5 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠬᠤ ᠶᠢ ᠲᠥᠪᠯᠡᠷᠡᠭᠦᠯᠦᠨ ᠪᠠᠶᠢᠴᠠᠭᠠᠵᠤ ᠰᠢᠯᠭᠠᠨ ᠲᠣᠭᠲᠠᠭᠠᠬᠤ ᠠᠵᠢᠯ ᠳᠤ | ᠲᠤᠰᠬᠠᠶ ᠰᠡᠳᠤᠪᠳᠤ ᠲᠤᠭᠢᠷᠠᠭᠤᠯᠤᠯᠳᠠ ᠭᠢᠵᠤ ᠠᠰᠠᠭᠤᠳᠠᠯ ᠳᠤ ᠵᠣᠷᠢᠭᠲᠠᠶ ᠪᠠᠷ ᠰᠢᠭᠤᠳ ᠬᠠᠨᠳᠤᠨ ᠴᠢᠩᠭ᠎ᠠ | ᠨᠢᠮᠪᠠᠶ ᠠᠵᠢᠯ ᠤᠨ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠭᠦ ᠭᠡᠷᠡᠭᠳᠠᠢ ᠭᠡᠵᠦ ᠴᠢᠬᠤᠯᠠᠴᠢᠯᠠᠪᠠ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠲᠥᠪᠯᠡᠷᠡᠭᠦᠯᠦᠨ ᠪᠠᠶᠢᠴᠠᠭᠠᠬᠤ ᠪᠣᠯ ᠡᠯ᠎ᠡ ᠱᠠᠲᠤᠨ ᠤ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠠᠵᠢᠯ ᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠴᠢᠬᠤᠯᠠ ᠬᠡᠯᠪᠡᠷᠢ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠠᠰᠤ ᠴᠢᠨᠠᠷ ᠢ ᠪᠠᠬᠢᠵᠢᠭᠦᠯᠦᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠪᠠᠶᠢᠴᠠᠭᠠᠬᠤ ᠠᠵᠢᠯ ᠤᠨ | ᠳᠤᠭᠤᠶᠢᠯᠠᠩ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠰᠠᠭᠤᠳᠠᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ︽ᠬᠤᠶᠠᠷ ᠲᠤ ᠵᠤᠪᠠᠭ᠋ᠤ ᠥᠬᠡᠶ ᠭᠤᠷᠪᠠ ᠶᠢ ᠪᠠᠲᠤᠯᠠᠬᠤ︾ ᠶᠢ | ᠪᠠᠷᠢᠮᠵᠢᠶ᠎ᠠ ᠳᠤ ᠬᠦᠷᠭᠡᠬᠦ᠂ ᠬᠠᠪᠰᠤᠷᠤᠨ ᠳᠡᠳᠬᠦᠭᠰᠡᠨ ᠬᠠᠨᠤᠮᠵᠢ ᠶᠢᠨ ᠬᠡᠮᠵᠢᠶ᠎ᠡ᠂ ᠬᠠᠪᠰᠤᠷᠤᠨ ᠲᠡᠳᠬᠦᠬᠦ | ᠬᠠᠷᠢᠭᠤᠴᠠᠯᠭᠠᠳᠠᠨ ᠤ ᠡᠭᠦᠷᠭᠡ ᠲᠤᠰᠢᠶᠠᠯ ᠢᠶᠠᠨ ᠭᠥᠢᠴᠡᠳᠭᠡᠭᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ | ᠥᠬᠡᠶ ᠲᠠᠯ᠎ᠠ ᠪᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠰᠠᠭᠤᠳᠠᠯ ᠢ ᠴᠠᠭ ᠲᠤᠬᠠᠶ ᠳᠤᠨᠢ | ᠢᠯᠠᠷᠠᠭᠦᠯᠤᠨ ᠬᠠᠷᠢᠭᠤ ᠲᠤᠰᠬᠠᠵᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠪᠠᠶᠢᠴᠠᠭᠠᠬᠤ ᠠᠵᠢᠯ ᠢ ᠰᠠᠶᠢᠲᠤᠷ ᠬᠢᠵᠦ | ᠪᠣᠳᠠᠲᠤ ᠦᠷ᠎ᠡ ᠪᠦᠲᠦᠮᠵᠢ ᠠᠴᠠ ᠨᠠᠶᠢᠳᠠᠪᠤᠷᠢᠵᠢᠭᠤᠯᠤᠯᠲᠠ ᠶᠢ ᠦᠵᠡᠵᠦ ᠨᠠᠶᠢᠳᠠᠪᠤᠷᠢᠵᠢᠭᠤᠯᠤᠯᠳᠠ ᠠᠴᠠ | ᠬᠠᠷᠢᠭᠤᠴᠠᠯᠭ᠎ᠠ ᠶᠢ ᠦᠵᠡᠵᠦ ᠠᠰᠠᠭᠤᠳᠠᠯ ᠢ ᠪᠠᠶᠢᠴᠠᠭᠠᠬᠤ ᠶᠢ ᠨᠢᠭᠤᠨ ᠳᠠᠯᠳᠠᠯᠠᠬᠤ ᠥᠬᠡᠶ᠂ ᠥᠨᠴᠥᠭ ᠪᠤᠯᠤᠩ | ᠦᠯᠡᠳᠡᠭᠡᠬᠦ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠠᠨ | ᠰᠠᠶᠢᠵᠢᠷᠠᠭᠤᠯᠬᠤ ᠲᠠᠢ ᠤᠶᠠᠯᠳᠤᠭᠤᠯᠤᠨ ᠨᠢᠭᠡ ᠠᠴᠠ ᠨᠦᠬᠦᠭᠡ ᠶᠢ ᠮᠡᠳᠡᠵᠤ ᠪᠠᠷᠢᠨ ᠬᠡᠷᠡᠭᠵᠢᠭᠦᠯᠵᠦ ᠪᠠᠷᠢᠨ | ᠰᠠᠶᠢᠵᠢᠷᠠᠭᠤᠯᠤᠨ ᠡᠯ᠎ᠡ ᠲᠦᠷᠦᠯ ᠤᠨ ᠠᠰᠠᠭᠤᠳᠠᠯ ᠢ ᠥᠨᠠᠨ ᠪᠤᠳᠠᠳᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ | ᠭᠡᠵᠡᠢ᠃ |