᠶᠢ ᠪᠠᠷᠢᠮᠲᠠᠯᠠᠵᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠪᠠᠶᠢᠬᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠬᠡᠰᠡᠭ ᠵᠡᠭᠡᠯᠢ ᠭᠤᠳᠤᠮᠵᠢ ᠶᠢᠨ ᠵᠡᠭᠡᠯᠢ | ᠤᠷᠤᠭᠤ ᠬᠠᠨᠳᠤᠭᠰᠠᠨ ᠭᠡᠷ ᠪᠠᠶᠢᠰᠢᠩ ᠢ ᠨᠢᠭᠡᠲᠦᠯᠲᠠᠢ ᠲᠥᠯᠥᠪᠯᠡᠨ ᠬᠤᠳᠠᠯᠳᠤᠭᠠᠨ ᠤ ᠡᠷᠦᠬᠡ ᠶᠢᠨ ᠵᠠᠰᠠᠨ | ᠰᠢᠨᠡᠳᠬᠡᠬᠦ ᠶᠢ ᠵᠣᠷᠢᠭᠵᠢᠭᠤᠯᠤᠨ᠎ᠠ᠃ ᠡᠭᠦᠳᠡᠨ ᠡᠮᠦᠨᠡᠬᠢ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠤᠲᠠ ᠪᠠᠯᠭᠠᠰᠤᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ | ᠴᠡᠪᠡᠷᠯᠡᠨ ᠴᠡᠭᠴᠡᠯᠡᠵᠦ ᠱᠦᠢᠨᠢ᠂ ᠴᠢᠯᠠᠭᠤᠨ ᠮᠠᠲ᠋ᠧᠷᠢᠶᠠᠯ ᠢ ᠲᠥᠪᠯᠡᠷᠡᠭᠦᠯᠦᠨ ᠪᠣᠷᠣᠯᠠᠭᠤᠯᠬᠤ ᠭᠠᠵᠠᠷ ᠪᠣᠯᠤᠨ | ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡᠨ ᠤ ᠬᠤᠶᠠᠳᠤᠭᠠᠷ ᠬᠤᠭᠤᠴᠠᠭ᠎ᠠ᠂ ᠭᠠᠷ ᠳᠠᠮᠵᠢᠭᠰᠠᠨ ᠲᠡᠷᠭᠡ | ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠲᠡᠮᠦᠷᠯᠢᠭ ᠪᠤᠯᠤᠨ | ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠬᠠᠶᠠᠭᠳᠠᠮᠠᠯ ᠡᠳ᠋ ᠬᠤᠳᠠᠯᠳᠤᠨ ᠠᠪᠬᠤ᠂ ᠭᠠᠷ ᠳᠠᠮᠵᠢᠭᠰᠠᠨ ᠲᠡᠷᠭᠡ | ᠪᠣᠯᠤᠨ ᠲᠠᠷᠢᠶᠠᠯᠠᠩ ᠤᠨ ᠮᠠᠰᠢᠨ ᠤ ᠪᠤᠷᠤᠯᠠᠭᠤᠯᠭ᠎ᠠ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠬᠥᠲᠥᠯᠥᠨ | ᠵᠢᠯᠤᠭᠤᠳᠴᠤ ᠴᠡᠪᠡᠷ ᠲᠤᠬᠢᠯᠢᠭ᠂ ᠤᠷᠤᠰᠢᠨ ᠰᠠᠭᠤᠷᠢᠰᠢᠬᠤ ᠳᠤ ᠲᠠᠭᠠᠯᠠᠮᠵᠢᠲᠠᠢ ᠤᠷᠴᠢᠨ ᠨᠦᠬᠦᠴᠡᠯ ᠢ | ᠪᠦᠷᠢᠯᠳᠦᠬᠦᠯᠦᠨ᠎ᠡ᠃ ᠰᠢᠨ ᠱᠢ ᠲᠠᠢ ᠵᠡᠷᠭᠡ ᠰᠠᠭᠤᠭᠠᠯᠢ ᠠᠷᠠᠳ ᠤᠨ 14 ᠬᠠᠭᠤᠴᠢᠨ ᠲᠣᠭᠤᠷᠢᠭ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠵᠤ 348 ᠢᠵᠢ ᠨᠡᠶᠢᠲᠡ ᠶᠢᠨ ᠲᠦᠷᠢᠶᠡᠰᠦᠲᠦ ᠭᠡᠷ ᠪᠠᠶᠢᠰᠢᠩ | ᠤᠨ ᠲᠦᠷᠦᠯ ᠵᠦᠢᠯ ᠢ ᠴᠢᠷᠮᠠᠶᠢᠨ ᠡᠬᠢᠯᠡᠬᠦᠯᠵᠤ ᠨᠢᠭᠡᠨᠲᠡ ᠪᠠᠶᠢᠭ᠎ᠠ ᠤᠷᠤᠨ ᠰᠠᠭᠤᠴᠠ ᠶᠢᠨ ᠲᠣᠭᠤᠷᠢᠭ ᠲᠤ | ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠳᠠᠮᠵᠢᠵᠤ ᠮᠡᠷᠭᠡᠵᠢᠯ ᠤᠨ ᠰᠡᠷᠭᠡᠶᠢᠯᠡᠯᠲᠡ᠂ ᠲᠡᠷᠭᠡᠨ ᠵᠤᠭᠰᠤᠭᠠᠯ᠂ | ᠴᠠᠬᠢᠯᠭᠠᠨ ᠴᠡᠨᠡᠭᠯᠡᠬᠦᠷ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠤᠰᠤᠨ | ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠵᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ | ᠠᠷᠠᠳ ᠤᠨ ᠲᠣᠭᠤᠷᠢᠭ ᠲᠤ ᠰᠢᠭᠤᠳ ᠤᠤᠭᠤᠬᠤ ᠤᠰᠤ ᠪᠠ ᠴᠡᠪᠡᠷᠰᠢᠭᠦᠯᠦᠭᠰᠡᠨ ᠪᠤᠬᠢᠷ ᠤᠰᠤ ᠶᠢ ᠡᠷᠦᠬᠡ ᠳᠤ | ᠰᠠᠯᠭᠠᠨ ᠤᠷᠤᠭᠤᠯᠵᠤ ᠠᠮᠢᠳᠤᠷᠠᠯ ᠳᠤ ᠬᠡᠷᠡᠭᠯᠡᠬᠦ ᠤᠰᠤ ᠠᠴᠠ ᠭᠠᠷᠤᠭᠰᠠᠨ ᠪᠤᠬᠢᠷ ᠤᠰᠤ ᠶᠢ ᠭᠠᠳᠠᠭᠰᠢᠯᠠᠭᠤᠯᠵᠤ | ᠰᠢᠢᠳᠪᠦᠷᠢᠯᠡᠬᠦ ᠳᠤ ᠰᠦᠢᠳᠬᠡᠯ ᠬᠤᠷᠢᠶᠠᠬᠤ ᠲᠦᠷᠢᠮ ᠢ ᠪᠠᠶᠢᠭᠤᠯᠤᠨ᠎ᠠ᠃ 9 ᠨᠡᠶᠢᠲᠡ ᠶᠢᠨ ᠮᠠᠰᠢᠨ ᠲᠡᠷᠭᠡ ᠶᠢ | ᠰᠢᠨ᠎ᠡ ᠡᠨᠧᠷᠬᠢᠲᠤ ᠨᠡᠶᠢᠲᠡ ᠶᠢᠨ ᠮᠠᠰᠢᠨ ᠲᠡᠷᠭᠡ ᠪᠤᠯᠭᠠᠨ ᠰᠤᠯᠢᠵᠤ ᠮᠠᠰᠢᠨ ᠲᠡᠷᠭᠡᠨ ᠤ ᠵᠠᠮ ᠱᠤᠭᠤᠮ ᠪᠠ ᠥᠷᠲᠡᠭᠡ | ᠴᠡᠭ ᠢ ᠰᠢᠯᠢᠳᠡᠭᠵᠢᠬᠦᠯᠦᠨ ᠤᠯᠠᠨ ᠲᠦᠮᠡᠨ ᠤ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠲᠤ ᠠᠶᠠᠯᠠᠯ ᠢ | ᠵᠣᠷᠢᠭᠵᠢᠭᠤᠯᠤᠨ᠎ᠠ᠃ | ᠪᠢᠳᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠲᠥᠪ ᠤᠨ ᠪᠥᠬᠦ ᠤᠯᠤᠰ ᠤᠨ | ᠲᠤᠷᠰᠢᠯᠲᠠ ᠶᠢᠨ ᠬᠤᠰᠢᠭᠤ ᠶᠢᠨ ᠡᠭᠦᠳᠦᠨ ᠪᠠᠶᠢᠭᠤᠯᠤᠯᠲᠠ ᠪᠠᠷ ᠵᠢᠯᠣᠭᠤᠳᠣᠭᠤᠯᠵᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠤᠬᠠᠭᠤᠯᠤᠨ ᠲᠠᠶᠢᠯᠪᠤᠷᠢᠯᠠᠵᠤ ᠨᠠᠮ ᠤᠨ | ᠲᠡᠤᠬᠡ᠂ ᠬᠤᠪᠢᠰᠬᠠᠯ ᠤᠨ ᠲᠡᠤᠬᠡ ᠶᠢᠨ ᠬᠥᠮᠦᠵᠢᠯ ᠢ ᠴᠢᠩᠭᠠᠳᠬᠠᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡ | ᠶᠢ ᠦᠷᠨᠢᠬᠦᠯᠦᠨ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠵᠢᠴᠢ ᠰᠠᠶᠢᠨ ᠦᠢᠯᠡ | ᠠᠵᠢᠯᠯᠠᠭ᠎ᠠ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠤᠯᠤᠰ ᠢᠶᠠᠨ ᠬᠠᠶᠢᠷᠠᠯᠠᠵᠤ ᠬᠠᠤᠯᠢ ᠰᠠᠬᠢᠬᠤ᠂ ᠦᠢᠯᠡᠰ ᠢᠶᠠᠨ ᠳᠡᠭᠡᠳᠦᠯᠡᠵᠦ ᠦᠨᠡᠨᠴᠢ ᠢᠲᠡᠭᠡᠮᠵᠢᠲᠡᠶ | ᠪᠠᠶᠢᠬᠤ ᠦᠵᠡᠯ ᠤᠬᠠᠮᠰᠠᠷ ᠢ ᠴᠢᠩᠭᠠᠳᠬᠠᠵᠤ ᠤᠰᠤ ᠶᠢ ᠠᠷᠪᠢᠯᠠᠨ ᠬᠡᠷᠡᠭᠯᠡᠬᠦ᠂ ᠬᠤᠭ ᠨᠣᠪᠰᠢ ᠶᠢ ᠲᠥᠷᠥᠯ | ᠬᠤᠪᠢᠶᠠᠨ ᠬᠤᠷᠢᠶᠠᠨ ᠠᠪᠬᠤ᠂ ᠪᠣᠯᠪᠠᠰᠤᠨ ᠢᠶᠠᠷ ᠬᠤᠭᠤᠯᠠᠯᠠᠬᠤ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ | ᠬᠦᠮᠦᠵᠢᠬᠦᠯᠦᠨ ᠢᠳᠡᠪᠬᠢ ᠬᠦᠴᠦᠨ ᠢ ᠶᠡᠬᠡᠪᠡᠷ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ | ᠪᠤᠯᠭᠠᠨ᠎ᠠ︕ | ︵ᠲᠠᠪᠤ︶ ᠲᠤᠲᠤᠭᠠᠳᠤ ᠳᠤ ᠪᠠᠨ ᠴᠢᠩᠭ᠎ᠠ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠲᠦᠷᠢᠮ︾ ᠢ ᠨᠠᠶᠢᠳᠠᠪᠤᠷᠢᠵᠢᠭᠤᠯᠵᠤ ᠵᠦᠪᠰᠢᠶᠡᠷᠡᠨ ᠣᠷᠣᠭᠤᠯᠬᠤ᠂ ᠬᠢᠨᠠᠨ ᠵᠥᠪᠰᠢᠶᠡᠷᠡᠬᠦ᠂ ᠵᠣᠬᠢᠴᠠᠭᠤᠯᠬᠤ᠂ | ᠥᠪᠡᠷ ᠤᠨ ᠥᠷᠲᠡᠭ᠂ ᠭᠠᠶᠢᠯᠢ ᠶᠢᠨ ᠰᠦᠢᠳᠭᠡᠯ᠂ ᠪᠠᠯᠠ ᠴᠤᠭᠯᠠᠭᠤᠯᠬᠤ ᠵᠡᠷᠭᠡ ᠲᠠᠯ᠎ᠠ ᠪᠠᠷ ᠶᠡᠷᠦᠩᠭᠡᠶᠢᠯᠡᠭᠰᠡᠨ | ᠠᠷᠭ᠎ᠠ ᠪᠣᠳᠣᠯᠭ᠎ᠠ ᠶᠢ ᠬᠡᠷᠡᠭᠵᠢᠬᠦᠯᠦᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠦᠨᠡᠨᠬᠦ | ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ | ᠶᠡᠭᠡ ᠪᠠᠷ ᠬᠥᠭᠵᠢᠭᠡᠨ᠎ᠡ᠃ | ᠵᠠᠰᠠᠭ ᠤᠨ ᠡᠷᠭᠡ ᠶᠢ ᠴᠤᠮᠬᠤᠳᠬᠠᠨ ᠲᠠᠯᠪᠢᠬᠤ ᠬᠠᠮᠢᠶᠠᠷᠬᠤ ᠶᠢ ᠤᠶᠠᠯᠳᠤᠭᠤᠯᠵᠤ ᠦᠢᠯᠡᠴᠢᠯᠡᠭᠡ ᠶᠢ | ᠰᠢᠯᠢᠳᠡᠭᠵᠢᠬᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠥᠬᠦ ᠤᠯᠤᠰ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠤᠷ ᠲᠤ ᠲᠦᠰᠢᠭᠯᠡᠨ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠶᠢ ᠨᠡᠩ | ᠬᠤᠯᠪᠤᠯᠳᠣᠭᠤᠯᠣᠨ ᠨᠡᠪᠲᠡᠷᠡᠬᠦᠯᠦᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ︽ᠨᠢᠭᠡ ᠦᠷᠲᠡᠭᠡᠲᠦ ᠮᠠᠶ᠋ᠢᠭ︾ | ᠤᠨ ᠦᠢᠯᠡᠴᠢᠯᠡᠬᠡᠨ ᠤ ᠲᠥᠪ ᠢ ᠪᠥᠬᠦ ᠲᠠᠯ᠎ᠠ ᠪᠠᠷ ᠠᠵᠢᠯᠯᠠᠭᠤᠯᠵᠦ ᠠᠵᠤ ᠦᠢᠯᠡᠳᠪᠦᠷᠢ ᠶᠢᠨ ᠲᠥᠷᠥᠯ ᠵᠦᠢᠯ ᠤᠨ | ᠪᠠᠷᠢᠯᠭ᠎ᠠ ᠶᠢᠨ ᠵᠥᠪᠰᠢᠶᠡᠷᠡᠯ ᠤᠨ ᠭᠠᠷ ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 50 | ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠤᠨ ᠬᠢᠨᠠᠨ ᠵᠥᠪᠰᠢᠶᠡᠷᠡᠯ ᠤᠨ ᠭᠠᠷ ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 80 | ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠨ᠎ᠡ᠃ ᠳᠡᠭᠡᠳᠦ ᠱᠠᠲᠤᠨ ᠤ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠤᠰᠤ | ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠵᠠᠷ ᠰᠢᠷᠣᠶ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠤᠨ ᠲᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠬᠠᠪᠰᠤᠷᠴᠤ ᠬᠦᠴᠢᠷ ᠪᠡᠷᠬᠡᠰᠢᠶᠡᠯ ᠢ ᠲᠤᠭᠤᠯᠤᠨ᠎ᠠ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠬᠢ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ | ᠴᠢᠩᠭᠠᠳᠬᠠᠵᠤ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ ᠬᠦᠷᠢᠶᠡᠯᠡᠩ | ᠲᠣᠭᠤᠷᠢᠭ ᠪᠠ ᠭᠤᠤᠯᠳᠠᠯᠭ᠎ᠠ ᠲᠠᠢ ᠰᠠᠯᠠᠭ᠎ᠠ ᠮᠥᠴᠢᠷ ᠲᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ | ᠦᠨᠡᠯᠡᠯᠲᠡ ᠶᠢ ᠬᠢᠨ᠎ᠡ᠃ ᠭᠤᠤᠯᠳᠠᠯᠭᠠᠲᠤ ᠲᠥᠷᠥᠯ ᠵᠦᠢᠯ ᠤᠨ ᠬᠤᠳᠠᠯᠳᠤᠭᠠᠴᠢᠨ ᠤᠷᠢᠬᠤ᠂ ᠬᠢᠨᠠᠨ ᠵᠥᠪᠰᠢᠶᠡᠷᠡᠬᠦ᠂ | ᠪᠦᠲᠦᠭᠡᠨ ᠪᠠᠶᠢᠭᠤᠯᠬᠤ ᠪᠦᠬᠦ ᠶᠠᠪᠤᠴᠠ ᠶᠢᠨ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠬᠡᠨ ᠤ ᠳᠦᠷᠢᠮ ᠢ | ᠪᠠᠶᠢᠭᠤᠯᠤᠨ᠎ᠠ᠃ ᠬᠤᠳᠠᠯᠳᠤᠭᠠᠴᠢᠨ ᠤᠷᠢᠬᠤ ᠪᠠ ᠲᠥᠷᠥᠯ ᠵᠦᠢᠯ ᠢ ᠬᠠᠪᠰᠤᠷᠤᠨ ᠡᠷᠬᠢᠯᠡᠬᠦ ᠲᠤᠰᠬᠠᠶᠢᠵᠢᠭᠰᠠᠨ | ᠡᠩᠨᠡᠭᠡ ᠶᠢ ᠵᠣᠬᠢᠶᠠᠨ ᠪᠠᠶᠢᠭᠤᠯᠵᠤ ᠨᠢᠭᠡ ᠲᠥᠷᠥᠯ ᠵᠦᠢᠯ ᠳᠤ ᠨᠢᠭᠡ ᠪᠠᠭ᠂ ᠨᠢᠭᠡ ᠲᠥᠷᠥᠯ ᠵᠦᠢᠯ ᠳᠤ ᠨᠢᠭᠡ ᠢᠵᠢ | ᠬᠢᠨᠠᠨ ᠵᠦᠪᠰᠢᠶᠡᠷᠡᠬᠦ ᠶᠠᠪᠤᠴᠠ ᠶᠢ ᠲᠤᠭᠲᠠᠭᠠᠵᠤ ᠪᠣᠳᠠᠲᠠᠶ ᠠᠰᠠᠭᠤᠳᠠᠯ ᠳᠤ ᠴᠢᠭᠯᠡᠭᠦᠯᠦᠨ ᠤᠴᠢᠷ ᠶᠠᠪᠤᠳᠠᠯ ᠢ ᠨᠢᠭᠡ | ᠨᠢᠭᠡ ᠪᠠᠷ ᠵᠥᠪᠯᠡᠵᠦ ᠲᠥᠷᠥᠯ ᠵᠦᠢᠯ ᠢ ᠬᠢᠨᠠᠨ ᠵᠥᠪᠰᠢᠶᠡᠷᠡᠬᠦ ᠠᠴᠠ ᠡᠬᠢᠯᠡᠨ ᠠᠵᠢᠯ ᠡᠬᠢᠯᠡᠭᠦᠯᠬᠦ ᠪᠥᠬᠦ ᠶᠠᠪᠤᠴᠠ ᠶᠢ | ︽ᠲᠦᠷᠭᠡᠳᠬᠡᠬᠦ︾ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ | ᠪᠠ ᠪᠤᠳᠠᠳᠠᠢ ᠳᠡᠭᠡᠷᠡᠬᠢ ᠶᠢ ᠴᠤᠭᠴᠠᠵᠢᠭᠤᠯᠤᠭᠰᠠᠨ ᠦᠨᠡᠯᠡᠯᠲᠡ ᠶᠢᠨ ᠲᠦᠷᠢᠮ ᠢ ᠪᠠᠶᠢᠭᠤᠯᠤᠨ᠎ᠠ᠃ ︽ᠨᠢᠭᠡ | ᠴᠣᠩᠬᠤᠪᠴᠢ ᠪᠠᠷ ᠶᠡᠷᠦᠩᠬᠡᠶᠢᠯᠡᠨ ᠬᠦᠢᠴᠡᠳᠬᠡᠬᠦ︾ ᠦᠢᠯᠡᠴᠢᠯᠡᠭᠡ ᠶᠢ ᠦᠷᠨᠢᠬᠦᠯᠵᠤ ᠲᠤᠲᠤᠭᠠᠳᠤ ᠳᠠᠭᠠᠨ ᠬᠢᠨᠠᠯᠲᠠ | ᠲᠠᠯᠪᠢᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠡᠯᠧᠺᠲᠷᠣᠨ ᠬᠢᠨᠠᠨ ᠪᠠᠶᠢᠴᠠᠭᠠᠬᠤ ᠪᠠ | ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ᠂ ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ | ᠰᠦᠯᠵᠢᠶᠡᠨ ᠳᠡᠭᠡᠷ᠎ᠡ ᠠᠵᠢᠯ ᠬᠦᠢᠴᠡᠳᠭᠡᠬᠦ ᠲᠢᠩᠬᠢᠮ︾ ᠵᠡᠷᠭᠡ ᠠᠵᠢᠯ ᠬᠦᠢᠴᠡᠳᠭᠡᠬᠦ ᠳᠠᠪᠴᠠᠩ᠂ ᠦᠢᠯᠡᠴᠢᠯᠡᠭᠡᠨ ᠤ | ᠤᠴᠢᠷ ᠶᠠᠪᠤᠳᠠᠯ ᠢ ᠬᠦᠢᠴᠡᠳᠬᠡᠬᠦ ᠶᠠᠪᠤᠴᠠ᠂ ᠴᠣᠩᠬᠤᠪᠴᠢ ᠶᠢᠨ ᠠᠵᠢᠯᠲᠠᠨ ᠳᠤ ᠪᠥᠬᠦ ᠲᠠᠯ᠎ᠠ ᠶᠢᠨ ᠦᠨᠡᠯᠡᠯᠲᠡ | ᠬᠢᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠠ ᠠᠵᠢᠯᠲᠠᠨ ᠠᠵᠢᠯᠴᠢᠨ ᠢ ᠭᠡᠳᠡᠷᠭᠦ | ᠰᠢᠬᠠᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠦᠵᠡᠯ ᠤᠬᠠᠮᠰᠠᠷ ᠢ ᠨᠢ ᠴᠢᠩᠭᠠᠳᠬᠠᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠭᠡᠢ | ᠂ ᠨᠢᠭᠡ ᠤᠳᠠᠭ᠎ᠠ ᠪᠠᠷ ᠤᠴᠢᠷ ᠶᠠᠪᠤᠳᠠᠯ ᠢ ᠰᠠᠶᠢᠲᠤᠷ ᠮᠡᠳᠡᠭᠳᠡᠭᠰᠡᠨ ᠦᠭᠡᠢ᠂ ᠠᠯᠪᠠ ᠬᠠᠰᠢᠵᠤ ᠠᠮᠠ ᠪᠦᠭᠯᠡᠨ | ᠬᠠᠷᠢᠯᠴᠠᠨ ᠲᠦᠯᠬᠢᠯᠴᠡᠵᠦ ᠠᠵᠤ ᠠᠬᠤᠶᠢᠯᠠᠯ ᠪᠣᠯᠤᠨ ᠣᠯᠠᠨ ᠲᠦᠮᠡᠨ ᠢ ᠣᠯᠠᠨ ᠤᠳᠠᠭ᠎ᠠ ᠭᠦᠶᠦᠯᠭᠡᠭᠰᠡᠨ ᠪᠠᠶᠢᠪᠠᠯ | ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ︵ᠵᠢᠷᠭᠤᠭ᠎ᠠ︶ ᠰᠠᠭᠤᠷᠢ ᠶᠢ ᠪᠠᠬᠢᠵᠢᠭᠦᠯᠵᠦ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ︽ᠮᠠᠯᠵᠢᠬᠤ ᠳ᠋ᠠᠵᠠᠶ︾ ᠶᠢᠨ | ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ | ᠵᠠᠰᠠᠬᠤ ᠶᠢ ᠨᠢᠭᠡᠳᠤᠯᠳᠡᠢ ᠲᠦᠯᠦᠪᠯᠡᠨ ᠠᠬᠢᠭᠤᠯᠵᠦ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠵᠦ | ᠭᠠᠳᠠᠭᠰᠢ ᠨᠡᠭᠡᠭᠡᠯᠲᠡ ᠬᠢᠬᠦ ᠬᠥᠭᠵᠢᠯᠲᠡ ᠶᠢᠨ ᠵᠠᠮ ᠢ ᠰᠠᠭᠠᠳ ᠥᠬᠡᠶ ᠨᠡᠪᠲᠡᠷᠡᠭᠦᠯᠵᠦ ᠴᠢᠨᠠᠷ ᠰᠠᠶᠢᠲᠠᠶ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ | ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠳᠠᠭᠠᠵᠦ ᠬᠤᠲᠠ ᠪᠠᠯᠭᠠᠰᠤ᠂ | ᠲᠠᠷᠢᠶᠠᠯᠠᠩ ᠠᠵᠦ ᠠᠬᠤᠢ᠂ ᠠᠮᠢ ᠠᠬᠤᠶ ᠶᠢᠨ ᠣᠷᠣᠨ ᠵᠠᠶ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ᠂ ᠬᠤᠲᠠ | ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠨ᠎ᠠ᠃ ᠮᠤᠤᠠᠣᠰᠣ ᠶᠢᠨ ᠡᠯᠡᠰᠤ ᠮᠠᠩᠬ᠎ᠠ | ᠶᠢ ᠵᠠᠰᠠᠭᠰᠠᠨ ᠲᠤᠷᠰᠢᠯᠭ᠎ᠠ ᠶᠢ ᠳ᠋ᠦᠩᠨᠡᠨ ᠳᠡᠯᠭᠡᠷᠡᠬᠦᠯᠵᠦ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ | ᠢᠷᠡᠯᠳᠡ ᠶᠢᠨ ᠬᠤᠶᠠᠳᠤᠭᠠᠷ ᠬᠤᠭᠤᠴᠠᠭ᠎ᠠ᠂ ᠮᠠᠭᠤᠳᠠᠭᠰᠠᠨ ᠣᠢ ᠰᠢᠭᠤᠢ ᠶᠢ ᠲᠦᠷᠦᠯ ᠬᠤᠪᠢᠶᠠᠨ ᠥᠭᠡᠷᠡᠴᠢᠯᠡᠬᠦ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠬᠦᠯᠵᠦ ᠰᠢᠷᠬᠤᠰᠤᠨ ᠭᠤᠣᠯ ᠤᠨ | ᠬᠤᠶᠠᠷ ᠡᠷᠭᠢ᠂ ᠭᠤᠣᠯᠳᠠᠯᠭ᠎ᠠ ᠲᠠᠢ ᠤᠯᠤᠰ ᠮᠤᠵᠢ ᠶᠢᠨ ᠵᠠᠮ ᠱᠤᠭᠤᠮ ᠳᠠᠭᠠᠤ ᠶᠢᠨ ᠮᠤᠤᠠᠤᠰᠤ ᠶᠢᠨ ᠪᠣᠬᠢᠷᠲᠤᠯ | ᠦᠭᠡᠢ ᠠᠮᠢ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠤᠨ ᠥᠷᠭᠡᠨ ᠣᠯᠠᠨ ᠺᠠᠳ᠋ᠷ ᠣᠯᠠᠨ | ᠲᠦᠮᠡᠨ ᠢ ᠵᠣᠬᠢᠶᠠᠨ ᠪᠠᠶᠢᠭᠤᠯᠵᠦ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠥᠷᠨᠢᠭᠦᠯᠤᠨ 15.1 ᠲᠦᠮᠡᠨ ᠮᠦ | ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 25 ᠲᠦᠮᠡᠨ ᠮᠦ ᠨᠤᠲᠤᠭ ᠪᠡᠯᠴᠢᠭᠡᠷ ᠤᠨ | ᠬᠠᠮᠠᠭᠠᠯᠠᠯᠲᠠ ᠶᠢ ᠪᠡᠶᠡᠯᠡᠬᠦᠯᠦᠨ᠎ᠡ᠃ ᠪᠠᠲᠤ ᠶᠢᠨ ᠲᠣᠬᠤᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠬᠦᠯᠬᠦ | ᠪᠠ ᠨᠠᠷᠢᠨ ᠭᠤᠤᠯ ᠤᠨ ᠦᠶᠡᠷ ᠢ ᠰᠡᠷᠭᠡᠶᠢᠯᠡᠬᠦ ᠰᠤᠪᠠᠭ ᠤᠨ ︵ᠳᠣᠣᠷᠠᠳᠤ ᠤᠷᠤᠰᠬᠠᠯ ᠤᠨ ᠬᠡᠰᠡᠭ︶ ᠬᠠᠰᠢᠯᠭ᠎ᠠ ᠶᠢ | ᠪᠠᠬᠢᠵᠢᠬᠦᠯᠬᠦ ᠢᠨᠵᠧᠨᠧᠷᠢᠩ ᠢ ᠪᠠᠷᠢᠯᠭ᠎ᠠ ᠡᠬᠢᠯᠡᠬᠦᠯᠦᠨ ᠪᠦᠲᠦᠭᠡᠨ ᠪᠠᠶᠢᠭᠤᠯᠵᠦ ᠳᠠᠷᠬᠠᠨᠯᠠᠮ᠎ᠠ ᠠᠮᠢ ᠠᠬᠤᠢ ᠶᠢᠨ | ᠠᠷᠢᠭᠤᠨ ᠴᠡᠪᠡᠷ ᠰᠠᠪᠠ ᠭᠠᠵᠠᠷ ᠤᠨ ᠬᠦᠷᠦᠰᠦ ᠰᠢᠷᠤᠢ ᠶᠢᠨ ᠢᠳᠡᠭᠳᠡᠯ ᠢ ᠬᠠᠮᠠᠭᠠᠯᠠᠬᠤ ᠶᠡᠷᠤᠩᠬᠡᠶᠢᠯᠡᠭᠰᠡᠨ ᠵᠠᠰᠠᠯᠲᠠ | ᠶᠢ ᠬᠡᠷᠡᠭᠵᠢᠬᠦᠯᠦᠨ᠎ᠡ᠃ ᠪᠠᠶᠠᠨᠨᠠᠭᠤᠷ ᠤᠨ ᠨᠤᠭᠤ ᠭᠠᠵᠠᠷ ᠢ ᠭᠤᠶᠤᠴᠢᠯᠠᠨ ᠮᠡᠳᠡᠬᠦᠯᠵᠦ ᠭᠡᠷᠡᠴᠢᠯᠡᠭᠦᠯᠦᠬᠡᠳ ᠰᠢᠷᠬᠤᠰᠤ | ᠨᠤᠭᠤ ᠭᠠᠵᠠᠷ ᠤᠨ ᠦᠵᠡᠰᠬᠦᠯᠡᠩ ᠤᠨ ᠣᠷᠳᠣᠨ ᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ᠮᠦᠩᠭᠡᠴᠢ ᠵᠡᠷᠭᠡ 3 ᠨᠡᠭᠦᠷᠡᠰᠦᠨ ᠠᠭᠤᠷᠬᠠᠢ ᠶᠢ ᠪᠣᠬᠢᠷᠲᠤᠯ ᠦᠭᠡᠢ ᠪᠤᠯᠭᠠᠨ ᠡᠭᠦᠳᠦᠨ ᠪᠠᠶᠢᠭᠤᠯᠤᠨ᠎ᠠ᠃ | ᠠᠮᠢ ᠠᠬᠤᠶ ᠶᠢᠨ ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠨ᠎ᠠ᠃ ᠣᠶ | ᠰᠢᠭᠤᠶ ᠶᠢᠨ ᠬᠢᠨᠠᠨ ᠪᠠᠶᠢᠴᠠᠭᠠᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠤ ᠲᠤᠬᠢᠷᠠᠭᠤᠯᠤᠯᠲᠠ ᠬᠢᠵᠦ ᠰᠢᠯᠢᠳᠡᠭᠵᠢᠭᠦᠯᠦᠨ᠎ᠡ᠃ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ | ᠪᠣᠯᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠳᠠ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠦ ᠠᠵᠢᠯ | ᠲᠥᠷᠥᠯ ᠪᠣᠯᠤᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠢᠯᠡᠳᠦᠯ ᠢ | ᠪᠠᠳᠠᠷᠠᠭᠤᠯᠤᠨ ᠳᠠᠭᠠᠭᠤᠯᠢ ᠤᠳᠤᠨ ᠤ ᠬᠡᠷᠡᠯ ᠵᠢᠷᠤᠭ ᠢᠶᠠᠷ ᠬᠠᠤᠯᠢ ᠬᠡᠷᠡᠭᠵᠢᠭᠦᠯᠬᠦ᠂ ᠵᠢᠯᠣᠭᠤᠴᠢ ᠦᠭᠡᠢ ᠨᠢᠰᠬᠡᠯ ᠢᠶᠠᠷ | ᠵᠢᠭᠰᠠᠭᠠᠨ ᠪᠠᠶᠢᠴᠠᠭᠠᠬᠤ ᠪᠠ ᠣᠯᠠᠨ ᠲᠦᠮᠡᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ ᠲᠠᠷᠢᠶᠠᠨ | ᠭᠠᠵᠠᠷ᠂ ᠣᠢ ᠰᠢᠭᠤᠶ ᠡᠪᠡᠰᠦ ᠪᠡᠯᠴᠢᠭᠡᠷ᠂ ᠭᠤᠤᠯ ᠨᠠᠭᠤᠷ᠂ ᠬᠥᠷᠥᠰᠥ ᠰᠢᠷᠣᠶ᠂ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠪᠡᠯᠴᠢᠭᠡᠷ ᠢ | ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠤᠨ ᠤᠷᠤᠨ ᠬᠤᠪᠢᠶᠠᠨ ᠰᠡᠯᠭᠦᠨ ᠮᠠᠯᠵᠢᠬᠤ ᠶᠢ ᠰᠢᠨᠵᠢᠯᠡᠬᠦ | ᠤᠬᠠᠭᠠᠨᠴᠢ ᠪᠠᠷ ᠵᠢᠯᠣᠭᠤᠳᠴᠤ ᠪᠡᠯᠴᠢᠭᠡᠷ ᠮᠠᠯ ᠢ ᠠᠯᠬᠤᠮ ᠠᠯᠬᠤᠮ ᠢᠶᠠᠷ ᠲᠡᠩᠴᠡᠭᠦᠷᠢᠰᠢᠬᠦᠯᠦᠨᠡ᠃ ᠮᠠᠰᠢᠨ | ᠴᠠᠬᠢᠯᠭᠠᠨ ᠬᠤᠳᠳᠤᠭ ᠢ ᠨᠡᠶᠢᠳᠡᠮ ᠪᠠᠶᠢᠴᠠᠭᠠᠵᠤ ᠳᠠᠩᠰᠠᠯᠠᠬᠤ ᠠᠵᠢᠯ ᠢ ᠥᠷᠨᠢᠭᠦᠯᠤᠨ ᠲᠠᠷᠢᠶᠠᠯᠠᠩ ᠳᠤ ᠭᠡᠷᠡᠭᠯᠡᠬᠦ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ︽ᠲᠦᠷᠪᠡᠨ ᠡᠷᠤᠢ ᠬᠤᠷᠤᠢ ᠦᠬᠡᠢ ᠪᠠᠶᠢᠬᠤ | ᠶᠢ ᠴᠡᠭᠴᠡᠯᠡᠬᠦ︾ ᠶᠢ ᠪᠠᠶᠢᠩᠭᠤᠵᠢᠭᠤᠯᠵᠤ ᠤᠰᠤᠨ ᠰᠢᠰᠲ᠋ᠧᠮ ᠢ ᠨᠡᠪᠲᠡᠷᠡᠭᠦᠯᠬᠦ ᠵᠢᠴᠢ ᠮᠠᠯᠵᠢᠬᠤ ᠲᠠᠷᠢᠶᠠᠯᠠᠬᠤ | ᠤᠷᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠢ ᠭᠤᠶᠤᠴᠢᠯᠠᠨ | ᠮᠡᠳᠡᠭᠦᠯᠵᠦ ᠪᠦᠬᠦ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠬᠠᠢ ᠶᠢᠨ | ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ | ᠲᠦᠷᠢᠮ ᠢ ᠬᠠᠮᠤᠭ ᠴᠢᠩᠭ᠎ᠠ ᠲᠦᠷᠢᠮ ᠢ ᠬᠡᠷᠡᠭᠵᠢᠬᠦᠯᠵᠣ ᠣᠢ ᠰᠢᠭᠤᠢ ᠶᠢ ᠡᠪᠳᠡᠨ ᠨᠣᠳᠤᠭ ᠪᠡᠯᠴᠢᠬᠡᠷ ᠢ | ᠰᠦᠢᠳᠬᠡᠵᠣ ᠠᠳᠠᠷ ᠬᠠᠭᠠᠯᠪᠣᠷᠢᠯᠠᠬᠤ᠂ ᠳᠣᠷ᠎ᠠ ᠪᠠᠷ ᠢᠶᠠᠨ ᠮᠣᠳᠣ ᠣᠭᠳᠣᠯᠬᠤ᠂ ᠳᠣᠷ᠎ᠠ ᠪᠠᠷ ᠢᠶᠠᠨ | ᠭᠠᠳᠠᠭᠰᠢᠯᠠᠭᠤᠯᠵᠣ ᠠᠰᠠᠬᠠᠬᠤ᠂ ᠳᠣᠷ᠎ᠠ ᠪᠠᠷ ᠢᠶᠠᠨ ᠪᠠᠷᠢᠵᠣ ᠪᠠᠶᠢᠭᠤᠯᠬᠤ ᠵᠡᠷᠬᠡ ᠬᠠᠣᠯᠢ ᠵᠦᠷᠢᠴᠡᠭᠰᠡᠨ ᠠᠵᠢᠯᠯᠠᠭ᠎ᠠ | ᠳᠤ ᠴᠢᠩᠭ᠎ᠠ ᠴᠣᠬᠢᠯᠳᠠ ᠦᠭᠬᠦᠨ᠎ᠠ᠃ | ᠰᠠᠭᠤᠷᠢ ᠲᠥᠬᠦᠭᠡᠷᠦᠮᠵᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠮᠣᠵᠢ ᠶᠢᠨ ᠵᠠᠮ ᠤᠨ | 215 ᠱᠤᠭᠤᠮ ᠤᠨ ᠲᠦᠩᠽᠢ ᠠᠴᠠ ᠬᠠᠶ ᠽᠧ ᠫᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠤᠰ ᠤᠨ | ᠵᠠᠮ ᠤᠨ 242 ᠱᠤᠭᠤᠮ ᠤᠨ ᠭᠠᠯᠠᠭᠤᠲᠤ ᠠᠴᠠ ᠪᠤᠯᠠᠭ ᠤᠨ ᠭᠤᠤᠯ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ | ᠡᠬᠢᠯᠡᠭᠦᠯᠦᠨ ᠵᠠᠰᠠᠵᠦ ᠮᠤᠵᠢ ᠶᠢᠨ ᠵᠠᠮ ᠤᠨ 317 ᠱᠤᠭᠤᠮ ᠤᠨ ᠲᠤᠯᠢ ᠠᠴᠠ ᠨᠠᠩᠰᠣ ᠬᠦᠷᠬᠦ ᠨᠢᠭᠡᠳᠦᠭᠡᠷ ᠳᠡᠰ ᠤᠨ | ᠵᠠᠰᠠᠮᠠᠯ ᠵᠠᠮ ᠤᠨ ᠦᠤᠰᠢᠨ ᠤ ᠬᠡᠰᠡᠭ ᠲᠤ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠦᠨ ᠮᠤᠵᠢ ᠶᠢᠨ ᠵᠠᠮ ᠤᠨ | 226 ᠱᠤᠭᠤᠮ ᠤᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ | ᠱᠠᠨᠰᠢ ᠶᠢᠨ ᠬᠡᠰᠡᠭ ᠤᠨ ᠪᠠᠷᠢᠯᠭ᠎ᠠ ᠶᠢ ᠮᠦᠷᠳᠡᠨ ᠠᠬᠢᠭᠤᠯᠤᠨ᠎ᠠ᠃ ᠲᠦᠩᠽᠢ ᠠᠴᠠ ᠬᠤᠶᠠᠳᠤᠭᠠᠷ ᠴᠡᠪᠡᠷᠰᠢᠭᠦᠯᠬᠦ | ᠦᠢᠯᠡᠳᠪᠦᠷᠢ ᠬᠦᠷᠲᠡᠯᠡᠬᠢ ᠵᠠᠮ ᠤᠨ ᠰᠡᠯᠪᠢᠨ ᠵᠠᠰᠠᠯᠲᠠ᠂ ᠨᠠᠷᠢᠠᠭᠤᠤᠯ ᠠᠴᠠ ᠵᠠᠩ ᠹᠧᠩ ᠫᠠᠨ ᠬᠦᠷᠬᠦ ᠨᠠᠷᠢᠨ ᠵᠠᠮ ᠢ | ᠦᠷᠭᠡᠳᠬᠡᠬᠦ ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 208.9 ᠺᠢᠯᠣᠮᠧᠲᠷ ᠵᠠᠰᠠᠵᠦ ᠭᠤᠣᠯ ᠤᠨ | ᠡᠬᠢ ᠵᠡᠷᠭᠡ 4 ᠠᠶᠤᠯᠲᠠᠢ ᠬᠥᠭᠦᠷᠭᠡ ᠶᠢ ᠦᠭᠡᠷᠡᠴᠢᠯᠡᠨ᠎ᠡ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ | ᠦᠤᠰᠢᠨ 500 ᠺᠢᠯᠣᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠧᠨᠧᠷᠢᠩ ᠢ ᠡᠬᠢᠯᠡᠭᠦᠯᠵᠦ ᠲᠠᠷᠢᠶᠠᠯᠠᠩ | ᠤᠨ ᠴᠠᠬᠢᠯᠭᠠᠨ ᠲᠤᠤᠷ ᠢ 500 ᠺᠢᠯᠣᠮᠧᠲᠷ ᠠᠴᠠ ᠳᠡᠭᠡᠭᠰᠢ ᠰᠢᠨ᠎ᠡ ᠪᠠᠷ ᠥᠭᠡᠷᠡᠴᠢᠯᠡᠨ ᠳᠠᠳᠠᠨ᠎ᠠ᠃ ᠵᠠᠰᠠᠮᠠᠯ ᠵᠠᠮ᠂ | ᠲᠡᠮᠦᠷ ᠵᠠᠮ ᠳᠠᠭᠠᠤ᠂ ᠪᠤᠶᠢᠳᠠ ᠪᠥᠭᠯᠡᠭᠦᠤ ᠭᠠᠴᠠᠭ᠎ᠠ ᠲᠣᠰᠬᠤᠨ ᠪᠠᠷᠢᠭᠠᠳᠠ ᠬᠤᠷᠰᠢᠶ᠎ᠠ ᠶᠢᠨ ᠲᠣᠤᠷ ᠰᠦᠯᠵᠢᠶᠡᠨ ᠤ | ᠳᠣᠬᠢᠶᠠᠨ ᠤ ᠪᠦᠷᠬᠦᠴᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ 5G ᠶᠢᠨ ᠰᠠᠭᠤᠷᠢ | ᠦᠷᠳᠡᠭᠡ ᠶᠢ 20 ᠠᠴᠠ ᠢᠯᠡᠭᠦᠦ ᠰᠢᠨ᠎ᠡ ᠪᠠᠷ ᠪᠠᠶᠢᠭᠤᠯᠤᠨ᠎ᠠ᠃ ︽ᠲᠣᠭᠠᠴᠢᠯᠠᠭᠰᠠᠨ ᠦᠤᠰᠢᠨ︾ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠳᠤ | ᠰᠠᠭᠤᠷᠢ ᠲᠤᠯᠭᠠᠭᠤᠷᠢᠯᠠᠯ ᠢ ᠬᠠᠩᠭᠠᠨ᠎ᠠ᠃ | ︵ᠲᠤᠯᠤᠭ᠎ᠠ︶ ᠰᠡᠳᠬᠢᠯ ᠲᠠᠯᠪᠢᠨ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ ᠤ ᠠᠩᠬᠠᠷᠴᠤ | ᠪᠠᠶᠢᠭ᠎ᠠ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠥᠷᠭᠡᠳᠬᠡᠨ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ | ᠪᠠᠲᠤᠯᠠᠵᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠤᠯᠭᠠᠮ ᠠᠷᠠᠳ ᠤᠨ ᠠᠮᠢᠳᠤᠷᠠᠯ ᠤᠨ ᠳᠤᠲᠠᠭᠤᠳᠠᠯ ᠢ | ᠰᠶᠢᠳᠪᠤᠷᠢᠯᠡᠨ ᠠᠷᠠᠳ ᠲᠦᠮᠡᠨ ᠤ ᠠᠮᠢᠳᠤᠷᠠᠯ ᠢ ᠨᠡᠩ ᠪᠠᠲᠤᠯᠠᠭ᠎ᠠ ᠲᠠᠢ ᠪᠣᠯᠭᠠᠨ᠎ᠠ᠃ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠪᠢᠯᠧᠲ ᠦᠭᠴᠤ ᠲᠣᠭᠲᠠᠭᠠᠬᠤ ᠲᠦᠷᠢᠮ ᠤᠨ ᠠᠵᠢᠯ ᠤᠨ ᠲᠤᠬᠢᠷᠠᠭᠤᠯᠤᠯᠲᠠ ᠶᠢ | ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠢᠯᠠᠩᠭᠤᠶ᠎ᠠ ᠦᠨᠳᠦᠰᠦᠨ | ᠱᠠᠲᠤᠨ ᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ 12 | ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠮᠬᠢᠳᠭᠡᠨ ᠳᠣᠷᠠᠳᠴᠣ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠶᠠᠷᠢᠯᠴᠠᠬᠤ ᠶᠢᠨ ᠬᠠᠮᠲᠤ ᠠᠷᠠᠳ ᠤᠨ ᠲᠦᠯᠦᠬᠡᠯᠡᠭᠴᠢᠳ | ᠪᠢᠯᠧᠲ ᠦᠭᠴᠦ ᠲᠤᠭᠳᠠᠭᠠᠨ᠎ᠠ᠃ | ᠠᠵᠢᠯ ᠣᠯᠭᠤᠯᠲᠠ ᠦᠢᠯᠡᠰ ᠪᠣᠰᠬᠠᠯᠲᠠ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠵᠢᠯ ᠮᠡᠷᠭᠡᠵᠢᠯ | ᠤᠨ ᠬᠦᠮᠦᠵᠢᠯ ᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ | ᠶᠢᠨ ᠠᠭᠤᠰᠤᠯᠴᠠᠯ ᠢ ᠠᠬᠢᠭᠤᠯᠵᠤ ᠤᠷᠤᠨ ᠨᠤᠲᠤᠭ ᠪᠠ ᠠᠵᠤ ᠠᠬᠤᠶᠢᠯᠠᠯ ᠬᠠᠮᠲᠤᠷᠠᠨ ᠠᠵᠢᠯ ᠮᠡᠷᠬᠡᠵᠢᠯ ᠤᠨ | ᠦᠢᠯᠡᠳᠦᠯᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠠᠵᠤ ᠠᠬᠤᠶᠢᠯᠠᠯ ᠤᠨ ᠲᠤᠭᠳᠠᠭᠠᠭᠰᠠᠨ ᠴᠢᠭᠯᠡᠯ ᠪᠠ | ᠠᠵᠢᠯ ᠤᠨ ᠪᠠᠶᠢᠷᠢ ᠶᠢᠨ ᠵᠠᠬᠢᠶᠠᠯᠠᠭ᠎ᠠ ᠪᠠᠷ ᠨᠠᠶᠢᠳᠠᠨ ᠬᠥᠮᠦᠵᠢᠭᠦᠯᠵᠦ ᠮᠠᠯᠴᠢᠨ ᠲᠠᠷᠢᠶᠠᠴᠢᠨ ᠤ ᠬᠡᠷᠡᠭᠯᠡᠭᠡᠨ ᠤ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠠ ᠨᠡᠬᠦᠯᠭᠡᠨ ᠰᠢᠯᠵᠢᠬᠦᠯᠵᠤ ᠠᠵᠢᠯ ᠣᠯᠭᠤᠬᠤ ᠪᠣᠯᠪᠠᠰᠤᠷᠠᠯ ᠤᠨ | ᠡᠷᠴᠢᠮ ᠢ ᠴᠢᠩᠭᠠᠳᠬᠠᠵᠦ ᠠᠵᠢᠯᠴᠢᠨ ᠬᠡᠷᠡᠭᠯᠡᠬᠦ ᠲᠠᠨᠢᠯᠴᠠᠭᠤᠯᠭ᠎ᠠ ᠶᠢᠨ ᠬᠤᠷᠠᠯ᠂ ᠠᠵᠢᠯᠳᠠᠨ ᠠᠵᠢᠯᠴᠢᠨ ᠡᠯᠰᠡᠬᠦ | ᠬᠤᠷᠠᠯ ᠢ ᠣᠯᠠᠨ ᠡᠭᠡᠯᠵᠢ ᠵᠣᠬᠢᠶᠠᠨ ᠪᠠᠶᠢᠭᠤᠯᠵᠤ ᠬᠤᠲᠠ ᠪᠠᠯᠭᠠᠰᠣᠨ ᠤ 1450 ᠬᠥᠮᠦᠨ ᠳᠤ ᠰᠢᠨ᠎ᠡ ᠪᠠᠷ ᠠᠵᠢᠯ | ᠣᠯᠭᠤᠬᠤ ᠪᠠ ︽ᠠᠵᠢᠯ ᠣᠯᠤᠭᠰᠠᠨ ᠬᠥᠮᠦᠨ ᠥᠬᠡᠶ︾ ᠬᠡᠷ ᠪᠦᠯᠢ ᠳᠤ ᠠᠵᠢᠯ ᠤᠯᠭᠤᠬᠤ ᠬᠠᠷᠠᠯᠲᠠ ᠶᠢ | ᠪᠡᠶᠡᠯᠡᠭᠦᠯᠦᠨ᠎ᠡ᠃ 800 ᠲᠦᠮᠡᠨ ᠲᠥᠭᠦᠷᠢᠭ ᠤᠨ ᠠᠳᠠᠯ ᠦᠢᠯᠡᠰ ᠪᠤᠰᠬᠠᠬᠤ ᠵᠢᠭᠡᠯᠡᠯᠭᠡ ᠲᠠᠯᠪᠢᠨ᠎ᠠ᠃ ︽ | ᠠᠷᠠᠳ ᠤᠨ ᠠᠮᠢᠳᠤᠷᠠᠯ ᠤᠨ ᠵᠢᠵᠢᠭ ᠰᠠᠵᠢᠭ ᠪᠣᠳᠠᠲᠤ ᠶᠠᠪᠤᠳᠠᠯ︾ ᠤᠨ ᠨᠡᠶᠢᠲᠡ ᠶᠢᠨ ᠠᠰᠠᠷᠠᠮᠵᠢ ᠶᠢᠨ ᠰᠢᠨ᠎ᠡ ᠶᠢ | ᠡᠭᠦᠳᠬᠦ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠥᠷᠭᠡᠳᠬᠡᠵᠦ ᠠᠵᠢᠯ ᠣᠯᠭᠤᠬᠤ ᠠᠵᠢᠯ ᠤᠨ ᠪᠠᠶᠢᠷᠢ ᠶᠢ | ᠨᠡᠮᠡᠭᠳᠡᠭᠦᠯᠦᠨ᠎ᠡ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠳᠣᠭᠳᠠᠭᠤᠨ ᠪᠠᠶᠢᠯᠭᠠᠬᠤ ᠲᠥᠷᠥ ᠶᠢᠨ | ᠪᠣᠳᠣᠯᠭ᠎ᠠ ᠶᠢ ᠳᠣᠭᠳᠠᠪᠣᠷᠢᠵᠢᠭᠤᠯᠬᠤ ᠶᠢ ᠪᠠᠳᠣᠯᠠᠵᠣ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠮᠡᠷᠭᠡᠵᠢᠯ ᠤᠨ | ᠬᠢᠷᠢ ᠬᠡᠮᠵᠢᠶ᠎ᠡ ᠪᠠᠨ ᠳᠡᠭᠡᠭᠰᠢᠯᠡᠬᠦᠯᠬᠦ ᠶᠢ ᠵᠣᠷᠢᠭᠵᠢᠭᠤᠯᠣᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠲᠣᠭᠲᠠᠭᠤᠨ | ᠪᠠᠶᠢᠯᠭᠠᠨ᠎ᠠ᠃ | ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶᠂ ᠲᠤᠭ ᠪᠠᠭ᠎ᠠ ᠰᠤᠷᠭᠠᠭᠤᠯᠢ ᠶᠢ ᠨᠠᠮᠤᠷ ᠤᠨ ᠤᠯᠠᠷᠢᠯ | ᠰᠤᠷᠭᠠᠭᠤᠯᠢ ᠡᠬᠢᠯᠡᠬᠦ ᠳᠤ ᠠᠰᠢᠭᠯᠠᠯᠲᠠ ᠳᠤ ᠤᠷᠤᠭᠤᠯᠬᠤ ᠶᠢ ᠦᠨᠡᠨ ᠬᠦ ᠪᠠᠲᠤᠯᠠᠨ ᠨᠠᠷᠢᠠᠭᠤᠤᠯ ᠤᠨ ᠠᠵᠤ | ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠡᠤᠬᠡᠳ ᠤᠨ ᠴᠡᠴᠡᠷᠯᠢᠭ᠂ ᠦᠤᠰᠢᠨᠵᠦᠦ ᠪᠠᠭ᠎ᠠ ᠰᠤᠷᠭᠠᠭᠤᠯᠢ | ᠵᠢᠴᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠷᠬᠤᠰᠣᠨ ᠪᠠᠯᠭᠠᠰᠤᠨ ᠤ | ᠤᠷᠳᠤᠪᠡᠶ᠎ᠡ ᠰᠤᠷᠭᠠᠭᠤᠯᠢ ᠶᠢᠨ ᠬᠤᠭᠤᠯᠠᠨ ᠭᠡᠷ ᠪᠠ ᠪᠠᠶᠢᠷᠢ ᠶᠢᠨ ᠠᠰᠠᠷ ᠢ ᠪᠠᠶᠢᠭᠤᠯᠵᠤ ᠳᠠᠭᠤᠰᠬᠠᠬᠤ ᠶᠢ | ᠠᠬᠢᠭᠤᠯᠵᠤ ᠨᠢᠭᠡᠳᠦᠭᠡᠷ ᠬᠡᠤᠬᠡᠳ ᠤᠨ ᠴᠡᠴᠡᠷᠯᠢᠭ ᠪᠠ ᠳᠥᠷᠪᠡᠳᠦᠭᠡᠷ ᠬᠡᠤᠬᠡᠳ ᠤᠨ ᠴᠡᠴᠡᠷᠯᠢᠭ ᠢ ᠥᠭᠡᠷᠡᠴᠢᠯᠡᠨ | ᠥᠷᠭᠡᠳᠬᠡᠨ ᠪᠠᠶᠢᠭᠤᠯᠬᠤ ᠶᠢ ᠲᠦᠷᠭᠡᠳᠬᠡᠨ᠎ᠡ᠃ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ | ᠰᠤᠷᠭᠠᠭᠤᠯᠢ᠂ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠵᠢᠷᠲᠤ ᠰᠤᠷᠭᠠᠭᠤᠯᠢ ᠶᠢᠨ | ᠲᠠᠮᠢᠷ ᠤᠨ ᠲᠠᠯᠠᠪᠤᠷ᠂ ᠤᠯᠠᠭᠠᠨᠲᠤᠯᠤᠭᠠᠢ ᠪᠠᠯᠭᠠᠰᠤᠨ ᠤ ᠬᠤᠸᠠᠲᠤᠯᠤᠭᠠᠢ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠤᠷᠢᠭᠯᠠᠨ | ᠰᠤᠷᠤᠯᠭ᠎ᠠ ᠶᠢ ᠪᠠᠲᠤᠯᠠᠬᠤ︾ ᠶᠢ ᠨᠠᠷᠢᠯᠢᠭ ᠣᠨᠣᠪᠴᠢᠲᠠᠢ ᠪᠠᠷ ᠰᠠᠶᠢᠲᠤᠷ ᠬᠢᠵᠦ 0 — 3 ᠨᠠᠰᠤᠨ ᠤ ᠬᠡᠤᠬᠡᠳ | ᠰᠠᠭᠠᠲᠠᠭᠤᠯᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠰᠤᠷᠭᠠᠨ ᠬᠥᠮᠦᠵᠢᠯ ᠤᠨ | ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠂ | ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠲᠦᠯᠬᠢᠨ | ᠠᠬᠢᠭᠤᠯᠵᠤ ᠰᠤᠷᠭᠠᠭᠤᠯᠢ ᠬᠡᠤᠭᠡᠳ ᠤᠨ ᠴᠡᠴᠡᠷᠯᠢᠭ ᠤᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠶᠢ | ᠰᠤᠯᠢᠯᠴᠠᠭᠤᠯᠤᠨ ᠡᠬᠡᠯᠵᠢᠯᠡᠬᠦᠯᠬᠦ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭ ᠪᠠᠭᠰᠢ ᠶᠢ ᠦᠷᠭᠦᠯᠵᠢᠯᠡᠨ ᠤᠷᠢᠨ | ᠠᠪᠴᠢᠷᠠᠨ᠎ᠠ᠃ ᠲᠡᠷᠢᠭᠦᠨ ᠤ ᠭᠠᠵᠠᠷ ᠣᠷᠣᠨ ᠤ ᠨᠠᠷᠠᠲᠤ ᠰᠤᠷᠭᠠᠭᠤᠯᠢ ᠯᠤᠭ᠎ᠠ ᠬᠤᠯᠪᠤᠭᠠᠯᠠᠨ ᠬᠠᠮᠲᠤ ᠪᠠᠷ | ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠪᠠ ᠪᠠᠭᠰᠢ ᠶᠢ ᠦᠨᠳᠤᠰᠦᠨ ᠱᠠᠲᠤᠨ ᠳᠤ ᠪᠠᠭᠤᠯᠭᠠᠬᠤ ᠠᠵᠢᠯ ᠤᠨ ᠬᠦᠷᠦᠯᠴᠡᠬᠦ ᠥᠬᠡᠶ ᠪᠠᠶᠢᠬᠤ | ᠠᠰᠠᠭᠤᠳᠠᠯ ᠢ ᠰᠠᠶᠢᠲᠤᠷ ᠰᠶᠢᠳᠪᠤᠷᠢᠯᠡᠨ᠎ᠡ᠃ | ᠡᠷᠡᠭᠦᠯ ᠡᠩᠬᠡ ᠦᠦᠰᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠴᠢᠩᠭ᠎ᠠ ᠪᠣᠳᠠᠲᠠᠶ ᠨᠠᠷᠢᠨ ᠠᠳᠬᠤᠵᠦ ᠭᠠᠳᠠᠨ᠎ᠠ ᠠᠴᠠ | ᠬᠠᠯᠳᠠᠪᠤᠷᠢᠯᠠᠨ ᠣᠷᠣᠵᠦ ᠢᠷᠡᠬᠦ ᠶᠢ ᠰᠡᠷᠬᠡᠶᠢᠯᠡᠵᠦ᠂ ᠲᠤᠳᠤᠭᠠᠲᠤ ᠳᠤ ᠪᠠᠨ ᠳᠠᠬᠢᠨ ᠬᠠᠯᠳᠠᠪᠤᠷᠢᠯᠠᠬᠤ ᠶᠢ ᠰᠡᠷᠭᠡᠶᠢᠯᠡᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠣᠯᠠᠨ ᠲᠦᠮᠡᠨ ᠪᠣᠯᠤᠨ ᠠᠵᠤ ᠠᠬᠤᠶᠢᠯᠠᠯ᠂ | ᠬᠤᠳᠠᠯᠳᠤᠭᠠᠴᠢᠨ ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠠᠵᠢᠯ ᠢ | ᠰᠠᠶᠢᠲᠤᠷ ᠬᠢᠵᠦ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠢ | ᠰᠶᠢᠳᠪᠤᠷᠢᠯᠡᠬᠦ ᠳᠤᠮᠳᠠ ᠢᠯᠡᠷᠡᠭᠰᠡᠨ ᠲᠤᠲᠠᠭᠤᠳᠠᠯ ᠠᠰᠠᠭᠤᠳᠠᠯ ᠳᠤ ᠴᠢᠭᠯᠡᠭᠦᠯᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠠᠭᠤᠷᠢ ᠲᠦᠬᠦᠬᠡᠷᠤᠮᠵᠢ᠂ ᠪᠠᠶᠢᠴᠠᠭᠠᠨ ᠰᠢᠯᠭᠠᠵᠤ ᠣᠨᠣᠰᠢᠯᠠᠨ ᠡᠮᠨᠡᠬᠦ ᠠᠪᠤᠷᠠᠨ ᠵᠠᠰᠠᠬᠤ ᠴᠢᠳᠠᠪᠤᠷᠢ᠂ | ᠪᠠᠴᠢᠮ ᠪᠠᠶᠢᠳᠠᠯ ᠢ ᠰᠶᠢᠳᠪᠤᠷᠢᠯᠡᠬᠦ ᠡᠳ᠋ ᠪᠣᠳᠠᠰ ᠤᠨ ᠪᠠᠲᠤᠯᠠᠭ᠎ᠠ᠂ ᠡᠮ ᠡᠮᠨᠡᠯᠬᠡ ᠡᠷᠡᠬᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡ ᠵᠡᠷᠭᠡ ᠶᠢᠨ ᠬᠦᠷᠦᠯᠴᠡᠬᠦ ᠥᠬᠡᠶ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃ ᠪᠥᠬᠦ | ᠤᠯᠤᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠪᠠ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠵᠤ ︽ᠡᠷᠡᠭᠦᠯ ᠡᠩᠬᠡ ᠦᠤᠰᠢᠨ | 2030︾ ᠠᠵᠢᠯᠯᠠᠭᠠᠨ ᠤ ᠡᠭᠦᠷᠭᠡ ᠶᠢ ᠨᠠᠶᠢᠳᠠᠪᠤᠷᠢᠵᠢᠭᠤᠯᠤᠨ ᠬᠤᠶᠠᠷ ᠵᠢᠯ ᠳᠤ ᠨᠢᠭᠡ ᠡᠭᠡᠯᠵᠢ ᠶᠢᠨ ᠪᠥᠬᠦ | ᠠᠷᠠᠳ ᠤᠨ ᠡᠷᠡᠭᠦᠯ ᠡᠩᠬᠡ ᠶᠢᠨ ᠪᠡᠶ᠎ᠡ ᠶᠢᠨ ᠪᠠᠶᠢᠴᠠᠭᠠᠯᠲᠠ ᠶᠢ 30 — 65 ᠪᠦᠬᠦᠯᠢ ᠨᠠᠰᠤᠨ ᠤ ᠡᠮᠡᠭᠲᠡᠶᠢᠴᠤᠳ | ᠲᠤ ᠤᠷᠢᠳᠠᠪᠠᠷ ᠬᠢᠵᠦ ᠬᠡᠤᠬᠡᠳ ᠤᠨ ᠡᠷᠡᠭᠦᠯ ᠡᠩᠬᠡ ᠶᠢ ᠬᠠᠯᠠᠮᠵᠢᠯᠠᠬᠤ ᠢᠨᠵᠧᠨᠧᠷᠢᠩ ᠢ ᠬᠡᠷᠡᠭᠵᠢᠬᠦᠯᠦᠨ ᠡᠯᠪᠡᠭ | ᠠᠭᠤᠯᠭ᠎ᠠ ᠲᠠᠢ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ | ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠨᠠᠷᠢᠠᠭᠤᠤᠯ ᠤᠨ ᠠᠵᠤ ᠦᠢᠯᠡᠳᠪᠤᠷᠢ ᠶᠢᠨ | ᠬᠦᠷᠢᠶᠡᠯᠡᠩ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠪᠠ ᠬᠤᠰᠢᠭᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠳᠡᠨ ᠢ ᠡᠮᠴᠢᠯᠡᠬᠦ ᠲᠤᠭᠤᠷᠢᠭ ᠢ ᠥᠷᠭᠡᠳᠬᠡᠨ ᠪᠠᠶᠢᠭᠤᠯᠬᠤ ᠪᠠᠶᠢᠭᠤᠯᠤᠯᠲᠠ ᠶᠢ | ᠲᠦᠯᠬᠢᠨ ᠠᠬᠢᠭᠤᠯᠵᠤ ᠰᠦᠯᠳᠡ ᠰᠤᠮᠤ᠂ ᠦᠤᠰᠢᠨᠵᠦᠦ ᠪᠠᠯᠭᠠᠰᠤ᠂ ᠲᠤᠭ ᠤᠨ ᠬᠤᠵᠢᠷᠲᠤ ᠡᠷᠡᠭᠦᠯ ᠬᠠᠮᠠᠭᠠᠯᠠᠯ ᠤᠨ | ᠬᠤᠷᠢᠶ᠎ᠠ ᠵᠢᠴᠢ ᠪᠠᠶᠢᠷᠢ ᠶᠢᠨ ᠲᠥᠷᠥᠯ ᠵᠦᠢᠯ ᠢ ᠡᠬᠢᠯᠡᠭᠦᠯᠦᠨ᠎ᠡ᠃ ᠰᠦᠯᠳᠡ ᠰᠤᠮᠤᠨ ᠤ ᠬᠤᠯᠤᠭᠠᠨ᠎ᠠ ᠶᠢᠨ | ᠬᠢᠵᠢᠭ ᠤᠨ ᠬᠡᠭᠡᠷ᠎ᠡ ᠭᠠᠳᠠᠨᠠᠬᠢ ᠲᠤᠷᠰᠢᠯᠲᠠ ᠶᠢᠨ ᠥᠷᠲᠡᠭᠡ ᠶᠢ ᠰᠢᠨ᠎ᠡ ᠪᠠᠷ ᠪᠠᠶᠢᠭᠤᠯᠤᠨ ᠬᠤᠯᠤᠭᠠᠨ᠎ᠠ ᠶᠢᠨ ᠬᠢᠵᠢᠭ | ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃ 2 | ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢ ᠠᠬᠢᠭᠤᠯᠵᠤ ᠡᠮᠴᠢᠯᠡᠭᠡᠨ ᠤ ᠡᠬᠢ ᠪᠠᠶᠠᠯᠢᠭ ᠢ ᠰᠤᠮᠤ | ᠪᠠᠯᠭᠠᠰᠤ᠂ ᠭᠠᠴᠠᠭ᠎ᠠ ᠲᠤᠰᠬᠤᠨ ᠲᠡᠰᠢ ᠪᠠᠭᠤᠯᠭᠠᠬᠤ ᠶᠢ ᠠᠬᠢᠭᠤᠯᠤᠨ᠎ᠠ᠃ ᠨᠠᠨᠵᠢᠩ ᠤᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠪᠠ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠭᠤᠷᠪᠠᠳᠤᠭᠠᠷ ᠳᠡᠰ ᠤᠨ ᠬᠥᠬᠡ ᠵᠡᠷᠭᠡ | ᠶᠢᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ ᠨᠡᠷᠡᠲᠦ ᠡᠮᠴᠢ ᠶᠢ ᠤᠷᠢᠵᠤ ︽ | ᠤᠯᠠᠮᠵᠢᠯᠠᠬᠤ᠂ ᠬᠠᠪᠰᠤᠷᠬᠤ᠂ ᠳᠠᠭᠠᠭᠤᠯᠬᠤ᠂ ᠵᠢᠭᠠᠬᠤ︾ ᠪᠣᠯᠭᠠᠵᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ | ᠰᠠᠯᠠᠭ᠎ᠠ ᠪᠠ ᠴᠠᠭᠠᠷᠠᠭᠰᠠᠨ ᠮᠡᠷᠭᠡᠵᠢᠯ ᠲᠠᠢ ᠰᠠᠶᠢᠨ ᠡᠮᠴᠢ ᠶᠢ ᠬᠥᠮᠦᠵᠢᠬᠦᠯᠦᠨ ᠪᠦᠬᠦ ᠬᠤᠰᠢᠭᠤᠨ ᠤ ᠡᠮᠴᠢᠯᠡᠭᠡᠨ ᠤ | ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠴᠢᠰᠦᠨ | ᠳᠠᠷᠣᠯᠲᠠ ᠦᠨᠳᠦᠷ᠂ ᠰᠢᠬᠢᠷ ᠰᠢᠵᠢᠩ ᠡᠪᠡᠳᠴᠢᠨ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠬᠦᠳᠡᠨ | ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠪᠠᠲᠤᠯᠠᠭ᠎ᠠ ᠳᠤ ᠤᠷᠤᠭᠤᠯᠵᠤ ᠲᠦᠷᠦ ᠶᠢᠨ ᠪᠤᠳᠤᠯᠭ᠎ᠠ ᠶᠢᠨ | ᠬᠡᠪᠴᠢᠶᠠᠨ ᠳᠠᠬᠢ ᠳᠠᠩᠰᠠᠨ ᠠᠴᠠ ᠲᠠᠶᠢᠯᠬᠤ ᠬᠠᠷᠢᠴᠠᠯ ᠢ 50% ᠳᠤ ᠬᠦᠷᠬᠡᠨ᠎ᠡ᠃ ᠵᠡᠮᠳᠡᠭᠴᠦᠳ ᠤᠨ | ᠡᠷᠡᠭᠦᠯᠵᠢᠯ ᠤᠨ ᠲᠥᠪ ᠤᠨ ᠪᠠᠶᠢᠭᠤᠯᠤᠯᠲᠠ ᠶᠢ ᠡᠬᠢᠯᠡᠭᠦᠯᠵᠦ ᠤᠶᠤᠨ ᠤ ᠵᠡᠮᠳᠡᠭᠴᠦᠳ ᠪᠠ ᠵᠡᠮᠳᠡᠭ ᠬᠡᠤᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ | ᠰᠣᠶᠣᠯ ᠤᠨ ᠦᠢᠯᠡᠰ ᠢ ᠴᠡᠴᠡᠭᠯᠡᠭᠦᠯᠦᠨ ᠬᠦᠭᠵᠢᠬᠦᠯᠦᠨ᠎ᠡ᠃ ᠤᠯᠠᠭᠠᠨᠮᠥ᠋ᠴᠢᠷ ᠪᠠᠶᠢᠭᠤᠯᠤᠭᠳᠠᠭᠰᠠᠨ 60 | ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠠᠷᠠᠳ ᠤᠨ ᠳᠤᠮᠳᠠᠬᠢ | ᠤᠳᠬ᠎ᠠ ᠤᠷᠠᠯᠢᠭ ᠤᠨ ᠲᠤᠷ᠎ᠠ ᠪᠠᠭ᠋ᠠᠳᠠᠳ᠂ ᠰᠣᠶᠣᠯ ᠤᠨ ᠡᠷᠦᠬᠡ ᠪᠠ ᠠᠷᠠᠳ ᠤᠨ ᠤᠳᠬ᠎ᠠ ᠤᠷᠠᠯᠢᠭ ᠤᠨ | ᠪᠦᠯᠬᠦᠮ ᠢ ᠳᠠᠶᠢᠴᠢᠯᠠᠨ ᠨᠥᠬᠦᠴᠡᠯ ᠲᠠᠢ ᠰᠤᠮᠤ ᠪᠠᠯᠭᠠᠰᠤᠨ ᠤ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ | ᠡᠩᠨᠡᠭᠡ ᠶᠢ ᠵᠣᠬᠢᠶᠠᠨ ᠪᠠᠶᠢᠭᠤᠯᠬᠤ ᠶᠢ ᠲᠡᠳᠬᠦᠨ ᠳᠡᠮᠵᠢᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ | ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠬᠡᠨ ᠢᠶᠠᠷ ᠥᠷᠨᠢᠭᠦᠯᠦᠨ᠎ᠡ᠃ ᠪᠣᠳᠠᠰ ᠤᠨ ᠪᠤᠰᠤ ᠰᠣᠶᠣᠯ ᠤᠨ | ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠦ ︽ᠣᠷᠳᠣᠰ ᠠᠷᠠᠳ ᠤᠨ ᠳᠠᠭᠤᠤ ᠶᠢᠨ ᠡᠬᠢ ᠰᠤᠷᠪᠤᠯᠵᠢ︾᠂ | ︽ᠦᠤᠰᠢᠨᠵᠦᠦ ᠪᠤᠯᠤᠨ ᠪᠤᠷᠤᠯᠲᠠᠢ︾ ᠵᠡᠷᠭᠡ ᠨᠣᠮ ᠪᠢᠴᠢᠭ ᠪᠠ ᠺᠢᠨᠣ᠋ ᠲᠧᠯᠸᠢᠰ ᠤᠨ ᠪᠦᠲᠦᠭᠡᠯ ᠢ ᠲᠢᠭᠯᠡᠨ | ᠡᠮᠬᠢᠳᠬᠡᠵᠣ ᠬᠡᠪᠯᠡᠭᠦᠯᠦᠨ᠎ᠡ᠃ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠶᠢ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ ᠣᠷᠳᠣᠨ᠂ ᠰᠤᠷᠭᠠᠭᠤᠯᠢ ᠶᠢ ᠬᠠᠮᠲᠤᠪᠠᠷ | ᠪᠠᠶᠢᠭᠤᠯᠬᠤ ᠵᠠᠭᠪᠤᠷ ᠢ ᠬᠡᠷᠡᠭᠵᠢᠭᠦᠯᠦᠨ ᠠᠷᠠᠳ ᠤᠨ ᠳᠤᠮᠳᠠᠬᠢ ᠰᠣᠶᠣᠯ ᠤᠨ ᠦᠵᠡᠰᠬᠦᠯᠡᠩ ᠤᠨ ᠰᠢᠰᠲ᠋ᠧᠮ ᠤᠨ | ᠪᠠᠶᠢᠭᠤᠯᠤᠯᠲᠠ ᠶᠢ ᠳᠠᠮᠵᠢᠵᠤ ᠰᠣᠶᠣᠯ ᠢᠶᠠᠷ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠦᠦᠰᠢᠨᠵᠦᠦ | ᠰᠦᠮ᠎ᠡ ᠶᠢ ᠬᠠᠮᠠᠭᠠᠯᠠᠵᠤ ᠰᠡᠯᠪᠢᠨ ᠵᠠᠰᠠᠨ᠎ᠡ᠃ | ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠠᠵᠤ ᠠᠬᠤᠶᠢᠯᠡᠯ ᠪᠠ ᠠᠯᠪᠠᠨ ᠪᠠᠶᠢᠭᠤᠯᠭ᠎ᠠ ᠠᠵᠢᠯ ᠣᠶᠢᠯᠡᠰ ᠤᠨ ᠨᠢᠬᠡᠴᠢ ᠶᠢᠨ ᠠᠵᠢᠯ ᠠᠴᠠ | ᠠᠮᠠᠷᠠᠭᠰᠠᠳ ᠤᠨ ᠦᠨᠳᠣᠰᠣᠨ ᠨᠠᠰᠣᠵᠢᠯ ᠤᠨ ᠳᠠᠭᠠᠳᠬᠠᠯ ᠤᠨ ᠮᠦᠩᠬᠦ ᠶᠢ 5% ᠳᠡᠬᠡᠭᠰᠢᠯᠡᠬᠦᠯᠵᠣ ᠬᠤᠳᠠ | ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠪᠠ ᠣᠨᠴᠠ ᠬᠦᠴᠢᠷᠳᠡᠯᠳᠡᠢ ᠬᠦᠮᠦᠰ ᠢ ᠠᠰᠠᠷᠠᠨ | ᠳᠡᠵᠢᠬᠡᠬᠦ ᠪᠠᠷᠢᠮᠵᠢᠶ᠎ᠠ ᠶᠢ ᠵᠣᠬᠢᠰᠳᠡᠢ ᠳᠡᠬᠡᠭᠰᠢᠯᠡᠬᠦᠯᠥᠨ᠎ᠠ᠃ ᠦᠤᠰᠢᠨᠵᠦᠦ ᠠᠰᠠᠷᠠᠨ ᠬᠠᠷᠠᠭᠠᠯᠵᠠᠬᠤ ᠬᠦᠷᠢᠶᠡᠯᠡᠩ ᠪᠠ | 2 ᠨᠡᠶᠢᠭᠡᠮ ᠲᠣᠭᠤᠷᠢᠭ ᠤᠨ ᠡᠳᠦᠷ ᠢᠶᠠᠷ ᠬᠠᠷᠠᠭᠠᠯᠵᠠᠬᠤ ᠲᠦᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ | ᠪᠠᠲᠤ ᠶᠢᠨ ᠲᠤᠬᠤᠢ ᠠᠰᠠᠷᠠᠨ ᠬᠠᠷᠠᠭᠠᠯᠵᠠᠬᠤ ᠬᠦᠷᠢᠶᠡᠯᠡᠩ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠬᠦᠯᠦᠨ᠎ᠡ᠃ | ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠠᠵᠢᠯ ᠤᠨ ᠲᠡᠷᠢᠬᠦᠨ ᠤ ᠬᠤᠰᠢᠭᠤ | ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠬᠡᠯ ᠢ ᠪᠠᠲᠤᠳᠬᠠᠵᠤ ᠮᠣᠩᠭᠤᠯ ᠬᠢᠲᠠᠳ ᠡᠮᠨᠡᠯᠭᠡ ᠶᠢᠨ | ᠪᠠᠶᠢᠭᠤᠯᠤᠮᠵᠢ ᠶᠢᠨ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾ ᠶᠢ ᠵᠣᠷᠢᠭᠵᠢᠭᠤᠯᠵᠤ ᠣᠳᠣ ᠶᠢᠨ ᠪᠠᠶᠢᠭ᠎ᠠ | ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠲᠥᠬᠦᠭᠡᠷᠦᠮᠵᠢ ᠪᠠᠨ ᠰᠠᠶᠢᠵᠢᠷᠠᠭᠤᠯᠤᠨ ᠭᠡᠷ ᠲᠡᠭᠡᠨ | ᠰᠠᠭᠤᠵᠤ ᠪᠠᠶᠢᠭ᠎ᠠ 12349 ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠠᠭᠤᠯᠭ᠎ᠠ ᠪᠠᠨ ᠥᠷᠭᠡᠳᠬᠡᠵᠦ ᠬᠡᠷ | ᠪᠦᠯᠢ᠂ ᠨᠡᠶᠢᠭᠡᠮ ᠲᠣᠭᠤᠷᠢᠭ ︵ᠬᠠᠷᠢᠯᠴᠠᠨ ᠬᠠᠪᠰᠤᠷᠤᠯᠴᠠᠭᠰᠠᠨ︶᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ | ᠬᠠᠷᠢᠯᠴᠠᠨ ᠨᠥᠬᠦᠪᠥᠷᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠪ ᠤᠨ ᠠᠮᠤᠷ ᠲᠦᠪᠰᠢᠨ ᠤ | ᠣᠶᠢᠯᠠᠭᠠᠭᠳᠠᠬᠤᠨ ᠢ ᠪᠤᠢ ᠪᠣᠯᠭᠠᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠤᠰᠤ | ᠬᠡᠢ ᠶᠢᠨ ᠬᠤᠭᠤᠯᠠᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠤᠨ | ᠪᠠᠴᠢᠮ ᠪᠠᠶᠢᠳᠠᠯ ᠢ ᠰᠶᠢᠳᠪᠤᠷᠢᠯᠡᠬᠦ ᠬᠠᠮᠢᠶᠠᠷᠤᠯᠲᠠ ᠶᠢᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ ᠡᠯ᠎ᠡ | ᠲᠦᠷᠦᠯ ᠤᠨ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠣᠶ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠬᠤ᠂ ᠴᠠᠬᠢᠯᠭᠠᠨ | ᠬᠤᠯᠪᠣᠭ᠎ᠠ ᠪᠠᠷ ᠮᠡᠬᠡᠯᠡᠬᠦ ᠪᠠ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠵᠦᠢᠯᠡᠰ ᠢ ᠨᠡᠶᠢᠳᠡᠯᠡᠬᠦ᠂ | ᠥᠳᠥᠭᠡᠯᠭᠡ ᠶᠢᠨ ᠴᠢᠨᠠᠷᠲᠠᠶ ᠶᠠᠷᠢᠶ᠎ᠠ ᠬᠡᠯᠡᠯᠴᠡᠭᠡ ᠬᠢᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ | ᠵᠢᠯᠣᠭᠤᠳᠬᠤ ᠶᠢ ᠴᠢᠩᠭ᠎ᠠ ᠴᠡᠭᠴᠡᠯᠡᠨ ᠵᠠᠰᠠᠵᠦ ᠵᠠᠮ ᠬᠠᠷᠢᠯᠴᠠᠭᠠᠨ ᠤ ᠲᠤᠬᠢᠶᠠᠨ ᠳ᠋ᠧᠩ᠂ ᠲᠤᠭᠳᠠᠮᠠᠯ ᠵᠠᠢ ᠳᠠᠬᠢ | ᠬᠤᠷᠳᠤᠴᠠ ᠶᠢ ᠬᠡᠮᠵᠢᠬᠦ ᠵᠡᠷᠭᠡ ᠠᠶᠤᠯᠬᠦᠢ ᠶᠢᠨ ᠲᠦᠬᠦᠭᠡᠷᠦᠮᠵᠢ ᠶᠢ ᠳᠡᠭᠦᠯᠳᠡᠷᠵᠢᠬᠦᠯᠵᠦ ᠠᠮᠤᠷ ᠲᠦᠪᠰᠢᠨ | ᠲᠣᠭᠲᠠᠭᠤᠨ ᠣᠷᠴᠢᠨ ᠢ ᠪᠣᠶ ᠪᠣᠯᠭᠠᠨ᠎ᠠ᠃ ᠲᠣᠮᠣ ᠳ᠋ᠠᠶᠢᠲ᠋ᠠ᠂ ᠣᠶᠤᠨᠴᠢ ᠪᠠᠷ ᠢᠯᠭᠠᠨ ᠲᠠᠨᠢᠬᠤ ᠠᠷᠭ᠎ᠠ ᠪᠠᠷᠢᠯ ᠤᠨ | ᠬᠡᠷᠡᠭᠯᠡᠯᠲᠡ ᠶᠢ ᠴᠢᠩᠭᠠᠳᠬᠠᠵᠤ ᠭᠤᠤᠯ ᠪᠣᠯᠬᠤ ᠵᠠᠮ ᠤᠨ ᠠᠭᠤᠯᠵᠠᠷ᠂ ᠰᠤᠷᠭᠠᠭᠤᠯᠢ ᠶᠢᠨ ᠬᠦᠷᠢᠶ᠎ᠡ ᠵᠡᠷᠭᠡ | ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ | ︽ᠤᠶᠤᠨᠴᠢ ᠦᠦᠰᠢᠨ︾ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠠᠷᠠᠳ ᠣᠯᠠᠨ ᠤ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ | ᠰᠢᠨᠡᠳᠬᠡᠵᠦ ᠨᠤᠲᠤᠭ ᠤᠨ ᠭᠠᠷᠤᠯᠳᠠᠳᠣ ᠢᠳᠡᠭᠡᠨ ᠢ ᠰᠤᠭᠤᠴᠢᠨ ᠪᠠᠶᠢᠴᠠᠭᠠᠬᠤ ᠳᠠᠪᠳᠠᠮᠵᠢ ᠪᠠᠨ ᠨᠡᠮᠡᠭᠳᠡᠭᠦᠯᠤᠨ | ᠢᠳᠡᠬᠡᠨ ᠣᠮᠳᠠᠭᠠᠨ ᠢ ᠮᠦᠷᠳᠡᠨ ᠪᠠᠶᠢᠴᠠᠭᠠᠬᠤ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ | ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠨᠠᠢᠮᠠᠨ ᠮᠣᠵᠢ ᠣᠷᠣᠨ ᠤ | ᠴᠥᠭᠡᠨ ᠲᠣᠭᠠᠲᠤ ᠦᠨᠳᠦᠰᠦᠲᠡᠨ ᠤ ᠲᠧᠯᠸᠢᠰ ᠱᠤᠭ ᠵᠦᠴᠦᠭᠡ ᠶᠢᠨ ᠤᠷᠤᠯᠳᠤᠭᠠᠨ ᠢ ᠳᠠᠭᠠᠭᠠᠨ ᠡᠷᠬᠢᠯᠡᠵᠦ | ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠨ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ ︽ᠬᠤᠶᠠᠷ ᠢ ᠬᠦᠷᠢᠶᠡᠯᠡᠬᠦ︾ ᠡᠭᠦᠳᠦᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠣᠯᠤᠨ ᠠᠵᠢᠯᠲᠠᠨ ᠠᠵᠢᠯᠴᠢᠨ ᠤ ᠪᠣᠯᠪᠠᠰᠤᠷᠠᠯ ᠢ ᠴᠢᠩᠭᠠᠳᠬᠠᠵᠤ ᠭᠠᠯᠠᠭᠤᠲᠤ ᠪᠠᠯᠭᠠᠰᠣᠨ | ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠫᠠᠶᠢᠰᠠ ᠶᠢ ᠴᠡᠭᠴᠡᠯᠡᠨ ᠵᠠᠰᠠᠵᠦ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ | ᠰᠠᠶᠢᠳᠣᠷ ᠬᠢᠨ᠎ᠡ᠃ | ᠮᠠᠨ ᠤ ᠬᠤᠰᠢᠭᠤᠨ ᠤ ᠬᠦᠭᠵᠢᠯᠳᠡ ᠶᠢᠨ ᠪᠣᠳᠠᠳᠣ ᠪᠠᠶᠢᠳᠠᠯ ᠳᠤ ᠰᠠᠭᠤᠷᠢᠯᠡᠨ ᠣᠯᠣᠰ ᠤᠨ ᠬᠦᠭᠵᠢᠯᠳᠡ ᠶᠢᠨ | ᠪᠠᠶᠢᠯᠳᠣᠬᠤ ᠪᠣᠳᠣᠯᠭ᠎ᠠ ᠶᠢᠨ ᠳᠣᠭᠤᠷᠢᠨ ᠳᠤ ᠴᠢᠨᠡᠷ ᠰᠠᠶᠢᠳᠠᠢ ᠬᠦᠭᠵᠢᠯᠳᠡ ᠪᠠ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠦᠯᠬᠢᠨ ᠠᠬᠢᠭᠤᠯᠬᠤ ᠶᠢ ᠳᠣᠪᠣᠶᠢᠯᠭᠠᠨ ᠬᠦᠭᠵᠢᠯᠳᠡ ᠶᠢᠨ | ᠠᠵᠠ ᠳᠣᠬᠢᠶᠠᠯ ᠢ ᠰᠢᠨᠵᠢᠯᠡᠬᠦ ᠣᠬᠠᠭᠠᠨᠴᠢ ᠪᠠᠷ ᠰᠣᠳᠣᠯᠣᠨ ᠮᠠᠭᠠᠳᠯᠠᠵᠣ ︽ᠠᠷᠪᠠᠨ ᠲᠦᠷᠪᠡᠳᠣᠬᠡᠷ ᠳᠠᠪᠣᠨ ᠵᠢᠯ︾ | ᠤᠨ ᠲᠥᠯᠥᠪᠵᠢᠬᠦᠯᠬᠡ ᠶᠢ ᠴᠢᠨᠡᠷ ᠰᠠᠶᠢᠳᠠᠢ ᠨᠠᠶᠢᠷᠠᠭᠤᠯᠣᠨ ᠳᠣᠭᠳᠠᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠲᠦᠷᠭᠡᠳᠬᠡᠨ ᠬᠤᠪᠢᠷᠠᠭᠤᠯᠵᠦ ᠵᠠᠰᠠᠭ ᠵᠠᠬᠢᠷᠭᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠣᠨ ᠵᠠᠰᠠᠭ ᠵᠠᠬᠢᠷᠭᠠᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠡᠷᠬᠡ ᠶᠢᠨ ᠬᠢᠵᠠᠭᠠᠷᠯᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠨ | ᠵᠠᠰᠠᠭ ᠤᠨ ᠣᠷᠳᠣᠨ ᠤ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠦᠯᠬᠢᠨ ᠠᠬᠢᠭᠤᠯᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠤᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ | ᠤᠬᠠᠭᠠᠨ ᠢᠶᠠᠨ ᠵᠡᠪᠰᠡᠭᠯᠡᠵᠦ ᠦᠢᠯᠡᠳᠦᠯᠭᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ ︽ | ᠳᠦᠷᠪᠡᠨ ᠤᠬᠠᠮᠰᠠᠷ︾ ᠢ ᠪᠠᠲᠤ ᠪᠤᠢ ᠪᠣᠯᠭᠠᠨ ︽ᠳᠦᠷᠪᠡᠨ ᠢᠲᠡᠭᠡᠯ︾ ᠢᠶᠠᠨ ᠪᠠᠲᠤᠳᠬᠠᠵᠦ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠤᠨ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠲᠠᠯ᠎ᠠ᠂ ᠡᠯ᠎ᠡ ᠭᠤᠭᠴᠤᠭ᠎ᠠ ᠳᠤ ᠢᠯᠡᠷᠡᠭᠦᠯᠵᠦ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠠ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ | ᠲᠤᠷᠰᠢᠳᠠ ᠶᠢᠨ ᠰᠡᠳᠦᠪ ᠪᠣᠯᠭᠠᠵᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠷ ᠨᠠᠮᠴᠢ ᠴᠢᠨᠠᠷ ᠢ ᠰᠢᠮᠡᠵᠢᠭᠦᠯᠵᠦ ᠬᠥᠳᠡᠯᠭᠡᠬᠦ ᠬᠦᠴᠦᠨ ᠢ ᠬᠥᠭᠵᠢᠭᠡᠨ ᠵᠠᠰᠠᠭ ᠤᠨ | ᠣᠷᠳᠣᠨ ᠤ ᠡᠯ᠎ᠡ ᠲᠦᠷᠦᠯ ᠤᠨ ᠠᠵᠢᠯ ᠢ ᠨᠠᠩ ᠰᠠᠶᠢᠲᠤᠷ ᠨᠠᠶᠢᠳᠠᠪᠤᠷᠢᠵᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ | ᠰᠡᠳᠬᠢᠬᠦᠶ ᠪᠠᠨ ᠴᠢᠩᠭᠠᠳᠬᠠᠵᠦ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ᠶᠢᠨ ᠡᠯ᠎ᠡ ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠠᠤᠯᠢ ᠶᠣᠰᠣᠭᠠᠷ | ᠰᠶᠢᠳᠪᠤᠷᠢᠲᠤ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠲᠦᠷᠢᠮᠵᠢᠬᠦᠯᠦᠨ᠎ᠡ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠲᠠ᠂ | ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ | ᠰᠠᠶᠢᠲᠤᠷ ᠬᠢᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠵᠤ ᠪᠢᠯᠧᠲ | ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠵᠣᠬᠢᠶᠠᠨ ᠪᠠᠶᠢᠭᠤᠯᠤᠨ ᠰᠠᠶᠢᠲᠤᠷ | ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠳᠦᠷᠢᠮ ᠢ ᠲᠡᠭᠦᠯᠳᠡᠷᠵᠢᠭᠦᠯᠵᠦ ᠳᠦᠷᠢᠮ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠰᠣᠮᠣ ᠪᠠᠯᠭᠠᠰᠣ ᠵᠢᠴᠢ ᠭᠠᠴᠠᠭ᠎ᠠ ᠳᠣᠰᠬᠤᠨ ᠤ ᠬᠠᠣᠯᠢ | ᠰᠣᠷᠴᠣ ᠬᠠᠣᠯᠢ ᠬᠡᠷᠡᠭᠯᠡᠬᠦ ᠲᠦᠷᠢᠮ ᠢ ᠨᠠᠶᠢᠳᠠᠪᠣᠷᠢᠵᠢᠭᠤᠯᠬᠤ ᠶᠢ ᠴᠢᠩᠭᠠᠳᠬᠠᠵᠣ ᠦᠨᠳᠣᠰᠣᠨ ᠱᠠᠳᠣᠨ ᠤ ᠠᠵᠢᠯᠳᠠᠠ | ᠠᠵᠢᠯᠴᠢᠳ ᠤᠨ ᠬᠠᠣᠯᠢ ᠶᠣᠰᠣᠭᠠᠷ ᠡᠬᠦᠷᠬᠡ ᠳᠣᠰᠢᠶᠠᠯ ᠢᠶᠠᠨ ᠬᠦᠢᠴᠡᠳᠬᠡᠬᠦ ᠴᠢᠳᠠᠪᠣᠷᠢ ᠶᠢ ᠳᠡᠬᠡᠭᠰᠢᠯᠡᠬᠦᠯᠥᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃ ︽ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠲᠦᠷᠢᠮᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ 26 ᠲᠤᠷᠰᠢᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠢ | ᠢᠯᠡ ᠪᠣᠯᠭᠠᠬᠤ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠤᠨ ᠲᠤᠭᠲᠠᠭᠠᠵᠦ ᠢᠯᠡ ᠪᠣᠯᠭᠠᠬᠤ | ᠬᠡᠪᠴᠢᠶ᠎ᠡ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠵᠦ ᠵᠠᠰᠠᠭ ᠵᠠᠬᠢᠷᠭᠠᠨ ᠤ ᠰᠶᠢᠳᠪᠤᠷᠢᠲᠤ ᠪᠣᠳᠣᠯᠭ᠎ᠠ᠂ | ᠬᠡᠷᠡᠭᠵᠢᠭᠦᠯᠤᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ ᠠᠬᠢᠭᠤᠯᠤᠨ ᠢᠯᠡ | ᠪᠣᠯᠭᠠᠬᠤ ᠪᠠᠷ ᠡᠷᠭᠡ ᠳᠡᠭᠰᠢ ᠶᠢ ᠠᠬᠢᠭᠤᠯᠬᠤ᠂ ᠢᠯᠡ ᠲᠤᠳᠤ ᠪᠠᠷ ᠲᠦᠪ ᠭᠤᠤᠯᠴᠢ ᠶᠢ ᠠᠬᠢᠭᠤᠯᠬᠤ ᠪᠠᠷ | ᠴᠢᠷᠮᠠᠶᠢᠨ᠎ᠠ᠃ | ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠨ᠎ᠠ᠃ ᠣᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠦᠮᠴᠢᠯᠡᠯᠲᠤ ᠡᠳ᠋ ᠬᠥᠷᠥᠩᠭᠡ᠂ ᠤᠯᠤᠰ ᠤᠨ ᠥᠮᠴᠢᠯᠡᠯᠲᠤ ᠡᠬᠢ ᠪᠠᠶᠠᠯᠢᠭ ᠵᠡᠷᠭᠡ ᠬᠦᠷᠢᠶ᠎ᠡ | ᠴᠠᠷᠠᠭᠠᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠵᠦ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠶᠢ ᠴᠢᠩᠭᠠᠳᠬᠠᠵᠤ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ | ᠲᠦᠷᠦᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠤᠨ ᠰᠠᠯᠠᠭ᠎ᠠ ᠮᠥᠴᠢᠷ ᠤᠨ ᠲᠠᠰᠤᠭ ᠤᠨ ︽ᠪᠢᠴᠢᠯ | ᠢᠯᠵᠠᠷᠠᠯ︾᠂ ᠵᠢᠳᠭᠦᠯ ᠴᠢᠷᠮᠠᠶᠢᠯᠭ᠎ᠠ ᠭᠠᠷᠭᠠᠬᠤ ᠦᠬᠡᠢ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠎ᠠ᠃ | ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠵᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ | ᠡᠰᠡᠷᠭᠦᠴᠡᠨ ᠠᠵᠢᠯ ᠤᠨ ᠨᠠᠶᠢᠳᠠᠪᠤᠷᠢᠵᠢᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠦᠨ᠎ᠡ᠃ | ᠺᠠᠳ᠋ᠷ ᠤᠨ ᠬᠦᠮᠦᠵᠢᠯ ᠬᠠᠮᠢᠶᠠᠷᠤᠯᠲᠠ ᠶᠢ ᠴᠢᠩᠭᠠᠳᠬᠠᠨ ᠠᠷᠢᠭᠤᠨ ᠴᠢᠬᠡᠴᠢ ᠪᠠᠷ ᠠᠵᠢᠯ ᠬᠢᠵᠦ ᠠᠷᠢᠭᠤᠨ | ᠴᠢᠬᠡᠴᠢ ᠪᠠᠷ ᠬᠥᠮᠤᠨ ᠪᠤᠯᠵᠤ ᠠᠷᠠᠳ ᠲᠦᠮᠡᠨ ᠤ ᠠᠯᠪᠠᠨ ᠵᠠᠷᠤᠴᠠ ᠶᠢᠨ ᠴᠣᠯᠠ ᠶᠢ ᠬᠥᠰᠡᠷᠳᠡᠭᠦᠯᠬᠦ ᠦᠭᠡᠢ ᠪᠠᠶᠢᠬᠤ | ᠪᠠᠷ ᠴᠢᠷᠮᠠᠶᠢᠨ᠎ᠠ᠃ | ᠲᠥᠯᠥᠭᠡᠯᠡᠭᠴᠢᠳ ᠡ᠂ ᠨᠥᠬᠦᠳ ᠡ᠂ ᠬᠠᠪᠤᠷ ᠤᠨ ᠤᠷᠢᠨ ᠪᠤᠯᠵᠦ ᠠᠭᠤᠯᠠ ᠣᠰᠣ ᠬᠦᠭᠡᠷᠤᠨ ᠡᠪᠡᠰᠤ | ᠮᠤᠳᠤ ᠨᠠᠬᠢᠶᠠᠯᠤᠮᠤᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠡᠳᠬᠢᠯ | ᠨᠢᠭᠡᠳᠤᠨ ᠬᠠᠮᠲᠤ ᠪᠠᠷ ᠴᠢᠷᠮᠠᠶᠢᠵᠦ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ | ᠪᠠᠶᠢᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ︕ | | | | |