2020 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020-05-07
【 2020.4.28 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ   ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠦᠷᠪᠠᠳᠣᠬᠡᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠨᠢᠭᠡ︶                        ᠵᠠᠰᠠᠭ ᠤᠨ ᠤᠷᠳᠤᠨ ᠤ ᠠᠵᠢᠯ ᠤᠨ ᠢᠯᠡᠳᠬᠡᠯ                                        — —  2020 ᠣᠨ ᠤ 4 ᠰᠠᠷ᠎ᠠ ᠶᠢᠨ 28 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠦᠷᠪᠠᠳᠣᠬᠡᠷ  ᠣᠳᠠᠭᠠᠨ ᠤ ᠬᠤᠷᠠᠯᠳᠤᠭᠠᠨ ᠳᠡᠭᠡᠷ᠎ᠡ                                                                                ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ   ᠵᠣᠣ ᠹᠧᠢ ᠯᠤ᠋                                  ᠲᠦᠯᠦᠭᠡᠯᠡᠭᠴᠢᠳ ᠡ᠄     ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠳᠡᠪᠰᠢᠬᠦᠯᠬᠦ ᠪᠤᠯᠪᠠᠤ᠃     ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ     2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠤᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠦᠭᠵᠢᠯᠳᠡ ᠶᠢ ᠠᠬᠢᠭᠤᠯᠬᠤ ᠪᠠ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠠᠶᠠᠯᠡᠬᠦᠯᠬᠦ ᠲᠡᠮᠡᠴᠡᠬᠦ ᠬᠠᠷᠠᠯᠲᠠ ᠶᠢᠨ ᠲᠣᠭᠤᠷᠢᠨ ᠳᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠡᠵᠣ ᠰᠢᠷᠭᠠᠭᠤ ᠬᠠᠲᠠᠭᠤᠵᠢᠯᠲᠠᠶ ᠲᠡᠮᠡᠴᠠᠨ ᠯᠠᠪᠳᠠᠭᠤᠨ ᠪᠠᠲᠤᠲᠠᠶ ᠠᠵᠢᠯᠯᠠᠵᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ  ᠢᠶᠠᠷ ᠲᠣᠭᠲᠠᠭᠠᠭᠰᠠᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠡᠢ᠃     ︵ᠨᠢᠭᠡ︶ ᠠᠵᠣ ᠠᠬᠤᠢ ᠶᠢᠨ ᠡᠷᠬᠢᠯᠳᠡ ᠤᠷᠤᠭᠰᠢᠯᠠᠬᠤ ᠶᠢᠨ ᠳᠤᠮᠳᠠ ᠰᠠᠶᠢᠵᠢᠷᠠᠪᠠ᠃ ᠣᠷᠣᠨ ᠨᠣᠳᠤᠭ ᠤᠨ ᠣᠶᠢᠯᠡᠳᠪᠦᠷᠢᠯᠡᠯ ᠤᠨ ᠶᠡᠷᠦᠩᠬᠡᠶ ᠥᠷᠲᠡᠭ ᠢ 309.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 26.1 ᠳ᠋ᠦᠩᠰᠢᠭᠤᠷ ᠲᠥᠭᠦᠷᠢᠭ ᠪᠡᠶᠡᠯᠡᠭᠦᠯᠵᠦ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠣᠶᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠶᠢ 41.7 ᠳ᠋ᠦᠩᠰᠢᠭᠤᠷ ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ 47671 ᠲᠥᠭᠦᠷᠢᠭ ᠪᠠ 20153 ᠲᠥᠭᠦᠷᠢᠭ ᠬᠦᠷᠬᠡᠵᠣ᠂ ᠠᠳᠠᠯᠢ ᠬᠤᠭᠤᠴᠠᠭᠠᠨ ᠤ ᠬᠢ ᠠᠴᠠ 6.4% ᠪᠠ 10.4% ᠪᠠᠷ ᠨᠡᠮᠡᠭᠳᠡᠪᠡ︔ ᠬᠤᠲᠠ ᠪᠠᠯᠭᠠᠰᠤᠨ ᠤ 1595 ᠬᠥᠮᠦᠨ ᠳᠤ ᠰᠢᠨ᠎ᠡ ᠪᠠᠷ ᠠᠵᠢᠯ ᠣᠯᠭᠤᠵᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.05% ᠳᠣᠳᠣᠷ᠎ᠠ ᠬᠢᠵᠠᠭᠠᠷᠯᠠᠪᠠ᠃ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠥᠷᠲᠡᠭ ᠤᠨ 3 ᠲᠦᠷᠥᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠨᠢᠭᠡᠳᠦᠭᠡᠷ ᠲᠤ ᠪᠠᠶᠢᠷᠢᠯᠠᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠳᠡᠭᠡᠭᠰᠢᠯᠡᠭᠡᠳ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 21 ᠳ᠋ᠦ᠋ᠬᠡᠷ᠂ ᠳᠤᠮᠳᠠᠳᠤ ᠤᠯᠤᠰ ᠤᠨ ᠠᠵᠤ ᠣᠶᠢᠯᠡᠳᠪᠦᠷᠢ ᠶᠢᠨ ᠠᠵᠤ ᠠᠬᠤᠶ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ 43 ᠳ᠋ᠣᠭᠠᠷ ᠲᠤ ᠣᠷᠣᠵᠤ ᠨᠢᠳᠤᠨᠤᠨ ᠤ ᠬᠢ ᠠᠴᠠ ᠳᠣᠰᠪᠣᠷᠢ 1 ᠪᠠ 8 ᠣᠷᠣᠨ ᠳᠠᠪᠰᠢᠵᠣ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠨᠠᠩ ᠢᠯᠡᠷᠬᠡᠶ ᠪᠤᠯᠵᠤ ᠰᠠᠶᠢᠨ ᠬᠠᠨᠳᠣᠰᠢ ᠨᠠᠩ ᠴᠢᠩᠭᠠᠷᠠᠪᠠ᠃     ︵ᠬᠤᠶᠠᠷ︶ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠠᠯᠬᠤᠴᠠ ᠯᠠᠪᠳᠠᠭᠤᠨ ᠪᠠᠳᠣᠳᠡᠢ ᠪᠣᠯᠪᠠ᠃ ᠠᠵᠤ ᠣᠶᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠨᠡᠩ ᠲᠤᠭᠲᠠᠭᠤᠨ ᠪᠣᠯᠪᠠ᠃ᠬᠡᠪᠴᠢᠶᠡᠵᠢᠯ ᠠᠴᠠ ᠳᠡᠭᠡᠭᠰᠢᠬᠢ 21 ᠠᠵᠤ ᠣᠶᠢᠯᠡᠳᠪᠦᠷᠢ ᠶᠢᠨ ᠠᠵᠤ ᠠᠬᠤᠶᠢᠯᠠᠯ 394.3 ᠳ᠋ᠦᠩᠰᠢᠭᠤᠷ ᠲᠥᠭᠦᠷᠢᠭ ᠤᠨ ᠣᠶᠢᠯᠡᠳᠪᠣᠷᠢᠯᠡᠯ ᠤᠨ ᠶᠡᠷᠦᠩᠬᠡᠶ ᠥᠷᠲᠡᠭ ᠢ ᠪᠡᠶᠡᠯᠡᠭᠦᠯᠵᠦ 5.1% ᠪᠠᠷ ᠨᠡᠮᠡᠭᠳᠡᠪᠡ᠃ ᠬᠤᠯᠤᠰᠤ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠣᠯᠵᠤ ᠱᠠᠩ ᠤᠨ ᠬᠤᠭᠤᠯᠠᠢ᠂ ᠮᠠᠩᠬᠢᠰᠣᠨ ᠵᠠᠳᠠᠭᠠᠢ ᠨᠡᠭᠦᠷᠡᠰᠦᠨ ᠠᠭᠤᠷᠬᠠᠢ ᠶᠢ ᠬᠢᠨᠠᠨ  ᠵᠦᠪᠰᠢᠶᠡᠷᠡᠭᠦᠯᠪᠡ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠢ 406 ᠰᠢᠨ᠎ᠡ ᠪᠠᠷ ᠮᠠᠯᠲᠠᠵᠤ ᠰᠣᠪᠣᠷᠭ᠎ᠠ ᠵᠡᠭᠦᠨ ᠳᠠᠯ᠎ᠠ ᠶᠢᠨ 6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠢ ᠬᠠᠳᠠᠭᠠᠯᠠᠬᠤ ᠬᠥᠮᠥᠷᠭᠡ ᠶᠢ ᠠᠰᠢᠭᠯᠠᠯᠲᠠ ᠳᠤ ᠣᠷᠣᠭᠤᠯᠪᠠ᠃ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠬᠢᠮᠢ ᠶᠢᠨ ᠣᠶᠢᠯᠡᠳᠪᠣᠷᠢ ᠶᠢᠨ ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ ᠣᠶᠢᠯᠡᠳᠬᠦ᠂ ᠵᠦᠩ ᠮᠧᠢ ᠪᠦᠯᠥᠭᠯᠡᠯ ᠤᠨ ᠶᠤᠸᠠᠨ ᠰᠢᠩ ᠺᠣᠮᠫᠠᠨᠢ ᠶᠢᠨ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠵᠡᠷᠭᠡ ᠲᠥᠷᠥᠯ ᠵᠦᠢᠯ ᠢ ᠲᠦᠷᠬᠡᠳᠬᠡᠨ ᠪᠦᠳᠦᠬᠡᠨ ᠪᠠᠶᠢᠭᠤᠯᠪᠠ᠃ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠠᠢ ᠨᠥᠬᠦᠷᠰᠡᠭ ᠬᠠᠷᠢᠴᠠᠭ᠎ᠠ ᠪᠠᠶᠢᠭᠤᠯᠪᠠ᠃ ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ 2 ᠨᠡᠮᠡᠭᠳᠡᠭᠦᠯᠪᠠ᠃ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠰᠢᠯᠢᠳᠡᠭᠵᠢᠪᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7.4 ᠲᠦᠮᠡᠨ ᠮᠦ ᠬᠡᠷᠡᠭᠵᠢᠭᠦᠯᠵᠦ ᠲᠦᠬᠦᠬᠡᠷᠣᠮᠵᠢᠳᠣ ᠲᠠᠷᠢᠶᠠᠯᠠᠩ ᠢ ᠰᠢᠨ᠎ᠡ ᠪᠠᠷ 1089 ᠮᠦ ᠳᠠᠷᠢᠵᠣ ᠠᠮᠤ ᠪᠤᠳᠠᠭᠠᠨ ᠤ ᠤᠨᠠᠯᠲᠠ 17.7 ᠲᠦᠮᠡᠨ ᠲᠣᠨ ᠳᠤ ᠬᠦᠷᠪᠡ᠃ ᠣᠷᠳᠣᠰ ᠨᠠᠷᠢᠨ ᠨᠣᠣᠰᠣᠲᠤ ᠬᠤᠨᠢᠨ ᠤ ᠡᠭᠦᠯᠳᠡᠷ ᠪᠤᠶᠢᠵᠢᠭᠤᠯᠬᠤ ᠭᠤᠤᠯ ᠡᠷᠦᠬᠡ ᠶᠢ 80 ᠪᠣᠢ ᠪᠣᠯᠭᠠᠵᠣ ᠰᠠᠶᠢᠨ ᠡᠭᠦᠯᠳᠡᠷ ᠤᠨ 860 ᠠᠩᠬᠢᠰ ᠠᠯᠠᠰᠢᠨ ᠦᠬᠡᠷ ᠢ ᠣᠷᠣᠭᠤᠯᠤᠨ ᠠᠪᠴᠢᠷᠠᠵᠤ ᠭᠠᠭ᠋ᠠᠶ ᠶᠢ ᠣᠯᠠᠰᠢᠷᠠᠭᠤᠯᠣᠨ ᠳᠡᠵᠢᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠤᠨᠢ ᠮᠠᠯ ᠵᠡᠷᠬᠡ ᠬᠡᠷ ᠤᠨ ᠳᠡᠵᠢᠬᠡᠪᠣᠷᠢ ᠶᠢᠨ ᠲᠤᠭ᠎ᠠ ᠶᠢ 116 ᠲᠦᠮᠨ ᠬᠦᠷᠬᠡᠪᠠ᠃ 914 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠳᠤ ᠨᠥᠬᠦᠪᠥᠷᠢ ᠦᠭᠪᠠ᠃ ᠣᠷᠳᠣᠰ ᠨᠠᠷᠢᠨ ᠨᠣᠣᠰᠣᠲᠤ ᠬᠤᠨᠢᠨ ᠤ ᠮᠢᠬ᠎ᠠ᠂ ᠦᠦᠰᠢᠨ ᠤᠯᠠᠭᠠᠨ ᠠᠮᠤ ᠶᠢ ᠭᠠᠵᠠᠷ ᠵᠦᠢ ᠶᠢᠨ ᠪᠡᠯᠭᠡ ᠳᠡᠮᠳᠡᠭᠳᠣ ᠬᠡᠷᠡᠴᠢᠯᠡᠯᠳᠤ ᠲᠠᠸᠠᠷ ᠤᠨ ᠲᠡᠮᠳᠡᠭ ᠢᠶᠠᠷ ᠳᠠᠩᠰᠠᠯᠠᠭᠤᠯᠵᠤ᠂ ᠦᠦᠰᠢᠨ ᠮᠣᠷᠢ ᠶᠢ ᠭᠠᠵᠠᠷ ᠵᠦᠢ ᠶᠢᠨ ᠪᠡᠯᠭᠡ ᠳᠡᠮᠳᠡᠭᠳᠣ ᠪᠠᠷ ᠬᠡᠷᠡᠴᠢᠯᠡᠬᠦᠯᠪᠠ᠃ ᠬᠤᠸᠠᠩ ᠰᠢᠶᠠᠩ ᠳᠡᠮᠳᠡᠭᠳᠣ ᠭᠠᠭ᠋ᠠᠶ ᠵᠡᠷᠭᠡ 7 ᠠᠵᠤ ᠣᠶᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ ᠬᠤᠲᠠ ᠶᠢᠨ ᠱᠠᠲᠤᠨ ᠠᠴᠠ ᠳᠡᠭᠡᠭᠰᠢᠬᠢ 5 ᠳᠣᠯᠣᠭᠠᠶᠢᠯᠠᠬᠤ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ 1000 ᠲᠦᠮᠡᠨ ᠲᠥᠭᠦᠷᠢᠭ ᠤᠨ ᠠᠰᠢᠭ ᠲᠤᠰᠠ ᠶᠢᠨ ᠬᠤᠯᠪᠣᠭᠠᠨ ᠤ ᠪᠡᠯᠡ ᠮᠥᠩᠭᠦ ᠶᠢ 22 ᠠᠵᠤ ᠣᠶᠢᠯᠡᠰ ᠤᠨ ᠲᠥᠷᠥᠯ ᠵᠣᠶᠢᠯ ᠢ ᠳᠡᠮᠵᠢᠬᠦ ᠳᠤ ᠨᠠᠶᠢᠳᠠᠪᠤᠷᠢᠵᠢᠭᠤᠯᠵᠤ᠂ 80% ᠶᠢᠨ ᠭᠠᠴᠠᠭ᠎ᠠ ᠲᠣᠰᠬᠤᠨ ᠢ 2 ᠠᠴᠠ ᠳᠡᠭᠡᠭᠰᠢ ᠬᠠᠮᠲᠤ ᠶᠢᠨ ᠠᠵᠤ ᠠᠬᠤᠶ ᠶᠢᠨ ᠲᠥᠷᠥᠯ ᠵᠣᠶᠢᠯ ᠲᠠᠢ ᠪᠣᠯᠭᠠᠵᠣ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ 600 ᠮᠠᠯᠴᠢᠨ ᠲᠠᠷᠢᠶᠠᠴᠢᠨ ᠢ ᠬᠦᠮᠦᠵᠢᠬᠦᠯᠵᠡᠢ᠃ ᠣᠯᠠᠭᠠᠠᠳᠣᠯᠣᠭᠠᠢ ᠪᠠᠯᠭᠠᠰᠤ ᠪᠥᠬᠦ ᠤᠯᠤᠰ ᠤᠨ ︽ᠨᠢᠭᠡ ᠭᠠᠴᠠᠭ᠎ᠠ ᠲᠣᠰᠬᠤᠨ ᠨᠢᠭᠡ ᠨᠠᠷᠠᠳᠣ ᠳᠡᠮᠳᠡᠭ ᠲᠠᠢ ᠪᠠᠶᠢᠬᠤ︾ ᠵᠢᠱᠢᠶᠠᠴᠢ ᠪᠠᠯᠭᠠᠰᠤ ᠪᠠᠷ ᠦᠨᠡᠯᠡᠭᠳᠡᠪᠡ᠃ ᠤᠳᠤ ᠦᠶ᠎ᠡ ᠶᠢᠨ ᠣᠶᠢᠯᠡᠴᠢᠯᠡᠭᠡᠨ ᠤ ᠣᠶᠢᠯᠡᠰ ᠲᠦᠷᠬᠡᠨ ᠬᠥᠭᠵᠢᠪᠡ᠃ ᠪᠥᠬᠦ ᠣᠷᠣᠨ ᠪᠦᠰᠠ  ᠶᠢᠨ ᠵᠢᠭᠤᠯᠴᠢᠯᠠᠯ ᠤᠨ ᠲᠦᠯᠦᠪᠵᠢᠬᠦᠯᠭᠡ᠂ ᠰᠢᠷᠬᠤᠰᠣ 5A ᠲᠠᠰ ᠤᠨ ᠦᠵᠡᠮᠵᠢ ᠶᠢᠨ ᠣᠷᠣᠨ ᠢ ᠡᠬᠦᠳᠣᠨ ᠪᠠᠶᠢᠭᠤᠯᠬᠤ ᠵᠡᠷᠭᠡ 7 ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠵᠣ ᠬᠤᠪᠢᠰᠬᠠᠯ ᠤᠨ ᠰᠣᠶᠣᠯ ᠢ ᠵᠠᠯᠭᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠢ ᠰᠣᠳᠣᠯᠣᠨ ᠶᠠᠷᠢᠯᠴᠠᠬᠤ ᠬᠤᠷᠠᠯ ᠢ ᠡᠷᠭᠢᠯᠡᠵᠦ ᠵᠢᠭᠤᠯᠴᠢᠯᠠᠭᠰᠠᠳ ᠲᠤ ᠣᠶᠢᠯᠡᠴᠢᠯᠡᠬᠦ ᠲᠥᠪ ᠵᠢᠴᠢ ᠵᠢᠭᠤᠯᠴᠢᠯᠠᠯ ᠤᠨ ᠣᠷᠣᠨ ᠳᠠᠬᠢ ᠵᠣᠷᠯᠣᠩ ᠢ 10 ᠪᠠᠷᠢᠵᠣ ᠰᠢᠷᠬᠤᠰᠣᠨ ᠪᠠᠯᠭᠠᠰᠣᠨ ᠤ ᠪᠠᠲᠤ ᠶᠢᠨ ᠲᠣᠬᠤᠢ ᠲᠣᠰᠬᠤᠨ ᠠᠩᠬᠠᠳᠠᠭᠴᠢ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭᠠᠳᠣ ᠲᠣᠰᠬᠤᠨ ᠢᠶᠠᠷ ᠦᠨᠡᠯᠡᠭᠳᠡᠪᠡ᠃ ᠪᠦᠬᠦ ᠵᠢᠯ ᠳᠤ ᠵᠢᠭᠤᠯᠴᠢᠯᠠᠭᠰᠠᠳ ᠢ 131.9 ᠲᠦᠮᠡᠨ ᠬᠥᠮᠦᠨ ᠤᠳᠠᠭ᠎ᠠ ᠬᠦᠯᠢᠶᠡᠨ ᠵᠣᠴᠢᠯᠡᠵᠣ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 43.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠨᠵᠢᠨᠴᠡᠶᠢᠳᠠᠮ ᠬᠦᠷᠦᠬᠡᠵᠣ ᠬᠦᠯᠳᠡᠬᠡᠬᠦ ᠬᠡᠯᠬᠢᠶᠠᠵᠢᠯ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 6᠂ ᠮᠠᠯᠵᠢᠬᠤ ᠳᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠵᠢᠱᠢᠶᠠᠴᠢ ᠡᠷᠦᠬᠡ ᠶᠢ 10 ᠪᠠᠶᠢᠭᠤᠯᠵᠤ 20 ᠭᠠᠷᠤᠢ ᠲᠦᠷᠥᠯ ᠤᠨ ᠨᠣᠳᠤᠭ ᠤᠨ ᠭᠠᠷᠣᠯᠳᠠᠳᠣ ᠮᠠᠯ ᠤᠨ ᠠᠰᠢᠭ ᠰᠢᠮ᠎ᠡ ᠶᠢᠨ ᠣᠶᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠬᠡᠷ᠎ᠡ ᠪᠠ ᠳᠠᠯᠬᠡᠬᠦᠷ ᠲᠤ ᠵᠡᠷᠭᠡᠪᠡᠷ ᠪᠣᠷᠣᠯᠠᠭᠤᠯᠵᠣ ᠪᠠᠶᠢᠨ᠎ᠠ᠃     ︵ᠭᠤᠷᠪᠠ︶ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠤᠭᠠᠨ ᠵᠠᠩᠬᠢᠯᠠᠭ᠎ᠠ ᠶᠢᠨ ᠠᠬᠢᠴᠠ ᠲᠠᠢ ᠪᠣᠯᠪᠠ ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠣᠷᠣᠨ ᠨᠤᠲᠤᠭ ᠤᠨ ᠵᠠᠰᠠᠭ ᠤᠨ ᠣ‌‍ᠷᠳᠣᠨ ᠤ ᠲᠤᠰᠬᠠᠶ ᠲᠦᠷᠥᠯ ᠤᠨ ᠵᠢᠭᠡᠯᠡᠯᠭᠡ ᠶᠢᠨ ᠲᠡᠮᠳᠡᠭᠲᠦ ᠶᠢ 6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ ᠣᠨ ᠤ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ 163.8% ᠪᠠᠷ ᠪᠡᠶᠡᠯᠡᠭᠦᠯᠵᠦ 5400 ᠲᠦᠮᠡᠨ ᠲᠥᠭᠦᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠ ᠶᠢ ᠴᠡᠶᠢᠷᠠᠭᠤᠯᠣᠭᠠᠳ ᠳᠠᠪᠠᠭᠤᠯᠣᠨ ᠪᠠᠶᠡᠯᠡᠬᠦᠯᠵᠣ ︽ᠠᠷᠪᠠ ᠶᠢ ᠪᠦᠷᠬᠦᠭᠦᠯᠬᠦ︾ ᠢᠨᠵᠧᠨᠧᠷᠢᠩ ᠲᠠᠢ ᠰᠢᠭᠤᠳ ᠬᠤᠯᠪᠣᠭᠳᠠᠬᠤ ᠦᠷᠢ ᠰᠢᠷᠢ ᠶᠢ ᠪᠦᠬᠦᠨ ᠢ ᠢᠯᠭᠠᠷᠠᠭᠤᠯᠪᠠ᠃ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠴᠣᠭᠯᠠᠭᠤᠯᠣᠭᠰᠠᠨ 9 ᠬᠡᠷᠡᠭ ᠤᠨ ᠬᠡᠷᠡᠭ ᠲᠤ ᠬᠤᠯᠪᠤᠭᠳᠠᠭᠰᠠᠨ ᠡᠳ᠋ ᠬᠥᠷᠥᠩᠭᠡ ᠶᠢ ᠨᠢ ᠰᠢᠢᠳᠪᠣᠷᠢᠯᠡᠬᠦ ᠶᠠᠪᠣᠴᠠ ᠳᠤ ᠣᠷᠣᠭᠤᠯᠪᠠ᠃ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ 1.46 ᠳ᠋ᠦᠩᠰᠢᠭᠤᠷ ᠲᠥᠭᠦᠷᠢᠭ ᠪᠣᠴᠠᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠪᠠᠲᠤᠳᠬᠠᠵᠣ 1600 ᠭᠠᠷᠤᠢ ᠲᠦᠮᠡᠨ ᠲᠦᠬᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ 26 ᠠᠵᠤ ᠦᠢᠯᠡᠰ ᠤᠨ ᠲᠥᠷᠦᠯ ᠵᠦᠢᠯ ᠢ ᠬᠡᠷᠡᠭᠵᠢᠬᠦᠯᠥᠨ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠳᠡᠢ ᠥᠯᠡᠲᠡᠭᠰᠡᠨ 2 ᠡᠷᠦᠬᠡ ᠶᠢ ᠪᠠᠷᠢᠮᠵᠢᠶ᠎ᠠ ᠶᠣᠰᠣᠭᠠᠷ ᠶᠠᠳᠠᠭᠤ ᠠᠴᠠ ᠠᠩᠬᠢᠵᠢᠷᠠᠭᠤᠯᠵᠣ 443 ᠪᠠᠳᠣᠳᠬᠠᠨ ᠳᠡᠳᠬᠦᠬᠦ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃ 23 ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠰᠢᠨᠡᠳᠬᠡᠨ ᠵᠠᠰᠠᠵᠣ 108 ᠶᠠᠳᠠᠭᠤ ᠬᠦᠴᠢᠷᠳᠡᠯᠳᠡᠢ ᠬᠡᠷ ᠪᠦᠯᠢ ᠶᠢᠨ ᠰᠣᠷᠣᠭᠴᠢ ᠳᠤ ᠲᠤᠰᠠᠯᠠᠮᠵᠢ ᠬᠦᠷᠳᠡᠬᠡᠵᠣ ᠶᠠᠳᠠᠭᠤ ᠬᠦᠴᠢᠷᠳᠡᠯᠲᠡᠶ ᠬᠡᠷ ᠪᠦᠯᠢ ᠶᠢᠨ 20 ᠤᠶᠤᠲᠠᠳ  ᠲᠤ ᠳᠣᠭᠳᠠᠪᠣᠷᠢᠳᠡᠢ ᠠᠵᠢᠯ ᠣᠯᠭᠤᠵᠣ ᠶᠠᠳᠠᠭᠤ ᠬᠦᠴᠢᠷᠳᠡᠯᠲᠡᠶ ᠬᠦᠮᠦᠨ ᠠᠮᠠ ᠶᠢᠨ ᠡᠮᠨᠡᠯᠭᠡ ᠳᠤ ᠰᠠᠭᠤᠵᠤ ᠡᠮᠴᠢᠯᠡᠬᠦᠯᠥᠭᠰᠡᠨ ᠵᠠᠷᠣᠳᠠᠯ ᠤᠨ ᠳᠠᠩᠰᠠᠨ ᠠᠴᠠ ᠲᠠᠶᠢᠯᠬᠤ ᠬᠠᠷᠢᠴᠠᠯ ᠢ 90% ᠳᠤ ᠬᠦᠷᠬᠡᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠲᠤᠷ ᠬᠢᠵᠦ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠳᠠ ᠶᠢᠨ ᠰᠡᠭᠦᠯ ᠬᠤᠷᠢᠶᠠᠬᠤ ᠠᠵᠢᠯ ᠢ ᠳᠠᠭᠤᠰᠬᠠᠪᠠ᠃ 255 ᠬᠡᠪᠴᠢᠶᠠᠵᠢᠭ᠍ᠰᠡᠨ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠰᠢᠬᠡᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠨᠠᠩᠭᠢ ᠰᠢᠷᠣᠶ ᠶᠢᠨ 15 ᠳᠣᠭᠤᠰᠬᠠᠨ ᠣᠶᠢᠯᠡᠳᠪᠦᠷᠢ ᠶᠢ ᠬᠠᠭᠠᠵᠤ ᠪᠠᠶᠠᠨᠭᠤᠣᠯ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠴᠢᠯᠠᠭᠤ ᠶᠢ ᠡᠬᠡᠬᠦᠯᠥᠨ ᠬᠢᠵᠤ ᠠᠭᠤᠷᠬᠠᠢ ᠶᠢ ᠪᠣᠯᠠᠬᠤ ᠪᠠ ᠱᠠᠩ ᠤᠨ ᠬᠤᠭᠤᠯᠠᠢ᠂ ᠪᠠᠶᠠᠨᠭᠤᠣᠯ ᠤᠨ ᠠᠭᠤᠷᠬᠠᠢ ᠶᠢᠨ ᠬᠤᠳᠳᠤᠭ ᠤᠨ ᠤᠰᠤ ᠶᠢ ᠭᠦᠨᠵᠡᠭᠡᠶ ᠰᠢᠢᠳᠪᠦᠷᠢᠯᠡᠬᠦ ᠲᠥᠷᠥᠯ ᠵᠣᠶᠢᠯ ᠢ ᠠᠰᠢᠭᠯᠠᠯᠲᠠ ᠳᠤ ᠣᠷᠣᠭᠤᠯᠵᠤ ᠭᠤᠤᠯ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠨ ᠬᠥᠷᠥᠰᠥᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠠᠭᠠᠷ ᠮᠠᠨᠳᠠᠯ ᠤᠨ ᠴᠡᠪᠡᠷᠴᠠ ᠶᠢᠨ ᠨᠣᠷᠮ᠎ᠠ ᠶᠢ 86.2% ᠲᠤ ᠬᠦᠷᠬᠡᠪᠠ     ︵ᠲᠦᠷᠪᠡ︶ ᠠᠷᠠᠳ ᠤᠨ ᠠᠮᠢᠳᠤᠷᠠᠯ ᠨᠡᠩ ᠵᠣᠯ ᠵᠢᠷᠭᠠᠯ ᠲᠠᠢ ᠪᠣᠯᠪᠠ᠃ 34.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠳᠤᠲᠠᠭᠤᠳᠠᠯ ᠢ ᠨᠥᠬᠦᠪᠥᠷᠢᠯᠡᠨ ᠶᠠᠰᠤ ᠴᠢᠨᠠᠷ ᠦᠷ᠎ᠡ ᠪᠦᠳᠣᠮᠵᠢ ᠶᠢ ᠳᠡᠭᠡᠭᠰᠢᠯᠡᠭᠦᠯᠦᠭᠰᠡᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠡᠷᠡᠭᠵᠢᠭᠦᠯᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 202 ᠰᠣᠷᠣᠭᠴᠢ ᠶᠢ ᠨᠠᠶᠢᠳᠠᠨ ᠬᠥᠮᠦᠵᠢᠭᠦᠯᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ 440 ᠠᠵᠢᠯᠳᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠲᠤᠰᠢᠶᠠᠪᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ 281 ᠲᠦᠮᠡᠨ ᠲᠥᠭᠦᠷᠢᠭ᠂ ᠠᠳᠠᠯ ᠦᠢᠯᠡᠰ ᠪᠣᠰᠬᠠᠬᠤ ᠪᠠᠳᠣᠯᠠᠪᠣᠷᠢ ᠶᠢᠨ ᠵᠢᠭᠡᠯᠡᠯᠭᠡ ᠶᠢ655 ᠲᠦᠮᠡᠨ ᠲᠥᠭᠦᠷᠢᠭ ᠲᠠᠷᠬᠠᠭᠠᠪᠠ᠃ ᠱᠠᠷᠯᠢᠭ ᠵᠡᠷᠭᠡ 4 ᠰᠤᠷᠭᠠᠭᠤᠯᠢ ᠶᠢᠨ ᠪᠠᠭᠰᠢ ᠶᠢᠨ ᠪᠠᠶᠢᠷᠢ ᠶᠢ ᠪᠠᠷᠢᠵᠣ ᠭᠤᠷᠪᠠᠳᠤᠭᠠᠷ ᠬᠡᠣᠬᠡᠳ ᠤᠨ ᠴᠡᠴᠡᠷᠯᠢᠭ ᠤᠨ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠵᠦ ᠨᠠᠷᠢᠠᠭᠤᠣᠯ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ 8 ᠰᠤᠷᠭᠠᠭᠤᠯᠢ ᠶᠢᠨ ᠭᠠᠯ ᠤᠨᠲᠠᠷᠠᠭᠠᠬᠤ ᠠᠵᠢᠯ ᠤᠨ ᠳᠠᠯ᠎ᠠ ᠪᠠᠷ ᠬᠢ ᠦᠬᠡᠷᠡᠴᠢᠯᠡᠯᠳᠡ ᠶᠢ ᠬᠡᠷᠡᠭᠵᠢᠭᠦᠯᠵᠦ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶ ᠵᠡᠷᠭᠡ 4 ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ 3 ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠬᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠳᠠᠲᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ 196 ᠪᠠᠭᠰᠢ ᠶᠢ ᠰᠢᠯᠭᠠᠨ ᠡᠯᠰᠡᠵᠣ ᠨᠢᠯᠬ᠎ᠠ ᠬᠡᠣᠬᠡᠳ ᠤᠨ ᠬᠥᠮᠦᠵᠢᠯ ᠤᠨ ᠪᠠᠶᠢᠭᠤᠯᠤᠮᠵᠢ ᠶᠢ 12 ᠨᠡᠭᠡᠭᠡᠨ ᠡᠷᠭᠢᠯᠡᠪᠡ᠃ ᠠᠯᠪᠠᠨ ᠠᠴᠠ ᠡᠷᠬᠢᠯᠡᠭᠰᠠᠨ ᠬᠤᠶᠠᠷ ᠡᠮᠨᠡᠯᠭᠡ ᠶᠢᠨ ᠬᠤᠷᠢᠶ᠎ᠠ ᠳᠣᠰᠪᠣᠷᠢ ᠨᠠᠨᠵᠢᠩ ᠬᠤᠲᠠ ᠶᠢᠨ ᠨᠢᠭᠡᠳᠦᠭᠡᠷ ᠡᠮᠨᠡᠯᠬᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠳᠣᠷᠠᠯᠴᠠᠬᠤ ᠬᠠᠷᠢᠴᠠᠭ᠎ᠠ ᠪᠠᠶᠢᠭᠤᠯᠵᠤ ᠭᠤᠷᠪᠠᠳᠣᠭᠠᠷ ᠳᠠᠰ ᠤᠨ ᠬᠦᠬᠡ ᠵᠡᠷᠬᠡ ᠶᠢᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠬᠡᠵᠢᠯᠳᠡᠨ ᠢ 56 ᠨᠡᠷᠡᠰ ᠤᠷᠢᠨ ᠡᠪᠡᠳᠴᠢᠳᠠᠨ ᠳᠤ ᠡᠮᠴᠢᠯᠡᠭᠡ ᠬᠢᠯᠬᠡᠪᠠ᠃ 46 ᠡᠮᠴᠢ ᠰᠤᠪᠢᠯᠠᠭᠴᠢ ᠶᠢ ᠰᠢᠯᠭᠠᠨ ᠡᠯᠰᠡᠪᠡ᠃ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ︽ᠡᠷᠡᠭᠦᠯ ᠮᠡᠨᠳᠦ ᠶᠢᠨ ᠡᠯᠧᠺᠲᠷᠣᠨ ᠺᠣᠳ᠋︾ ᠢ ᠬᠡᠷᠡᠭᠵᠢᠭᠦᠯᠵᠦ 143 ᠵᠤᠶᠢᠯ ᠤᠨ ᠪᠠᠶᠢᠩᠭᠤ ᠬᠡᠷᠡᠭᠯᠡᠭᠳᠡᠬᠦ ᠮᠣᠩᠭᠤᠯ ᠡᠮ ᠢ ᠳᠠᠩᠰᠠᠨ ᠠᠴᠠ ᠲᠠᠶᠢᠯᠬᠤ ᠭᠠᠷᠴᠠᠭ ᠲᠤ ᠣᠷᠣᠭᠤᠯᠵᠣ ᠡᠮᠴᠢᠯᠡᠭᠡᠨ ᠤ ᠳᠠᠭᠠᠳᠬᠠᠯ ᠢ ᠣᠨᠳᠣᠤ ᠭᠠᠵᠠᠷ ᠲᠤ ᠲᠡᠷᠡ ᠳᠠᠷᠤᠶ ᠳᠤᠨᠢ ᠲᠡᠰᠦᠯᠦᠨ ᠪᠤᠳᠤᠬᠤ ᠶᠢ ᠪᠥᠬᠦ ᠲᠠᠯ᠎ᠠ ᠪᠠᠷ ᠬᠡᠷᠡᠭᠵᠢᠭᠦᠯᠵᠡᠢ᠃ ︽ᠲᠦᠮᠡᠨ ᠠᠯᠬᠤᠮ ᠤᠨ ᠪᠣᠯᠵᠤᠭ᠎ᠠ︾ ᠵᠡᠷᠭᠡ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠦᠷᠨᠢᠬᠦᠯᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠯ ᠪᠥᠮᠪᠦᠭᠡ ᠶᠢᠨ ᠣᠷᠳᠣᠨ ᠢ ᠪᠠᠶᠢᠭᠤᠯᠵᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠣᠷᠢᠯᠡᠬᠦ ᠲᠤᠷᠰᠢᠯᠲᠠ ᠶᠢᠨ ᠠᠰᠠᠷ ᠪᠠ ᠡᠬᠡ ᠨᠢᠯᠬᠠᠰ ᠤᠨ ᠡᠷᠡᠬᠦᠯᠵᠢᠯ ᠲᠥᠯᠥᠪᠯᠡᠬᠡᠳᠣ ᠬᠦᠩᠬᠡᠵᠢᠯ ᠤᠨ ᠣᠶᠢᠯᠡᠴᠢᠯᠡᠬᠡᠨ ᠤ ᠲᠦᠪ ᠢ ᠠᠰᠢᠭᠯᠠᠯᠳᠠ ᠳᠤ ᠣᠷᠣᠭᠤᠯᠵᠣ ᠲᠤᠭ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠣᠮᠣ ᠪᠠᠯᠭᠠᠰᠤ ᠪᠠᠷ ᠨᠡᠷᠡᠶᠢᠳᠦᠭᠳᠡᠵᠦ ᠪᠦᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ ᠪᠠ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠠᠮᠢᠳᠤᠷᠠᠯ ᠤᠨ ᠨᠥᠬᠦᠪᠥᠷᠢ ᠶᠢ ᠰᠠᠷ᠎ᠠ ᠪᠣᠯᠭᠠᠨ ᠳᠣᠰᠪᠣᠷᠢ 50 ᠲᠥᠭᠦᠷᠢᠭ᠂ 136 ᠲᠥᠭᠦᠷᠢᠭ ᠨᠡᠮᠡᠭᠳᠡᠬᠦᠯᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠣᠰᠪᠣᠷᠢ ᠰᠠᠷ᠎ᠠ ᠪᠣᠯᠭᠠᠨ 675 ᠲᠥᠭᠦᠷᠢᠭ᠂ ᠵᠢᠯ ᠪᠣᠯᠭᠠᠨ 6169 ᠲᠥᠭᠦᠷᠢᠭ ᠪᠣᠯᠭᠠᠨ ᠳᠡᠭᠡᠭᠰᠢᠯᠡᠭᠦᠯᠪᠡ᠃ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠤᠨ B ᠠᠰᠠᠷ ᠪᠠ ᠲᠤᠭ ᠤᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠰᠣᠪᠣᠷᠭ᠎ᠠ ᠨᠡᠶᠢᠭᠡᠮ ᠲᠣᠭᠤᠷᠢᠭ ᠤᠨ ᠡᠳᠦᠷ ᠢᠶᠠᠷ ᠠᠰᠠᠷᠠᠨ ᠬᠠᠷᠠᠭᠠᠯᠵᠠᠬᠤ ᠲᠥᠪ ᠢ ᠠᠰᠢᠭᠯᠠᠯᠲᠠ ᠳᠤ ᠣᠷᠣᠭᠤᠯᠵᠣ 170 ᠣᠷᠣ ᠶᠢ ᠰᠢᠨ᠎ᠡ ᠪᠠᠷ ᠨᠡᠮᠡᠪᠡ᠃ 1800 ᠭᠠᠷᠤᠶ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠳᠤ ︽ᠢᠷᠠᠭᠤ ᠠᠯᠳᠠᠷᠲᠤ ᠬᠡᠷ ᠪᠦᠯᠢ︾ ᠶᠢᠨ ᠫᠠᠶᠢᠰᠠ ᠡᠯᠭᠦᠵᠦ 82 ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ ᠮᠦᠩᠬᠦ ᠶᠢ ᠦᠷᠬᠦᠯᠵᠢᠯᠡᠨ ᠳᠣᠰᠢᠶᠠᠪᠠ᠃ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠭᠤᠷᠢᠨ ᠳᠤ ᠨᠢᠭᠡ ᠪᠦᠯᠦᠭ ᠴᠠᠭ ᠦᠶ᠎ᠡ ᠶᠢᠨ ᠬᠡᠪ ᠪᠠᠶᠢᠳᠠᠯ ᠢ ᠲᠤᠰᠬᠠᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠣᠷᠣᠨ ᠤ ᠳᠣᠳᠣᠷ᠎ᠠ ᠤᠯᠠᠭᠠᠨᠮᠥ᠋ᠴᠢᠷ ᠰᠣᠯᠢᠯᠴᠠᠭ᠎ᠠ ᠲᠣᠭᠯᠠᠯᠲᠠ ᠥᠷᠨᠢᠭᠦᠯᠵᠦ ︽ᠣᠨᠢᠰᠣᠭᠠᠯᠢᠭ ᠰᠢᠷᠬᠤᠰᠣ︾ ᠬᠡᠬᠦ ᠺᠢᠨᠣ᠋ ᠶᠢ ᠠᠩᠬ᠎ᠠ ᠤᠳᠠᠭ᠎ᠠ ᠨᠡᠪᠳᠡᠷᠡᠬᠦᠯᠵᠣ ᠨᠢᠬᠡ ᠬᠦᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ︽ᠰᠠᠷᠠᠨ᠎ᠠ︾ ᠳᠡᠮᠳᠡᠭᠳᠣ ᠱᠠᠩᠨᠠᠯ ᠢ ᠭᠥᠷᠳᠡᠪᠡ᠃ ᠣᠯᠠᠭᠠᠠᠳᠣᠯᠣᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠭᠤᠷᠪᠠᠳᠤᠭᠠᠷ ᠪᠦᠯᠦᠭ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠳᠣ ᠭᠠᠴᠠᠭ᠎ᠠ ᠲᠣᠰᠬᠤᠨ ᠢᠶᠠᠷ ᠨᠡᠷᠡᠶᠢᠳᠦᠭᠳᠡᠪᠡ᠃     ︵ᠲᠠᠪᠤ︶ ᠬᠤᠳᠠ ᠬᠥᠳᠡᠭᠡ ᠶᠢᠨ ᠲᠦᠷᠢ ᠲᠦᠷᠬᠦ ᠰᠢᠨ᠎ᠡ ᠪᠠᠶᠢᠳᠠᠯ ᠲᠠᠢ ᠪᠣᠯᠪᠠ᠃ ᠪᠦᠬᠦ ᠤᠯᠤᠰ ᠤᠨ ᠬᠤᠰᠢᠭᠤ ᠰᠢᠶᠠᠨ ᠤ ᠳᠠᠰ ᠤᠨ ᠪᠣᠯᠪᠠᠰᠤᠨ ᠬᠤᠲᠠ ᠶᠢ ᠢᠳᠡᠪᠬᠢᠳᠡᠢ ᠡᠭᠦᠳᠦᠨ ᠪᠠᠶᠢᠭᠤᠯᠵᠣ2018 ᠣᠨ ᠠᠴᠠ ᠨᠠᠰᠢ ᠪᠦᠬᠦ ᠬᠤᠰᠢᠭᠤᠨ ᠤ ᠺᠡᠳ᠋ᠷ ᠣᠯᠠᠨ ᠲᠦᠮᠡᠨ ᠡᠵᠡᠨ ᠬᠦᠮᠦᠨ ᠤ ᠦᠵᠡᠯ ᠤᠬᠠᠮᠰᠠᠷ ᠢᠶᠠᠷ ᠪᠣᠯᠪᠠᠰᠣᠨ ᠬᠤᠳᠠ  ᠶᠢ ᠡᠬᠦᠳᠣᠨ ᠪᠠᠶᠢᠭᠤᠯᠬᠤ ᠠᠵᠢᠯ ᠢ ᠴᠢᠩ ᠰᠠᠳᠬᠢᠯ ᠠᠴᠠ ᠬᠦᠷᠢᠶᠠᠯᠠᠨ ᠢᠳᠡᠪᠬᠢᠲᠠᠢ ᠣᠷᠣᠯᠴᠠᠵᠣ ᠮᠠᠨ ᠤ ᠬᠤᠰᠢᠭᠤ ᠬᠤᠶᠡᠷ ᠵᠢᠯ ᠳᠠᠷᠠᠭᠠᠯᠠᠨ ᠪᠦᠬᠦ ᠦᠪᠡᠷᠳᠡᠬᠡᠨ ᠵᠠᠰᠠᠬᠤ ᠣᠷᠣᠨ ᠤ ᠨᠢᠬᠡᠳᠣᠬᠡᠷ ᠲᠤ ᠪᠠᠶᠢᠷᠢᠯᠠᠪᠠ᠃ ᠣᠢ ᠶᠢᠨ ᠰᠠᠬᠦᠳᠡᠷᠳᠣ ᠵᠠᠮ᠂ ᠰᠣᠪᠣᠷᠭ᠎ᠠ ᠵᠡᠭᠡᠯᠢ ᠵᠡᠷᠭᠡ 5 ᠵᠤᠷᠪᠤᠰ ᠵᠠᠮ ᠢ ᠥᠭᠡᠷᠡᠴᠢᠯᠡᠨ ᠵᠠᠰᠠᠵᠤ 6 ᠺᠢᠯᠥᠮᠧᠲᠷ ᠤᠨ ᠠᠯᠭᠤᠷ ᠠᠶᠠᠯᠠᠬᠤ ᠵᠠᠮ ᠢ ᠵᠠᠰᠠᠵᠣ 30.6 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠪᠠ︔ 7500 ᠲᠡᠭᠰᠢ ᠳᠥᠷᠪᠡᠯᠵᠢᠨ ᠮᠧᠲᠷ ᠤᠨ ᠤᠢ ᠶᠢᠨ ᠰᠡᠬᠦᠳᠡᠷᠳᠣ ᠲᠡᠷᠭᠡᠨ ᠵᠣᠭᠰᠣᠭᠠᠯ ᠢ ᠪᠠᠶᠢᠭᠤᠯᠵᠣ ᠪᠠᠢ ᠰᠦᠩ ᠶᠤᠸᠠᠨ ᠵᠡᠷᠭᠡ 4 ᠴᠡᠴᠡᠷᠯᠢᠭ ᠢ ᠰᠢᠨ᠎ᠡ ᠪᠠᠷ ᠪᠠᠶᠢᠭᠤᠯᠣᠨ 41 ᠴᠡᠴᠡᠷᠯᠢᠭ ᠤᠨ ᠦᠵᠡᠮᠵᠢ ᠶᠢᠨ ᠴᠡᠭ ᠤᠨ ᠵᠡᠷᠬᠡ ᠳᠠᠰ ᠢ ᠦᠬᠡᠷᠡᠴᠢᠯᠡᠨ ᠳᠡᠬᠡᠭᠰᠢᠯᠡᠬᠦᠯᠵᠣ 24 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠦᠬᠡᠷᠡᠴᠢᠯᠡᠨ ᠨᠣᠭᠤᠭᠠᠷᠠᠭᠤᠯᠪᠠ᠃ ᠶᠦᠩ ᠲᠠᠢ ᠢᠯᠴᠢ ᠴᠠᠬᠢᠯᠭᠠᠨ ᠤ ᠬᠤᠯᠪᠣᠭᠠᠯᠠᠭᠰᠠᠨ ᠲᠥᠷᠥᠯ ᠵᠦᠢᠯ ᠢ ᠨᠡᠶᠢᠯᠡᠬᠦᠯᠥᠨ ᠠᠵᠢᠯᠯᠠᠭᠤᠯᠵᠣ ᠡᠯ᠎ᠡ ᠲᠥᠷᠥᠯ ᠤᠨ ᠬᠤᠭᠤᠯᠠᠢ ᠲᠣᠣᠷ ᠢ 75 ᠺᠢᠯᠣᠮᠧᠲᠷ ᠳᠡᠪᠢᠰᠴᠦ 43.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠲᠦᠪᠯᠡᠷᠡᠬᠦᠯᠥᠨ ᠳᠣᠯᠠᠭᠠᠯᠠᠭ᠎ᠠ ᠬᠠᠩᠭᠠᠪᠠ᠃ ᠰᠠᠭᠤᠭᠠᠯᠢ ᠠᠷᠠᠳ ᠤᠨ ᠵᠠᠮ ᠤᠨ ᠳ᠋ᠧᠩ ᠢ 450 ᠤᠭᠰᠠᠷᠠᠪᠠ᠃ ᠣᠰᠣ ᠪᠠᠷ ᠵᠠᠶᠢᠯᠠᠬᠤ ᠮᠠᠶ᠋ᠢᠭ ᠤᠨ ᠵᠣᠷᠯᠣᠩ ᠢ 10 ᠦᠬᠡᠷᠡᠴᠢᠯᠡᠨ ᠵᠠᠰᠠᠪᠠ᠃ ᠶᠤᠸᠠᠢ ᠰᠢᠨ ᠶᠤᠸᠠᠨ ᠵᠡᠷᠭᠡ ᠰᠠᠭᠤᠭᠠᠯᠢ ᠠᠷᠠᠳ ᠤᠨ 22 ᠬᠠᠭᠤᠴᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠵᠤ ᠵᠢᠩ ᠢ ᠶᠤᠸᠠᠨ ᠵᠡᠷᠭᠡ ᠰᠠᠭᠤᠭᠠᠯᠢ ᠠᠷᠠᠳ ᠤᠨ 8 ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠮᠠᠨᠳᠠ ᠵᠠᠬ᠎ᠠ ᠳᠡᠯᠭᠡᠭᠦᠷ᠂ ᠰᠣᠶᠣᠯ ᠤᠨ ᠠᠵᠢᠯᠯᠠᠭᠠᠨ ᠤ ᠲᠥᠪ ᠤᠨ ᠡᠷᠭᠢᠨ ᠲᠣᠭᠤᠷᠢᠨ ᠢ ᠵᠠᠰᠠᠨ ᠦᠬᠡᠷᠡᠴᠢᠯᠡᠵᠣ ᠬᠠᠶᠠᠭᠳᠠᠮᠠᠯ ᠡᠳ᠋ ᠪᠣᠳᠠᠰ ᠬᠤᠳᠠᠯᠳᠤᠨ ᠠᠪᠬᠤ ᠥᠷᠲᠡᠭᠡ ᠶᠢᠨ ᠨᠢᠭᠡᠳᠦᠭᠡᠷ ᠬᠤᠭᠤᠴᠠᠭ᠎ᠠ ᠪᠠ ᠮᠠᠰᠢᠨ ᠲᠦᠷᠢᠶᠡᠰᠦᠯᠡᠬᠦ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ ᠬᠤᠭ ᠨᠣᠪᠰᠢ ᠶᠢ ᠠᠪᠴᠢᠭᠤᠯᠣᠨ ᠳᠠᠮᠵᠢᠭᠤᠯᠬᠤ ᠥᠷᠲᠡᠭᠡ ᠶᠢ 5᠂ ᠠᠭᠤᠷᠬᠠᠶᠢᠵᠢᠭᠤᠯᠣᠨ ᠠᠭᠤᠷᠰᠢᠭᠤᠯᠣᠨ ᠵᠢᠩᠨᠡᠬᠦ ᠵᠤᠤᠬ᠎ᠠ ᠶᠢ 2᠂ ᠤᠰᠤ ᠪᠠᠷ ᠵᠠᠶᠢᠯᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ 15 ᠪᠠᠷᠢᠵᠣ 5000 ᠡᠷᠦᠬᠡ ᠶᠢᠨ ᠵᠣᠷᠯᠣᠩ ᠢ ᠦᠬᠡᠷᠡᠴᠢᠯᠡᠨ ᠵᠠᠰᠠᠪᠠ᠃ ᠠᠶᠢᠯ ᠲᠤᠰᠬᠤᠨ ᠤ ᠤᠷᠴᠢᠨ ᠲᠤᠭᠤᠷᠢᠨ ᠢ ᠲᠦᠪᠯᠡᠷᠡᠭᠦᠯᠦᠨ ᠴᠡᠭᠴᠡᠯᠡᠨ ᠵᠠᠰᠠᠬᠤ ᠡᠳᠦᠷ ᠢ ᠳᠣᠬᠢᠷᠠᠭᠤᠯᠵᠣ ︽ᠦᠵᠡᠰᠬᠦᠯᠡᠩᠲᠦ ᠰᠠᠶᠢᠬᠠᠨ ᠬᠦᠷᠢᠶ᠎ᠠ ᠬᠠᠰᠢᠶ᠎ᠠ︾ ᠶᠢ ᠠᠳᠠᠯᠢᠳᠬᠠᠨ ᠰᠢᠯᠭᠠᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠠ ᠮᠠᠯᠴᠢᠨ ᠲᠠᠷᠢᠶᠠᠴᠢᠨ ᠤ ᠣᠶᠤᠨ ᠰᠠᠨᠠᠭᠠᠨ ᠤ ᠬᠡᠪ ᠪᠠᠶᠢᠳᠠᠯ ᠢ ᠨᠡᠯᠢᠶᠡᠳ ᠰᠠᠶᠢᠵᠢᠷᠠᠭᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠭᠤᠷᠪᠠᠳᠤᠭᠠᠷ ᠤᠳᠠᠭᠠᠨ ᠤ ᠣᠯᠣᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠥᠷᠨᠢᠭᠦᠯᠣᠨ 884.5 ᠲᠡᠭᠰᠢ ᠳᠥᠷᠪᠡᠯᠵᠢᠨ ᠺᠢᠯᠣᠮᠧᠲᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠪᠠ᠃ ᠭᠤᠤᠯ ᠨᠠᠭᠤᠷ ᠤᠨ ᠡᠷᠭᠢ ᠶᠢᠨ ᠱᠤᠭᠤᠮ ᠢ ᠵᠠᠭᠠᠭᠯᠠᠨ ᠨᠤᠲᠠᠯᠠᠨ ᠲᠣᠭᠲᠠᠭᠠᠬᠤ ᠪᠠ ︽ᠳᠥᠷᠪᠡᠨ ᠡᠷᠦᠢ ᠬᠤᠷᠤᠢ ᠦᠬᠡᠢ ᠪᠠᠶᠢᠬᠤ ᠶᠢ ᠴᠡᠭᠴᠡᠯᠡᠨ ᠵᠠᠰᠠᠬᠤ︾᠂ ᠬᠠᠣᠯᠢ ᠲᠦᠷᠢᠮ ᠢ ᠵᠦᠷᠢᠴᠡᠨ ᠪᠠᠶᠢᠭᠤᠯᠣᠭᠰᠠᠨ ᠳᠣᠰᠠᠭᠠᠷ ᠰᠠᠭᠤᠴᠠᠳᠣ ᠣᠷᠣᠨ ᠰᠠᠭᠤᠴᠠ ᠶᠢᠨ ᠲᠤᠰᠬᠠᠶ ᠲᠦᠷᠥᠯ ᠤᠨ ᠴᠡᠭᠴᠡᠯᠡᠯᠳᠡ  ᠶᠢ ᠲᠦᠯᠬᠢᠨ ᠠᠬᠢᠭᠤᠯᠪᠠ᠃ ᠣᠢ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ  ᠶᠢ 61.5 ᠲᠦᠮᠡᠨ ᠮᠦ᠂ ᠬᠥᠷᠥᠰᠥ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 15 ᠲᠦᠮᠡᠨ ᠮᠦ ᠬᠡᠷᠡᠭᠵᠢᠭᠦᠯᠪᠡ᠃ ᠤᠯᠠᠭᠠᠨ ᠬᠥᠯᠲᠦ ᠱᠣᠩᠬᠤᠷ᠂ ᠤᠯᠠᠭᠠᠨ ᠬᠤᠰᠢᠭᠤᠲᠤ ᠴᠠᠬᠤᠯᠠᠶ ᠦᠣᠰᠢᠨ ᠨᠤᠳᠤᠭ ᠲᠤ ᠦᠷᠡᠵᠢᠨ ᠠᠮᠢᠳᠣᠷᠠᠵᠣ ᠪᠠᠶᠢᠬᠤ ᠶᠢ ᠠᠩᠬ᠎ᠠ ᠤᠳᠠᠭ᠎ᠠ ᠢᠯᠡᠷᠡᠭᠦᠯᠪᠡ᠃ ᠴᠠᠭᠠᠠᠰᠦ᠋ᠮ᠎ᠠ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠴᠡᠭᠴᠡᠯᠡᠨ ᠵᠠᠰᠠᠵᠣ ᠣᠶᠢᠲᠤ ᠭᠠᠵᠠᠷ ᠤᠨ ᠬᠤᠪᠢᠷᠠᠭᠠᠯᠳᠠ ᠶᠢᠨ ᠪᠠᠶᠢᠴᠠᠭᠠᠯᠳᠠ ᠵᠢᠴᠢ ᠤᠯᠤᠰ ᠤᠨ ᠣᠶ ᠰᠢᠭᠤᠶ ᠶᠢᠨ ᠪᠠᠶᠢᠴᠠᠭᠠᠯᠳᠠ ᠶᠢᠨ ᠬᠠᠷᠢᠭᠤ ᠳᠣᠰᠬᠠᠯ ᠤᠨ ᠠᠰᠠᠭᠤᠳᠠᠯ ᠢ ᠲᠦᠪ ᠴᠢᠩᠭ᠎ᠠ ᠴᠡᠭᠴᠡᠯᠡᠨ ᠰᠠᠶᠢᠵᠢᠷᠠᠭᠤᠯᠵᠤ ᠬᠡᠭᠡᠷ᠎ᠡ ᠭᠠᠳᠠᠭ᠎ᠠ ᠳᠠᠶᠢᠯᠭ᠎ᠠ ᠬᠢᠭᠰᠡᠨ ᠠᠴᠠ ᠪᠣᠯᠤᠭᠰᠠᠨ ᠭᠠᠯ ᠤᠨ ᠠᠶᠤᠯ ᠤᠨ 21 ᠬᠠᠷᠢᠭᠤᠴᠠᠯᠭ᠎ᠠ ᠡᠭᠦᠷᠭᠡᠯᠡᠭᠴᠢ ᠶᠢ ᠬᠡᠷᠡᠭ ᠪᠣᠯᠭᠠᠨ ᠳᠠᠩᠰᠠᠯᠠᠵᠤ ᠰᠢᠢᠳᠪᠦᠷᠢᠯᠡᠪᠡ᠃      ︵ᠵᠢᠷᠭᠤᠭ᠎ᠠ︶ ᠬᠥᠭᠵᠢᠯᠲᠡ ᠶᠢᠨ ᠰᠠᠭᠤᠷᠢ ᠬᠦᠴᠦᠨ ᠳᠠᠰᠣᠷᠠᠯᠳᠡ ᠦᠬᠡᠢ ᠪᠠᠬᠢᠵᠢᠪᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ ᠬᠤᠶᠠᠳᠣᠭᠠᠷ᠂ ᠭᠤᠷᠪᠠᠳᠤᠭᠠᠷ ᠠᠵᠤ ᠦᠢᠯᠡᠰ ᠤᠨ ᠨᠠᠷᠢᠨ ᠪᠠᠶᠢᠳᠠᠯ ᠢ ᠲᠣᠳᠣᠷᠬᠠᠢ ᠣᠶᠢᠯᠠᠭᠠᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠠᠶᠢᠯᠢ ᠠᠴᠠ ᠬᠡᠯᠲᠦᠷᠢᠭᠦᠯᠬᠦ ᠵᠠᠷᠤᠳᠠᠯ ᠢ 5.6 ᠳ᠋ᠦᠩᠰᠢᠭᠤᠷ ᠲᠦᠬᠦᠷᠢᠭ ᠬᠥᠩᠭᠡᠯᠡᠵᠦ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶᠠᠨ ᠤ 16 ᠠᠵᠤ ᠠᠬᠤᠶᠢᠯᠠᠯ ᠤᠨ ᠠᠷᠪᠢᠯᠠᠭᠰᠠ ᠥᠪᠡᠷ ᠤᠨ ᠦᠷᠳᠡᠭ 1.2 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠳᠣ 5 ᠶᠡᠭᠡ ᠠᠵᠤ ᠠᠬᠤᠶᠢᠯᠠᠯ ᠢ ᠴᠣᠮᠬᠤᠳᠬᠠᠨ ᠨᠡᠶᠢᠯᠡᠭᠦᠯᠵᠦ ᠪᠠᠶᠢᠭᠤᠯᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠣᠨ ︽ᠤᠷᠢᠳᠠᠪᠠᠷ ᠦᠨᠡᠮᠯᠡᠯ ᠢ ᠭᠤᠶᠣᠴᠢᠯᠡᠨ ᠳᠠᠷᠠᠭ᠎ᠠ ᠨᠢ ᠬᠡᠷᠡᠴᠢ ᠶᠢ ᠬᠦᠢᠴᠡᠳᠬᠡᠭᠰᠡᠨ︾ ᠡᠵᠡᠩᠨᠡᠯᠲᠡ ᠶᠢᠨ ᠦᠨᠡᠮᠯᠡᠯ ᠢ 1320 ᠬᠤᠪᠢ ᠲᠠᠷᠬᠠᠭᠠᠪᠠ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠬᠡᠰᠢᠬᠦᠨ ᠤ ᠬᠢᠷᠢ ᠬᠡᠮ ᠢ ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ 21.1 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠪᠠ᠃ ᠤᠯᠤᠰ  ᠤᠨ ᠵᠠᠮ ᠤᠨ 338 ᠱᠤᠭᠤᠮ ᠤᠨ ᠭᠠᠯᠠᠭᠤᠲᠤ ᠠᠴᠠ ᠣᠯᠠᠭᠠᠠᠪᠠᠯᠭᠠᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 216 ᠱᠤᠭᠤᠮ ᠤᠨ ᠦᠪᠣᠷ ᠮᠣᠩᠭᠤᠯ ᠤᠨ ᠪᠠᠷᠠᠭᠤᠨ ᠬᠡᠰᠡᠭ ᠠᠴᠠ ᠵᠠᠩᠭᠤᠳᠣ ᠬᠦᠷᠬᠦ ᠬᠡᠰᠡᠭ  ᠢ ᠦᠬᠡᠷᠡᠴᠢᠯᠡᠨ ᠪᠠᠶᠢᠭᠤᠯᠣᠭᠠᠳ ᠲᠡᠷᠭᠡ ᠨᠡᠪᠳᠠᠷᠠᠬᠦᠯᠵᠣ ᠮᠤᠵᠢ ᠶᠢᠨ ᠵᠠᠮ ᠤᠨ 317 ᠱᠤᠭᠤᠮ ᠤᠨ ᠳᠣᠯᠢ ᠠᠴᠠ ᠨᠠᠩᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠤᠰᠢᠨ ᠤ ᠬᠡᠰᠡᠭ ᠤᠨ ᠭᠤᠣᠯ ᠴᠣᠭᠴᠠ ᠶᠢᠨ ᠪᠠᠷᠢᠯᠭ᠎ᠠ  ᠶᠢ ᠳᠠᠭᠤᠰᠬᠠᠵᠣ ᠬᠥᠳᠡᠭᠡ ᠲᠣᠰᠬᠤᠨ ᠤ 172 ᠺᠢᠯᠣᠮᠧᠲᠷ ᠤᠨ ᠵᠠᠰᠠᠮᠠᠯ ᠵᠠᠮ ᠢ ᠶᠡᠬᠡᠪᠡᠷ ᠦᠬᠡᠷᠡᠴᠢᠯᠡᠨ ᠵᠠᠰᠠᠵᠤ 3.3 ᠲᠦᠮᠡᠨ ETC ᠲᠥᠬᠦᠭᠡᠷᠦᠮᠵᠢ ᠶᠢ ᠣᠭᠰᠠᠷᠠᠨ ᠲᠦᠭᠡᠮᠡᠯᠵᠢᠭᠦᠯᠵᠦ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶᠠᠴᠢ ᠬᠤᠰᠢᠭᠤ ᠶᠢ ᠠᠮᠵᠢᠯᠲᠠᠲᠠᠢ ᠡᠭᠦᠳᠦᠨ ᠪᠠᠶᠢᠭᠤᠯᠪᠠ᠃ ᠬᠤᠯᠪᠣᠭᠠᠯᠵᠢ ᠠᠴᠠ ᠵᠢᠢ ᠠᠨ ᠬᠦᠷᠬᠦ ᠲᠡᠮᠦᠷ ᠵᠠᠮ ᠪᠣᠯᠤᠨ ᠭᠠᠯᠠᠭᠤᠲᠤ ᠠᠴᠠ ᠪᠤᠭᠤᠲᠤ ᠶᠢᠨ ᠵᠡᠬᠦᠨ ᠦᠷᠳᠡᠭᠡ ᠬᠦᠷᠬᠦ ᠠᠶᠠᠨᠴᠢᠳ ᠤᠨ ᠭᠠᠯᠲᠤ ᠲᠡᠷᠭᠡ ᠶᠢ ᠨᠡᠪᠳᠡᠷᠡᠬᠦᠯᠵᠡᠢ᠃ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠥᠯ ᠵᠣᠶᠢᠯ ᠤᠨ ᠳᠣᠭᠳᠠᠭᠠᠯᠳᠠ ᠨᠢ ᠬᠢᠨᠠᠨ ᠲᠣᠭᠲᠠᠭᠠᠯᠲᠠ ᠶᠢ ᠥᠩᠭᠡᠷᠡᠭᠡᠵᠡᠶ᠃ ᠪᠠᠶᠠᠨᠨᠠᠭᠤᠷ 35 ᠺᠢᠯᠣᠸᠣᠯᠲ ᠵᠡᠷᠭᠡ 4 ᠲᠦᠷᠥᠯ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ 211 ᠺᠢᠯᠣᠮᠧᠲᠷ ᠤᠨ ᠳᠠᠷᠢᠶᠠᠯᠠᠩ ᠤᠨ ᠴᠠᠬᠢᠯᠭᠠᠨ ᠲᠣᠣᠷ ᠢ ᠰᠢᠨ᠎ᠡ ᠪᠠᠷ ᠦᠬᠡᠷᠡᠴᠢᠯᠡᠪᠠ᠃ ︽ᠳᠣᠯᠤᠭ᠎ᠠ ᠨᠢᠬᠡ︾ ᠵᠡᠷᠭᠡ 3 ᠤᠰᠤᠨ ᠴᠥᠭᠦᠷᠥᠮ ᠢ ᠰᠡᠯᠪᠢᠨ ᠵᠠᠰᠠᠬᠤ ᠢᠨᠵᠧᠨᠧᠷᠢᠩ ᠢ ᠳᠠᠭᠤᠰᠬᠠᠪᠠ᠃      ︵ᠲᠤᠯᠤᠭ᠎ᠠ︶ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯ ᠲᠠᠢ ᠳᠣᠭᠳᠠᠭᠤᠨ ᠪᠣᠯᠪᠠ᠃ 2 ᠬᠦᠷᠢᠶᠡᠯᠡᠩ ᠲᠣᠭᠤᠷᠢᠭ ᠪᠠ 74 ᠠᠵᠤ ᠠᠬᠤᠶᠢᠯᠠᠯ ᠳᠤ ᠪᠦᠬᠦᠯᠢ ᠴᠣᠭᠴᠠ ᠶᠢᠨ ᠠᠮᠤᠷ ᠲᠦᠪᠰᠢᠨ ᠤ ᠦᠨᠡᠯᠡᠯᠲᠡ ᠬᠢᠪᠠ᠃ ᠨᠣᠳᠤᠭ ᠤᠨ ᠭᠠᠷᠣᠯᠳᠠᠳᠣ ᠢᠳᠡᠭᠡᠨ ᠣᠮᠳᠠᠭᠠᠨ ᠤ ᠬᠦᠷᠢᠶᠡᠯᠡᠩ ᠲᠣᠭᠤᠷᠢᠭ ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠵᠦ ᠪᠠᠶᠢᠴᠠᠭᠠᠨ ᠰᠢᠯᠭᠠᠬᠤ ᠲᠥᠪ ᠤᠨ ᠰᠢᠨ᠎ᠡ ᠪᠠᠷ ᠨᠡᠮᠡᠭᠳᠡᠭᠰᠡᠨ ᠭᠡᠷᠡᠴᠢᠯᠡᠯ ᠤᠨ ᠯᠠᠪᠯᠠᠯᠳᠠ ᠳᠤᠭ᠎ᠠ 17 ᠪᠠᠶᠢᠵᠤ ᠲᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ︽ᠪᠥᠬᠦ ᠤᠯᠤᠰ ᠤᠨ ᠦᠨᠳᠦᠰᠦᠨ ᠱᠠᠲᠤᠨ ᠤ ᠰᠢᠯᠢᠳᠡᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ︾ ᠢᠶᠠᠷ ᠨᠡᠷᠡᠶᠢᠳᠦᠭᠳᠡᠪᠠ᠃ ᠦᠯᠡᠳᠡᠭᠳᠡᠯ ᠠᠰᠠᠭᠤᠳᠠᠯ ᠢ ᠬᠦᠴᠦᠯᠡᠨ ᠰᠶᠢᠳᠪᠤᠷᠢᠯᠡᠵᠦ 60% ᠶᠢᠨ ᠭᠠᠵᠠᠷ ᠰᠢᠷᠣᠶ ᠶᠢᠨ ᠦᠯᠡᠳᠡᠭᠳᠡᠯ ᠠᠰᠠᠭᠤᠳᠠᠯ ᠢ ᠵᠠᠷᠯᠠᠨ ᠨᠡᠶᠢᠲᠡᠯᠡᠵᠦ 124 ᠡᠷᠦᠬᠡ ᠳᠤ 3.4 ᠲᠦᠮᠡᠨ ᠲᠡᠭᠰᠢ ᠲᠦᠷᠪᠡᠯᠵᠢᠨ ᠮᠧᠲᠷ ᠤᠨ ᠭᠠᠵᠠᠷ ᠰᠢᠷᠣᠶ ᠶᠢ ᠰᠣᠯᠢᠵᠤ ᠥᠭᠪᠡ︔ ᠲᠠᠢ ᠾᠧ᠂ ᠪᠥᠸᠧ ᠵᠢᠤᠸᠠᠢ ᠰᠠᠭᠤᠭᠠᠯᠢ ᠠᠷᠠᠳ ᠤᠨ ᠳᠣᠭᠤᠷᠢᠭ ᠤᠨ ᠪᠠᠷᠢᠯᠭ᠎ᠠ  ᠶᠢᠨ ᠠᠵᠢᠯ ᠵᠣᠭᠰᠣᠩᠭᠤᠶᠢᠷᠠᠭᠰᠠᠨ 2 ᠲᠥᠷᠥᠯ ᠵᠣᠶᠢᠯ ᠢ ᠠᠵᠢᠯᠯᠠᠭᠤᠯᠵᠣ 33 ᠲᠥᠷᠥᠯ ᠵᠣᠶᠢᠯ ᠤᠨ 11561 ᠢᠵᠢ ᠨᠢᠭᠡᠨᠲᠡ ᠣᠷᠣᠵᠤ ᠰᠠᠭᠤᠭᠰᠠᠨ ᠭᠡᠷ ᠪᠠᠶᠢᠰᠢᠩ ᠤᠨ  ᠦᠮᠴᠢᠯᠡᠯ ᠤᠨ ᠡᠷᠬᠡ ᠶᠢᠨ ᠦᠨᠡᠮᠯᠡᠯ ᠢ ᠬᠦᠢᠴᠡᠳᠬᠡᠬᠦ ᠵᠡᠷᠭᠡ ᠠᠵᠢᠯ ᠢ ᠠᠬᠢᠭᠤᠯᠪᠠ︔ ᠶᠡᠷᠡᠭᠡᠳ ᠣᠨ ᠤ ᠦᠶ᠎ᠡ ᠳᠤ ᠶᠡᠭᠡ ᠰᠤᠷᠭᠠᠭᠤᠯᠢ᠂ ᠳᠤᠮᠳᠠ ᠵᠡᠷᠭᠡ ᠶᠢᠨ ᠳᠣᠰᠬᠠᠢ ᠮᠡᠷᠭᠡᠵᠢᠯ ᠤᠨ ᠰᠤᠷᠭᠠᠭᠤᠯᠢ ᠳᠡᠬᠦᠰᠦᠬᠡᠳ ᠠᠵᠢᠯ ᠬᠤᠪᠢᠶᠠᠷᠢᠯᠠᠭᠰᠠᠨ ᠦᠬᠡᠢ 19 ᠬᠦᠮᠦᠨ ᠢ ᠲᠦᠷᠦ ᠶᠢᠨ ᠪᠤᠳᠤᠯᠭ᠎ᠠ ᠶᠢᠨ ᠶᠣᠰᠣᠭᠠᠷ ᠲᠦᠪᠬᠢᠨᠡᠬᠦᠯᠪᠠ︔ ᠬᠥᠳᠡᠭᠡ ᠲᠣᠰᠬᠤᠨ ᠤ 51 ᠡᠮᠴᠢ ᠶᠢ ᠣᠷᠣᠯᠠᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠢ ᠳᠣᠰᠢᠶᠠᠪᠠ᠃ ᠦᠣᠰᠢᠨᠵᠣᠣ ᠰᠦᠮ᠎ᠡ ᠶᠢᠨ ᠬᠡᠬᠡᠨ ᠰᠤᠪᠤᠷᠭ᠎ᠠ ᠶᠢ ᠪᠠᠬᠢᠵᠢᠬᠦᠯᠵᠤ ᠭᠤᠵᠣᠩ ᠬᠤᠷᠠᠬᠤ ᠶᠢᠨ ᠣᠪᠣᠭ᠎ᠠ ᠶᠢ ᠰᠠᠯᠪᠢᠨ ᠰᠢᠨᠡᠳᠬᠡᠪᠠ᠃ ᠭᠤᠷᠪᠠᠳᠣᠭᠠᠷ ᠳᠣᠷᠰᠢᠯᠳᠡ ᠶᠢᠨ ᠪᠠᠭ᠎ᠠ ᠰᠣᠷᠭᠠᠭᠤᠯᠢ ᠶᠢᠨ ᠵᠠᠬᠢᠷᠣᠯ ᠸᠠᠩ ᠶᠢᠨ ᠼᠠᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢᠶᠠᠷ ᠦᠨᠡᠯᠡᠭᠳᠡᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ︽ᠫᠤᠤ ᠰᠤᠮᠤ ᠶᠢ ᠬᠤᠷᠢᠶᠠᠮᠵᠢᠯᠠᠨ ᠳᠠᠯᠪᠠᠷᠠᠯᠳᠠ ᠶᠢᠨ ᠡᠳ᠋ ᠢ ᠴᠡᠭᠴᠡᠯᠡᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ ᠬᠠᠷᠭᠢᠰ ᠬᠦᠴᠦᠨ ᠤ ᠪᠦᠯᠬᠦᠮ ᠢ 3 ᠠᠷᠢᠯᠭᠠᠵᠤ ᠬᠡᠷᠡᠭ ᠲᠤ ᠬᠤᠯᠪᠣᠭᠳᠠᠭᠰᠠᠨ 107 ᠬᠥᠮᠦᠨ ᠢ ᠪᠠᠶᠢᠴᠠᠭᠠᠨ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠡᠳᠦᠯᠬᠡᠵᠢᠬᠦᠯᠬᠡ ᠶᠢᠨ ᠳᠥᠷᠪᠡᠨ ᠱᠠᠲᠤᠨ ᠤ ᠠᠵᠢᠯ ᠤᠨ ᠰᠢᠰᠲ᠋ᠧᠮ ᠢ ᠪᠠᠶᠢᠭᠤᠯᠵᠤ 75 ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠤᠨ ᠭᠠᠴᠠᠭ᠎ᠠ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠣᠬᠡᠳ ᠬᠦᠴᠦᠯᠡᠨ ᠳᠠᠮᠠᠴᠠᠵᠣ ᠵᠢᠳᠬᠦᠯ ᠴᠢᠷᠮᠠᠶᠢᠯᠭ᠎ᠠ ᠭᠠᠷᠭᠠᠭᠰᠠᠨ ᠰᠢᠨ᠎ᠡ ᠴᠠᠭ ᠦᠶ᠎ᠡ ᠶᠢᠨ ᠢᠳᠡᠪᠬᠢ ᠬᠦᠴᠦᠨ ᠢ ᠳᠠᠰᠣᠷᠠᠯᠳᠡ ᠥᠬᠡᠶ ᠨᠢᠭᠲᠠᠷᠠᠭᠤᠯᠪᠠ᠃     ︵ᠨᠠᠢᠮᠠ︶ ᠲᠣᠰ ᠪᠡᠶ᠎ᠡ ᠶᠢᠨ ᠪᠠᠶᠢᠭᠤᠯᠤᠯᠲᠠ ᠨᠠᠩ ᠪᠤᠳᠠᠳᠠᠢ ᠪᠦᠲᠦᠮᠵᠢᠲᠠᠢ ᠪᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ 45 ᠬᠤᠪᠢ ᠰᠠᠨᠠᠯ ᠵᠦᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 40 ᠬᠤᠪᠢ ᠰᠠᠨᠠᠯ ᠲᠤᠷᠠᠳᠤᠯᠭ᠎ᠠ ᠶᠢ ᠬᠦᠢᠴᠡᠳᠬᠡᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ 9 ᠤᠳᠠᠭ᠎ᠠ ᠬᠤᠷᠠᠯᠳᠤᠭᠤᠯᠪᠠ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠬᠢᠨᠠᠨ ᠵᠥᠪᠰᠢᠶᠡᠷᠡᠬᠦᠯᠬᠦ ︽ᠨᠢᠭᠡ ᠥᠷᠲᠡᠭᠡᠲᠤ ᠮᠠᠶ᠋ᠢᠭ︾ ᠤᠨ ᠦᠢᠯᠡᠴᠢᠯᠡᠭᠡᠨ ᠤ ᠲᠥᠪ ᠢ ᠪᠠᠶᠢᠭᠤᠯᠵᠤ ︽ᠲᠦᠷᠪᠡᠨ ᠬᠦᠢᠴᠡᠳᠬᠡᠬᠦ︾ 511 ᠤᠴᠢᠷ ᠶᠠᠪᠤᠳᠠᠯ ᠢ ᠨᠡᠶᠢᠲᠡᠯᠡᠵᠦ ᠲᠦᠪᠡᠭ ᠪᠤᠳᠤᠯᠢᠶᠠᠨᠲᠠᠢ 100 ᠤᠴᠢᠷ ᠶᠠᠪᠤᠳᠠᠯ ᠢ ︽ᠨᠢᠭᠡ ᠯᠡ ᠤᠳᠠᠭ᠎ᠠ ᠲᠡᠭᠡᠷ᠎ᠡ ᠬᠦᠢᠴᠡᠳᠬᠡᠬᠦ︾ ᠶᠢ ᠪᠡᠶᠡᠯᠡᠬᠦᠯᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ︽ᠠᠭᠤᠷᠬᠠᠶ ᠬᠠᠶᠢᠬᠤ ᠡᠷᠬᠡ ᠶᠢ ᠳᠣᠤᠷ᠎ᠠ ᠦᠨ᠎ᠡ ᠪᠠᠷ ᠰᠢᠯᠵᠢᠬᠦᠯᠦᠨ ᠦᠭᠭᠦᠭᠰᠡᠨ︾ ᠵᠡᠷᠭᠡ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠤᠨ ᠪᠣᠳᠠᠲᠤ ᠴᠣᠭᠴᠠ ᠶᠢᠨ ᠲᠥᠷᠥᠯ ᠵᠦᠢᠯ ᠤᠨ ᠪᠠᠷᠢᠯᠭ᠎ᠠ ᠶᠢ ᠲᠠᠭᠤᠰᠬᠠᠵᠤ ᠳ᠋ᠦᠩᠨᠡᠨ ᠪᠤᠳᠤᠵᠤ ᠳᠠᠬᠢᠨ ᠬᠢᠨᠠᠬᠤ ᠠᠵᠢᠯ ᠢ ᠥᠷᠨᠢᠭᠦᠯᠪᠠ᠃ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠭᠡᠷ᠎ᠡ ᠶᠢᠨ ᠳᠦᠷᠢᠮ ᠢᠶᠠᠷ ᠬᠠᠮᠢᠶᠠᠷᠴᠦ ᠪᠠᠶᠢᠭ᠎ᠠ 1300 ᠭᠠᠷᠤᠶ ᠨᠡᠷ᠎ᠡ ᠠᠵᠢᠯᠲᠠᠨ ᠤ ᠴᠠᠯᠢᠩ ᠣᠯᠭᠤᠮᠵᠢ ᠶᠢ ᠣᠷᠳᠣ ᠬᠤᠭᠤᠴᠠᠭ᠎ᠠ ᠪᠠᠷ ᠦᠰᠬᠡᠬᠦ ᠲᠣᠭᠲᠠᠴᠠ ᠶᠢ ᠪᠦᠷᠢᠯᠳᠦᠬᠦᠯᠵᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠢ ᠲᠡᠮᠡᠴᠡᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠺᠠᠳ᠋ᠷᠴᠤᠳ ᠰᠢᠷᠭᠠᠭᠤ ᠪᠣᠳᠠᠲᠠᠶ ᠠᠵᠢᠯᠯᠠᠬᠤ ᠬᠠᠲᠠᠭᠤ ᠰᠤᠷᠲᠠᠯ ᠢ ᠪᠣᠶ ᠪᠣᠯᠭᠠᠵᠤ ᠪᠥᠬᠦ ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠬᠢᠵᠦ ᠠᠳᠠᠯ ᠦᠢᠯᠡᠰ ᠪᠤᠰᠬᠠᠬᠤ ᠠᠭᠤᠷ ᠠᠮᠢᠰᠬᠤᠯ ᠢ ᠨᠡᠩ ᠰᠠᠶᠢᠵᠢᠷᠠᠭᠤᠯᠪᠠ᠃ ᠡᠭᠦᠨ ᠤ ᠬᠠᠮᠲᠤ ᠡᠮᠡᠭᠲᠡᠶᠢᠴᠦᠳ ᠬᠡᠤᠬᠡᠳ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠤᠶᠠᠷ ᠢ ᠬᠦᠷᠢᠶᠡᠯᠡᠬᠦ ᠨᠠᠰᠤᠳᠠᠶᠢᠴᠤᠳ ᠤᠨ ᠠᠰᠠᠷᠠᠮᠵᠢ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃      ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠡᠳᠦᠢ ᠬᠦᠴᠢᠷ ᠪᠡᠷᠬᠡᠰᠢᠶᠡᠯ ᠲᠠᠢ ᠬᠡᠳᠡᠭ ᠢ ᠮᠡᠳᠡᠬᠦ ᠦᠭᠡᠢ︕ 2019 ᠣᠨ ᠳᠤ᠂ ᠪᠢᠳᠡ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠠᠭᠤᠤ ᠶᠡᠭᠡ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠠᠶᠠᠷᠯᠠᠨ ᠪᠡᠯᠭᠡᠯᠡᠵᠤ ᠡᠯ᠎ᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠰᠢᠢᠳᠪᠦᠷᠢᠯᠡᠵᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠶᠡᠭᠡ ᠬᠠᠨᠳᠤᠰᠢ ᠶᠢ ᠡᠵᠡᠮᠳᠡᠵᠦ ᠬᠠᠶᠢᠷᠠᠯᠠᠨ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠲᠡᠮᠵᠢᠵᠤ ᠴᠢᠩᠭ᠎ᠠ ᠬᠢᠨᠠᠭᠰᠠᠨ ᠤ ᠦᠷ᠎ᠡ ᠳ᠋ᠦᠩ ᠮᠥᠨ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠤ ᠦᠷ᠎ᠡ ᠳ᠋ᠦᠩ ᠮᠥᠨ᠂ ᠨᠠᠩ ᠴᠤ ᠦᠦᠰᠢᠨ  ᠤ ᠡᠯ᠎ᠡ ᠦᠨᠳᠦᠰᠦᠲᠡᠨ ᠨᠦᠭᠦᠳ ᠤᠨ 13 ᠲᠦᠮᠡᠨ ᠠᠷᠠᠳ ᠲᠦᠮᠡᠨ ᠵᠣᠯ ᠵᠢᠷᠭᠠᠯᠲᠤ ᠠᠮᠢᠳᠤᠷᠠᠯ ᠤᠨ ᠲᠥᠯᠥᠭᠡ ᠲᠡᠮᠡᠴᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ  ᠢ ᠲᠦᠯᠦᠭᠡᠯᠡᠨ ᠪᠦᠬᠦ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ᠂ ᠰᠢᠷᠭᠠᠭᠤ ᠲᠡᠮᠡᠴᠡᠵᠦ ᠪᠠᠶᠢᠭ᠎ᠠ ᠥᠷᠭᠡᠨ ᠣᠯᠠᠨ ᠲᠦᠮᠡᠨ ᠪᠠ ᠬᠠᠲᠠᠭᠤᠵᠢᠯᠲᠠᠢ ᠠᠵᠢᠯᠯᠠᠵᠤ ᠪᠠᠶᠢᠭ᠎ᠠ ᠺᠠᠳ᠋ᠷ ᠠᠵᠢᠯᠲᠠᠨ ᠠᠵᠢᠯᠴᠢᠨ ᠳᠤ᠂ ᠦᠦᠰᠢᠨ ᠤ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠦᠬᠦ ᠨᠠᠶᠢᠵᠠ ᠨᠥᠬᠦᠳ ᠲᠤ ᠪᠠᠨ ᠡᠷᠬᠢᠮ ᠳᠡᠭᠡᠲᠤ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ ᠪᠢᠳᠠ ᠰᠡᠷᠭᠡᠭ ᠢᠶᠠᠷ ᠲᠠᠨᠢᠵᠤ ᠤᠯᠤᠭᠰᠠᠨ ᠨᠢ᠄ ᠬᠡᠳᠦᠶᠢᠪᠡᠷ ᠥᠩᠭᠡᠷᠡᠭᠰᠡᠨ ᠨᠢᠭᠡ ᠵᠢᠯ ᠳᠤ ᠮᠠᠨ ᠤ ᠬᠤᠰᠢᠭᠤᠨ ᠤ ᠠᠵᠤ ᠠᠬᠤᠢ ᠶᠢᠨ ᠭᠤᠤᠯ ᠬᠦᠢᠴᠡᠳᠬᠡᠯ ᠲᠤᠭ᠎ᠠ ᠶᠢᠨ ᠨᠡᠮᠡᠭᠳᠡᠯ ᠨᠢ ᠪᠦᠬᠦ ᠬᠤᠲᠠ ᠶᠢᠨ ᠲᠦᠷᠦᠬᠦᠨ ᠳᠤ ᠪᠠᠶᠢᠭᠰᠠᠨ ᠴᠦ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ ᠨᠡᠷᠡᠰ ᠤᠨ ᠵᠢᠭᠰᠠᠭᠠᠯᠲᠠ ᠳᠤ ᠵᠥᠪᠬᠡᠨ ᠨᠢᠭᠡ ᠯᠡ ᠤᠷᠤᠨ ᠨᠡᠮᠡᠭᠳᠡᠭᠰᠡᠨ ᠨᠢ ᠪᠢᠳᠡ ᠬᠦᠭᠵᠢᠵᠤ ᠪᠠᠶᠢᠬᠤ ᠳᠤ ᠪᠤᠰᠤᠳ ᠭᠠᠵᠠᠷ ᠤᠷᠤᠨ ᠴᠦ ᠠᠯᠬᠤᠭ᠎ᠠ ᠪᠠᠨ ᠤᠳᠠᠭᠠᠰᠢᠷᠠᠭᠤᠯᠤᠭᠰᠠᠨ ᠦᠭᠡᠢ ᠶᠢ ᠬᠠᠷᠠᠭᠤᠯᠵᠤ ᠪᠠᠶᠢᠨ᠎ᠠ᠃ ᠡᠷᠬᠡᠪᠰᠢ ᠲᠤᠯᠭᠠᠮ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠪᠤᠳᠠᠲᠠᠢ ᠠᠵᠢᠯ ᠤᠨ ᠰᠤᠷᠳᠠᠯ ᠢᠶᠠᠷ ᠠᠵᠢᠯ ᠢᠶᠠᠨ ᠲᠥᠯᠥᠪᠵᠢᠭᠦᠯᠵᠦ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ ᠪᠢᠳᠡ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠨᠠᠶᠢᠲᠠᠪᠤᠷᠢᠵᠢᠭᠤᠯᠵᠤ ᠠᠵᠤ ᠦᠢᠯᠡᠰ ᠤᠨ ᠪᠦᠲᠦᠴᠡ ᠶᠢᠨ ᠲᠡᠰ ᠳᠡᠪᠰᠢᠬᠦ᠂ ᠳᠤᠲᠠᠭᠤᠳᠠᠯ ᠢ ᠨᠥᠬᠦᠪᠥᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠤᠯᠪᠠᠴᠦ ᠠᠭᠤᠷᠬᠠᠢ ᠶᠢᠨ ᠬᠤᠳᠳᠤᠭ ᠤᠨ ᠤᠰᠤ᠂ ᠨᠡᠭᠦᠷᠡᠰᠦᠨ ᠴᠢᠯᠠᠭᠤ᠂ ᠰᠢᠲᠠᠮᠠᠬᠠᠢ ᠬᠡᠢ ᠶᠢᠨ ᠬᠢᠮᠢ ᠶᠢᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠭᠦᠳᠬᠦ᠂ ᠮᠠᠯ ᠲᠠᠷᠢᠶᠠᠯᠠᠩ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠮᠥᠨ ᠬᠦ ᠳᠤᠲᠠᠭᠤᠳᠠᠯ ᠣᠷᠣᠰᠢᠵᠤ ᠪᠠᠶᠢᠨ᠎ᠠ᠃ ᠡᠷᠬᠡᠪᠰᠢ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠥᠭᠡᠯᠡᠨ ᠠᠵᠢᠯ ᠤᠨ ᠰᠡᠳᠬᠢᠮᠵᠢ ᠪᠠᠨ ᠰᠢᠨᠡᠴᠢᠯᠡᠵᠦ ᠡᠨᠧᠷᠬᠢ ᠶᠢᠨ ᠰᠤᠷᠪᠤᠯᠵᠢ᠂ ᠬᠢᠮᠢ ᠶᠢᠨ ᠦᠢᠯᠡᠳᠪᠦᠷᠢ᠂ ᠮᠠᠯ ᠲᠠᠷᠢᠶᠠᠯᠠᠩ ᠠᠵᠤ ᠠᠬᠤᠢ᠂ ᠰᠣᠶᠣᠯ ᠵᠢᠭᠤᠯᠴᠢᠯᠠᠯ᠂ ᠪᠠᠷᠠᠭᠠᠨ ᠭᠦᠢᠯᠭᠡᠭᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠲᠦᠷᠦᠯ ᠵᠦᠢᠯ ᠢ ᠲᠦᠯᠦᠪᠯᠡᠨ ᠨᠠᠶᠢᠲᠠᠪᠤᠷᠢᠵᠢᠭᠤᠯᠵᠤ ᠰᠢᠨ᠎ᠡ ᠵᠠᠭᠪᠤᠷ ᠢ ᠬᠡᠷᠡᠭᠵᠢᠭᠦᠯᠤᠨ ᠬᠥᠭᠵᠢᠯᠲᠡ ᠶᠢᠨ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ ᠪᠢᠳᠡ ᠠᠷᠠᠳ ᠤᠨ ᠠᠮᠢᠳᠤᠷᠠᠯ ᠢ ᠪᠦᠬᠦ ᠬᠦᠴᠦ ᠪᠠᠷ ᠢᠶᠠᠨ ᠰᠠᠶᠢᠵᠢᠷᠠᠭᠤᠯᠤᠭᠰᠠᠨ ᠪᠣᠯᠪᠠᠴᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠦᠩᠭᠡᠷᠡᠭᠰᠡᠨ ᠤ ᠥᠷᠢ ᠰᠢᠷᠢ ᠨᠡᠯᠢᠶᠡᠳ ᠤᠯᠠᠨ᠂ ᠵᠠᠷᠢᠮ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ ᠨᠡᠯᠢᠶᠡᠳ ᠤᠳᠠᠭᠠᠨ ᠪᠠᠶᠢᠵᠤ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠨ ᠬᠥᠭᠵᠢᠯᠲᠡ ᠶᠢᠨ ᠨᠡᠶᠢᠳᠡᠮ ᠬᠠᠷᠠᠭᠠᠯᠵᠠᠬᠤ ᠴᠢᠨᠠᠷ ᠢ ᠴᠢᠩᠭᠠᠳᠬᠠᠨ᠎ᠡ᠃     ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ     ᠲᠥᠯᠥᠭᠡᠯᠡᠭᠴᠢᠳ ᠡ︕ ᠵᠢᠯ ᠤᠨ ᠡᠬᠢᠨ ᠠᠴᠠ ᠨᠠᠰᠢ ᠬᠡᠨᠡᠳᠳᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ ᠪᠥᠬᠦ ᠬᠤᠰᠢᠭᠤ ᠪᠠᠷ ᠢᠶᠠᠨ ᠲᠠᠷᠤᠢ ᠲᠦᠷᠭᠡᠨ ᠬᠦᠳᠡᠯᠦᠯᠴᠡᠵᠤ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠤ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠲᠠᠯᠠᠵᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠬᠦ ᠶᠢ ᠠᠬᠢᠭᠤᠯᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠨᠤᠲᠤᠭ ᠳᠡᠪᠢᠰᠬᠡᠷ ᠢᠶᠠᠨ ᠰᠠᠬᠢᠬᠤ ᠡᠬᠦᠷᠭᠡ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠬᠦᠢᠴᠡᠳ ᠢᠯᠡᠷᠡᠭᠦᠯᠵᠤ ᠪᠠᠶᠢᠨ᠎ᠠ᠃ ᠬᠢᠵᠢᠭ ᠤᠨ ᠪᠠᠶᠢᠳᠠᠯ ᠢ ᠰᠠᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠲᠠ ᠴᠢᠩᠭ᠎ᠠ ᠰᠢᠰᠲ᠋ᠧᠮ ᠢ ᠪᠠᠶᠢᠭᠤᠯᠵᠤ 5.1 ᠲᠦᠮᠡ ᠭᠠᠷᠤᠶ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠭᠤᠤᠯᠳᠠᠯᠭ᠎ᠠ ᠲᠠᠢ ᠬᠢᠵᠢᠭ ᠤᠨ ᠣᠷᠣᠨ ᠠᠴᠠ ᠪᠤᠴᠠᠵᠤ ᠢᠷᠡᠭᠰᠡᠨ 418 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ ᠭᠠᠳᠠᠨ᠎ᠠ ᠠᠴᠠ ᠤᠷᠤᠵᠤ ᠢᠷᠡᠭᠰᠡᠨ ᠡᠪᠡᠳᠴᠢᠨ ᠤ ᠵᠢᠱᠢᠶ᠎ᠡ ᠭᠠᠷᠤᠭᠰᠠᠨ ᠦᠭᠡᠢ ᠪᠠᠶᠢᠵᠤ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠪᠠ᠃ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠠᠵᠢᠯ ᠢ ᠴᠢᠩᠭ᠎ᠠ ᠠᠳᠬᠤᠨ᠎ᠠ᠃ ︽ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ᠂ ᠥᠷᠲᠡᠭ ᠤᠨ ᠨᠡᠮᠡᠭᠳᠡᠯ ᠤᠨ ᠭᠠᠶᠢᠯᠢ ᠪᠠ ᠮᠦᠩᠭᠦᠨ ᠬᠦᠢᠯᠬᠡᠬᠡ ᠪᠠᠷ ᠳᠡᠮᠵᠢᠨ ᠳᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ 715 ᠲᠦᠮᠡᠨ ᠲᠥᠭᠦᠷᠢᠭ ᠤᠨ ᠠᠵᠢᠯ ᠰᠡᠷᠬᠦᠭᠡᠬᠦ ᠱᠠᠩᠨᠠᠯ ᠤᠨ ᠪᠠᠯᠠ ᠮᠥᠩᠭᠦ ᠳᠣᠭᠢᠷᠠᠭᠤᠯᠵᠤ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ ᠳᠤᠲᠠᠭᠳᠠᠬᠤ᠂ ᠦᠢᠯᠡᠳᠬᠦᠨ ᠢ ᠲᠡᠭᠡᠭᠡᠪᠦᠷᠢᠯᠡᠬᠦ ᠵᠡᠷᠭᠡ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠤ ︽ᠲᠦᠷᠪᠡᠨ ᠵᠦᠢᠯ ᠤᠨ ᠬᠡᠪᠴᠢᠶᠡᠵᠢᠯ ᠠᠴᠠ ᠲᠡᠭᠡᠭᠰᠢᠬᠢ︾ 69 ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ 1.2 ᠲᠦᠮᠡ ᠭᠠᠷᠤᠶ ᠡᠷᠦᠬᠡ ᠪᠤᠯᠤᠨ ᠦᠨᠳᠦᠷ ᠲᠤᠮᠳᠠᠲᠤ᠂ ᠠᠩᠬ᠎ᠠ ᠲᠤᠮᠳᠠᠲᠤ᠂ ᠠᠵᠢᠯ ᠮᠡᠷᠭᠡᠵᠢᠯ ᠤᠨ ᠲᠤᠮᠳᠠᠲᠤ ᠰᠤᠷᠭᠠᠭᠤᠯᠢ ᠶᠢ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠪᠠ ᠬᠢᠴᠢᠶᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠩᠭ᠎ᠠ ᠠᠳᠬᠤᠨ᠎ᠠ᠃ ᠮᠠᠯ ᠲᠠᠷᠢᠶᠠᠯᠠᠩ ᠠᠵᠤ ᠠᠬᠤᠢ ᠲᠠᠢ ᠬᠤᠯᠪᠤᠭᠳᠠᠭᠰᠠᠨ ᠵᠢᠭᠡᠯᠡᠯᠭᠡ ᠶᠢ 6.2 ᠳ᠋ᠦᠩᠰᠢᠭᠤᠷ ᠲᠦᠬᠦᠷᠢᠭ ᠲᠠᠷᠬᠠᠭᠠᠵᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠬᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠤᠨ ᠡᠷᠲᠡᠬᠡᠨ ᠠᠵᠢᠯ ᠢᠶᠠᠨ ᠡᠬᠢᠯᠡᠭᠦᠯᠬᠦ ᠶᠢ ᠲᠦᠯᠬᠢᠨ ᠠᠬᠢᠭᠤᠯᠵᠤ ᠲᠠᠷᠢᠶᠠᠨ ᠰᠠᠶᠢᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠡᠳ᠋ ᠪᠠᠷᠠᠭ᠎ᠠ ᠶᠢ ᠬᠦᠢᠴᠡᠳ ᠨᠥᠭᠡᠴᠡᠯᠡᠵᠦ 59 ᠲᠦᠮᠡᠨ ᠲᠥᠯ ᠲᠤᠰᠴᠤ 163 ᠲᠦᠮᠡᠨ ᠸᠠᠺᠼᠢᠨ ᠤ ᠲᠠᠷᠢᠯᠭ᠎ᠠ ᠲᠠᠷᠢᠵᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ ᠶᠢ ᠥᠷᠨᠢᠭᠦᠯᠤᠨ ᠤᠨ ᠤᠳᠠᠭᠰᠠᠨ ᠨᠢᠭᠡ ᠪᠦᠯᠦᠭ ᠬᠤᠭ ᠨᠣᠪᠰᠢ ᠶᠢ ᠴᠡᠪᠡᠷᠯᠡᠵᠦ ᠳᠦᠷᠢᠮ ᠠᠴᠠ ᠵᠥᠷᠢᠴᠡᠭᠰᠡᠨ ᠨᠢᠭᠡ ᠪᠦᠯᠦᠭ ᠪᠠᠷᠢᠯᠭ᠎ᠠ ᠶᠢ ᠨᠤᠷᠠᠭᠠᠨ᠎ᠠ ᠃ ᠭᠤᠣᠯᠳᠠᠯᠭᠠᠲᠤ ᠲᠥᠷᠥᠯ ᠵᠦᠢᠯ ᠤᠨ ᠠᠵᠢᠯ ᠢ ᠡᠬᠢᠯᠡᠬᠦᠯᠬᠦ ᠪᠠ ᠰᠡᠷᠭᠦᠭᠡᠬᠦ ᠶᠢ ᠴᠢᠩᠭ᠎ᠠ ᠠᠳᠬᠤᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠰᠢᠭᠲᠠᠢ ᠲᠣᠬᠢᠶᠠᠯ ᠢ ᠠᠳᠬᠤᠵᠤ 16 ᠲᠦᠷᠦᠯ ᠤᠨ ᠭᠠᠷ ᠭᠦᠢᠴᠡᠳᠬᠡᠯ ᠢ ᠬᠤᠯᠪᠣᠭᠠᠯᠠᠨ ᠬᠦᠢᠴᠡᠳᠬᠡᠵᠤ ᠳ᠋ᠦᠩᠰᠢᠭᠤᠷ ᠲᠦᠬᠦᠷᠢᠭ ᠠᠴᠠ ᠳᠡᠭᠡᠭᠰᠢᠬᠢ 14 ᠲᠥᠷᠥᠯ ᠵᠦᠢᠯ ᠤᠨ ᠤᠷᠤᠭᠰᠢᠲᠠᠢ ᠠᠵᠢᠯ ᠢᠶᠠᠨ ᠡᠬᠢᠯᠡᠭᠦᠯᠵᠤ ᠰᠡᠷᠬᠦᠬᠡᠬᠦ ᠶᠢ ᠠᠬᠢᠭᠤᠯᠤᠨ᠎ᠠ᠃ ᠨᠡᠭᠦᠷᠡᠰᠦᠨ ᠤ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ᠃ ᠠᠵᠢᠯ ᠤᠨ ᠲᠤᠰᠬᠠᠶ ᠠᠩᠭᠢ ᠪᠠᠶᠢᠭᠤᠯᠵᠤ ᠪᠥᠬᠦ ᠬᠤᠰᠢᠭᠤᠨ ᠤ ᠨᠢᠭᠡᠨᠲᠡ ᠪᠠᠶᠢᠭᠤᠯᠤᠭᠰᠠᠨ ᠵᠢᠴᠢ ᠪᠠᠶᠢᠭᠤᠯᠵᠤ ᠪᠠᠶᠢᠭ᠎ᠠ 7 ᠨᠡᠭᠦᠷᠡᠰᠦᠨ ᠠᠭᠤᠷᠬᠠᠶ ᠂ ᠠᠭᠤᠷᠬᠠᠶ ᠬᠠᠶᠢᠬᠤ ᠡᠷᠬᠡ ᠣᠯᠤᠭᠰᠠᠨ 9 ᠬᠤᠳᠳᠤᠭ᠂ ᠨᠡᠭᠦᠷᠡᠰᠦ ᠬᠢᠮᠢ ᠶᠢᠨ ᠦᠢᠯᠡᠳᠪᠦᠷᠢ ᠳᠤ ᠬᠤᠯᠪᠣᠭᠳᠠᠭᠰᠠᠨ 12 ᠠᠵᠤ ᠠᠬᠤᠶᠢᠯᠠᠯ ᠤᠨ ᠲᠥᠯᠥᠪᠵᠢᠭᠦᠯᠭᠡ ᠶᠢᠨ ᠲᠥᠷᠥᠯ ᠲᠤᠭᠲᠠᠭᠠᠬᠤ᠂ ᠪᠠᠯᠠ ᠣᠷᠣᠭᠤᠯᠤᠯᠲᠠ ᠶᠢ ᠬᠢᠨᠠᠨ ᠬᠠᠷᠭᠤᠭᠤᠯᠬᠤ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠡᠯ᠎ᠡ ᠭᠤᠭᠴᠣᠭᠠᠨ ᠤ ᠪᠥᠬᠦ ᠡᠯᠧᠮᠧᠨ᠋ᠲ ᠢ ᠲᠤᠶᠢᠯᠪᠤᠷᠢᠲᠠᠢ ᠪᠠᠶᠢᠴᠠᠭᠠᠨ᠎ᠡ᠃       ᠲᠥᠯᠥᠭᠡᠯᠡᠭᠴᠢᠳ ᠡ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠬᠢᠯᠡᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠬᠤ ᠵᠠᠩᠭᠢᠯᠠᠭ᠎ᠠ ᠶᠢᠨ ᠨᠢᠭᠡ ᠵᠢᠯ ᠮᠥᠨ᠃ ᠣᠳᠣᠬᠠᠨ ᠳᠤ ᠬᠡᠳᠦ᠋ᠢᠪᠡᠷ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠤᠯᠠᠮ ᠨᠢᠭᠡ ᠠᠯᠬᠤᠮ ᠪᠠᠬᠢᠵᠢᠵᠦ ᠪᠠᠶᠢᠭ᠎ᠠ ᠪᠣᠯᠪᠠᠴᠤ ᠲᠡᠯᠡᠬᠡᠢ ᠶᠢᠨ ᠬᠢᠵᠢᠭ ᠤᠨ ᠪᠠᠶᠢᠳᠠᠯ ᠲᠡᠯᠬᠡᠷᠡᠬᠦ ᠬᠠᠨᠳᠤᠰᠢ ᠲᠠᠢ ᠪᠠᠶᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤᠯᠠᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠡᠭᠦᠷᠭᠡ ᠬᠦᠨᠳᠦᠷᠡᠵᠦ ᠡᠯ᠎ᠡ ᠲᠠᠯ᠎ᠠ ᠶᠢᠨ ᠲᠤᠭᠳᠠᠮᠠᠯ ᠪᠤᠰᠤ ᠡᠯᠧᠮᠧᠨ᠋ᠲ ᠲᠠᠪᠬᠤᠷᠯᠠᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠪᠠᠶᠠᠷᠯᠠᠭᠤᠰᠢᠲᠠᠢ ᠪᠤᠰᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠤᠷᠢᠳ ᠡᠮᠦᠨ᠎ᠡ ᠪᠠᠶᠢᠭ᠎ᠠ ᠥᠬᠡᠶ ᠪᠠᠶᠢᠵᠤ ᠬᠦᠴᠢᠷᠳᠡᠯ ᠪᠠ ᠠᠰᠠᠭᠤᠳᠠᠯ ᠤᠤᠯ ᠠᠴᠠ ᠪᠠᠨ ᠨᠡᠩ ᠤᠯᠠᠨ ᠪᠤᠯᠵᠤ ᠲᠠᠷᠤᠯᠲᠠ ᠨᠡᠩ ᠶᠡᠭᠡ ᠪᠠᠶᠢᠨ᠎ᠠ᠃ ᠡᠶᠢᠮᠦᠷᠬᠦᠤ ᠲᠡᠤᠬᠡ ᠶᠢᠨ ᠵᠠᠩᠭᠢᠯᠠᠭ᠎ᠠ ᠶᠢᠨ ᠴᠡᠭ ᠪᠠ ᠪᠤᠳᠤᠯᠢᠶᠠᠨ ᠪᠡᠷᠬᠡᠰᠢᠶᠡᠯᠲᠠᠢ ᠬᠠᠨᠳᠤᠰᠢ ᠶᠢᠨ ᠲᠤᠤᠷ᠎ᠠ ᠪᠥᠬᠦ ᠵᠢᠯ ᠤᠨ ᠠᠵᠢᠯ ᠢᠶᠠᠨ ᠰᠠᠶᠢᠲᠤᠷ ᠬᠢᠵᠦ ᠰᠢᠨ᠎ᠡ ᠠᠶᠠᠨ ᠵᠠᠮ ᠢᠶᠠᠨ ᠤᠷᠤᠭᠰᠢᠲᠠᠶ ᠡᠬᠢᠯᠡᠭᠦᠯᠬᠦ ᠳᠤ ᠡᠭᠦᠷᠭᠡ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ᠃ ᠤᠳᠤᠬᠠᠨ ᠳᠤ ᠨᠠᠮ ᠤᠨ ᠲᠦᠪ ᠬᠤᠷᠢᠶ᠎ᠠ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢ ᠤᠯᠤᠰ ᠤᠨ ᠰᠢᠨ᠎ᠡ ᠪᠠᠶᠢᠯᠳᠤᠬᠤ ᠪᠤᠳᠤᠯᠭ᠎ᠠ ᠪᠤᠯᠭᠠᠨ ᠲᠡᠪᠰᠢᠬᠦᠯᠵᠤ ᠰᠢᠨ᠎ᠡ ᠨᠢᠭᠡ ᠡᠬᠡᠯᠵᠢ ᠶᠢᠨ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ᠬᠦᠬᠡᠬᠤᠲᠠ ᠪᠤᠭᠤᠲᠤ ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠤᠨ ᠵᠤᠬᠢᠴᠠᠩᠭᠤᠢ ᠬᠦᠭᠵᠢᠯᠲᠡ ᠶᠢ ᠪᠦᠬᠦ ᠲᠠᠯ᠎ᠠ ᠪᠠᠷ ᠡᠬᠢᠯᠡᠬᠦᠯᠦᠨ ᠤᠷᠳᠤᠰ ᠬᠤᠲᠠ ᠶᠢ ᠪᠦᠬᠦ ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶᠡᠴᠢ ᠬᠤᠲᠠ ᠪᠤᠯᠭᠠᠨ ᠡᠬᠦᠳᠦᠨ ᠪᠠᠶᠢᠭᠤᠯᠬᠤ ᠶᠢ  ᠯᠠᠪᠳᠠᠭᠤᠨ ᠠᠬᠢᠭᠤᠯᠵᠤ ᠮᠠᠨ ᠤ ᠬᠤᠰᠢᠭᠤ ᠴᠦ ᠲᠡᠤᠬᠡ ᠶᠢᠨ ᠰᠢᠨ᠎ᠡ ᠴᠢᠬᠤᠯᠠ ᠠᠵᠠ ᠲᠤᠬᠢᠶᠠᠯ ᠢ ᠤᠭᠲᠤᠨ ᠠᠪᠴᠢᠷᠠᠭᠰᠠᠨ ᠪᠠᠶᠢᠨ᠎ᠠ᠃ ᠨᠠᠩ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠭᠡᠳᠦᠯᠲᠠᠢ ᠲᠦᠯᠦᠪᠵᠢᠬᠦᠯᠦᠨ ᠠᠬᠢᠭᠤᠯᠬᠤ ᠨᠢᠭᠡ ᠰᠢᠷᠢᠰ ᠲᠡᠳᠬᠦᠬᠦ ᠲᠦᠷᠦ ᠶᠢᠨ ᠪᠤᠳᠤᠯᠭ᠎ᠠ ᠭᠠᠷᠬᠤ ᠶᠢ ᠲᠠᠭᠠᠯᠳᠤᠨ ᠠᠵᠦ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠦᠬᠦ ᠲᠠᠯ᠎ᠠ ᠪᠠᠷ ᠰᠡᠷᠭᠦᠭᠰᠡᠨ ᠪᠠᠶᠢᠨ᠎ᠠ᠃ ᠪᠢᠳᠠ ᠤᠳᠤᠬᠠᠨ ᠤ ᠬᠠᠨᠳᠤᠰᠢ ᠶᠢ ᠢᠯᠭᠠᠨ ᠲᠠᠨᠢᠵᠤ ᠢᠳᠡᠭᠡᠯ ᠵᠤᠷᠢᠭ ᠢᠶᠠᠨ ᠪᠠᠳᠤᠳᠬᠠᠨ ᠰᠡᠳᠬᠢᠮᠵᠢ ᠪᠠᠨ ᠱᠤᠭᠤᠵᠤ ᠬᠤᠷᠴᠠ ᠱᠠᠯᠠᠮᠠᠭᠠᠢ ᠪᠠᠷ ᠠᠵᠠ ᠲᠤᠬᠢᠶᠠᠯ ᠢ ᠡᠵᠡᠮᠳᠡᠨ ᠦᠤᠰᠢᠨ ᠠᠷᠠᠳ ᠲᠦᠮᠡᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠤᠷᠢᠭᠲᠠᠢ ᠲᠡᠮᠡᠴᠡᠳᠡᠭ ᠵᠤᠷᠢᠭ ᠰᠠᠨᠠᠭ᠎ᠠ ᠶᠢ ᠪᠠᠳᠠᠷᠠᠭᠤᠯᠵᠤ ᠨᠡᠩ ᠬᠠᠳᠠᠭᠤᠵᠢᠯᠲᠠᠢ ᠴᠢᠷᠮᠠᠶᠢᠯᠭ᠎ᠠ ᠭᠠᠷᠭᠠᠳᠠᠭ ᠯᠠ ᠶᠤᠮ ᠪᠤᠯ ᠯᠠᠪᠲᠠᠢ ᠠᠶᠤᠯ ᠲᠦᠭᠰᠢᠬᠦᠷᠢ ᠶᠢ ᠠᠵᠠ ᠲᠤᠬᠢᠶᠠᠯ ᠪᠤᠯᠭᠠᠨ ᠬᠤᠪᠢᠷᠠᠭᠤᠯᠵᠤ ᠬᠦᠭᠵᠢᠯᠲᠡ  ᠶᠢᠨ ᠰᠠᠨᠠᠭᠠᠴᠢᠯᠠᠭᠠᠲᠤ ᠡᠷᠭᠡ ᠶᠢ ᠠᠳᠬᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠪᠠᠶᠢᠳᠠᠯ ᠢ ᠡᠬᠦᠳᠦᠨ᠎ᠡ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠤ ᠬᠢᠭᠰᠡᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠱᠠᠭᠠᠷᠳᠠᠯᠭ᠎ᠠ ᠶᠤᠰᠤᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠲᠦᠯᠲᠠᠢ ᠲᠦᠯᠦᠪᠵᠢᠬᠦᠯᠦᠨ ᠠᠬᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠤᠷᠢᠳᠠᠯ ᠲᠤᠤᠷ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠭᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠠᠵᠤ ᠠᠬᠤᠢ  ᠶᠢᠨ ᠬᠦᠭᠵᠢᠯᠲᠡ ᠪᠠ ᠨᠡᠶᠢᠬᠡᠮ ᠤᠨ ᠠᠮᠤᠷ ᠲᠤᠭᠳᠠᠭᠤᠨ ᠤ ᠶᠡᠭᠡ ᠪᠠᠶᠢᠳᠠᠯ ᠢ ᠬᠠᠮᠠᠭᠠᠯᠠᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠲᠤᠯᠠᠵᠤ ᠴᠢᠨᠠᠷ ᠰᠠᠶᠢᠲᠠᠶ ᠬᠥᠭᠵᠢᠯᠲᠡ ᠶᠢᠨ ᠲᠤᠤᠷ᠎ᠠ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠵᠠᠮ ᠢᠶᠠᠷ ᠰᠠᠶᠢᠲᠤᠷ ᠵᠠᠮᠨᠠᠨ᠎ᠠ᠃      ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠶᠢᠨ ᠬᠠᠨᠳᠤᠰᠢ ᠲᠠᠢ ᠤᠶᠠᠯᠳᠤᠭᠤᠯᠤᠨ ᠪᠦᠬᠦ ᠵᠢᠯ ᠤᠨ ᠲᠡᠮᠡᠴᠡᠬᠦ ᠬᠠᠷᠠᠯᠳᠠ ᠶᠢ ᠲᠤᠷᠠᠳᠴᠦ ᠭᠠᠷᠭᠠᠭᠰᠠᠨ ᠨᠢ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4% ᠤᠷᠴᠢᠮ ᠢᠶᠠᠷ ᠨᠡᠮᠡᠭᠳᠡᠬᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 9.6% ᠤᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠤᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 4% ᠤᠷᠴᠢᠮ ᠢᠶᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ ᠶᠢ 6% ᠪᠠ 8% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠬᠤ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ᠪᠦᠬᠦ ᠵᠢᠯ ᠤᠨ ᠬᠠᠷᠠᠯᠲᠠ ᠡᠬᠦᠷᠭᠡ ᠶᠢᠨ ᠲᠤᠭᠤᠷᠢᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠠᠲᠤᠯᠠᠵᠤ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃      ︵ᠨᠢᠭᠡ︶ ᠨᠠᠷᠢᠯᠢᠭ ᠤᠨᠤᠪᠴᠢᠲᠠᠢ ᠪᠠᠷ ᠬᠦᠴᠦᠯᠡᠵᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠦ ᠢᠯᠠᠯᠲᠠ ᠶᠢ ᠤᠯᠬᠤ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠤᠨ ᠬᠦᠴᠦᠯᠡᠨ ᠴᠢᠷᠮᠠᠶᠢᠵᠤ ᠰᠢᠢᠳᠪᠦᠷᠢᠲᠦ ᠢᠯᠠᠯᠲᠠ ᠶᠢ ᠤᠯᠬᠤ ᠪᠠᠷ ᠪᠦᠬᠦ ᠬᠦᠴᠦᠨ ᠢᠶᠠᠷ ᠢᠶᠠᠨ ᠲᠡᠮᠡᠴᠡᠨ᠎ᠡ᠃       ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠰᠠᠭᠰᠤ ᠭᠦᠷᠦᠬᠦ ᠳᠤ ᠰᠡᠬᠦᠯ ᠬᠤᠷᠢᠶᠠᠬᠤ ᠨᠢ ᠴᠢᠬᠤᠯᠠ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠦᠢᠯᠪᠤᠷᠢᠲᠠᠢ ᠣᠯᠵᠤ ᠲᠡᠦᠬᠡᠲᠦ ᠴᠢᠨᠠᠷᠲᠠᠢ ᠪᠠᠷ ᠶᠠᠳᠠᠭᠤ ᠬᠦᠴᠢᠷᠳᠡᠯ ᠢ ᠠᠷᠢᠯᠭᠠᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠨ᠎ᠡ᠃ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ ᠭᠠᠴᠠᠭ᠎ᠠ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠭᠡᠰᠢᠭᠦᠨ᠂ ᠠᠵᠤ ᠦᠢᠯᠡᠰ ᠤᠨ ᠬᠥᠭᠵᠢᠯᠲᠡ ᠶᠢᠨ ᠵᠢᠯᠤᠭᠤᠳᠤᠭᠴᠢ ᠪᠠ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠲᠤᠮᠢᠯᠠᠬᠤ ᠳᠤ ᠪᠠᠨ ᠰᠢᠯᠢᠳᠡᠭ ᠰᠠᠶᠢᠨ ᠺᠠᠳ᠋ᠷ  ᠢᠶᠠᠨ ᠰᠤᠩᠭᠤᠨ ᠲᠤᠮᠢᠯᠠᠵᠤ ᠶᠠᠳᠠᠭᠤ ᠠᠴᠠ ᠠᠩᠭᠢᠵᠢᠷᠠᠭᠤᠯᠤᠭᠰᠠᠨ 158 ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠦᠨ 90% ᠠᠴᠠ ᠳᠡᠭᠡᠭᠰᠢᠬᠢ ᠶᠠᠳᠠᠭᠤ ᠬᠦᠴᠢᠷᠳᠡᠯᠲᠡᠢ ᠡᠷᠦᠬᠡ ᠶᠢ ᠠᠰᠢᠭ ᠲᠤᠰᠠ ᠶᠢᠨ ᠬᠤᠯᠪᠤᠭᠠᠲᠤ ᠰᠢᠰᠲ᠋ᠧᠮ ᠳᠤ ᠣᠷᠣᠭᠤᠯᠬᠤ ᠪᠠᠷ ᠴᠢᠷᠮᠠᠶᠢᠨ᠎ᠠ᠃ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠳᠣᠰᠬᠤᠨ ᠢ ᠳᠡᠮᠵᠢᠬᠦ︾ ᠠᠵᠢᠯᠯᠠᠭ᠎ᠠ ᠶᠢ ᠬᠦᠨᠵᠡᠬᠡᠶᠢᠷᠡᠬᠦᠯᠵᠣ ᠣᠷᠣᠨ ᠨᠣᠳᠤᠭ ᠲᠤ ᠰᠠᠭᠤᠷᠢᠰᠢᠭ᠎ᠠ ᠠᠵᠣ ᠠᠬᠤᠶᠢᠯᠡᠯ ᠪᠣᠯᠣᠨ ᠶᠠᠳᠠᠭᠤ ᠬᠦᠴᠢᠷᠳᠡᠯᠳᠡᠢ ᠡᠷᠦᠬᠡ ᠶᠢᠨ ᠣᠶᠢᠯᠡᠳᠪᠣᠷᠢᠯᠡᠯ ᠪᠠ ᠬᠡᠷᠡᠭᠴᠡᠭᠡ ᠶᠢ ᠵᠠᠯᠭᠠᠯᠳᠣᠭᠤᠯᠬᠤ ᠳᠠᠪᠴᠡᠩ ᠢ ᠪᠠᠶᠢᠭᠤᠯᠵᠣ ᠬᠤᠳᠠᠯᠳᠣᠨ ᠠᠪᠬᠤ ᠪᠠᠷ ᠪᠣᠷᠣᠯᠠᠭᠤᠯᠬᠤ ᠶᠢ ᠣᠷᠣᠯᠠᠭᠤᠯᠬᠤ᠂ ᠬᠤᠳᠠᠯᠳᠣᠨ ᠠᠪᠬᠤ ᠪᠠᠷ ᠳᠡᠮᠵᠢᠬᠦ ᠶᠢ ᠣᠷᠣᠯᠠᠭᠤᠯᠬᠤ ᠪᠠᠷ ᠶᠠᠳᠠᠭᠤ ᠬᠦᠴᠢᠷᠳᠡᠯᠳᠡᠢ ᠡᠷᠦᠬᠡ ᠶᠢᠨ ᠣᠷᠣᠯᠭ᠎ᠠ ᠶᠢ ᠨᠡᠮᠡᠭᠳᠡᠬᠦᠯᠥᠨ᠎ᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠬᠥᠳᠡᠯᠦᠩᠬᠦᠢ ᠪᠠᠷ ᠢᠯᠭᠠᠨ ᠲᠠᠨᠢᠬᠤ ᠪᠠ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ ︽ᠶᠠᠳᠠᠭᠤ  ᠠᠴᠠ ᠠᠩᠬᠢᠵᠢᠷᠠᠭᠤᠯᠬᠤ ᠳᠠᠭᠠᠳᠬᠠᠯ︾ ᠢ ᠳᠡᠯᠬᠡᠷᠡᠬᠦᠯᠵᠣ ᠡᠷᠡᠬᠦᠯ ᠮᠠᠨᠳᠣ ᠪᠠ ᠰᠣᠷᠭᠠᠨ ᠬᠦᠮᠦᠵᠢᠯ ᠢᠶᠠᠷ ᠶᠠᠳᠠᠭᠤ  ᠶᠢ ᠳᠡᠳᠬᠦᠬᠦ ᠠᠷᠭ᠎ᠠ ᠪᠠᠷᠢᠯ ᠢ ᠨᠠᠶᠢᠳᠠᠪᠣᠷᠢᠵᠢᠭᠤᠯᠵᠣ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠪᠠᠷ ᠳᠤᠲᠠᠮᠠᠭ ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤ ᠬᠦᠴᠢᠷᠳᠡᠯᠳᠡᠢ ᠡᠷᠤᠭᠡ ᠶᠢᠨ ᠪᠠᠷᠢᠮᠵᠢᠶᠠᠨ ᠳᠤ ᠣᠶᠢᠷᠠᠳᠣᠵᠦ ᠪᠠᠶᠢᠭ᠎ᠠ ᠡᠷᠤᠬᠡ ᠶᠢᠨ ᠲᠠᠭᠠᠭᠠᠵᠤ ᠪᠤᠯᠬᠤ ᠵᠦᠢᠯ ᠢ ᠪᠦᠬᠦᠨ ᠢ ᠲᠠᠭᠠᠭᠠᠵᠤ ᠲᠠᠬᠢᠨ ᠶᠠᠳᠠᠭᠤᠷᠠᠬᠤ ᠶᠢ ᠰᠡᠷᠬᠡᠶᠢᠯᠡᠨ ᠬᠤᠷᠢᠭᠯᠠᠵᠦ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠲᠤᠭᠤᠯᠬᠤ ᠶᠢ ᠪᠠᠲᠤᠯᠠᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠲᠦᠪ ᠤᠨ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠲᠠ ᠶᠢᠨ ︽ᠡᠷᠬᠢᠵᠤ ᠬᠠᠷᠠᠬᠤ︾  ᠵᠢᠴᠢ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠲᠤᠷ ᠴᠡᠭᠴᠡᠯᠡᠨ ᠵᠠᠰᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ︽ᠠᠷᠪᠠᠨ ᠶᠡᠭᠡ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠵᠥᠩ ᠲᠢᠶᠠᠨ ᠾᠧ ᠴᠤᠸᠠᠩ ᠺᠤᠮᠫᠠᠨᠢ ᠵᠡᠷᠭᠡ 6 ᠠᠵᠤ ᠠᠬᠤᠶᠢᠯᠠᠯ ᠢ ᠱᠠᠯᠠᠪᠳᠠᠭᠤᠯᠤᠨ ᠵᠤᠤᠬᠠᠨ ᠤ ᠭᠠᠳᠠᠭᠰᠢᠯᠠᠭᠤᠯᠤᠯᠲᠠ ᠶᠢ ᠤᠨᠴᠠ ᠲᠤᠤᠷ᠎ᠠ ᠪᠤᠯᠭᠠᠬᠤ ᠦᠬᠡᠷᠡᠴᠢᠯᠡᠯᠲᠡ ᠪᠠ ᠬᠦᠬᠦᠷ ᠨᠧᠲᠷᠤ᠋ ᠥᠬᠡᠶᠢᠵᠢᠬᠦᠯᠬᠦ ᠥᠭᠡᠷᠡᠴᠢᠯᠡᠯᠲᠡ ᠶᠢ ᠪᠡᠶᠡᠯᠡᠭᠦᠯᠵᠦ ᠲᠣᠭᠤᠰᠣ ᠰᠢᠷᠤᠢ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠤᠷᠭᠠᠨᠢᠭ ᠪᠣᠳᠠᠰ ᠢ ᠵᠠᠰᠠᠨ ᠴᠡᠭᠴᠡᠯᠡᠬᠦ ᠶᠢ ᠴᠢᠩᠭᠠᠳᠬᠠᠨ ᠠᠭᠠᠷ ᠮᠠᠨᠳᠠᠯ ᠤᠨ ᠴᠡᠪᠡᠷᠴᠡ ᠶᠢᠨ ᠶᠠᠰᠣ ᠴᠢᠨᠡᠷ ᠢ ᠪᠠᠳᠣᠯᠠᠨ᠎ᠠ᠃ ᠵᠦᠩ ᠮᠸᠢ ᠪᠦᠯᠦᠭᠯᠡᠯ ᠤᠨ ᠮᠸᠡᠭ ᠳ᠋ᠠ ᠺᠤᠮᠫᠠᠨᠢ ᠵᠡᠷᠭᠡ 4 ᠠᠵᠤ ᠠᠬᠤᠶᠢᠯᠠᠯ ᠢ ᠱᠠᠭᠠᠷᠳᠠᠨ ᠦᠨᠳᠦᠷ ᠲᠠᠪᠤᠰᠤᠲᠤ ᠤᠰᠤ ᠶᠢ ᠲᠠᠪᠤᠰᠤ ᠦᠭᠡᠶᠢᠵᠢᠬᠦᠯᠦᠨ ᠲᠠᠯᠠᠰᠵᠢᠭᠤᠯᠬᠤ ᠲᠦᠬᠦᠭᠡᠷᠦᠮᠵᠢ ᠶᠢ ᠪᠠᠶᠢᠭᠤᠯᠤᠨ ᠮᠦᠩᠬᠡᠴᠢ᠂ ᠮᠠᠩᠭᠢᠰᠤᠨ ᠵᠠᠳᠠᠭᠠᠢ᠂ ᠨᠠᠷᠢᠠᠭᠤᠤᠯ ᠬᠤᠶᠠᠳᠤᠭᠠᠷ ᠨᠡᠬᠦᠷᠡᠰᠦᠨ ᠠᠭᠤᠷᠬᠠᠢ ᠶᠢᠨ ᠤᠰᠤ ᠶᠢ ᠬᠦᠨᠵᠡᠭᠡᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠭᠠᠯᠠᠭᠤᠲᠤ ᠪᠠᠯᠭᠠᠰᠤᠨ ᠤ ᠠᠮᠢ ᠠᠬᠤᠢ ᠶᠢᠨ ᠤᠰᠤᠨ ᠰᠢᠰᠲ᠋ᠧᠮ ᠪᠠ ᠪᠠᠭᠠᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠦᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠭᠤᠤᠯᠳᠠᠯᠭᠠᠲᠤ ᠲᠤᠭᠤᠷᠢᠭ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠠᠬᠢᠭᠤᠯᠤᠨ᠎ᠠ᠃ ᠲᠤᠭ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠤᠭᠤᠷᠢᠭ ᠪᠠ ᠶᠢᠨ ᠴᠧᠩ ᠲᠠᠢ ᠺᠣᠮᠫᠠᠨᠢ ᠶᠢᠨ ᠰᠢᠭᠠᠷᠣ ᠶᠢᠨ ᠳᠠᠯᠠᠪᠠᠢ  ᠶᠢᠨ ᠪᠦᠳᠦᠬᠡᠨ ᠪᠠᠶᠢᠭᠤᠯᠥᠯᠳᠡ ᠶᠢ ᠠᠬᠢᠭᠤᠯᠵᠣ ᠬᠤᠯᠤᠰᠤ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠴᠢᠯᠠᠭᠤ ᠶᠢ ᠡᠬᠡᠭᠦᠯᠦᠨ ᠬᠢᠵᠤ ᠠᠭᠤᠷᠬᠠᠢ ᠶᠢ ᠪᠤᠯᠠᠬᠤ  ᠰᠢᠰᠲ᠋ᠧᠮ ᠢ ᠠᠰᠢᠭᠯᠠᠯᠲᠠ ᠳᠤ ᠤᠷᠤᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠨᠡᠭᠡᠭᠡᠨ ᠮᠠᠯᠲᠠᠬᠤ ᠠᠴᠠ ᠪᠤᠢ ᠪᠤᠯᠤᠭᠰᠠᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠣᠷᠣᠨ ᠪᠦᠰᠡ ᠶᠢᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠰᠢᠯ ᠤᠨ ᠨᠠᠶᠢᠳᠠᠮᠵᠢᠬᠦᠯᠥᠯᠳᠡ ᠶᠢ ᠦᠷᠭᠡᠳᠭᠡᠨ᠎ᠡ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠭᠠᠷ ᠲᠠᠳᠠᠭᠤ ᠠᠮᠢᠳᠤᠷᠠᠯ ᠢ ᠦᠩᠭᠡᠷᠡᠬᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠡᠩ ᠤᠨ ᠴᠢᠨᠠᠷᠲᠠᠶ ᠵᠠᠷᠤᠯᠭ᠎ᠠ ᠶᠢ 20% ᠪᠠᠷ ᠪᠠᠭᠠᠰᠬᠠᠨ ᠪᠠᠩᠬᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠠᠯᠭᠤᠷᠯᠠᠭᠤᠯᠬᠤ᠂ ᠬᠦᠤ ᠮᠥᠩᠭᠦ ᠶᠢ ᠪᠠᠭᠤᠷᠠᠭᠤᠯᠬᠤ ᠪᠠᠷ ᠴᠢᠷᠮᠠᠶᠢᠵᠤ ᠭᠠᠶᠢᠯᠢ ᠲᠠᠲᠠᠪᠤᠷᠢᠯᠠᠵᠤ ᠬᠠᠮᠢᠶᠠᠷᠬᠤ᠂ ᠰᠤᠯᠠ ᠪᠠᠶᠢᠭ᠎ᠠ ᠡᠳ᠋ ᠬᠦᠷᠦᠩᠭᠡ ᠶᠢ ᠰᠢᠢᠳᠪᠦᠷᠢᠯᠡᠬᠦ ᠶᠢ ᠴᠢᠩᠭᠠᠳᠬᠠᠨ ᠠᠵᠣ ᠠᠬᠤᠶᠢᠯᠡᠯ ᠲᠠᠢ ᠬᠤᠯᠪᠣᠭᠳᠠᠭᠰᠠᠨ ᠦᠷᠢ ᠰᠢᠷᠢ ᠶᠢ ᠰᠠᠯᠭᠠᠨ ᠢᠯᠠᠭᠠᠷᠠᠭᠤᠯᠵᠣ ᠵᠠᠰᠠᠭ ᠤᠨ ᠣᠷᠳᠣᠨ ᠤ ᠥᠷᠢ ᠰᠢᠷᠢ ᠶᠢ ᠢᠯᠭᠠᠷᠠᠭᠤᠯᠬᠤ ᠤᠨ ᠤ ᠡᠬᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠦᠷᠢᠴᠡᠯ ᠵᠢᠭᠤᠷᠠᠯᠳᠤᠭᠠᠨ ᠥᠬᠡᠶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠨ ᠶᠢ ᠴᠠᠭ ᠲᠤᠬᠠᠶ ᠳᠤᠨᠢ ᠢᠯᠭᠠᠷᠠᠭᠤᠯᠤᠨ ᠡᠶᠡᠳᠡᠭᠦᠯᠬᠦ᠂ ᠵᠥᠪᠳᠡᠯᠴᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠵᠦᠷᠢᠴᠡᠯ ᠵᠢᠭᠤᠷᠠᠯᠳᠤᠭᠠᠨ ᠲᠠᠢ ᠭᠡᠰᠡᠭ ᠢ ᠲᠥᠷᠥᠯ ᠬᠤᠪᠢᠶᠠᠨ ᠰᠢᠢᠳᠪᠦᠷᠢᠯᠡᠨ᠎ᠡ᠃ ᠲᠦᠷᠥᠯ ᠵᠣᠶᠢᠯ ᠢ ᠨᠦᠬᠡᠴᠡᠯᠡᠬᠦ ᠡᠮᠦᠨ᠎ᠡ ᠬᠤᠭᠤᠴᠠᠭᠠᠨ ᠤ ᠠᠵᠢᠯ ᠢ ᠰᠠᠶᠢᠳᠣᠷ ᠠᠳᠬᠤᠵᠤ ᠵᠠᠰᠠᠭ ᠤᠨ ᠣᠷᠳᠣᠨ ᠤ ᠪᠡᠯᠡ ᠮᠦᠩᠬᠦᠨ ᠤ ᠣᠷᠣᠭᠤᠯᠤᠯᠲᠠ ᠶᠢᠨ ᠬᠠᠨᠳᠤᠰᠢ ᠪᠠ ᠲᠦᠷᠥᠯ ᠵᠣᠶᠢᠯ ᠤᠨ ᠬᠡᠪᠴᠢᠶᠠᠵᠢᠯ᠂ ᠪᠠᠷᠢᠮᠵᠢᠶ᠎ᠠ ᠶᠢ ᠵᠦᠢ ᠵᠣᠬᠢᠰᠳᠡᠢ ᠬᠢᠵᠠᠭᠠᠷᠯᠠᠵᠣ ᠳᠡᠬᠡᠳᠣ ᠱᠠᠳᠣᠨ ᠤ ᠳᠣᠰᠬᠠᠢ ᠲᠦᠷᠥᠯ ᠤᠨ ᠪᠡᠯᠡ ᠮᠦᠩᠬᠦ ᠪᠠ ᠦᠷᠢ ᠶᠢᠨ ᠳᠡᠮᠳᠡᠭᠳᠣ  ᠶᠢᠨ ᠪᠡᠯᠡ ᠮᠦᠩᠬᠦ ᠶᠢ ᠢᠳᠡᠪᠬᠢᠳᠡᠢ ᠳᠠᠮᠠᠴᠠᠨ ᠣᠯᠵᠣ ᠪᠡᠯᠡ ᠮᠦᠩᠬᠦᠨ ᠤ ᠢᠷᠡᠯᠲᠡ ᠶᠢ ᠨᠠᠶᠢᠳᠠᠪᠤᠷᠢᠵᠢᠭᠤᠯᠤᠭᠠᠳᠤᠶ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠴᠢᠩᠭ᠎ᠠ ᠬᠤᠷᠢᠭᠯᠠᠨ᠎ᠠ᠃ ᠪᠤᠷᠤ ᠬᠡᠷᠲᠤ ᠲᠤᠭᠤᠷᠢᠭ ᠤᠨ 3850 ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠰᠣᠯᠢᠬᠤ ᠭᠡᠷᠡᠴᠢ ᠪᠠᠷᠢᠮᠲᠠ ᠶᠢ ᠴᠠᠭ ᠲᠤᠬᠠᠶ ᠳᠤᠨᠢ ᠰᠤᠯᠢᠵᠤ ᠦᠭᠭᠦᠨ᠎ᠡ᠃ ᠨᠢᠭᠡᠨᠲᠡ ᠰᠢᠭᠦᠨ ᠲᠠᠰᠤᠯᠤᠭᠰᠠᠨ ᠬᠠᠤᠯᠢ ᠪᠤᠰᠤ ᠪᠠᠷ ᠮᠦᠩᠭᠦ ᠴᠤᠭᠯᠠᠭᠤᠯᠤᠭᠰᠠᠨ 8 ᠬᠡᠷᠡᠭ ᠤᠨ ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠶᠢ ᠠᠭᠢᠭᠤᠯᠤᠨ᠎ᠠ᠃ ᠣᠯᠣᠰ ᠤᠨ ᠦᠮᠴᠢᠯᠡᠯᠳᠣ ᠠᠵᠣ ᠠᠬᠤᠶᠢᠯᠡᠯ ᠤᠨ ᠬᠦᠭᠵᠢᠯᠳᠡ ᠶᠢᠨ ᠬᠡᠯᠪᠠᠷᠢ ᠪᠠᠨ ᠬᠤᠪᠢᠷᠠᠭᠤᠯᠣᠨ ᠬᠦᠭᠵᠢᠬᠦᠯᠬᠦ ᠶᠢ ᠲᠦᠷᠬᠡᠳᠬᠡᠨ ᠠᠬᠢᠭᠤᠯᠵᠣ ᠳᠠᠮᠣᠷ ᠵᠠᠮ ᠤᠨ ᠪᠠᠷᠠᠭᠠᠨ ᠬᠦᠢᠯᠬᠡᠬᠡ᠂ ᠰᠣᠶᠣᠯ ᠵᠢᠭᠤᠯᠴᠢᠯᠡᠯ᠂ ᠠᠮᠢ ᠠᠬᠤᠢ ᠤᠷᠴᠢᠨ ᠲᠤᠭᠤᠷᠢᠨ ᠵᠢᠴᠢ ᠬᠤᠳᠠ ᠪᠠᠯᠭᠠᠰᠣᠨ ᠤ ᠰᠠᠭᠤᠷᠢ ᠲᠦᠬᠦᠬᠡᠷᠣᠮᠵᠢ ᠶᠢᠨ ᠪᠦᠳᠦᠬᠡᠨ ᠪᠠᠶᠢᠭᠤᠯᠣᠯᠳᠠ᠂ ᠮᠠᠯ ᠤᠨ ᠠᠰᠢᠭ ᠰᠢᠮ᠎ᠡ ᠶᠢᠨ ᠣᠶᠢᠯᠡᠳᠬᠦᠨ ᠪᠠ ᠳᠠᠷᠢᠶᠠᠯᠠᠩ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠵᠡᠷᠬᠡ ᠳᠠᠯ᠎ᠠ ᠪᠠᠷ ᠨᠡᠶᠢᠬᠡᠮ ᠤᠨ ᠦᠷᠢᠰᠣᠯᠳᠣᠬᠡᠨ ᠳᠤ ᠣᠷᠣᠯᠴᠠᠵᠣ ᠪᠣᠳᠠᠳᠣ ᠴᠣᠭᠴᠠ ᠶᠢᠨ ᠲᠦᠷᠥᠯ ᠵᠣᠶᠢᠯ ᠢ ᠬᠦᠭᠵᠢᠬᠦᠯᠥᠨ ᠡᠵᠡᠩᠨᠡᠯᠳᠡ ᠶᠢᠨ ᠣᠷᠣᠯᠭ᠎ᠠ ᠶᠢ ᠨᠡᠮᠡᠭᠳᠡᠬᠦᠯᠦᠨ᠎ᠡ᠃      ︵ᠬᠤᠶᠠᠷ︶ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠵᠤ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠲᠦᠷᠭᠡᠳᠬᠡᠨ ᠪᠤᠢ ᠪᠤᠯᠭᠠᠨ᠎ᠠ᠃ ᠴᠢᠨᠠᠷ ᠰᠠᠶᠢᠲᠠᠶ‌‍ᠬᠥ᠋ᠭᠵᠢᠯᠲᠡ ᠶᠢᠨ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ ︽ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠲᠤᠭᠳᠠᠭᠠᠵᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠤᠨ ᠰᠠᠭᠤᠷᠢ ᠴᠢᠳᠠᠪᠬᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠦᠨ ᠠᠵᠤ ᠦᠢᠯᠡᠰ ᠤᠨ ᠲᠥᠷᠥᠯ ᠵᠦᠢᠯ ᠢ ᠤᠷᠢᠳᠴᠢᠯᠠᠨ ᠲᠥᠯᠥᠪᠯᠡᠵᠦ ᠰᠢᠨ᠎ᠡ ᠬᠠᠭᠤᠴᠢᠨ ᠬᠦᠳᠡᠯᠭᠡᠭᠴᠢ ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ ᠲᠦᠷᠭᠡᠳᠬᠡᠨ ᠣᠯᠠᠨ ᠲᠦᠢᠯ ᠢᠶᠠᠷ ᠲᠤᠯᠭᠠᠭᠤᠷᠢᠯᠠᠬᠤ᠂ ᠣᠯᠠᠨ ᠡᠰᠢᠴᠢᠯᠡᠨ ᠬᠥᠭᠵᠢᠬᠦ ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃      ᠮᠢᠩᠭᠠᠨ ᠳ᠋ᠦᠩᠰᠢᠭᠤᠷ ᠲᠦᠬᠦᠷᠢᠭ ᠤᠨ ᠲᠡᠰ ᠤᠨ ︽ᠳᠥᠷᠪᠡᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ︽ᠳᠥᠷᠪᠡᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠤᠨ ᠣᠨᠣᠯᠵᠢᠭᠤᠨ ᠢ ᠲᠡᠭᠦᠯᠳᠡᠷᠵᠢᠭᠦᠯᠵᠦ ᠬᠦᠷᠢᠶᠡᠯᠡᠩ ᠲᠤᠭᠤᠷᠢᠭ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠨ ᠴᠢᠳᠠᠪᠬᠢ ᠨᠢ ᠪᠦᠷᠢᠨ ᠲᠡᠭᠦᠯᠳᠡᠷ᠂ ᠪᠠᠶᠢᠷᠢ ᠲᠣᠭᠲᠠᠭᠠᠯᠲᠠ ᠨᠢ ᠨᠠᠷᠢᠯᠢᠭ ᠣᠨᠣᠪᠴᠢᠲᠠᠶ᠂ ᠬᠡᠯᠬᠢᠶᠡᠵᠢᠯ ᠨᠢ ᠪᠦᠷᠢᠨ ᠪᠦᠲᠦᠨ᠂ ᠣᠨᠴᠠᠯᠢᠭ ᠨᠢ ᠢᠯᠡ ᠲᠣᠳᠣ ᠬᠦᠷᠢᠶᠡᠯᠡᠩ ᠲᠤᠭᠤᠷᠢᠭ ᠢ ᠪᠦᠲᠦᠬᠡᠨ ᠪᠠᠶᠢᠭᠤᠯᠵᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠪᠤᠯᠭᠠᠬᠤ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠢ ᠰᠢᠯᠢᠳᠡᠭᠵᠢᠬᠦᠯᠦᠨ ᠲᠤᠬᠢᠷᠠᠭᠤᠯᠬᠤ ᠠᠵᠢᠯ ᠢ ᠠᠬᠢᠭᠤᠯᠤᠨ ᠬᠠᠮᠢᠶ᠎ᠠ ᠪᠦᠬᠦᠢ ᠲᠥᠯᠥᠪᠵᠢᠬᠦᠯᠭᠡ ᠶᠢ ᠵᠠᠰᠠᠪᠤᠷᠢᠯᠠᠨ ᠲᠤᠭᠳᠠᠭᠠᠵᠤ ᠤᠷᠲᠤ ᠬᠤᠭᠤᠴᠠᠭ᠎ᠠ ᠰᠤᠨᠵᠢᠷᠠᠭᠤᠯᠤᠭᠠᠳ ᠪᠦᠲᠦᠭᠡᠨ ᠪᠠᠶᠢᠭᠤᠯᠬᠤ ᠦᠭᠡᠢ ᠲᠥᠷᠥᠯ ᠵᠦᠢᠯ ᠤᠨ ᠡᠵᠡᠯᠡᠬᠦ ᠭᠠᠵᠠᠷ ᠰᠢᠷᠣᠢ ᠵᠡᠷᠭᠡ ᠡᠯᠧᠮᠧᠨ᠋ᠲ ᠶᠢᠨ ᠡᠬᠢ ᠪᠠᠶᠠᠯᠢᠭ ᠢ ᠡᠮᠬᠢᠳᠭᠡᠨ ᠴᠡᠭᠴᠡᠯᠡᠭᠡᠳ ᠠᠮᠢᠳᠤᠯᠢᠭ ᠪᠤᠯᠭᠠᠵᠤ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠭᠤᠷᠢᠭ᠂ ᠦᠤᠰᠢᠨᠵᠤᠤ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠵᠠᠮ᠂ ᠪᠤᠬᠢᠷ ᠤᠰᠤ ᠶᠢ ᠴᠡᠪᠡᠷᠰᠢᠬᠦᠯᠦᠨ ᠠᠰᠢᠭᠯᠠᠬᠤ ᠬᠤᠭᠤᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠤᠨ ︽ᠪᠠᠷᠢᠮᠵᠢᠶᠠᠲᠤ ᠭᠠᠵᠠᠷ︾᠂ ︽ᠪᠠᠷᠢᠮᠵᠢᠶᠠᠲᠤ ᠦᠢᠯᠡᠳᠪᠦᠷᠢ ᠶᠢᠨ ᠲᠠᠰᠤᠭ︾᠂ ︽ᠬᠦᠳᠡᠯᠭᠡᠭᠴᠢ ᠬᠦᠴᠦᠨ ᠤ ᠲᠦᠪ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠦᠩ ᠮᠸᠢ ᠪᠦᠯᠦᠭᠯᠡᠯ ᠵᠡᠷᠭᠡ ᠤᠷᠤᠨ ᠨᠤᠲᠤᠭ ᠲᠤ ᠰᠠᠭᠤᠷᠢᠰᠢᠭᠰᠠᠨ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠶᠢᠨ ᠦᠢᠯᠡᠳᠪᠦᠷᠢ ᠶᠢᠨ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠬᠤ ᠶᠢ ᠳᠡᠮᠵᠢᠵᠤ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠢ ᠬᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠬᠦᠳᠦᠭᠰᠡᠨ ᠲᠤᠭᠳᠠᠯᠴᠠᠭ᠎ᠠ ᠶᠢ ᠪᠠᠶᠢᠭᠤᠯᠤᠨ᠎ᠠ᠃ ᠠᠵᠤ ᠦᠢᠯᠡᠰ ᠤᠨ ᠦᠢᠯᠡᠴᠢᠯᠡᠭᠡᠨ ᠤ ᠪᠤᠯᠪᠠᠰᠤᠷᠠᠯ ᠤᠨ ᠲᠦᠪ ᠵᠢᠴᠢ ᠠᠵᠤ ᠦᠢᠯᠡᠳᠪᠦᠷᠢ ᠶᠢᠨ ᠦᠵᠡᠰᠬᠦᠯᠡᠩ ᠢ ᠡᠬᠢᠯᠡᠬᠦᠯᠦᠨ ᠪᠦᠲᠦᠭᠡᠨ ᠪᠠᠶᠢᠭᠤᠯᠵᠤ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠨᠤᠭᠤᠳ ᠲᠠᠢ ᠬᠠᠮᠲᠤᠷᠠᠨ ᠤᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠬᠢᠮᠢ ᠶᠢᠨ ᠦᠢᠯᠡᠳᠪᠦᠷᠢ ᠶᠢᠨ ᠬᠦᠷᠢᠶᠡᠨ ᠳᠠᠬᠢ ᠬᠠᠮᠢᠶᠠᠷᠤᠯᠲᠠ ᠪᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠬᠠᠮᠢᠶᠠᠷᠤᠯᠲᠠ ᠪᠠᠨ ᠰᠠᠶᠢᠵᠢᠷᠠᠭᠤᠯᠬᠤ ᠪᠠᠷ ᠳᠠᠮᠵᠢᠭᠤᠯᠤᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠬᠦ ᠶᠢ ᠳᠡᠮᠵᠢᠨ᠎ᠡ᠃        ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠎ᠠ᠃ ᠪᠦᠦ ᠹᠧᠩ ᠡᠨᠧᠷᠭᠢ ᠶᠢᠨ ᠪᠦᠯᠦᠭᠯᠡᠯ ᠤᠨ ᠨᠡᠬᠦᠷᠡᠰᠦ ᠪᠠᠷ ᠠᠯᠺᠧᠨ ᠦᠢᠯᠡᠳᠬᠦ᠂ ᠵᠦᠩ ᠲᠢᠶᠠᠨ ᠾᠧ ᠴᠤᠸᠠᠩ ᠺᠤᠮᠫᠠᠨᠢ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ ᠵᠡᠷᠭᠡ ᠴᠢᠬᠤᠯᠠ ᠶᠡᠭᠡ ᠰᠠᠭᠤᠷᠢ ᠪᠤᠯᠬᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠦᠭᠵᠢᠯᠲᠡ ᠶᠢᠨ ᠬᠠᠨᠳᠤᠰᠢ ᠶᠢ ᠮᠥᠷᠳᠡᠵᠦ ᠨᠡᠬᠦᠷᠡᠰᠦᠨ ᠠᠭᠤᠷᠬᠠᠶ ᠶᠢᠨ ᠠᠮᠠᠰᠠᠷ ᠤᠨ ᠬᠠᠵᠠᠭᠤ ᠪᠠᠷ ᠪᠠᠶᠢᠷᠢᠯᠠᠬᠤ ᠴᠠᠬᠢᠯᠭᠠᠨ ᠦᠢᠯᠡᠳᠪᠦᠷᠢ ᠪᠠ ᠴᠠᠬᠢᠯᠭᠠᠨ ᠢ ᠭᠠᠳᠠᠭᠰᠢ ᠬᠦᠷᠭᠡᠬᠦ ᠤᠳᠠᠰᠤ ᠶᠢᠨ ᠪᠠᠶᠢᠷᠢᠰᠢᠭᠤᠯᠤᠯᠲᠠ ᠶᠢ ᠠᠬᠢᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠢ ᠡᠬᠢᠯᠡᠬᠦᠯᠦᠨ᠎ᠡ᠃ ᠬᠡᠷᠡᠯ ᠴᠠᠬᠢᠯᠭᠠᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠤᠷᠢᠳᠴᠢᠯᠠᠨ ᠲᠥᠯᠥᠪᠯᠡᠨ᠎ᠡ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠯᠦᠭᠡ ᠬᠠᠮᠳᠤᠷᠠᠯᠴᠠᠭ᠎ᠠ ᠪᠠᠨ ᠴᠢᠩᠭᠠᠳᠬᠠᠵᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠨ ᠣᠨᠣᠪᠴᠢᠲᠠᠢ ᠪᠠᠷ ᠠᠷᠠᠯᠵᠢᠶᠠᠴᠢᠨ ᠤᠷᠢᠵᠤ ᠰᠢᠨ᠎ᠡ ᠮᠠᠲ᠋ᠧᠷᠢᠶᠠᠯ ᠵᠡᠷᠭᠡ ᠬᠡᠯᠬᠢᠶᠡᠵᠢᠯ ᠢᠶᠠᠨ ᠤᠷᠳᠤᠳᠬᠠᠬᠤ᠂ ᠬᠡᠯᠬᠢᠶᠡᠵᠢᠯ ᠢᠶᠠᠨ ᠨᠦᠬᠦᠪᠦᠷᠢᠯᠡᠬᠦ᠂ ᠬᠡᠯᠬᠢᠶᠡᠵᠢᠯ ᠢᠶᠠᠨ ᠴᠢᠩᠭᠠᠳᠬᠠᠬᠤ ᠲᠦᠷᠦᠯ ᠵᠦᠢᠯ ᠢ ᠣᠷᠣᠭᠤᠯᠤᠨ ᠠᠪᠴᠢᠷᠠᠨ᠎ᠠ ᠃ ᠵᠤᠬᠢᠶᠠᠮᠠᠯ ᠤᠶᠤᠨ᠂ ᠤᠷᠤᠨ ᠬᠡᠰᠡᠭ ᠤᠨ ᠴᠦᠷᠭᠡᠯᠡᠭᠡ᠂ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢ ᠲᠦᠯᠦᠪᠵᠢᠬᠦᠯᠦᠨ ᠪᠦᠲᠦᠭᠡᠨ ᠪᠠᠶᠢᠭᠤᠯᠬᠤ ᠪᠠ ᠠᠵᠤ ᠦᠢᠯᠡᠰᠵᠢᠬᠦᠯᠦᠨ ᠬᠡᠷᠡᠭᠯᠡᠬᠦ ᠶᠢ ᠠᠬᠢᠭᠤᠯᠤᠨ ᠠᠵᠤ ᠦᠢᠯᠡᠳᠪᠦᠷᠢᠵᠢᠬᠦᠯᠦᠯᠲᠡ ᠪᠠ ᠴᠢᠮᠡᠭᠡ ᠵᠠᠩᠭᠢᠴᠢᠯᠠᠯᠲᠠ ᠶᠢ ᠠᠭᠤᠰᠤᠯᠴᠠᠭᠤᠯᠤᠨ ᠬᠦᠭᠵᠢᠬᠦᠯᠵᠤ ᠲᠤᠭᠠᠴᠠᠯᠠᠭᠰᠠᠨ ᠠᠵᠤ ᠠᠬᠤᠢ ᠶᠢᠨ ᠰᠢᠨ᠎ᠡ ᠪᠠᠶᠢᠳᠠᠯ᠂ ᠰᠢᠨ᠎ᠡ ᠵᠠᠭᠪᠤᠷ ᠢ ᠪᠤᠢ ᠪᠤᠯᠭᠠᠨ᠎ᠠ᠃ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠴᠢᠬᠤᠯᠠ ᠶᠡᠭᠡ ᠲᠥᠷᠥᠯ ᠵᠦᠢᠯ ᠢ ᠰᠢᠶᠠᠨ ᠤ ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ ᠠᠵᠤ ᠠᠬᠤᠶᠢᠯᠠᠯ ᠤᠨ ᠲᠥᠷᠥᠯ ᠵᠦᠢᠯ ᠤᠨ ᠬᠢᠨᠠᠨ ᠵᠦᠪᠰᠢᠶᠡᠷᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠤ 20 ᠲᠦᠷᠥᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠ 107 ᠲᠦᠷᠦᠯ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠴᠠᠭ ᠲᠤᠬᠠᠶ ᠳᠤᠨᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠨ᠎ᠡ᠃ ᠨᠡᠭᠦᠷᠡᠰᠦᠨ ᠠᠭᠤᠷᠬᠠᠢ ᠶᠢᠨ ᠭᠠᠷ ᠬᠦᠢᠴᠡᠳᠬᠡᠯ ᠢ ᠠᠬᠢᠭᠤᠯᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠳᠳᠤᠭ ᠢ 400 ᠰᠢᠨ᠎ᠡ ᠪᠠᠷ ᠮᠠᠯᠲᠠᠵᠤ ᠡᠨᠧᠷᠬᠢ ᠶᠢᠨ ᠬᠠᠩᠭᠠᠯᠭ᠎ᠠ ᠶᠢᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠵᠦᠸᠧ ᠵᠧᠩ ᠺᠤᠮᠫᠠᠨᠢ᠂ ᠱᠠᠨᠰᠢ ᠨᠡᠭᠦᠷᠡᠰᠦᠨ ᠪᠦᠯᠦᠭᠯᠡᠯ ᠤᠨ ᠵᠢᠶᠠᠨ ᠹᠧᠩ ᠺᠤᠮᠫᠠᠨᠢ ᠵᠡᠷᠭᠡ ᠪᠠᠷᠢᠯᠭ᠎ᠠ ᠵᠤᠭᠰᠤᠭᠰᠠᠨ ᠲᠥᠷᠥᠯ ᠵᠦᠢᠯ ᠢᠶᠠᠨ ᠲᠠᠬᠢᠨ ᠡᠬᠢᠯᠡᠬᠦᠯᠬᠦ ᠶᠢ ᠠᠬᠢᠭᠤᠯᠤᠨ ᠵᠦᠩ ᠮᠸᠢ ᠪᠦᠯᠦᠭᠯᠡᠯ ᠤᠨ ᠶᠤᠸᠠᠨ ᠰᠢᠩ ᠺᠤᠮᠫᠠᠨᠢ ᠶᠢᠨ 60 ᠲᠦᠮᠡᠨ ᠲᠣᠨ ᠮᠧᠲ᠋ᠢᠯ ᠠᠯᠺᠣᠣᠯ ᠤᠨ ᠮᠡᠷᠭᠡᠵᠢᠯ ᠤᠨ ᠥᠭᠡᠷᠡᠴᠢᠯᠡᠯᠲᠡ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ 100 ᠲᠦᠮᠡᠨ ᠲᠣᠨ ᠨᠡᠶᠢᠯᠡᠮᠠᠯ ᠬᠡᠢ ᠪᠠᠷ ᠮᠧᠲ᠋ᠢᠯ ᠠᠯᠺᠣᠣᠯ ᠦᠢᠯᠡᠳᠬᠦ ᠮᠡᠷᠭᠡᠵᠢᠯ ᠤᠨ ᠥᠭᠡᠷᠡᠴᠢᠯᠡᠯᠲᠡ ᠵᠢᠴᠢ ᠢᠵᠢ ᠪᠦᠷᠢᠳᠦᠬᠦᠯᠦᠭᠰᠡᠨ ᠬᠤᠭᠤᠯᠠᠶ ᠱᠤᠭᠤᠮ᠂ ᠵᠥᠩ ᠲᠢᠶᠠᠨ ᠾᠧ ᠴᠤᠸᠠᠩ ᠺᠤᠮᠫᠠᠨᠢ ᠶᠢᠨ ᠳᠣᠤᠷ᠎ᠠ ᠳᠠᠷᠤᠯᠲᠠᠲᠤ ᠭᠠᠯ ᠪᠠᠮᠪᠠᠷ ᠢ ᠥᠭᠡᠷᠡᠴᠢᠯᠡᠬᠦ᠂ ᠰᠾᠢ ᠬᠠᠶ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠨᠢᠭᠡᠳᠦᠭᠡᠷ ᠬᠤᠭᠤᠴᠠᠭᠠᠨ ᠤ 15 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃        ᠣᠳᠣ ᠦᠶ᠎ᠡ ᠶᠢᠨ ᠪᠠᠷᠠᠭᠠᠨ ᠭᠦᠢᠯᠭᠡᠭᠡᠨ ᠤ ᠦᠢᠯᠡᠰ ᠢ ᠬᠥᠭᠵᠢᠭᠦᠯᠦᠨ᠎ᠡ᠃ ᠬᠤᠯᠪᠤᠭᠠᠯᠵᠢ ᠠᠴᠠ ᠵᠢᠢ ᠠᠨ ᠬᠦᠷᠬᠦ ᠲᠡᠮᠦᠷ ᠵᠠᠮ ᠤᠨ ᠡᠬᠢᠯᠡᠯᠲᠡ ᠶᠢᠨ ᠴᠡᠭ ᠤᠨ ᠳᠠᠪᠠᠭᠤᠯᠢᠭ ᠲᠤ ᠲᠦᠰᠢᠭᠯᠡᠨ ᠨᠡᠭᠦᠷᠡᠰᠦ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠭᠠᠯᠠᠭᠤᠲᠤ᠂ ᠨᠠᠷᠢᠠᠭᠤᠤᠯ ᠤᠨ ᠶᠡᠷᠦᠩᠭᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ ᠱᠠᠩ ᠤᠨ ᠬᠤᠭᠤᠯᠠᠢ ᠲᠡᠮᠦᠷ ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠨᠡᠭᠦᠷᠡᠰᠦ ᠵᠦᠭᠡᠭᠡᠪᠦᠷᠢᠯᠡᠬᠦ ᠬᠥᠭᠦᠷᠭᠡ ᠪᠠ ᠨᠠᠷᠢᠠᠭᠤᠤᠯ ᠬᠤᠶᠠᠳᠤᠭᠠᠷ ᠬᠤᠳᠳᠤᠭ ᠤᠨ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠨ ᠪᠦᠲᠦᠭᠡᠨ᠎ᠠ᠃ ᠲᠤᠮᠳᠠᠳᠤ ᠤᠷᠤᠨ ᠤ ᠨᠡᠭᠦᠷᠡᠰᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠬᠠᠷᠢᠯᠴᠠᠭ᠎ᠠ ᠪᠠᠨ ᠴᠢᠩᠭᠠᠳᠬᠠᠵᠤ ᠥᠪᠥᠷ ᠮᠣᠩᠭᠤᠯ ᠤᠨ ᠨᠡᠭᠦᠷᠡᠰᠦᠨ ᠠᠷᠠᠯᠵᠢᠶᠠᠨ ᠤ ᠲᠥᠪ ᠲᠤ ᠲᠦᠰᠢᠭᠯᠡᠨ ᠡᠨᠧᠷᠭᠢ ᠬᠢᠮᠢ ᠶᠢᠨ ᠦᠢᠯᠡᠳᠪᠦᠷᠢ ᠶᠢᠨ ᠠᠷᠠᠯᠵᠢᠶᠠᠨ ᠤ ᠲᠥᠪ ᠢ ᠫᠠᠶᠢᠰᠠ ᠡᠯᠭᠦᠨ ᠪᠠᠶᠢᠭᠤᠯᠬᠤ ᠠᠵᠢᠯ ᠢ ᠰᠦᠪᠡᠭᠴᠢᠯᠡᠵᠦ ᠬᠤᠭᠤᠴᠠᠭᠠᠲᠤ ᠪᠠᠷᠠᠭᠠᠨ ᠤ ᠲᠠᠰᠤᠯᠤᠨ ᠪᠤᠳᠤᠬᠤ ᠬᠥᠮᠥᠷᠭᠡ ᠶᠢ ᠪᠠᠶᠢᠭᠤᠯᠤᠨ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ︽ᠳᠣᠲᠣᠭᠠᠳᠤ ᠬᠠᠭᠤᠷᠠᠶ ᠶᠢᠨ ᠭᠠᠷᠠᠮ︾ ᠢ ᠪᠥᠲᠥᠭᠡᠨ ᠪᠠᠶᠢᠭᠤᠯᠤᠨ᠎ᠠ᠃ ᠰᠦᠯᠵᠢᠶᠠᠨ ᠳᠡᠭᠡᠭᠡᠪᠤᠷᠢ ᠶᠢᠨ ᠪᠠᠷᠠᠭᠠᠨ ᠬᠦᠢᠯᠬᠡᠬᠡ ᠶᠢ ᠬᠦᠭᠵᠢᠬᠦᠯᠵᠤ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠭᠤᠤᠯ ᠪᠤᠯᠬᠤ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠴᠢᠨᠠᠷ ᠰᠠᠶᠢᠲᠠᠶ ᠮᠠᠯ  ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠲᠡᠭᠡᠭᠡᠪᠦᠷᠢᠯᠡᠨ ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ᠃ ᠬᠤᠪᠢᠰᠬᠠᠯ ᠤᠨ ᠰᠤᠶᠤᠯ ᠪᠠ ︽ᠳᠤᠭᠤᠶᠢᠯᠠᠩ︾ ᠤᠨ ᠬᠥᠳᠡᠯᠭᠡᠭᠡᠨ᠂ ︽ᠮᠠᠯᠵᠢᠬᠤ ᠳ᠋ᠠᠵᠠᠢ︾ ᠶᠢᠨ ᠲᠡᠦᠬᠡᠨ ᠮᠠᠲ᠋ᠧᠷᠢᠶᠠᠯ ᠢ ᠠᠭᠤᠳᠠᠯᠠᠨ ᠡᠮᠬᠢᠯᠡᠵᠦ 1949 ᠤᠨ ᠤ ᠨᠠᠮᠤᠷ  ᠤᠨ ᠰᠡᠬᠦᠯᠴᠢ ᠶᠢᠨ ᠬᠤᠰᠢᠭᠤ ᠨᠠᠮ ᠤᠨ ᠬᠤᠷᠢᠶᠠᠨ ᠤ ᠬᠠᠭᠤᠴᠢᠨ ᠪᠠᠭᠤᠷᠢ᠂ ᠨᠢᠭᠡᠳᠦᠭᠡᠷ ᠨᠠᠮ ᠤᠨ ᠪᠠᠭ᠎ᠠ ᠳᠤᠭᠤᠶᠢᠯᠠᠩ ᠤᠨ ᠬᠠᠭᠤᠴᠢᠨ ᠪᠠᠭᠤᠷᠢ᠂ ᠪᠠᠲᠤ ᠶᠢᠨ ᠲᠤᠬᠤᠢ ᠶᠢᠨ ᠡᠷᠦᠬᠡ ᠶᠢᠨ ᠴᠡᠷᠢᠭ ᠤᠨ ᠪᠠᠶᠢᠴᠠᠭᠠᠬᠤ ᠦᠷᠲᠡᠬᠡᠨ ᠤ ᠬᠠᠭᠤᠴᠢᠨ ᠪᠠᠭᠤᠷᠢ ᠪᠠ ᠦᠷᠡᠭᠳᠡᠭᠰᠡᠨ ᠪᠠᠭᠠᠲᠤᠷ ᠲᠤᠪᠴᠢᠨᠳᠤᠷᠵᠢ ᠶᠢᠨ ᠬᠠᠭᠤᠴᠢᠨ ᠰᠠᠭᠤᠴᠠ ᠵᠡᠷᠭᠡ  ᠶᠢ ᠬᠠᠮᠠᠭᠠᠯᠠᠨ ᠰᠠᠯᠪᠢᠨ ᠵᠠᠰᠠᠵᠣ ᠬᠤᠪᠢᠰᠬᠠᠯ ᠤᠨ ᠲᠡᠦᠬᠡ ᠶᠢᠨ ᠮᠦᠽᠧᠶ ᠪᠠ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠦᠯᠦᠪᠯᠡᠨ ᠪᠠᠶᠢᠭᠤᠯᠵᠤ ᠱᠠᠨᠰᠢ ᠭᠠᠨᠰᠦ ᠨᠢᠩᠰᠢᠶᠠ ᠶᠢᠨ ᠬᠤᠪᠢᠰᠬᠠᠯ ᠤᠨ ᠵᠢᠭᠤᠯᠴᠢᠯᠠᠯ ᠤᠨ ᠲᠤᠭᠤᠷᠢᠭ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠤᠨ᠎ᠠ᠃ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠰᠢᠨ᠎ᠡ ᠨᠢᠭᠡᠨ ᠡᠭᠡᠯᠵᠢ ᠶᠢᠨ ᠬᠠᠭᠤᠴᠢ ᠰᠤᠳᠤᠯᠤᠯ ᠤᠨ ᠠᠭᠤᠳᠠᠯᠠᠬᠤ ᠠᠵᠢᠯ ᠢ ᠦᠷᠨᠢᠬᠦᠯᠦᠨ ᠬᠠᠭᠤᠴᠢ ᠰᠤᠳᠤᠯᠤᠯ ᠢ ᠪᠡᠶᠡᠴᠢᠯᠡᠨ ᠣᠶᠢᠯᠠᠭᠠᠬᠤ ᠲᠦᠬᠦᠮ ᠪᠦᠲᠦᠴᠡᠲᠤ ᠭᠡᠷ᠂ ᠸᠠᠩ ᠣᠪᠣᠭᠲᠤ ᠶᠢᠨ ᠤᠰᠤᠨ ᠦᠬᠡᠷ ᠢ ᠢᠯᠡᠷᠡᠭᠦᠯᠦᠭᠰᠡᠨ ᠭᠠᠵᠠᠷ ᠵᠢᠴᠢ ᠮᠤᠳᠤᠨ ᠬᠥᠭᠦᠷᠭᠡᠨ ᠵᠠᠮ ᠵᠡᠷᠭᠡ ᠵᠠᠩᠭᠢᠯᠠᠭ᠎ᠠ ᠶᠢᠨ ᠴᠡᠭ ᠢ ᠪᠠᠶᠢᠭᠤᠯᠵᠤ ᠰᠢᠷᠬᠤᠰᠤ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠦᠪᠡᠷᠳᠡᠭᠡᠨ ᠮᠠᠰᠢᠨ ᠵᠢᠯᠣᠭᠤᠳᠴᠤ ᠬᠥᠳᠡᠭᠡ ᠲᠣᠰᠬᠤᠨ ᠢᠶᠠᠷ ᠵᠢᠭᠤᠯᠴᠢᠯᠠᠬᠤ ᠵᠡᠷᠭᠡ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠭᠠᠴᠠᠭ᠎ᠠ ᠲᠣᠰᠬᠤᠨ ᠤ ᠰᠤᠯᠠ ᠪᠠᠶᠢᠭ᠎ᠠ ᠬᠡᠷ ᠪᠠᠶᠢᠰᠢᠩ ᠢ ᠠᠰᠢᠭᠯᠠᠨ ᠦᠪᠡᠷᠮᠢᠴᠡ ᠤᠨᠴᠠᠯᠢᠭᠲᠤ ᠠᠷᠠᠳ ᠤᠨ ᠡᠷᠬᠢᠯᠡᠭᠰᠡᠨ ᠬᠤᠨᠤᠭ ᠤᠨ ᠭᠠᠵᠠᠷ ᠪᠠ ᠢᠳᠡᠭᠡᠨ ᠤᠮᠳᠠᠭᠠᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠢ ᠲᠠᠰ ᠳᠡᠪᠰᠢᠭᠦᠯᠬᠦ᠂ ᠨᠠᠷᠢᠯᠢᠭ ᠬᠠᠮᠢᠶᠠᠷᠬᠤ ᠶᠢ ᠠᠬᠢᠭᠤᠯᠵᠤ ᠠᠯᠲᠠ ᠮᠦᠩᠭᠦᠨ ᠡᠳ᠋ᠯᠡᠯ ᠬᠡᠷᠡᠭᠰᠡᠯ᠂ ᠦᠨᠳᠦᠰᠦᠨ ᠰᠡᠶᠢᠯᠦᠮᠡᠯ ᠵᠡᠷᠭᠡ ᠶᠢ ᠦᠢᠯᠡᠳᠬᠦ ᠠᠵᠤ ᠠᠬᠤᠶᠢᠯᠠᠯ᠂ ᠭᠠᠷ ᠤᠷᠠᠯᠠᠭᠴᠢᠳ ᠤᠨ ᠦᠪᠡᠷᠮᠢᠴᠡ ᠣᠨᠴᠠᠯᠢᠭᠲᠤ ᠰᠣᠶᠣᠯ ᠤᠨ ᠤᠷᠠᠨ ᠰᠡᠳᠬᠢᠮᠵᠢ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠬᠤᠷ᠎ᠠ ᠤᠰᠤ ᠦᠵᠡᠮᠵᠢ ᠶᠢᠨ ᠣᠷᠣᠨ᠂ ᠪᠠᠶᠠᠨᠨᠠᠭᠤᠷ ᠤᠨ ᠲᠠᠯ᠎ᠠ ᠨᠤᠲᠤᠭ᠂ ᠤᠩᠭᠤᠨ ᠮᠠᠩᠬ᠎ᠠ ᠪᠠ ᠪᠦᠷᠢᠳᠦ ᠡᠯᠡᠰᠦ ᠮᠠᠩᠬ᠎ᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠦᠭᠵᠢᠬᠦᠯᠵᠤ ᠠᠷᠠᠳ ᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ ᠵᠡᠷᠭᠡ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ ᠵᠢᠭᠤᠯᠴᠢᠯᠠᠯ ᠤᠨ ᠤᠷᠤᠨ ᠤ ᠵᠣᠷᠯᠣᠩ ᠢ 10 ᠰᠢᠨ᠎ᠡ ᠪᠠᠷ ᠪᠠᠶᠢᠭᠤᠯᠤᠨ᠎ᠠ᠃ ᠢᠷᠭᠠᠢ᠂ ᠶᠠᠨ ᠠᠨ᠂ ᠲᠡᠮᠡᠭᠡᠲᠦ ᠵᠡᠷᠭᠡ ᠡᠷᠭᠢᠨ ᠲᠣᠭᠤᠷᠢᠨ ᠤ ᠵᠢᠭᠤᠯᠴᠢᠯᠠᠯ ᠤᠨ ᠬᠥᠭᠵᠢᠶᠡᠨᠲᠦ ᠭᠠᠵᠠᠷ ᠲᠤ ᠴᠢᠭᠯᠡᠬᠦᠯᠦᠨ ︽ᠡᠯᠡᠰᠤ ᠮᠠᠩᠬᠠᠨ ᠤ ᠳᠠᠷᠬᠠᠨ ᠣᠷᠣᠨ · ᠨᠤᠮᠢᠨ ᠲᠠᠩᠰᠤᠭ ᠦᠦᠰᠢᠨ︾ ᠤ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠵᠤ ᠵᠢᠭᠤᠯᠴᠢᠯᠠᠯ ᠤᠨ ᠵᠠᠬ᠎ᠠ ᠲᠡᠯᠭᠡᠭᠦᠷ ᠢ ᠴᠡᠴᠡᠭᠯᠡᠬᠦᠯᠦᠨ ᠬᠦᠭᠵᠢᠬᠦᠯᠦᠨ᠎ᠡ᠃      ︵ᠭᠤᠷᠪᠠ︶ ᠪᠦᠬᠦ ᠲᠠᠯ᠎ᠠ ᠪᠠᠷ ᠨᠢᠭᠡᠳᠦᠯᠲᠠᠢ ᠲᠦᠯᠦᠪᠵᠢᠬᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠤᠨ᠎ᠠ᠃ ᠪᠦᠲᠦᠴᠡ ᠶᠢ ᠰᠢᠯᠢᠳᠡᠭᠵᠢᠬᠦᠯᠬᠦ᠂ ᠬᠡᠪᠴᠢᠶᠡᠵᠢᠯ ᠢ ᠡᠷᠴᠢᠮᠵᠢᠬᠦᠯᠬᠦ᠂ ᠥᠨᠳᠥᠷ ᠪᠦᠲᠦᠮᠵᠢ ᠲᠠᠢ ᠠᠭᠤᠰᠤᠯᠴᠠᠭᠤᠯᠬᠤ᠂ ᠡᠵᠡᠩᠨᠡᠯᠲᠡ  ᠶᠢ ᠨᠠᠷᠠᠲᠤ ᠲᠡᠮᠲᠡᠭᠴᠢᠯᠡᠬᠦ ᠤᠶᠢᠯᠠᠭᠠᠭᠳᠠᠬᠤᠨ ᠢ ᠪᠠᠷᠢᠮᠲᠠᠯᠠᠵᠤ ᠵᠢᠯ ᠤᠨ ᠲᠤᠲᠤᠷ᠎ᠠ ᠡᠳ᠋ ᠤᠨ ᠵᠠᠰᠠᠭ ᠤᠨ ᠪᠠᠯᠠ ᠮᠥᠩᠭᠦ᠂ ᠲᠤᠰᠬᠠᠶ ᠲᠦᠷᠦᠯ ᠤᠨ ᠪᠠᠯᠠ ᠮᠥᠩᠭᠦ ᠪᠠ ᠪᠠᠩᠬᠢ ᠶᠢᠨ ᠵᠢᠭᠡᠯᠡᠯᠭᠡ ᠶᠢ ᠨᠡᠶᠢᠯᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠦᠷᠦᠯ ᠤᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠳᠣᠭᠢᠷᠠᠭᠤᠯᠵᠤ ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ ᠠᠵᠤ ᠠᠬᠤᠶ ᠶᠢᠨ ︽ᠲᠦᠷᠪᠡ ᠶᠢ ᠲᠦᠷᠭᠡᠳᠬᠡᠨ ᠬᠤᠪᠢᠷᠠᠭᠤᠯᠬᠤ︾ ᠶᠢ ᠪᠡᠶᠡᠯᠡᠬᠦᠯᠦᠨ᠎ᠡ᠃      ᠰᠢᠨ᠎ᠡ ᠵᠠᠭᠪᠤᠷ᠂ ᠰᠢᠨ᠎ᠡ ᠮᠡᠷᠭᠡᠵᠢᠯ ᠢ ᠳᠡᠯᠭᠡᠷᠡᠭᠦᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠬᠦᠯᠵᠤ ᠠᠵᠤ ᠠᠬᠤᠢ ᠶᠢ ᠦᠨᠳᠦᠷ ᠪᠦᠲᠦᠮᠵᠢᠲᠠᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ 4.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 500 ᠮᠦ ᠲᠥᠬᠦᠭᠡᠷᠦᠮᠵᠢᠲᠦ ᠲᠠᠷᠢᠶᠠᠯᠠᠩ ᠢ ᠬᠡᠷᠡᠭᠵᠢᠬᠦᠯᠵᠤ ᠤᠰᠤ ᠪᠣᠷᠳᠣᠭᠤᠷ ᠢ ᠴᠣᠭᠴᠠᠵᠢᠭᠤᠯᠤᠭᠰᠠᠨ ᠮᠡᠷᠭᠡᠵᠢᠯ ᠢ ᠳᠡᠯᠭᠡᠷᠡᠬᠦᠯᠦᠨ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠮᠡᠷᠭᠡᠵᠢᠯ ᠢ ᠰᠠᠶᠢᠲᠤᠷ ᠬᠡᠷᠡᠭᠯᠡᠵᠦ ᠡᠷᠳᠡᠨᠢ ᠰᠢᠰᠢ ᠶᠢᠨ ᠲᠣᠮᠣ ᠲᠣᠯᠪᠣᠲᠤ ᠡᠪᠡᠳᠴᠢᠨ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠤᠨ ᠰᠠᠶᠢᠲᠤᠷ ᠬᠢᠵᠦ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠢ ᠲᠤᠭᠲᠠᠪᠤᠷᠢᠵᠢᠭᠤᠯᠤᠨ᠎ᠠ᠃ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠰᠠᠶᠢᠨ᠂ ᠴᠢᠨᠠᠷ ᠰᠠᠶᠢᠲᠠᠶ ᠲᠠᠷᠢᠮᠠᠯ ᠤᠨ ᠰᠢᠨ᠎ᠡ ᠲᠦᠷᠦᠯ ᠢ ᠤᠷᠤᠭᠤᠯᠤᠨ ᠠᠪᠴᠢᠷᠠᠬᠤ ᠪᠠ ᠪᠤᠶᠢᠵᠢᠭᠤᠯᠬᠤ ᠭᠦᠴᠦᠯᠡᠴᠡ ᠶᠢ ᠨᠡᠮᠡᠭᠳᠡᠬᠦᠯᠵᠤ ᠪᠤᠷᠳᠤᠨ ᠲᠡᠵᠢᠭᠡᠬᠦ ᠪᠠ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠶᠢ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠮᠠᠰᠢᠨ ᠢ ᠳᠡᠯᠭᠡᠷᠡᠭᠦᠯᠦᠨ᠎ᠡ᠃ ᠲᠠᠷᠢᠶᠠᠨ ᠡᠮ᠂ ᠬᠢᠮᠢ ᠶᠢᠨ ᠪᠤᠷᠳᠤᠭᠤᠷ ᠪᠠ ᠲᠠᠷᠢᠶᠠᠯᠠᠩ ᠤᠨ ᠪᠦᠷᠬᠦᠪᠴᠢ ᠬᠡᠷᠡᠭᠯᠡᠬᠦ ᠬᠡᠮᠵᠢᠶ᠎ᠡ  ᠪᠠᠨ ᠪᠠᠭᠠᠰᠬᠠᠵᠤ ᠪᠤᠲᠠ ᠮᠣᠳᠣᠨ ᠤ ᠲᠠᠭᠠᠷᠢᠳᠠᠰᠤ ᠪᠠ ᠲᠠᠷᠢᠮᠠᠯ ᠤᠨ ᠡᠰᠢ ᠰᠦᠷᠡᠯ ᠵᠡᠷᠭᠡ ᠠᠮᠢᠳᠤ ᠪᠣᠳᠠᠰ ᠤᠨ ᠡᠬᠢ ᠪᠠᠶᠠᠯᠢᠭ ᠢ ᠠᠰᠢᠭᠯᠠᠨ ᠣᠷᠭᠠᠨᠢᠭ ᠪᠣᠷᠳᠣᠭᠤᠷ ᠪᠠ ᠠᠮᠢᠳᠤ ᠪᠣᠳᠠᠰ ᠤᠨ ᠮᠥᠬᠦᠯᠢᠭᠲᠦ ᠮᠠᠲ᠋ᠧᠷᠢᠶᠠᠯ ᠢ ᠬᠦᠭᠵᠢᠬᠦᠯᠬᠦ ᠶᠢ ᠳᠡᠮᠵᠢᠨ᠎ᠡ᠃ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠬᠡᠷᠡᠴᠢᠯᠡᠭᠡ ᠬᠢᠬᠦ ᠲᠦᠷᠢᠮ ᠢ ᠴᠢᠩᠭ᠎ᠠ ᠬᠡᠷᠡᠭᠵᠢᠭᠦᠯᠵᠦ ᠨᠤᠲᠤᠭ ᠤᠨ ᠭᠠᠷᠤᠯᠳᠠᠲᠤ ᠢᠳᠡᠭᠡᠨ ᠤᠮᠳᠠᠭᠠᠨ ᠤ SC ᠭᠡᠷᠡᠴᠢᠯᠡᠭᠡ ᠶᠢ ᠠᠬᠢᠭᠤᠯᠵᠤ ᠭᠠᠵᠠᠷ ᠵᠦᠶ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠪᠠ ᠪᠣᠬᠢᠷᠲᠤᠯ ᠥᠬᠡᠶ᠂ ᠣᠷᠭᠠᠨᠢᠭ ᠪᠦᠲᠦᠬᠡᠭᠳᠡᠬᠦᠨ ᠢ 10 ᠮᠡᠳᠡᠬᠦᠯᠦᠨ ᠭᠡᠷᠡᠴᠢᠯᠡᠭᠦᠯᠵᠦ ᠮᠠᠯᠴᠢᠨ ᠲᠠᠷᠢᠶᠠᠴᠢᠨ᠂ ᠬᠤᠷᠰᠢᠭᠰᠠᠨ ᠵᠣᠬᠢᠶᠠᠨ ᠪᠠᠶᠢᠭᠤᠯᠤᠯᠲᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ ︽ᠣᠶᠤᠨᠴᠢ ᠴᠠᠭ ᠠᠭᠤᠷ︾ ᠤᠨ ᠲᠤᠷᠰᠢᠯᠲᠠ ᠶᠢᠨ ᠴᠡᠭ ᠭᠠᠷᠭᠠᠵᠤ ᠦᠢᠯᠡᠳᠪᠦᠷᠢᠯᠡᠯ ᠳᠤ ᠨᠠᠷᠢᠯᠢᠭ ᠤᠨᠤᠪᠴᠢᠲᠠᠢ ᠴᠠᠭ ᠠᠭᠤᠷ ᠤᠨ ᠦᠢᠯᠡᠴᠢᠯᠡᠭᠡ ᠬᠠᠩᠭᠠᠨ᠎ᠠ᠃        ᠲᠥᠷᠥ ᠶᠢᠨ ᠪᠣᠳᠣᠯᠭ᠎ᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠮᠠᠯ ᠠᠵᠤ ᠠᠬᠤᠶ ᠶᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠬᠤ ᠲᠡᠰᠢ ᠲᠦᠷᠭᠡᠳᠬᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠠᠮᠢ ᠠᠬᠤᠶ ᠶᠢ ᠡᠷᠬᠢᠯᠳᠦᠬᠦᠯᠬᠦ ᠬᠥᠭᠵᠢᠯᠲᠡ ᠶᠢᠨ ᠠᠷᠭ᠎ᠠ ᠮᠠᠶ᠋ᠢᠭ ᠢ ᠪᠠᠷᠢᠮᠲᠠᠯᠠᠵᠤ ᠮᠠᠯᠴᠢᠨ  ᠲᠠᠷᠢᠶᠠᠴᠢᠨ ᠢ ᠬᠥᠲᠥᠯᠥᠨ ᠵᠢᠯᠣᠭᠤᠳᠴᠤ ᠴᠢᠨᠠᠷ ᠰᠠᠶᠢᠲᠠᠶ ᠲᠡᠵᠢᠭᠡᠯ ᠡᠪᠡᠰᠦ ᠪᠠ ᠨᠤᠭᠤᠭᠠᠨ ᠪᠣᠷᠳᠤᠭ᠎ᠠ ᠲᠠᠷᠢᠬᠤ ᠲᠠᠯᠠᠪᠠᠢ ᠶᠢ ᠥᠷᠭᠡᠳᠬᠡᠵᠦ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ  ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠤᠪᠢᠷᠠᠭᠤᠯᠵᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠎ᠡ᠃ ︽ᠣᠷᠳᠣᠰ ᠨᠠᠷᠢᠨ ᠨᠣᠣᠰᠣᠲᠤ ᠬᠤᠨᠢᠨ ᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠤ ᠣᠷᠳᠣᠰ ᠨᠠᠷᠢᠨ ᠨᠣᠣᠰᠣᠲᠤ ᠬᠤᠨᠢᠨ ᠤ ᠰᠢᠨ᠎ᠡ ᠡᠬᠦᠯᠳᠡᠷ ᠢ ᠪᠤᠶᠢᠵᠢᠭᠤᠯᠤᠨ ᠥᠨᠳᠥᠷ ᠪᠦᠲᠦᠮᠵᠢᠲᠡᠶ ᠲᠦᠯᠵᠢᠬᠦᠯᠬᠦ ᠮᠡᠷᠭᠡᠵᠢᠯ ᠢ ᠳᠡᠯᠭᠡᠷᠡᠭᠦᠯᠦᠨ ᠬᠤᠨᠢᠨ ᠨᠣᠤᠰᠣ ᠶᠢ ᠨᠢᠭᠡᠳᠦᠯᠲᠡᠶ ᠲᠠᠰ ᠬᠤᠪᠢᠶᠠᠨ ᠡᠮᠬᠢᠯᠡᠬᠦ᠂ ᠨᠢᠭᠡᠳᠦᠯᠲᠡᠶ ᠪᠣᠭᠤᠳᠠᠯᠯᠠᠬᠤ ᠲᠤᠷᠰᠢᠯᠲᠠ ᠶᠢᠨ ᠴᠡᠭ ᠢ ᠪᠠᠶᠢᠭᠤᠯᠵᠤ ᠨᠠᠷᠢᠨ ᠨᠣᠣᠰᠣᠲᠤ ᠬᠤᠨᠢᠨ ᠤ ᠡᠭᠦᠯᠳᠡᠷ ᠪᠤᠶᠢᠵᠢᠭᠤᠯᠬᠤ ᠰᠦᠷᠦᠭ ᠤᠨ ᠬᠡᠪᠴᠢᠶᠡᠵᠢᠯ ᠢ ᠥᠷᠭᠡᠳᠬᠡᠨ ᠣᠷᠳᠣᠰ ᠨᠠᠷᠢᠨ ᠨᠣᠣᠰᠣᠲᠤ ᠬᠤᠨᠢᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠴᠠᠭ ᠬᠤᠭᠤᠴᠠᠭ᠎ᠠ ᠶᠢ ᠪᠤᠭᠤᠨᠢᠰᠬᠠᠬᠤ ᠶᠢ ᠲᠤᠷᠰᠢᠨ ᠬᠡᠷᠡᠭᠵᠢᠭᠦᠯᠵᠦ ᠵᠢᠱᠢᠶᠡᠴᠢ ᠮᠠᠯᠵᠢᠯ ᠤᠨ ᠲᠠᠯᠠᠪᠠᠢ ᠶᠢ 150 ᠡᠷᠦᠬᠡ ᠪᠤᠢ ᠪᠤᠯᠭᠠᠨ ᠮᠠᠯᠵᠢᠯ ᠤᠨ ᠵᠢᠱᠢᠶᠡᠴᠢ ᠭᠠᠴᠠᠭ᠎ᠠ ᠲᠤᠰᠬᠤᠨ ᠢ 10 ᠪᠤᠯᠭᠠᠨ᠎ᠠ᠃ ᠠᠩᠭᠢᠰ ᠠᠯᠠᠰᠢᠨ ᠦᠬᠡᠷ ᠤᠨ ᠰᠠᠶᠢᠨ ᠡᠭᠦᠯᠳᠡᠷ ᠢ ᠤᠷᠤᠭᠤᠯᠤᠨ ᠠᠪᠴᠢᠷᠠᠵᠤ ᠡᠬᠦᠯᠳᠡᠷ ᠰᠠᠶᠢᠵᠢᠷᠠᠭᠤᠯᠤᠭᠰᠠᠨ ᠠᠯᠠᠰᠢᠨ ᠦᠬᠡᠷ ᠤᠨ ᠲᠥᠷᠦᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠶᠦ᠋ᠨ ᠮᠧᠩ ᠺᠤᠮᠫᠠᠨᠢ ᠶᠢᠨ 2000 ᠠᠯᠠᠰᠢᠨ ᠦᠭᠡᠷ᠂ ᠰᠢᠶᠦ᠋ᠨ ᡂᠢ ᠺᠤᠮᠫᠠᠨᠢ ᠶᠢᠨ 1 ᠲᠦᠮᠡᠨ ᠠᠯᠠᠰᠢᠨ ᠦᠬᠡᠷ ᠮᠠᠯᠵᠢᠬᠤ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ 50 ᠠᠴᠠ ᠳᠡᠭᠡᠭᠰᠢ ᠠᠯᠠᠰᠢᠨ ᠦᠬᠡᠷ ᠮᠠᠯᠵᠢᠵᠦ ᠪᠠᠶᠢᠬᠤ ᠡᠷᠦᠬᠡ ᠶᠢ 20 ᠠᠴᠠ ᠢᠯᠡᠬᠦᠦ ᠬᠦᠭᠵᠢᠬᠦᠯᠵᠤ ᠰᠢᠷᠬᠤᠰᠤᠨ ᠭᠤᠣᠯ ᠤᠨ ᠰᠠᠪᠠ ᠭᠠᠵᠠᠷ ᠤᠨ 10 ᠲᠦᠮᠡᠨ ᠠᠯᠠᠰᠢᠨ ᠦᠬᠡᠷ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠭᠠᠭ᠋ᠠᠶ ᠶᠢ ᠤᠯᠠᠰᠢᠷᠠᠭᠤᠯᠤᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠱᠤᠸᠠᠩ ᠹᠧᠩ᠂ ᠱᠤᠸᠠᠩ ᠺᠠᠩ ᠵᠡᠷᠭᠡ ᠠᠵᠤ ᠠᠬᠤᠶᠢᠯᠠᠯ ᠪᠠ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠬᠡᠪᠴᠢᠶᠡᠵᠢᠯ ᠢᠶᠠᠨ ᠰᠡᠷᠬᠦᠭᠡᠬᠦ ᠶᠢ ᠳᠡᠮᠵᠢᠵᠤ ᠡᠭᠦᠯᠳᠡᠷ ᠤᠨ ᠭᠠᠭ᠋ᠠᠶ ᠶᠢ ᠲᠦᠮᠡ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠪᠦᠬᠦ ᠵᠢᠯ ᠤᠨ ᠭᠠᠭ᠋ᠠᠶ ᠪᠤᠷᠳᠤᠨ ᠲᠡᠵᠢᠭᠡᠬᠦ ᠬᠡᠮᠵᠢᠶ᠎ᠡ ᠶᠢ 40 ᠲᠦᠮᠡ ᠠᠴᠠ ᠳᠡᠭᠡᠭᠰᠢ ᠬᠦᠷᠬᠡᠬᠦ ᠪᠠᠷ ᠴᠢᠷᠮᠠᠶᠢᠨ᠎ᠠ᠃ 50 ᠠᠴᠠ ᠳᠡᠭᠡᠭᠰᠢᠬᠢ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ 2 ᠲᠤᠰᠬᠠᠶ ᠬᠤᠷᠰᠢᠶᠠᠵᠢᠯ ᠢ ᠪᠠᠶᠢᠭᠤᠯᠵᠤ ᠴᠠᠭᠠᠨ ᠢᠳᠡᠭᠡᠨ ᠡᠳ᠋ᠰᠢᠭᠦᠯᠬᠦ ᠶᠢ ᠪᠠᠷᠢᠮᠵᠢᠶᠠᠵᠢᠭᠤᠯᠤᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠦᠦᠰᠢᠨ ᠮᠤᠷᠢᠨ ᠤ ᠡᠬᠦᠯᠳᠡᠷ ᠢ ᠰᠠᠶᠢᠲᠤᠷ ᠬᠠᠮᠠᠭᠠᠯᠠᠵᠤ ᠡᠬᠦᠯᠳᠡᠷ ᠤᠨ ᠬᠠᠮᠠᠭᠠᠯᠠᠯᠲᠠ ᠶᠢᠨ ᠲᠠᠯᠠᠪᠠᠢ ᠶᠢ 1 ᠪᠠᠶᠢᠭᠤᠯᠤᠨ᠎ᠠ᠃ ᠦᠨᠳᠦᠰᠦᠨ ᠱᠠᠲᠤᠨ ᠤ ᠮᠠᠯ ᠤᠨ ᠡᠮᠴᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠡᠩᠨᠡᠭᠡ ᠶᠢ ᠵᠤᠬᠢᠶᠠᠨ ᠪᠠᠶᠢᠭᠤᠯᠵᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠦᠷᠬᠦᠯᠵᠢᠯᠡᠨ ᠰᠡᠷᠬᠡᠶᠢᠯᠡᠨ ᠡᠵᠡᠮᠳᠡᠵᠤ ᠲᠡᠵᠢᠬᠡᠨ ᠦᠷᠡᠵᠢᠬᠦᠯᠬᠦ ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃      ᠵᠣᠬᠢᠶᠠᠨ ᠪᠠᠶᠢᠭᠤᠯᠤᠯᠲᠠᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢ ᠵᠤᠬᠢᠬᠤ ᠬᠡᠪᠴᠢᠶᠠᠨ ᠳᠤ ᠠᠵᠤ ᠦᠢᠯᠡᠰᠵᠢᠬᠦᠯᠦᠨ ᠡᠵᠡᠩᠨᠡᠬᠦ ᠠᠷᠭ᠎ᠠ ᠲᠠᠰᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠡᠰ ᠤᠨ 5 ᠵᠢᠱᠢᠶᠡᠴᠢ ᠭᠠᠴᠠᠭ᠎ᠠ ᠲᠣᠰᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠵᠡᠷᠭᠡ ᠰᠠᠭᠤᠷᠢ ᠴᠢᠨᠠᠷᠲᠠᠶ ᠥᠭᠡᠷᠡᠴᠢᠯᠡᠯᠲᠡ ᠶᠢ ᠪᠡᠶᠡᠯᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠢ ᠬᠤᠪᠢ ᠤᠷᠤᠭᠤᠯᠤᠯᠲᠠ ᠪᠤᠯᠭᠠᠨ ᠬᠤᠪᠢᠷᠠᠭᠤᠯᠬᠤ᠂ ᠪᠡᠯᠡ ᠮᠦᠩᠭᠦ ᠶᠢ ᠬᠤᠪᠢ ᠤᠷᠤᠭᠤᠯᠬᠤ ᠮᠦᠩᠭᠦ ᠪᠤᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ᠶᠢ ᠯᠠᠪᠳᠠᠭᠤᠨ ᠠᠬᠢᠭᠤᠯᠵᠤ ᠭᠠᠵᠠᠷ ᠰᠢᠷᠣᠶ᠂ ᠡᠪᠡᠰᠦ ᠪᠡᠯᠴᠢᠭᠡᠷ ᠢ ᠡᠷᠬᠢᠯᠳᠦᠬᠦᠯᠬᠦ ᠲᠠᠪᠴᠠᠩ ᠢ ᠲᠡᠭᠦᠯᠳᠡᠷᠵᠢᠬᠦᠯᠦᠨ ︽ᠨᠠᠮ ᠤᠨ ᠡᠭᠦᠷ + ᠲᠤᠯᠤᠭᠠᠶᠢᠯᠠᠬᠤ ᠠᠵᠤ ᠠᠬᠤᠶᠢᠯᠠᠯ + ᠬᠤᠷᠰᠢᠭᠰᠠᠨ ᠵᠣᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠦᠨᠵᠡᠭᠡᠶᠢᠷᠡᠬᠦᠯᠵᠤ ᠣᠷᠳᠣᠰ ᠨᠠᠷᠢᠨ ᠨᠣᠣᠰᠣᠲᠤ ᠬᠤᠨᠢ ᠵᠡᠷᠭᠡ ᠭᠤᠤᠯᠯᠠᠬᠤ ᠠᠵᠤ ᠦᠢᠯᠡᠰ ᠪᠠ ᠨᠠᠪᠴᠢ ᠨᠣᠭᠤᠭ᠎ᠠ ᠭᠤᠸᠠ ᠵᠢᠮᠢᠰ ᠵᠡᠷᠭᠡ ᠣᠨᠴᠠᠯᠢᠭᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠣᠭᠤᠷᠢᠨ ᠳᠤ ᠳᠠᠶᠢᠴᠢᠯᠠᠬᠤ ᠴᠢᠳᠠᠪᠤᠷᠢ ᠲᠠᠢ ᠲᠤᠯᠤᠭᠠᠶᠢᠯᠠᠬᠤ ᠠᠵᠤ ᠠᠬᠤᠶᠢᠯᠠᠯ ᠢ ᠤᠷᠤᠭᠤᠯᠤᠨ ᠠᠪᠴᠢᠷᠠᠬᠤ ᠪᠠ ᠬᠦᠮᠦᠵᠢᠬᠦᠯᠦᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ ᠬᠦᠷᠭᠡᠨ᠎ᠡ᠃ ᠠᠵᠤ ᠠᠬᠤᠶᠢᠯᠠᠯ ᠤᠨ ᠬᠤᠯᠪᠣᠭᠠᠲᠤ ᠴᠣᠭᠴᠠ ᠶᠢᠨ ᠰᠢᠨ᠎ᠡ ᠶᠢ ᠡᠭᠦᠳᠬᠦ ᠬᠦᠭᠵᠢᠯᠲᠡ ᠶᠢ ᠵᠢᠯᠤᠭᠤᠳᠤᠨ ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠠ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ ᠤᠷᠤᠨ ᠨᠤᠲᠤᠭ ᠲᠤ ᠰᠠᠭᠤᠷᠢᠰᠢᠭ᠎ᠠ ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠦᠢᠯᠡᠳᠪᠦᠷᠢᠯᠡᠯ ᠢ ᠦᠷᠨᠢᠬᠦᠯᠦᠨ᠎ᠡ᠃ ︽ᠢᠨᠲ᠋ᠧᠷ ᠰᠦᠯᠵᠢᠶ᠎ᠡ + ᠵᠠᠬᠢᠶᠠᠯᠠᠭ᠎ᠠ ᠶᠢᠨ ᠮᠠᠯ ᠲᠠᠷᠢᠶᠠᠯᠠᠩ ᠠᠵᠤ ᠠᠬᠤᠶ︾ ᠶᠢ ᠵᠣᠷᠢᠭᠵᠢᠭᠤᠯᠤᠨ ᠬᠥᠭᠵᠢᠭᠦᠯᠵᠦ ᠦᠨᠳᠦᠰᠦᠨ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ ᠪᠠᠷᠠᠭᠠᠨ ᠬᠦᠢᠯᠭᠡᠭᠡᠨ ᠤ ᠳᠣᠭᠢᠷᠠᠭᠤᠯᠤᠨ ᠬᠦᠷᠭᠡᠯᠳᠡ᠂ ᠰᠢᠨ᠎ᠡ ᠰᠣᠷᠭᠤᠭ ᠬᠠᠳᠠᠭᠠᠯᠠᠯᠲᠠ ᠶᠢᠨ ᠬᠦᠴᠢᠷᠳᠡᠯ ᠢ ᠰᠶᠢᠳᠪᠤᠷᠢᠯᠡᠨ᠎ᠡ᠃ ᠴᠡᠷᠢᠭ ᠠᠴᠠ ᠬᠠᠯᠠᠭᠳᠠᠭᠰᠠᠳ ᠪᠠ ᠤᠶᠤᠲᠠᠳ ᠨᠤᠲᠤᠭ ᠲᠠᠭᠠᠨ ᠬᠠᠷᠢᠵᠤ ᠦᠢᠯᠡᠰ ᠪᠤᠰᠬᠠᠬᠤ ᠶᠢ ᠳᠡᠮᠵᠢᠵᠦ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ 150 ᠮᠠᠯᠴᠢᠨ ᠲᠠᠷᠢᠶᠠᠴᠢᠨ ᠢ ᠬᠦᠮᠦᠵᠢᠬᠦᠯᠦᠨ᠎ᠡ᠃        ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠮᠠᠯᠵᠢᠬᠤ ᠲᠠᠷᠢᠶᠠᠯᠠᠬᠤ ᠤᠷᠤᠨ ᠢ ᠪᠤᠵᠠᠷ ᠮᠠᠭᠤᠬᠠᠢ ᠡᠷᠦᠢ ᠬᠤᠷᠤᠢ ᠦᠭᠡᠢ ᠠᠴᠠ ᠴᠡᠪᠡᠷᠰᠢᠨ ᠲᠤᠬᠢᠯᠢᠭᠵᠢᠵᠦ ᠰᠠᠶᠢᠵᠢᠷᠠᠬᠤ ᠲᠡᠰᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ 3855 ᠡᠷᠦᠬᠡ ᠶᠢᠨ ᠵᠣᠷᠯᠣᠩ ᠢ ᠦᠭᠡᠷᠡᠴᠢᠯᠡᠵᠤ ᠳᠣᠣᠷ᠎ᠠ ᠲᠤᠯᠠᠭᠠᠴᠠᠲᠤ ᠵᠤᠤᠬ᠎ᠠ ᠶᠢ 5᠂ ᠤᠰᠤ ᠪᠠᠷ ᠵᠠᠶᠢᠯᠠᠬᠤ ᠬᠡᠯᠪᠡᠷᠢ ᠶᠢᠨ ᠵᠣᠷᠯᠣᠩ  ᠢ 6 ᠪᠠᠷᠢᠵᠦ ᠰᠢᠷᠬᠤᠰᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠦᠲᠦᠭᠡᠨ ᠪᠠᠶᠢᠭᠤᠯᠵᠦ ᠤᠷᠳᠤᠪᠡᠶ᠎ᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠵᠠᠰᠠᠵᠤ ᠬᠤᠭ ᠨᠣᠪᠰᠢ ᠰᠢᠢᠳᠪᠦᠷᠢᠯᠡᠬᠦ ᠲᠠᠯᠠᠪᠤᠷ ᠢ 2 ᠪᠦᠲᠦᠭᠡᠨ ᠪᠠᠶᠢᠭᠤᠯᠵᠦ ᠬᠤᠭ ᠨᠣᠪᠰᠢ ᠶᠢ ᠳᠠᠷᠤᠰᠢᠭᠤᠯᠤᠨ ᠠᠪᠴᠢᠭᠤᠯᠬᠤ᠂ ᠪᠣᠬᠢᠷ ᠤᠰᠤ ᠶᠢ ᠵᠦᠭᠡᠭᠡᠪᠦᠷᠢᠯᠡᠬᠦ ᠵᠡᠷᠭᠡ ᠳᠤ ᠬᠡᠷᠡᠭᠯᠡᠬᠦ ᠲᠡᠷᠭᠡ ᠮᠠᠰᠢᠨ ᠢ ᠢᠵᠢ ᠪᠦᠷᠢᠳᠦᠬᠦᠯᠦᠨ᠎ᠡ᠃ ᠭᠡᠷ ᠤᠨ ᠲᠡᠵᠢᠭᠡᠪᠦᠷᠢ  ᠶᠢᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠶᠢᠯᠡ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠪᠤᠯᠭᠠᠨ ᠬᠡᠷᠡᠭᠵᠢᠭᠦᠯᠵᠦ ᠬᠤᠶᠠᠷ ᠵᠢᠯ ᠤᠨ ᠳᠣᠲᠣᠷ᠎ᠠ 460 ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶᠂ 170 ᠦᠬᠡᠷ ᠬᠤᠨᠢᠨ ᠤ ᠬᠡᠪᠴᠢᠶᠡᠵᠢᠭᠰᠡᠨ ᠮᠠᠯᠵᠢᠯ ᠤᠨ ᠡᠷᠦᠬᠡ ᠳᠤ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠬᠦᠭᠡᠷᠦᠮᠵᠢ ᠲᠤᠬᠢᠷᠠᠭᠤᠯᠤᠨ᠎ᠠ᠃ 1000 ᠲᠦᠮᠡᠨ ᠲᠥᠭᠦᠷᠢᠭ ᠤᠨ ︽ᠲᠠᠷᠢᠶᠠᠯᠠᠩ ᠤᠨ ᠬᠠᠮᠠᠭᠠᠯᠠᠯᠲᠠ ᠶᠢᠨ ᠵᠠᠷᠤᠳᠠᠯ︾ ᠲᠣᠬᠢᠷᠠᠭᠤᠯᠵᠤ ᠠᠶᠢᠯ ᠲᠣᠰᠬᠤᠨ᠂ ᠬᠦᠷᠢᠶ᠎ᠡ ᠬᠠᠰᠢᠶ᠎ᠠ᠂ ᠲᠠᠷᠢᠶᠠᠨ ᠭᠠᠵᠠᠷ ᠮᠠᠯᠵᠢᠯ ᠤᠨ ᠲᠠᠯᠠᠪᠠᠶ᠂ ᠵᠠᠮ ᠳᠠᠭᠠᠤ᠂ ᠭᠤᠤᠯ ᠨᠠᠭᠤᠷ ᠤᠨ ᠤᠰᠤᠨ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠬᠦᠯᠦᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠵᠢᠱᠢᠶᠡᠴᠢ ᠭᠠᠴᠠᠭ᠎ᠠ ᠲᠣᠰᠬᠤᠨ ᠢ ᠠᠳᠠᠯᠢᠳᠬᠠᠨ ᠰᠢᠯᠭᠠᠷᠠᠭᠤᠯᠵᠤ ᠮᠠᠯᠴᠢᠨ ᠲᠠᠷᠢᠶᠠᠴᠢᠨ ᠢᠶᠠᠷ ᠭᠤᠤᠯ ᠴᠣᠭᠴᠠ ᠪᠤᠯᠭᠠᠵᠤ ᠰᠤᠮᠤ ᠪᠠᠯᠭᠠᠰᠤ ᠪᠠᠷ ᠬᠢᠨᠠᠨ ᠬᠠᠮᠢᠶᠠᠷᠤᠭᠤᠯᠵᠤ ᠭᠠᠴᠠᠭ᠎ᠠ ᠲᠣᠰᠬᠤᠨ ᠤ ᠦᠪᠡᠷᠳᠡᠭᠡᠨ ᠬᠠᠮᠢᠶᠠᠷᠴᠤ ᠦᠢᠯᠡᠴᠢᠯᠡᠬᠦ ᠪᠦᠲᠦᠮᠵᠢᠲᠡᠶ ᠲᠤᠭᠲᠠᠯᠴᠠᠭ᠎ᠠ ᠶᠢ ᠪᠤᠢ ᠪᠤᠯᠭᠠᠨ᠎ᠠ᠃ ︽ᠮᠢᠩᠭᠠᠨ ᠭᠠᠴᠠᠭ᠎ᠠ ᠲᠣᠰᠬᠤᠨ ᠵᠢᠱᠢᠶ᠎ᠡ ᠦᠵᠡᠬᠦᠯᠵᠤ ᠲᠦᠮᠡᠨ ᠭᠠᠴᠠᠭ᠎ᠠ ᠲᠣᠰᠬᠤᠨ ᠬᠦᠳᠡᠯᠦᠯᠴᠡᠬᠦ︾ ᠠᠵᠢᠯᠯᠠᠭ᠎ᠠ ᠶᠢ ᠥᠷᠨᠢᠭᠦᠯᠵᠦ ︽ᠨᠢᠭᠡ ᠶᠢ ᠰᠤᠷᠤᠯᠴᠠᠬᠤ᠂ ᠬᠤᠶᠠᠷ ᠢ ᠪᠠᠶᠢᠭᠤᠯᠬᠤ᠂ ᠭᠤᠷᠪᠠ ᠶᠢ ᠳᠠᠶᠢᠴᠢᠯᠠᠬᠤ᠂ ᠲᠠᠪᠤ ᠶᠢ ᠥᠭᠡᠷᠡᠴᠢᠯᠡᠬᠦ᠂ ᠲᠠᠪᠤ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ ᠣᠶᠤᠨ ᠰᠠᠨᠠᠭᠠᠨ ᠤ ᠲᠠᠯ᠎ᠠ ᠪᠠᠷ ᠬᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢᠨ ᠬᠡᠷᠡᠭᠵᠢᠭᠦᠯᠦᠯᠲᠡ ᠳᠤ ᠦᠵᠡᠯ ᠰᠠᠨᠠᠭᠠᠨ ᠤ ᠪᠠᠲᠤᠯᠠᠭ᠎ᠠ ᠪᠠ ᠣᠶᠤᠨ ᠰᠠᠨᠠᠭᠠᠨ ᠤ ᠬᠦᠳᠡᠯᠭᠡᠭᠴᠢ ᠬᠦᠴᠦᠨ ᠬᠠᠩᠭᠠᠵᠤ ᠮᠠᠯᠵᠢᠬᠤ ᠲᠠᠷᠢᠶᠠᠯᠠᠬᠤ ᠣᠷᠣᠨ ᠢ ᠥᠩᠭᠡ ᠦᠵᠡᠮᠵᠢ ᠭᠤᠶᠢᠳᠠ ᠰᠠᠶᠢᠬᠠᠨ ᠮᠥᠷᠲᠡᠭᠡᠨ ᠡᠯᠪᠡᠭ ᠪᠠᠶᠠᠯᠢᠭ ᠠᠭᠤᠯᠤᠭᠳᠠᠬᠤᠨ ᠲᠠᠢ ᠪᠣᠯᠭᠠᠨ᠎ᠠ᠃       ︵ᠲᠦᠷᠪᠡ︶ ᠪᠦᠬᠦ ᠠᠷᠠᠳ ᠢᠶᠠᠷ ᠢᠶᠠᠨ ᠬᠦᠳᠡᠯᠦᠯᠴᠡᠵᠤ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠥᠨᠥ ᠵᠢᠯ ᠪᠣᠯ ᠭᠤᠷᠪᠠᠨ ᠵᠢᠯ ᠤᠨ ᠡᠭᠦᠳᠦᠨ ᠪᠠᠶᠢᠭᠤᠯᠬᠤ ᠦᠶᠡᠯᠡᠯ ᠤᠨ ᠰᠢᠪᠲᠤᠯᠤᠯᠲᠠ ᠶᠢᠨ ᠵᠢᠯ ᠪᠠᠶᠢᠵᠤ ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠᠷ ᠡᠬᠦᠳᠦᠨ ᠪᠠᠶᠢᠭᠤᠯᠬᠤ ᠠᠵᠢᠯ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠲᠤᠯᠠᠨ ᠦᠤᠰᠢᠨ ᠤ ᠠᠷᠠᠳ ᠲᠦᠮᠡᠨ ᠳᠤ ᠢᠯᠡᠳᠲᠡ ᠬᠤᠪᠢᠷᠠᠯᠲᠠ ᠭᠠᠷᠤᠭᠰᠠᠨ ᠲᠦᠷᠦᠭᠳᠡᠯ ᠤᠯᠭᠤᠵᠤ ᠪᠠᠶᠠᠷᠯᠠᠭᠤᠰᠢᠲᠠᠶ ᠦᠷ᠎ᠡ ᠪᠦᠲᠦᠭᠡᠯ ᠦᠵᠡᠭᠦᠯᠬᠦ ᠪᠠᠷ ᠴᠢᠷᠮᠠᠶᠢᠨ᠎ᠠ᠃     ᠬᠤᠲᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠵᠦ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠪᠠᠶᠠᠨ ᠵᠠᠮ ᠤᠨ ᠵᠡᠭᠦᠨ ᠵᠡᠭᠡᠯᠢ ᠶᠢᠨ ᠤᠷᠳᠤᠳᠬᠠᠯ ᠵᠠᠮ᠂ ᠢ ᠯᠢᠨ ᠡᠮᠦᠨ᠎ᠡ ᠵᠠᠮ᠂ ᠲᠣᠭᠤᠷᠢᠮ ᠵᠡᠭᠡᠯᠢ᠂ ᠭᠠᠯᠠᠭᠤᠲᠤ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠠᠴᠠ ᠭᠠᠯᠲᠤ ᠲᠡᠷᠭᠡᠨ ᠥᠷᠲᠡᠭᠡ ᠬᠦᠷᠬᠦ ᠵᠠᠯᠭᠠᠯᠲᠠ ᠱᠤᠭᠤᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠨ᠎ᠠ᠃ ᠴᠡᠪᠡᠷᠰᠢᠭᠦᠯᠦᠭᠰᠡᠨ ᠪᠤᠬᠢᠷ ᠤᠰᠤ᠂ ᠲᠤᠯᠠᠭᠠᠯᠠᠭ᠎ᠠ᠂ ᠪᠣᠷᠣᠭᠠᠨ ᠤ ᠤᠰᠤ ᠪᠠ ᠪᠤᠬᠢᠷ ᠤᠰᠤ᠂ ᠰᠢᠲᠠᠮᠠᠬᠠᠶ ᠬᠡᠢ ᠵᠡᠷᠭᠡ  ᠶᠢᠨ ᠬᠤᠭᠤᠯᠠᠶ ᠲᠣᠤᠷ ᠢ 28 ᠺᠢᠯᠤᠮᠧᠲᠷ ᠳᠡᠪᠢᠰᠦᠨ᠎ᠡ᠃ 6.8 ᠲᠦᠮᠡᠨ ᠲᠡᠭᠰᠢ ᠳᠥᠷᠪᠡᠯᠵᠢᠨ ᠮᠧᠲᠷ ᠰᠠᠭᠤᠭᠠᠯᠢ ᠠᠷᠠᠳ ᠤᠨ ᠭᠤᠲᠤᠮᠵᠢ ᠶᠢ ᠨᠦᠬᠦᠵᠤ ᠰᠡᠯᠪᠢᠨ᠎ᠡ᠃ ᠣᠯᠠᠨ ᠨᠡᠶᠢᠲᠡ ᠶᠢᠨ ︵ᠰᠢᠯᠵᠢᠮᠡᠯ︶ ᠤᠰᠤ ᠪᠠᠷ ᠵᠠᠶᠢᠯᠠᠬᠤ ᠮᠠᠶ᠋ᠢᠭ ᠤᠨ ᠵᠣᠷᠯᠣᠩ ᠢ 10 ᠰᠢᠨ᠎ᠡ ᠪᠠᠷ ᠪᠠᠶᠢᠭᠤᠯᠬᠤ ᠪᠠ ᠬᠤᠳᠠᠯᠳᠤᠨ ᠠᠪᠤᠨ᠎ᠠ᠃ ᠰᠤᠪᠤᠷᠭ᠎ᠠ ᠵᠡᠭᠡᠯᠢ᠂ ᠤᠢ ᠶᠢᠨ ᠰᠡᠭᠦᠳᠡᠷᠲᠦ ᠵᠠᠮ ᠪᠠ ᠬᠡᠰᠡᠭ ᠵᠠᠩᠭᠢᠯᠠᠭ᠎ᠠ ᠶᠢᠨ ᠴᠡᠭ ᠤᠨ ᠴᠡᠴᠡᠷᠯᠢᠭᠵᠢᠬᠦᠯᠦᠯᠲᠡ ᠶᠢᠨ ᠬᠢᠷᠢ ᠳᠦᠪᠰᠢᠨ ᠢ ᠳᠡᠭᠡᠭᠰᠢᠯᠡᠭᠦᠯᠵᠦ 8.5 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠰᠢᠨ᠎ᠡ ᠪᠠᠷ ᠦᠭᠡᠷᠡᠴᠢᠯᠡᠨ ᠨᠤᠭᠤᠭᠠᠷᠠᠭᠤᠯᠵᠤ 2 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠤᠨ ᠵᠡᠭᠡᠯᠢ ᠭᠤᠳᠤᠮᠵᠢ ᠶᠢᠨ ᠵᠠᠮ ᠤᠨ ᠳ᠋ᠧᠩ ᠢ 150 ᠤᠭᠰᠠᠷᠠᠨ᠎ᠠ᠃ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ ᠪᠣᠯᠤᠨ ᠭᠠᠯᠠᠭᠤᠲᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠰᠣᠶᠣᠯ ᠤᠷᠠᠯᠢᠭ ᠤᠨ ᠲᠣᠭᠯᠠᠯᠲᠠ ᠭᠠᠷᠭᠠᠬᠤ ᠂ ᠨᠣᠮ ᠪᠢᠴᠢᠭ ᠦᠵᠡᠬᠦ᠂ ᠪᠡᠶ᠎ᠡ ᠴᠢᠭᠢᠷᠠᠭᠵᠢᠭᠤᠯᠵᠤ ᠰᠡᠯᠡᠭᠦᠴᠡᠬᠦ ᠵᠡᠷᠭᠡ ᠴᠢᠳᠠᠮᠵᠢ ᠶᠢ ᠨᠡᠶᠢᠯᠡᠭᠦᠯᠵᠦ ᠠᠵᠢᠯᠲᠠᠨ ᠠᠵᠢᠯᠴᠢᠨ ᠤ ᠠᠵᠢᠯᠯᠠᠭᠠᠨ ᠤ ᠲᠥᠪ ᠢ ᠰᠢᠨ᠎ᠡ ᠪᠠᠷ ᠪᠠᠶᠢᠭᠤᠯᠤᠨ᠎ᠠ᠃ ᠵᠢᠵᠢᠭ ᠬᠤᠲᠠ ᠪᠠᠯᠭᠠᠰᠤ ᠶᠢᠨ ᠰᠠᠭᠤᠷᠢ ᠴᠢᠳᠠᠮᠵᠢ ᠶᠢ ᠳᠡᠭᠡᠭᠰᠢᠯᠡᠭᠦᠯᠵᠦ ᠰᠢᠷᠬᠤᠰᠤᠨ ᠪᠠᠯᠭᠠᠰᠤ ᠪᠠ ᠦᠦᠰᠢᠨᠵᠤᠤ ᠪᠠᠯᠭᠠᠰᠤᠨ ᠲᠣᠭᠤᠷᠢᠭ ᠤᠨ ᠬᠤᠭᠤᠯᠠᠶ ᠲᠣᠤᠷ᠂ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃        ᠲᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠤ ᠠᠷᠠᠳ ᠤᠨ ᠬᠦᠰᠡᠯ ᠡᠷᠡᠮᠡᠯᠵᠡᠯ ᠢ ᠪᠡᠶᠡᠯᠡᠬᠦᠯᠦᠨ᠎ᠡ᠃ ᠵᠣᠷᠢᠭ ᠢᠶᠠᠨ ᠴᠢᠩᠭᠠᠯᠠᠨ ᠬᠦᠴᠢᠷ ᠠᠴᠠ ᠰᠦᠷᠳᠡᠬᠦ ᠦᠭᠡᠢ ᠪᠠᠶᠢᠬᠤ ᠬᠡᠷᠡᠭᠲᠡᠢ᠃ 1200 ᠮᠦ ᠶᠢᠨ ᠰᠣᠯᠢᠬᠤ ᠭᠠᠵᠠᠷ ᠰᠢᠷᠤᠢ ᠵᠢᠴᠢ ᠪᠤᠰᠤᠳ ᠭᠠᠵᠠᠷ ᠰᠢᠷᠣᠶ ᠶᠢ ᠲᠠᠲᠠᠪᠤᠷᠢᠯᠠᠬᠤ᠂ ᠭᠡᠷ ᠪᠠᠶᠢᠰᠢᠩ ᠨᠤᠷᠠᠭᠠᠵᠤ ᠨᠡᠬᠦᠯᠬᠡᠬᠦ ᠦᠯᠡᠳᠡᠭᠳᠡᠯ ᠠᠰᠠᠭᠤᠳᠠᠯ ᠢ ᠵᠠᠷᠯᠠᠨ ᠨᠡᠶᠢᠲᠡᠯᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ ᠰᠢᠢᠳᠪᠦᠷᠢᠯᠡᠵᠤ ᠪᠡᠶᠡᠯᠡᠬᠦᠯᠬᠦ ᠴᠠᠭ ᠤᠨ ᠬᠦᠰᠦᠨᠦᠭᠲᠦ ᠶᠢ ᠨᠢᠭᠡ ᠨᠢᠭᠡ ᠪᠠᠷ ᠰᠤᠳᠤᠯᠤᠨ ᠲᠤᠲᠤᠷᠬᠠᠶᠢᠯᠠᠨ᠎ᠠ᠃ ᠪᠤᠷᠤ ᠭᠡᠷᠲᠦ ᠲᠣᠭᠤᠷᠢᠭ ᠤᠨ 157 ᠢᠵᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠨᠢᠭᠡᠨᠲᠡ ᠰᠣᠯᠢᠭᠰᠠᠨ ᠣᠷᠣᠨ ᠪᠦᠰᠡ  ᠳᠠᠬᠢ ᠭᠡᠷ ᠪᠠᠶᠢᠰᠢᠩ ᠢ ᠪᠦᠬᠦᠨ ᠢ ᠨᠤᠷᠠᠭᠠᠨ᠎ᠠ᠃ ᠭᠠᠯᠠᠭᠤᠲᠤ ᠪᠠᠯᠭᠠᠰᠤᠨ ᠲᠣᠭᠤᠷᠢᠭ ᠤᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠨ ᠪᠠᠶᠢᠭᠤᠯᠬᠤ ᠠᠷᠭ᠎ᠠ ᠶᠢ ᠰᠤᠳᠤᠯᠤᠨ ᠨᠡᠶᠢᠲᠡᠯᠡᠨ᠎ᠡ᠃ ᠬᠤᠲᠠ ᠪᠠᠯᠭᠠᠰᠤᠨ ᠤ ᠤᠯᠤᠰ ᠤᠨ ᠦᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢ ᠳᠠᠩᠰᠠᠯᠠᠬᠤ ᠠᠵᠢᠯ ᠢ ᠲᠦᠯᠬᠢᠨ ᠠᠬᠢᠭᠤᠯᠵᠤ ᠦᠯᠡᠳᠡᠭᠰᠡᠨ 11 ᠲᠥᠷᠥᠯ ᠤᠨ 4273 ᠢᠵᠢ ᠭᠡᠷ ᠪᠠᠶᠢᠰᠢᠩ ᠤᠨ ᠦᠨᠡᠮᠯᠡᠯ ᠭᠦᠢᠴᠡᠳᠬᠡᠬᠦ ᠠᠵᠢᠯ ᠢ ᠲᠠᠪᠤᠳᠤᠭᠠᠷ ᠰᠠᠷ᠎ᠠ ᠶᠢᠨ ᠰᠡᠭᠦᠯᠴᠢ ᠳᠤ ᠪᠡᠶᠡᠯᠡᠬᠦᠯᠵᠤ ᠪᠠᠷᠠᠭᠠᠬᠤ ᠶᠢ ᠪᠠᠲᠤᠯᠠᠨ᠎ᠠ᠃      ᠨᠠᠷᠢᠯᠢᠭ ᠪᠠᠶᠢᠭᠤᠯᠤᠨ ᠬᠠᠮᠢᠶᠠᠷᠬᠤ ᠶᠢ ᠪᠠᠷᠢᠮᠲᠠᠯᠠᠵᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠪᠠᠯᠭᠠᠰᠤᠨ ᠤ ᠬᠡᠰᠡᠭ ᠵᠡᠭᠡᠯᠢ ᠭᠤᠳᠤᠮᠵᠢ ᠶᠢᠨ ᠵᠡᠭᠡᠯᠢ ᠤᠷᠤᠭᠤ ᠬᠠᠨᠳᠤᠭᠰᠠᠨ ᠭᠡᠷ ᠪᠠᠶᠢᠰᠢᠩ ᠢ ᠨᠢᠭᠡᠲᠦᠯᠲᠠᠢ ᠲᠥᠯᠥᠪᠯᠡᠨ ᠬᠤᠳᠠᠯᠳᠤᠭᠠᠨ ᠤ ᠡᠷᠦᠬᠡ ᠶᠢᠨ ᠵᠠᠰᠠᠨ ᠰᠢᠨᠡᠳᠬᠡᠬᠦ ᠶᠢ ᠵᠣᠷᠢᠭᠵᠢᠭᠤᠯᠤᠨ᠎ᠠ᠃ ᠡᠭᠦᠳᠡᠨ ᠡᠮᠦᠨᠡᠬᠢ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠤᠲᠠ ᠪᠠᠯᠭᠠᠰᠤᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠯᠡᠨ ᠴᠡᠭᠴᠡᠯᠡᠵᠦ ᠱᠦᠢᠨᠢ᠂ ᠴᠢᠯᠠᠭᠤᠨ ᠮᠠᠲ᠋ᠧᠷᠢᠶᠠᠯ ᠢ ᠲᠥᠪᠯᠡᠷᠡᠭᠦᠯᠦᠨ ᠪᠣᠷᠣᠯᠠᠭᠤᠯᠬᠤ ᠭᠠᠵᠠᠷ ᠪᠣᠯᠤᠨ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡᠨ ᠤ ᠬᠤᠶᠠᠳᠤᠭᠠᠷ ᠬᠤᠭᠤᠴᠠᠭ᠎ᠠ᠂ ᠭᠠᠷ ᠳᠠᠮᠵᠢᠭᠰᠠᠨ ᠲᠡᠷᠭᠡ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠲᠡᠮᠦᠷᠯᠢᠭ ᠪᠤᠯᠤᠨ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠬᠠᠶᠠᠭᠳᠠᠮᠠᠯ ᠡᠳ᠋ ᠬᠤᠳᠠᠯᠳᠤᠨ ᠠᠪᠬᠤ᠂ ᠭᠠᠷ ᠳᠠᠮᠵᠢᠭᠰᠠᠨ ᠲᠡᠷᠭᠡ ᠪᠣᠯᠤᠨ ᠲᠠᠷᠢᠶᠠᠯᠠᠩ ᠤᠨ ᠮᠠᠰᠢᠨ ᠤ ᠪᠤᠷᠤᠯᠠᠭᠤᠯᠭ᠎ᠠ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠬᠥᠲᠥᠯᠥᠨ ᠵᠢᠯᠤᠭᠤᠳᠴᠤ ᠴᠡᠪᠡᠷ ᠲᠤᠬᠢᠯᠢᠭ᠂ ᠤᠷᠤᠰᠢᠨ ᠰᠠᠭᠤᠷᠢᠰᠢᠬᠤ ᠳᠤ ᠲᠠᠭᠠᠯᠠᠮᠵᠢᠲᠠᠢ ᠤᠷᠴᠢᠨ ᠨᠦᠬᠦᠴᠡᠯ ᠢ ᠪᠦᠷᠢᠯᠳᠦᠬᠦᠯᠦᠨ᠎ᠡ᠃ ᠰᠢᠨ ᠱᠢ ᠲᠠᠢ ᠵᠡᠷᠭᠡ ᠰᠠᠭᠤᠭᠠᠯᠢ ᠠᠷᠠᠳ ᠤᠨ 14 ᠬᠠᠭᠤᠴᠢᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠵᠤ 348 ᠢᠵᠢ ᠨᠡᠶᠢᠲᠡ ᠶᠢᠨ ᠲᠦᠷᠢᠶᠡᠰᠦᠲᠦ ᠭᠡᠷ ᠪᠠᠶᠢᠰᠢᠩ  ᠤᠨ ᠲᠦᠷᠦᠯ ᠵᠦᠢᠯ ᠢ ᠴᠢᠷᠮᠠᠶᠢᠨ ᠡᠬᠢᠯᠡᠬᠦᠯᠵᠤ ᠨᠢᠭᠡᠨᠲᠡ ᠪᠠᠶᠢᠭ᠎ᠠ ᠤᠷᠤᠨ ᠰᠠᠭᠤᠴᠠ ᠶᠢᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠳᠠᠮᠵᠢᠵᠤ ᠮᠡᠷᠭᠡᠵᠢᠯ ᠤᠨ ᠰᠡᠷᠭᠡᠶᠢᠯᠡᠯᠲᠡ᠂ ᠲᠡᠷᠭᠡᠨ ᠵᠤᠭᠰᠤᠭᠠᠯ᠂ ᠴᠠᠬᠢᠯᠭᠠᠨ ᠴᠡᠨᠡᠭᠯᠡᠬᠦᠷ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠤᠰᠤᠨ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠵᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠲᠤ ᠰᠢᠭᠤᠳ ᠤᠤᠭᠤᠬᠤ ᠤᠰᠤ ᠪᠠ ᠴᠡᠪᠡᠷᠰᠢᠭᠦᠯᠦᠭᠰᠡᠨ ᠪᠤᠬᠢᠷ ᠤᠰᠤ ᠶᠢ ᠡᠷᠦᠬᠡ ᠳᠤ ᠰᠠᠯᠭᠠᠨ ᠤᠷᠤᠭᠤᠯᠵᠤ ᠠᠮᠢᠳᠤᠷᠠᠯ ᠳᠤ ᠬᠡᠷᠡᠭᠯᠡᠬᠦ ᠤᠰᠤ ᠠᠴᠠ ᠭᠠᠷᠤᠭᠰᠠᠨ ᠪᠤᠬᠢᠷ ᠤᠰᠤ ᠶᠢ ᠭᠠᠳᠠᠭᠰᠢᠯᠠᠭᠤᠯᠵᠤ ᠰᠢᠢᠳᠪᠦᠷᠢᠯᠡᠬᠦ ᠳᠤ ᠰᠦᠢᠳᠬᠡᠯ ᠬᠤᠷᠢᠶᠠᠬᠤ ᠲᠦᠷᠢᠮ ᠢ ᠪᠠᠶᠢᠭᠤᠯᠤᠨ᠎ᠠ᠃ 9 ᠨᠡᠶᠢᠲᠡ ᠶᠢᠨ ᠮᠠᠰᠢᠨ ᠲᠡᠷᠭᠡ ᠶᠢ ᠰᠢᠨ᠎ᠡ ᠡᠨᠧᠷᠬᠢᠲᠤ ᠨᠡᠶᠢᠲᠡ ᠶᠢᠨ ᠮᠠᠰᠢᠨ ᠲᠡᠷᠭᠡ ᠪᠤᠯᠭᠠᠨ ᠰᠤᠯᠢᠵᠤ ᠮᠠᠰᠢᠨ ᠲᠡᠷᠭᠡᠨ ᠤ ᠵᠠᠮ ᠱᠤᠭᠤᠮ ᠪᠠ ᠥᠷᠲᠡᠭᠡ ᠴᠡᠭ ᠢ ᠰᠢᠯᠢᠳᠡᠭᠵᠢᠬᠦᠯᠦᠨ ᠤᠯᠠᠨ ᠲᠦᠮᠡᠨ ᠤ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠲᠤ ᠠᠶᠠᠯᠠᠯ ᠢ ᠵᠣᠷᠢᠭᠵᠢᠭᠤᠯᠤᠨ᠎ᠠ᠃      ᠪᠢᠳᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠲᠥᠪ ᠤᠨ ᠪᠥᠬᠦ ᠤᠯᠤᠰ ᠤᠨ ᠲᠤᠷᠰᠢᠯᠲᠠ ᠶᠢᠨ ᠬᠤᠰᠢᠭᠤ ᠶᠢᠨ ᠡᠭᠦᠳᠦᠨ ᠪᠠᠶᠢᠭᠤᠯᠤᠯᠲᠠ ᠪᠠᠷ ᠵᠢᠯᠣᠭᠤᠳᠣᠭᠤᠯᠵᠤ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠤᠬᠠᠭᠤᠯᠤᠨ ᠲᠠᠶᠢᠯᠪᠤᠷᠢᠯᠠᠵᠤ ᠨᠠᠮ ᠤᠨ ᠲᠡᠤᠬᠡ᠂ ᠬᠤᠪᠢᠰᠬᠠᠯ ᠤᠨ ᠲᠡᠤᠬᠡ ᠶᠢᠨ ᠬᠥᠮᠦᠵᠢᠯ ᠢ ᠴᠢᠩᠭᠠᠳᠬᠠᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡ  ᠶᠢ ᠦᠷᠨᠢᠬᠦᠯᠦᠨ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠵᠢᠴᠢ ᠰᠠᠶᠢᠨ ᠦᠢᠯᠡ ᠠᠵᠢᠯᠯᠠᠭ᠎ᠠ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠵᠤ ᠬᠠᠤᠯᠢ ᠰᠠᠬᠢᠬᠤ᠂ ᠦᠢᠯᠡᠰ ᠢᠶᠠᠨ ᠳᠡᠭᠡᠳᠦᠯᠡᠵᠦ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠢ ᠴᠢᠩᠭᠠᠳᠬᠠᠵᠤ ᠤᠰᠤ ᠶᠢ ᠠᠷᠪᠢᠯᠠᠨ ᠬᠡᠷᠡᠭᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ᠂ ᠪᠣᠯᠪᠠᠰᠤᠨ ᠢᠶᠠᠷ ᠬᠤᠭᠤᠯᠠᠯᠠᠬᠤ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠬᠦᠮᠦᠵᠢᠬᠦᠯᠦᠨ ᠢᠳᠡᠪᠬᠢ ᠬᠦᠴᠦᠨ ᠢ ᠶᠡᠬᠡᠪᠡᠷ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ ᠪᠤᠯᠭᠠᠨ᠎ᠠ︕       ︵ᠲᠠᠪᠤ︶ ᠲᠤᠲᠤᠭᠠᠳᠤ ᠳᠤ ᠪᠠᠨ ᠴᠢᠩᠭ᠎ᠠ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠶᠢᠳᠠᠪᠤᠷᠢᠵᠢᠭᠤᠯᠵᠤ ᠵᠦᠪᠰᠢᠶᠡᠷᠡᠨ ᠣᠷᠣᠭᠤᠯᠬᠤ᠂ ᠬᠢᠨᠠᠨ ᠵᠥᠪᠰᠢᠶᠡᠷᠡᠬᠦ᠂ ᠵᠣᠬᠢᠴᠠᠭᠤᠯᠬᠤ᠂ ᠥᠪᠡᠷ ᠤᠨ ᠥᠷᠲᠡᠭ᠂ ᠭᠠᠶᠢᠯᠢ ᠶᠢᠨ ᠰᠦᠢᠳᠭᠡᠯ᠂ ᠪᠠᠯᠠ ᠴᠤᠭᠯᠠᠭᠤᠯᠬᠤ ᠵᠡᠷᠭᠡ ᠲᠠᠯ᠎ᠠ ᠪᠠᠷ ᠶᠡᠷᠦᠩᠭᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠬᠦᠯᠦᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠦᠨᠡᠨᠬᠦ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠶᠡᠭᠡ ᠪᠠᠷ ᠬᠥᠭᠵᠢᠭᠡᠨ᠎ᠡ᠃       ᠵᠠᠰᠠᠭ ᠤᠨ ᠡᠷᠭᠡ ᠶᠢ ᠴᠤᠮᠬᠤᠳᠬᠠᠨ ᠲᠠᠯᠪᠢᠬᠤ ᠬᠠᠮᠢᠶᠠᠷᠬᠤ ᠶᠢ ᠤᠶᠠᠯᠳᠤᠭᠤᠯᠵᠤ ᠦᠢᠯᠡᠴᠢᠯᠡᠭᠡ ᠶᠢ ᠰᠢᠯᠢᠳᠡᠭᠵᠢᠬᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃  ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ ᠲᠤ ᠲᠦᠰᠢᠭᠯᠡᠨ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠶᠢ ᠨᠡᠩ ᠬᠤᠯᠪᠤᠯᠳᠣᠭᠤᠯᠣᠨ ᠨᠡᠪᠲᠡᠷᠡᠬᠦᠯᠦᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ︽ᠨᠢᠭᠡ ᠦᠷᠲᠡᠭᠡᠲᠦ ᠮᠠᠶ᠋ᠢᠭ︾ ᠤᠨ ᠦᠢᠯᠡᠴᠢᠯᠡᠬᠡᠨ ᠤ ᠲᠥᠪ ᠢ ᠪᠥᠬᠦ ᠲᠠᠯ᠎ᠠ ᠪᠠᠷ ᠠᠵᠢᠯᠯᠠᠭᠤᠯᠵᠦ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠥᠪᠰᠢᠶᠡᠷᠡᠯ ᠤᠨ ᠭᠠᠷ ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 50 ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠢᠨᠠᠨ ᠵᠥᠪᠰᠢᠶᠡᠷᠡᠯ ᠤᠨ ᠭᠠᠷ ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 80 ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠨ᠎ᠡ᠃ ᠳᠡᠭᠡᠳᠦ ᠱᠠᠲᠤᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠵᠠᠷ ᠰᠢᠷᠣᠶ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ ᠲᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠴᠤ ᠬᠦᠴᠢᠷ ᠪᠡᠷᠬᠡᠰᠢᠶᠡᠯ ᠢ ᠲᠤᠭᠤᠯᠤᠨ᠎ᠠ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠬᠢ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠴᠢᠩᠭᠠᠳᠬᠠᠵᠤ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ ᠬᠦᠷᠢᠶᠡᠯᠡᠩ ᠲᠣᠭᠤᠷᠢᠭ ᠪᠠ ᠭᠤᠤᠯᠳᠠᠯᠭ᠎ᠠ ᠲᠠᠢ ᠰᠠᠯᠠᠭ᠎ᠠ ᠮᠥᠴᠢᠷ ᠲᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠯᠲᠡ ᠶᠢ ᠬᠢᠨ᠎ᠡ᠃ ᠭᠤᠤᠯᠳᠠᠯᠭᠠᠲᠤ ᠲᠥᠷᠥᠯ ᠵᠦᠢᠯ ᠤᠨ ᠬᠤᠳᠠᠯᠳᠤᠭᠠᠴᠢᠨ ᠤᠷᠢᠬᠤ᠂ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠪᠦᠬᠦ ᠶᠠᠪᠤᠴᠠ ᠶᠢᠨ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠬᠡᠨ ᠤ ᠳᠦᠷᠢᠮ ᠢ ᠪᠠᠶᠢᠭᠤᠯᠤᠨ᠎ᠠ᠃ ᠬᠤᠳᠠᠯᠳᠤᠭᠠᠴᠢᠨ ᠤᠷᠢᠬᠤ ᠪᠠ ᠲᠥᠷᠥᠯ ᠵᠦᠢᠯ ᠢ ᠬᠠᠪᠰᠤᠷᠤᠨ ᠡᠷᠬᠢᠯᠡᠬᠦ ᠲᠤᠰᠬᠠᠶᠢᠵᠢᠭᠰᠠᠨ ᠡᠩᠨᠡᠭᠡ ᠶᠢ ᠵᠣᠬᠢᠶᠠᠨ ᠪᠠᠶᠢᠭᠤᠯᠵᠤ ᠨᠢᠭᠡ ᠲᠥᠷᠥᠯ ᠵᠦᠢᠯ ᠳᠤ ᠨᠢᠭᠡ ᠪᠠᠭ᠂ ᠨᠢᠭᠡ ᠲᠥᠷᠥᠯ ᠵᠦᠢᠯ ᠳᠤ ᠨᠢᠭᠡ ᠢᠵᠢ ᠬᠢᠨᠠᠨ ᠵᠦᠪᠰᠢᠶᠡᠷᠡᠬᠦ ᠶᠠᠪᠤᠴᠠ ᠶᠢ ᠲᠤᠭᠲᠠᠭᠠᠵᠤ ᠪᠣᠳᠠᠲᠠᠶ ᠠᠰᠠᠭᠤᠳᠠᠯ ᠳᠤ ᠴᠢᠭᠯᠡᠭᠦᠯᠦᠨ ᠤᠴᠢᠷ ᠶᠠᠪᠤᠳᠠᠯ ᠢ ᠨᠢᠭᠡ ᠨᠢᠭᠡ ᠪᠠᠷ ᠵᠥᠪᠯᠡᠵᠦ ᠲᠥᠷᠥᠯ ᠵᠦᠢᠯ ᠢ ᠬᠢᠨᠠᠨ ᠵᠥᠪᠰᠢᠶᠡᠷᠡᠬᠦ ᠠᠴᠠ ᠡᠬᠢᠯᠡᠨ ᠠᠵᠢᠯ ᠡᠬᠢᠯᠡᠭᠦᠯᠬᠦ ᠪᠥᠬᠦ ᠶᠠᠪᠤᠴᠠ ᠶᠢ ︽ᠲᠦᠷᠭᠡᠳᠬᠡᠬᠦ︾ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠪᠤᠳᠠᠳᠠᠢ ᠳᠡᠭᠡᠷᠡᠬᠢ ᠶᠢ ᠴᠤᠭᠴᠠᠵᠢᠭᠤᠯᠤᠭᠰᠠᠨ ᠦᠨᠡᠯᠡᠯᠲᠡ ᠶᠢᠨ ᠲᠦᠷᠢᠮ ᠢ ᠪᠠᠶᠢᠭᠤᠯᠤᠨ᠎ᠠ᠃ ︽ᠨᠢᠭᠡ ᠴᠣᠩᠬᠤᠪᠴᠢ ᠪᠠᠷ ᠶᠡᠷᠦᠩᠬᠡᠶᠢᠯᠡᠨ ᠬᠦᠢᠴᠡᠳᠬᠡᠬᠦ︾ ᠦᠢᠯᠡᠴᠢᠯᠡᠭᠡ ᠶᠢ ᠦᠷᠨᠢᠬᠦᠯᠵᠤ ᠲᠤᠲᠤᠭᠠᠳᠤ ᠳᠠᠭᠠᠨ ᠬᠢᠨᠠᠯᠲᠠ ᠲᠠᠯᠪᠢᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠡᠯᠧᠺᠲᠷᠣᠨ ᠬᠢᠨᠠᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ᠰᠦᠯᠵᠢᠶᠡᠨ ᠳᠡᠭᠡᠷ᠎ᠡ ᠠᠵᠢᠯ ᠬᠦᠢᠴᠡᠳᠭᠡᠬᠦ ᠲᠢᠩᠬᠢᠮ︾ ᠵᠡᠷᠭᠡ ᠠᠵᠢᠯ ᠬᠦᠢᠴᠡᠳᠭᠡᠬᠦ ᠳᠠᠪᠴᠠᠩ᠂ ᠦᠢᠯᠡᠴᠢᠯᠡᠭᠡᠨ ᠤ ᠤᠴᠢᠷ ᠶᠠᠪᠤᠳᠠᠯ ᠢ ᠬᠦᠢᠴᠡᠳᠬᠡᠬᠦ ᠶᠠᠪᠤᠴᠠ᠂ ᠴᠣᠩᠬᠤᠪᠴᠢ ᠶᠢᠨ ᠠᠵᠢᠯᠲᠠᠨ ᠳᠤ ᠪᠥᠬᠦ ᠲᠠᠯ᠎ᠠ ᠶᠢᠨ ᠦᠨᠡᠯᠡᠯᠲᠡ ᠬᠢᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠠ ᠠᠵᠢᠯᠲᠠᠨ ᠠᠵᠢᠯᠴᠢᠨ ᠢ ᠭᠡᠳᠡᠷᠭᠦ ᠰᠢᠬᠠᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠦᠵᠡᠯ ᠤᠬᠠᠮᠰᠠᠷ ᠢ ᠨᠢ ᠴᠢᠩᠭᠠᠳᠬᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠭᠡᠢ ᠂ ᠨᠢᠭᠡ ᠤᠳᠠᠭ᠎ᠠ ᠪᠠᠷ ᠤᠴᠢᠷ ᠶᠠᠪᠤᠳᠠᠯ ᠢ ᠰᠠᠶᠢᠲᠤᠷ ᠮᠡᠳᠡᠭᠳᠡᠭᠰᠡᠨ ᠦᠭᠡᠢ᠂ ᠠᠯᠪᠠ ᠬᠠᠰᠢᠵᠤ ᠠᠮᠠ ᠪᠦᠭᠯᠡᠨ ᠬᠠᠷᠢᠯᠴᠠᠨ ᠲᠦᠯᠬᠢᠯᠴᠡᠵᠦ ᠠᠵᠤ ᠠᠬᠤᠶᠢᠯᠠᠯ ᠪᠣᠯᠤᠨ ᠣᠯᠠᠨ ᠲᠦᠮᠡᠨ ᠢ ᠣᠯᠠᠨ ᠤᠳᠠᠭ᠎ᠠ ᠭᠦᠶᠦᠯᠭᠡᠭᠰᠡᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃        ︵ᠵᠢᠷᠭᠤᠭ᠎ᠠ︶ ᠰᠠᠭᠤᠷᠢ ᠶᠢ ᠪᠠᠬᠢᠵᠢᠭᠦᠯᠵᠦ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠤᠯᠳᠡᠢ ᠲᠦᠯᠦᠪᠯᠡᠨ ᠠᠬᠢᠭᠤᠯᠵᠦ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠵᠦ ᠭᠠᠳᠠᠭᠰᠢ ᠨᠡᠭᠡᠭᠡᠯᠲᠡ ᠬᠢᠬᠦ ᠬᠥᠭᠵᠢᠯᠲᠡ ᠶᠢᠨ ᠵᠠᠮ ᠢ ᠰᠠᠭᠠᠳ ᠥᠬᠡᠶ ᠨᠡᠪᠲᠡᠷᠡᠭᠦᠯᠵᠦ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃       ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠳᠠᠭᠠᠵᠦ ᠬᠤᠲᠠ ᠪᠠᠯᠭᠠᠰᠤ᠂ ᠲᠠᠷᠢᠶᠠᠯᠠᠩ ᠠᠵᠦ ᠠᠬᠤᠢ᠂ ᠠᠮᠢ ᠠᠬᠤᠶ ᠶᠢᠨ ᠣᠷᠣᠨ ᠵᠠᠶ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠨ᠎ᠠ᠃ ᠮᠤᠤᠠᠣᠰᠣ ᠶᠢᠨ ᠡᠯᠡᠰᠤ ᠮᠠᠩᠬ᠎ᠠ  ᠶᠢ ᠵᠠᠰᠠᠭᠰᠠᠨ ᠲᠤᠷᠰᠢᠯᠭ᠎ᠠ ᠶᠢ ᠳ᠋ᠦᠩᠨᠡᠨ ᠳᠡᠯᠭᠡᠷᠡᠬᠦᠯᠵᠦ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠢᠷᠡᠯᠳᠡ ᠶᠢᠨ ᠬᠤᠶᠠᠳᠤᠭᠠᠷ ᠬᠤᠭᠤᠴᠠᠭ᠎ᠠ᠂ ᠮᠠᠭᠤᠳᠠᠭᠰᠠᠨ ᠣᠢ ᠰᠢᠭᠤᠢ ᠶᠢ ᠲᠦᠷᠦᠯ ᠬᠤᠪᠢᠶᠠᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠬᠦᠯᠵᠦ ᠰᠢᠷᠬᠤᠰᠤᠨ ᠭᠤᠣᠯ ᠤᠨ ᠬᠤᠶᠠᠷ ᠡᠷᠭᠢ᠂ ᠭᠤᠣᠯᠳᠠᠯᠭ᠎ᠠ ᠲᠠᠢ ᠤᠯᠤᠰ ᠮᠤᠵᠢ ᠶᠢᠨ ᠵᠠᠮ ᠱᠤᠭᠤᠮ ᠳᠠᠭᠠᠤ ᠶᠢᠨ ᠮᠤᠤᠠᠤᠰᠤ ᠶᠢᠨ ᠪᠣᠬᠢᠷᠲᠤᠯ ᠦᠭᠡᠢ ᠠᠮᠢ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠦ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠥᠷᠨᠢᠭᠦᠯᠤᠨ 15.1 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 25 ᠲᠦᠮᠡᠨ ᠮᠦ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠪᠡᠶᠡᠯᠡᠬᠦᠯᠦᠨ᠎ᠡ᠃ ᠪᠠᠲᠤ ᠶᠢᠨ ᠲᠣᠬᠤᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠬᠦᠯᠬᠦ ᠪᠠ ᠨᠠᠷᠢᠨ ᠭᠤᠤᠯ ᠤᠨ ᠦᠶᠡᠷ ᠢ ᠰᠡᠷᠭᠡᠶᠢᠯᠡᠬᠦ ᠰᠤᠪᠠᠭ ᠤᠨ ︵ᠳᠣᠣᠷᠠᠳᠤ ᠤᠷᠤᠰᠬᠠᠯ ᠤᠨ ᠬᠡᠰᠡᠭ︶ ᠬᠠᠰᠢᠯᠭ᠎ᠠ ᠶᠢ ᠪᠠᠬᠢᠵᠢᠬᠦᠯᠬᠦ ᠢᠨᠵᠧᠨᠧᠷᠢᠩ ᠢ ᠪᠠᠷᠢᠯᠭ᠎ᠠ ᠡᠬᠢᠯᠡᠬᠦᠯᠦᠨ ᠪᠦᠲᠦᠭᠡᠨ ᠪᠠᠶᠢᠭᠤᠯᠵᠦ ᠳᠠᠷᠬᠠᠨᠯᠠᠮ᠎ᠠ ᠠᠮᠢ ᠠᠬᠤᠢ ᠶᠢᠨ ᠠᠷᠢᠭᠤᠨ ᠴᠡᠪᠡᠷ ᠰᠠᠪᠠ ᠭᠠᠵᠠᠷ ᠤᠨ ᠬᠦᠷᠦᠰᠦ ᠰᠢᠷᠤᠢ ᠶᠢᠨ ᠢᠳᠡᠭᠳᠡᠯ ᠢ ᠬᠠᠮᠠᠭᠠᠯᠠᠬᠤ ᠶᠡᠷᠤᠩᠬᠡᠶᠢᠯᠡᠭᠰᠡᠨ ᠵᠠᠰᠠᠯᠲᠠ  ᠶᠢ ᠬᠡᠷᠡᠭᠵᠢᠬᠦᠯᠦᠨ᠎ᠡ᠃ ᠪᠠᠶᠠᠨᠨᠠᠭᠤᠷ ᠤᠨ ᠨᠤᠭᠤ ᠭᠠᠵᠠᠷ ᠢ ᠭᠤᠶᠤᠴᠢᠯᠠᠨ ᠮᠡᠳᠡᠬᠦᠯᠵᠦ ᠭᠡᠷᠡᠴᠢᠯᠡᠭᠦᠯᠦᠬᠡᠳ ᠰᠢᠷᠬᠤᠰᠤ ᠨᠤᠭᠤ ᠭᠠᠵᠠᠷ ᠤᠨ ᠦᠵᠡᠰᠬᠦᠯᠡᠩ ᠤᠨ ᠣᠷᠳᠣᠨ ᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠮᠦᠩᠭᠡᠴᠢ ᠵᠡᠷᠭᠡ 3 ᠨᠡᠭᠦᠷᠡᠰᠦᠨ ᠠᠭᠤᠷᠬᠠᠢ ᠶᠢ ᠪᠣᠬᠢᠷᠲᠤᠯ ᠦᠭᠡᠢ ᠪᠤᠯᠭᠠᠨ ᠡᠭᠦᠳᠦᠨ ᠪᠠᠶᠢᠭᠤᠯᠤᠨ᠎ᠠ᠃ᠠᠮᠢ ᠠᠬᠤᠶ ᠶᠢᠨ ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠨ᠎ᠠ᠃ ᠣᠶ ᠰᠢᠭᠤᠶ ᠶᠢᠨ ᠬᠢᠨᠠᠨ ᠪᠠᠶᠢᠴᠠᠭᠠᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠤᠬᠢᠷᠠᠭᠤᠯᠤᠯᠲᠠ ᠬᠢᠵᠦ ᠰᠢᠯᠢᠳᠡᠭᠵᠢᠭᠦᠯᠦᠨ᠎ᠡ᠃ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠳᠠ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠦ ᠠᠵᠢᠯ ᠲᠥᠷᠥᠯ ᠪᠣᠯᠤᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ ᠳᠠᠭᠠᠭᠤᠯᠢ ᠤᠳᠤᠨ ᠤ ᠬᠡᠷᠡᠯ ᠵᠢᠷᠤᠭ ᠢᠶᠠᠷ ᠬᠠᠤᠯᠢ ᠬᠡᠷᠡᠭᠵᠢᠭᠦᠯᠬᠦ᠂ ᠵᠢᠯᠣᠭᠤᠴᠢ ᠦᠭᠡᠢ ᠨᠢᠰᠬᠡᠯ ᠢᠶᠠᠷ ᠵᠢᠭᠰᠠᠭᠠᠨ ᠪᠠᠶᠢᠴᠠᠭᠠᠬᠤ ᠪᠠ ᠣᠯᠠᠨ ᠲᠦᠮᠡᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ ᠲᠠᠷᠢᠶᠠᠨ ᠭᠠᠵᠠᠷ᠂ ᠣᠢ ᠰᠢᠭᠤᠶ ᠡᠪᠡᠰᠦ ᠪᠡᠯᠴᠢᠭᠡᠷ᠂ ᠭᠤᠤᠯ ᠨᠠᠭᠤᠷ᠂ ᠬᠥᠷᠥᠰᠥ ᠰᠢᠷᠣᠶ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠣᠯᠲᠠ ᠶᠢ ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠤᠨ ᠤᠷᠤᠨ ᠬᠤᠪᠢᠶᠠᠨ ᠰᠡᠯᠭᠦᠨ ᠮᠠᠯᠵᠢᠬᠤ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ ᠪᠡᠯᠴᠢᠭᠡᠷ ᠮᠠᠯ ᠢ ᠠᠯᠬᠤᠮ ᠠᠯᠬᠤᠮ ᠢᠶᠠᠷ ᠲᠡᠩᠴᠡᠭᠦᠷᠢᠰᠢᠬᠦᠯᠦᠨ᠎ᠡ᠃ ᠮᠠᠰᠢᠨ ᠴᠠᠬᠢᠯᠭᠠᠨ ᠬᠤᠳᠳᠤᠭ ᠢ ᠨᠡᠶᠢᠳᠡᠮ ᠪᠠᠶᠢᠴᠠᠭᠠᠵᠤ ᠳᠠᠩᠰᠠᠯᠠᠬᠤ ᠠᠵᠢᠯ ᠢ ᠥᠷᠨᠢᠭᠦᠯᠤᠨ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ︽ᠲᠦᠷᠪᠡᠨ ᠡᠷᠤᠢ ᠬᠤᠷᠤᠢ ᠦᠬᠡᠢ ᠪᠠᠶᠢᠬᠤ  ᠶᠢ ᠴᠡᠭᠴᠡᠯᠡᠬᠦ︾ ᠶᠢ ᠪᠠᠶᠢᠩᠭᠤᠵᠢᠭᠤᠯᠵᠤ ᠤᠰᠤᠨ ᠰᠢᠰᠲ᠋ᠧᠮ ᠢ ᠨᠡᠪᠲᠡᠷᠡᠭᠦᠯᠬᠦ ᠵᠢᠴᠢ ᠮᠠᠯᠵᠢᠬᠤ ᠲᠠᠷᠢᠶᠠᠯᠠᠬᠤ ᠤᠷᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ ᠪᠦᠬᠦ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠲᠦᠷᠢᠮ ᠢ ᠬᠠᠮᠤᠭ ᠴᠢᠩᠭ᠎ᠠ ᠲᠦᠷᠢᠮ ᠢ ᠬᠡᠷᠡᠭᠵᠢᠬᠦᠯᠵᠣ ᠣᠢ ᠰᠢᠭᠤᠢ ᠶᠢ ᠡᠪᠳᠡᠨ ᠨᠣᠳᠤᠭ ᠪᠡᠯᠴᠢᠬᠡᠷ ᠢ ᠰᠦᠢᠳᠬᠡᠵᠣ ᠠᠳᠠᠷ ᠬᠠᠭᠠᠯᠪᠣᠷᠢᠯᠠᠬᠤ᠂ ᠳᠣᠷ᠎ᠠ ᠪᠠᠷ ᠢᠶᠠᠨ ᠮᠣᠳᠣ ᠣᠭᠳᠣᠯᠬᠤ᠂ ᠳᠣᠷ᠎ᠠ ᠪᠠᠷ ᠢᠶᠠᠨ ᠭᠠᠳᠠᠭᠰᠢᠯᠠᠭᠤᠯᠵᠣ ᠠᠰᠠᠬᠠᠬᠤ᠂ ᠳᠣᠷ᠎ᠠ ᠪᠠᠷ ᠢᠶᠠᠨ ᠪᠠᠷᠢᠵᠣ ᠪᠠᠶᠢᠭᠤᠯᠬᠤ ᠵᠡᠷᠬᠡ ᠬᠠᠣᠯᠢ ᠵᠦᠷᠢᠴᠡᠭᠰᠡᠨ ᠠᠵᠢᠯᠯᠠᠭ᠎ᠠ  ᠳᠤ ᠴᠢᠩᠭ᠎ᠠ ᠴᠣᠬᠢᠯᠳᠠ ᠦᠭᠬᠦᠨ᠎ᠠ᠃        ᠰᠠᠭᠤᠷᠢ ᠲᠥᠬᠦᠭᠡᠷᠦᠮᠵᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠮᠣᠵᠢ ᠶᠢᠨ ᠵᠠᠮ ᠤᠨ 215 ᠱᠤᠭᠤᠮ ᠤᠨ ᠲᠦᠩᠽᠢ ᠠᠴᠠ ᠬᠠᠶ ᠽᠧ ᠫᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠤᠰ ᠤᠨ ᠵᠠᠮ ᠤᠨ 242 ᠱᠤᠭᠤᠮ ᠤᠨ ᠭᠠᠯᠠᠭᠤᠲᠤ ᠠᠴᠠ ᠪᠤᠯᠠᠭ ᠤᠨ ᠭᠤᠤᠯ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠡᠬᠢᠯᠡᠭᠦᠯᠦᠨ ᠵᠠᠰᠠᠵᠦ ᠮᠤᠵᠢ ᠶᠢᠨ ᠵᠠᠮ ᠤᠨ 317 ᠱᠤᠭᠤᠮ ᠤᠨ ᠲᠤᠯᠢ ᠠᠴᠠ ᠨᠠᠩᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠤᠰᠢᠨ ᠤ ᠬᠡᠰᠡᠭ ᠲᠤ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠦᠨ ᠮᠤᠵᠢ ᠶᠢᠨ ᠵᠠᠮ ᠤᠨ 226 ᠱᠤᠭᠤᠮ ᠤᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠱᠠᠨᠰᠢ ᠶᠢᠨ ᠬᠡᠰᠡᠭ ᠤᠨ ᠪᠠᠷᠢᠯᠭ᠎ᠠ ᠶᠢ ᠮᠦᠷᠳᠡᠨ ᠠᠬᠢᠭᠤᠯᠤᠨ᠎ᠠ᠃ ᠲᠦᠩᠽᠢ ᠠᠴᠠ ᠬᠤᠶᠠᠳᠤᠭᠠᠷ ᠴᠡᠪᠡᠷᠰᠢᠭᠦᠯᠬᠦ ᠦᠢᠯᠡᠳᠪᠦᠷᠢ ᠬᠦᠷᠲᠡᠯᠡᠬᠢ ᠵᠠᠮ ᠤᠨ ᠰᠡᠯᠪᠢᠨ ᠵᠠᠰᠠᠯᠲᠠ᠂ ᠨᠠᠷᠢᠠᠭᠤᠤᠯ ᠠᠴᠠ ᠵᠠᠩ ᠹᠧᠩ ᠫᠠᠨ ᠬᠦᠷᠬᠦ ᠨᠠᠷᠢᠨ ᠵᠠᠮ ᠢ ᠦᠷᠭᠡᠳᠬᠡᠬᠦ ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 208.9 ᠺᠢᠯᠣᠮᠧᠲᠷ ᠵᠠᠰᠠᠵᠦ ᠭᠤᠣᠯ ᠤᠨ ᠡᠬᠢ ᠵᠡᠷᠭᠡ 4 ᠠᠶᠤᠯᠲᠠᠢ ᠬᠥᠭᠦᠷᠭᠡ ᠶᠢ ᠦᠭᠡᠷᠡᠴᠢᠯᠡᠨ᠎ᠡ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠦᠤᠰᠢᠨ 500 ᠺᠢᠯᠣᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠧᠨᠧᠷᠢᠩ ᠢ ᠡᠬᠢᠯᠡᠭᠦᠯᠵᠦ ᠲᠠᠷᠢᠶᠠᠯᠠᠩ  ᠤᠨ ᠴᠠᠬᠢᠯᠭᠠᠨ ᠲᠤᠤᠷ ᠢ 500 ᠺᠢᠯᠣᠮᠧᠲᠷ ᠠᠴᠠ ᠳᠡᠭᠡᠭᠰᠢ ᠰᠢᠨ᠎ᠡ ᠪᠠᠷ ᠥᠭᠡᠷᠡᠴᠢᠯᠡᠨ ᠳᠠᠳᠠᠨ᠎ᠠ᠃ ᠵᠠᠰᠠᠮᠠᠯ ᠵᠠᠮ᠂ ᠲᠡᠮᠦᠷ ᠵᠠᠮ ᠳᠠᠭᠠᠤ᠂ ᠪᠤᠶᠢᠳᠠ ᠪᠥᠭᠯᠡᠭᠦᠤ ᠭᠠᠴᠠᠭ᠎ᠠ ᠲᠣᠰᠬᠤᠨ ᠪᠠᠷᠢᠭᠠᠳᠠ ᠬᠤᠷᠰᠢᠶ᠎ᠠ ᠶᠢᠨ ᠲᠣᠤᠷ ᠰᠦᠯᠵᠢᠶᠡᠨ ᠤ ᠳᠣᠬᠢᠶᠠᠨ ᠤ ᠪᠦᠷᠬᠦᠴᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ 5G ᠶᠢᠨ ᠰᠠᠭᠤᠷᠢ ᠦᠷᠳᠡᠭᠡ ᠶᠢ 20 ᠠᠴᠠ ᠢᠯᠡᠭᠦᠦ ᠰᠢᠨ᠎ᠡ ᠪᠠᠷ ᠪᠠᠶᠢᠭᠤᠯᠤᠨ᠎ᠠ᠃ ︽ᠲᠣᠭᠠᠴᠢᠯᠠᠭᠰᠠᠨ ᠦᠤᠰᠢᠨ︾ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠳᠤ ᠰᠠᠭᠤᠷᠢ ᠲᠤᠯᠭᠠᠭᠤᠷᠢᠯᠠᠯ ᠢ ᠬᠠᠩᠭᠠᠨ᠎ᠠ᠃        ︵ᠲᠤᠯᠤᠭ᠎ᠠ︶ ᠰᠡᠳᠬᠢᠯ ᠲᠠᠯᠪᠢᠨ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠥᠷᠭᠡᠳᠬᠡᠨ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ ᠪᠠᠲᠤᠯᠠᠵᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠤᠯᠭᠠᠮ ᠠᠷᠠᠳ ᠤᠨ ᠠᠮᠢᠳᠤᠷᠠᠯ ᠤᠨ ᠳᠤᠲᠠᠭᠤᠳᠠᠯ ᠢ ᠰᠶᠢᠳᠪᠤᠷᠢᠯᠡᠨ ᠠᠷᠠᠳ ᠲᠦᠮᠡᠨ ᠤ ᠠᠮᠢᠳᠤᠷᠠᠯ ᠢ ᠨᠡᠩ ᠪᠠᠲᠤᠯᠠᠭ᠎ᠠ ᠲᠠᠢ ᠪᠣᠯᠭᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠦᠭᠴᠤ ᠲᠣᠭᠲᠠᠭᠠᠬᠤ ᠲᠦᠷᠢᠮ ᠤᠨ ᠠᠵᠢᠯ ᠤᠨ ᠲᠤᠬᠢᠷᠠᠭᠤᠯᠤᠯᠲᠠ ᠶᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠢᠯᠠᠩᠭᠤᠶ᠎ᠠ ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ 12 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠮᠬᠢᠳᠭᠡᠨ ᠳᠣᠷᠠᠳᠴᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠶᠠᠷᠢᠯᠴᠠᠬᠤ ᠶᠢᠨ ᠬᠠᠮᠲᠤ ᠠᠷᠠᠳ ᠤᠨ ᠲᠦᠯᠦᠬᠡᠯᠡᠭᠴᠢᠳ ᠪᠢᠯᠧᠲ ᠦᠭᠴᠦ ᠲᠤᠭᠳᠠᠭᠠᠨ᠎ᠠ᠃      ᠠᠵᠢᠯ ᠣᠯᠭᠤᠯᠲᠠ ᠦᠢᠯᠡᠰ ᠪᠣᠰᠬᠠᠯᠲᠠ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠵᠢᠯ ᠮᠡᠷᠭᠡᠵᠢᠯ  ᠤᠨ ᠬᠦᠮᠦᠵᠢᠯ ᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ  ᠶᠢᠨ ᠠᠭᠤᠰᠤᠯᠴᠠᠯ ᠢ ᠠᠬᠢᠭᠤᠯᠵᠤ ᠤᠷᠤᠨ ᠨᠤᠲᠤᠭ ᠪᠠ ᠠᠵᠤ ᠠᠬᠤᠶᠢᠯᠠᠯ ᠬᠠᠮᠲᠤᠷᠠᠨ ᠠᠵᠢᠯ ᠮᠡᠷᠬᠡᠵᠢᠯ ᠤᠨ ᠦᠢᠯᠡᠳᠦᠯᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠠᠵᠤ ᠠᠬᠤᠶᠢᠯᠠᠯ ᠤᠨ ᠲᠤᠭᠳᠠᠭᠠᠭᠰᠠᠨ ᠴᠢᠭᠯᠡᠯ ᠪᠠ ᠠᠵᠢᠯ ᠤᠨ ᠪᠠᠶᠢᠷᠢ ᠶᠢᠨ ᠵᠠᠬᠢᠶᠠᠯᠠᠭ᠎ᠠ ᠪᠠᠷ ᠨᠠᠶᠢᠳᠠᠨ ᠬᠥᠮᠦᠵᠢᠭᠦᠯᠵᠦ ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠠ ᠨᠡᠬᠦᠯᠭᠡᠨ ᠰᠢᠯᠵᠢᠬᠦᠯᠵᠤ ᠠᠵᠢᠯ ᠣᠯᠭᠤᠬᠤ ᠪᠣᠯᠪᠠᠰᠤᠷᠠᠯ ᠤᠨ ᠡᠷᠴᠢᠮ ᠢ ᠴᠢᠩᠭᠠᠳᠬᠠᠵᠦ ᠠᠵᠢᠯᠴᠢᠨ ᠬᠡᠷᠡᠭᠯᠡᠬᠦ ᠲᠠᠨᠢᠯᠴᠠᠭᠤᠯᠭ᠎ᠠ ᠶᠢᠨ ᠬᠤᠷᠠᠯ᠂ ᠠᠵᠢᠯᠳᠠᠨ ᠠᠵᠢᠯᠴᠢᠨ ᠡᠯᠰᠡᠬᠦ ᠬᠤᠷᠠᠯ ᠢ ᠣᠯᠠᠨ ᠡᠭᠡᠯᠵᠢ ᠵᠣᠬᠢᠶᠠᠨ ᠪᠠᠶᠢᠭᠤᠯᠵᠤ ᠬᠤᠲᠠ ᠪᠠᠯᠭᠠᠰᠣᠨ ᠤ 1450 ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠ ︽ᠠᠵᠢᠯ ᠣᠯᠤᠭᠰᠠᠨ ᠬᠥᠮᠦᠨ ᠥᠬᠡᠶ︾ ᠬᠡᠷ ᠪᠦᠯᠢ ᠳᠤ ᠠᠵᠢᠯ ᠤᠯᠭᠤᠬᠤ ᠬᠠᠷᠠᠯᠲᠠ ᠶᠢ ᠪᠡᠶᠡᠯᠡᠭᠦᠯᠦᠨ᠎ᠡ᠃ 800 ᠲᠦᠮᠡᠨ ᠲᠥᠭᠦᠷᠢᠭ ᠤᠨ ᠠᠳᠠᠯ ᠦᠢᠯᠡᠰ ᠪᠤᠰᠬᠠᠬᠤ ᠵᠢᠭᠡᠯᠡᠯᠭᠡ ᠲᠠᠯᠪᠢᠨ᠎ᠠ᠃ ︽ᠠᠷᠠᠳ ᠤᠨ ᠠᠮᠢᠳᠤᠷᠠᠯ ᠤᠨ ᠵᠢᠵᠢᠭ ᠰᠠᠵᠢᠭ ᠪᠣᠳᠠᠲᠤ ᠶᠠᠪᠤᠳᠠᠯ︾ ᠤᠨ ᠨᠡᠶᠢᠲᠡ ᠶᠢᠨ ᠠᠰᠠᠷᠠᠮᠵᠢ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠥᠷᠭᠡᠳᠬᠡᠵᠦ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠳᠣᠭᠳᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠳᠣᠭᠳᠠᠪᠣᠷᠢᠵᠢᠭᠤᠯᠬᠤ ᠶᠢ ᠪᠠᠳᠣᠯᠠᠵᠣ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠬᠦᠯᠬᠦ ᠶᠢ ᠵᠣᠷᠢᠭᠵᠢᠭᠤᠯᠣᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠲᠣᠭᠲᠠᠭᠤᠨ ᠪᠠᠶᠢᠯᠭᠠᠨ᠎ᠠ᠃      ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶᠂ ᠲᠤᠭ ᠪᠠᠭ᠎ᠠ ᠰᠤᠷᠭᠠᠭᠤᠯᠢ ᠶᠢ ᠨᠠᠮᠤᠷ ᠤᠨ ᠤᠯᠠᠷᠢᠯ ᠰᠤᠷᠭᠠᠭᠤᠯᠢ ᠡᠬᠢᠯᠡᠬᠦ ᠳᠤ ᠠᠰᠢᠭᠯᠠᠯᠲᠠ ᠳᠤ ᠤᠷᠤᠭᠤᠯᠬᠤ ᠶᠢ ᠦᠨᠡᠨ ᠬᠦ ᠪᠠᠲᠤᠯᠠᠨ ᠨᠠᠷᠢᠠᠭᠤᠤᠯ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠡᠤᠬᠡᠳ ᠤᠨ ᠴᠡᠴᠡᠷᠯᠢᠭ᠂ ᠦᠤᠰᠢᠨᠵᠦᠦ ᠪᠠᠭ᠎ᠠ ᠰᠤᠷᠭᠠᠭᠤᠯᠢ ᠵᠢᠴᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠷᠬᠤᠰᠣᠨ ᠪᠠᠯᠭᠠᠰᠤᠨ ᠤ ᠤᠷᠳᠤᠪᠡᠶ᠎ᠡ ᠰᠤᠷᠭᠠᠭᠤᠯᠢ ᠶᠢᠨ ᠬᠤᠭᠤᠯᠠᠨ ᠭᠡᠷ ᠪᠠ ᠪᠠᠶᠢᠷᠢ ᠶᠢᠨ ᠠᠰᠠᠷ ᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ ᠨᠢᠭᠡᠳᠦᠭᠡᠷ ᠬᠡᠤᠬᠡᠳ ᠤᠨ ᠴᠡᠴᠡᠷᠯᠢᠭ ᠪᠠ ᠳᠥᠷᠪᠡᠳᠦᠭᠡᠷ ᠬᠡᠤᠬᠡᠳ ᠤᠨ ᠴᠡᠴᠡᠷᠯᠢᠭ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠶᠢ ᠲᠦᠷᠭᠡᠳᠬᠡᠨ᠎ᠡ᠃ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠵᠢᠷᠲᠤ ᠰᠤᠷᠭᠠᠭᠤᠯᠢ ᠶᠢᠨ ᠲᠠᠮᠢᠷ ᠤᠨ ᠲᠠᠯᠠᠪᠤᠷ᠂ ᠤᠯᠠᠭᠠᠨᠲᠤᠯᠤᠭᠠᠢ ᠪᠠᠯᠭᠠᠰᠤᠨ ᠤ ᠬᠤᠸᠠᠲᠤᠯᠤᠭᠠᠢ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ︾  ᠶᠢ ᠨᠠᠷᠢᠯᠢᠭ ᠣᠨᠣᠪᠴᠢᠲᠠᠢ ᠪᠠᠷ ᠰᠠᠶᠢᠲᠤᠷ ᠬᠢᠵᠦ 0 — 3 ᠨᠠᠰᠤᠨ ᠤ ᠬᠡᠤᠬᠡᠳ ᠰᠠᠭᠠᠲᠠᠭᠤᠯᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠂ ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ ᠰᠤᠷᠭᠠᠭᠤᠯᠢ ᠬᠡᠤᠭᠡᠳ ᠤᠨ ᠴᠡᠴᠡᠷᠯᠢᠭ ᠤᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠶᠢ ᠰᠤᠯᠢᠯᠴᠠᠭᠤᠯᠤᠨ ᠡᠬᠡᠯᠵᠢᠯᠡᠬᠦᠯᠬᠦ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭ ᠪᠠᠭᠰᠢ ᠶᠢ ᠦᠷᠭᠦᠯᠵᠢᠯᠡᠨ ᠤᠷᠢᠨ ᠠᠪᠴᠢᠷᠠᠨ᠎ᠠ᠃ ᠲᠡᠷᠢᠭᠦᠨ ᠤ ᠭᠠᠵᠠᠷ ᠣᠷᠣᠨ ᠤ ᠨᠠᠷᠠᠲᠤ ᠰᠤᠷᠭᠠᠭᠤᠯᠢ ᠯᠤᠭ᠎ᠠ ᠬᠤᠯᠪᠤᠭᠠᠯᠠᠨ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠪᠠᠭᠰᠢ ᠶᠢ ᠦᠨᠳᠤᠰᠦᠨ ᠱᠠᠲᠤᠨ ᠳᠤ ᠪᠠᠭᠤᠯᠭᠠᠬᠤ ᠠᠵᠢᠯ ᠤᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠠᠶᠢᠲᠤᠷ ᠰᠶᠢᠳᠪᠤᠷᠢᠯᠡᠨ᠎ᠡ᠃      ᠡᠷᠡᠭᠦᠯ ᠡᠩᠬᠡ ᠦᠦᠰᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠴᠢᠩᠭ᠎ᠠ ᠪᠣᠳᠠᠲᠠᠶ ᠨᠠᠷᠢᠨ ᠠᠳᠬᠤᠵᠦ ᠭᠠᠳᠠᠨ᠎ᠠ ᠠᠴᠠ ᠬᠠᠯᠳᠠᠪᠤᠷᠢᠯᠠᠨ ᠣᠷᠣᠵᠦ ᠢᠷᠡᠬᠦ ᠶᠢ ᠰᠡᠷᠬᠡᠶᠢᠯᠡᠵᠦ᠂ ᠲᠤᠳᠤᠭᠠᠲᠤ ᠳᠤ ᠪᠠᠨ ᠳᠠᠬᠢᠨ ᠬᠠᠯᠳᠠᠪᠤᠷᠢᠯᠠᠬᠤ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠣᠯᠠᠨ ᠲᠦᠮᠡᠨ ᠪᠣᠯᠤᠨ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠢ ᠰᠶᠢᠳᠪᠤᠷᠢᠯᠡᠬᠦ ᠳᠤᠮᠳᠠ ᠢᠯᠡᠷᠡᠭᠰᠡᠨ ᠲᠤᠲᠠᠭᠤᠳᠠᠯ ᠠᠰᠠᠭᠤᠳᠠᠯ ᠳᠤ ᠴᠢᠭᠯᠡᠭᠦᠯᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠦᠬᠦᠬᠡᠷᠤᠮᠵᠢ᠂ ᠪᠠᠶᠢᠴᠠᠭᠠᠨ ᠰᠢᠯᠭᠠᠵᠤ ᠣᠨᠣᠰᠢᠯᠠᠨ ᠡᠮᠨᠡᠬᠦ ᠠᠪᠤᠷᠠᠨ ᠵᠠᠰᠠᠬᠤ ᠴᠢᠳᠠᠪᠤᠷᠢ᠂ ᠪᠠᠴᠢᠮ ᠪᠠᠶᠢᠳᠠᠯ ᠢ ᠰᠶᠢᠳᠪᠤᠷᠢᠯᠡᠬᠦ ᠡᠳ᠋ ᠪᠣᠳᠠᠰ ᠤᠨ ᠪᠠᠲᠤᠯᠠᠭ᠎ᠠ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠵᠡᠷᠭᠡ ᠶᠢᠨ ᠬᠦᠷᠦᠯᠴᠡᠬᠦ ᠥᠬᠡᠶ ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃ ᠪᠥᠬᠦ ᠤᠯᠤᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠪᠠ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠵᠤ ︽ᠡᠷᠡᠭᠦᠯ ᠡᠩᠬᠡ ᠦᠤᠰᠢᠨ 2030︾ ᠠᠵᠢᠯᠯᠠᠭᠠᠨ ᠤ ᠡᠭᠦᠷᠭᠡ ᠶᠢ ᠨᠠᠶᠢᠳᠠᠪᠤᠷᠢᠵᠢᠭᠤᠯᠤᠨ ᠬᠤᠶᠠᠷ ᠵᠢᠯ ᠳᠤ ᠨᠢᠭᠡ ᠡᠭᠡᠯᠵᠢ ᠶᠢᠨ ᠪᠥᠬᠦ ᠠᠷᠠᠳ ᠤᠨ ᠡᠷᠡᠭᠦᠯ ᠡᠩᠬᠡ ᠶᠢᠨ ᠪᠡᠶ᠎ᠡ ᠶᠢᠨ ᠪᠠᠶᠢᠴᠠᠭᠠᠯᠲᠠ ᠶᠢ 30 — 65 ᠪᠦᠬᠦᠯᠢ ᠨᠠᠰᠤᠨ ᠤ ᠡᠮᠡᠭᠲᠡᠶᠢᠴᠤᠳ  ᠲᠤ ᠤᠷᠢᠳᠠᠪᠠᠷ ᠬᠢᠵᠦ ᠬᠡᠤᠬᠡᠳ ᠤᠨ ᠡᠷᠡᠭᠦᠯ ᠡᠩᠬᠡ ᠶᠢ ᠬᠠᠯᠠᠮᠵᠢᠯᠠᠬᠤ ᠢᠨᠵᠧᠨᠧᠷᠢᠩ ᠢ ᠬᠡᠷᠡᠭᠵᠢᠬᠦᠯᠦᠨ ᠡᠯᠪᠡᠭ ᠠᠭᠤᠯᠭ᠎ᠠ ᠲᠠᠢ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠨᠠᠷᠢᠠᠭᠤᠤᠯ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠪᠠ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠳᠡᠨ ᠢ ᠡᠮᠴᠢᠯᠡᠬᠦ ᠲᠤᠭᠤᠷᠢᠭ ᠢ ᠥᠷᠭᠡᠳᠬᠡᠨ ᠪᠠᠶᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠰᠦᠯᠳᠡ ᠰᠤᠮᠤ᠂ ᠦᠤᠰᠢᠨᠵᠦᠦ ᠪᠠᠯᠭᠠᠰᠤ᠂ ᠲᠤᠭ ᠤᠨ ᠬᠤᠵᠢᠷᠲᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠪᠠᠶᠢᠷᠢ ᠶᠢᠨ ᠲᠥᠷᠥᠯ ᠵᠦᠢᠯ ᠢ ᠡᠬᠢᠯᠡᠭᠦᠯᠦᠨ᠎ᠡ᠃ ᠰᠦᠯᠳᠡ ᠰᠤᠮᠤᠨ ᠤ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠨᠠᠬᠢ ᠲᠤᠷᠰᠢᠯᠲᠠ ᠶᠢᠨ ᠥᠷᠲᠡᠭᠡ ᠶᠢ ᠰᠢᠨ᠎ᠡ ᠪᠠᠷ ᠪᠠᠶᠢᠭᠤᠯᠤᠨ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃ 2 ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢ ᠠᠬᠢᠭᠤᠯᠵᠤ ᠡᠮᠴᠢᠯᠡᠭᠡᠨ ᠤ ᠡᠬᠢ ᠪᠠᠶᠠᠯᠢᠭ ᠢ ᠰᠤᠮᠤ ᠪᠠᠯᠭᠠᠰᠤ᠂ ᠭᠠᠴᠠᠭ᠎ᠠ ᠲᠤᠰᠬᠤᠨ ᠲᠡᠰᠢ ᠪᠠᠭᠤᠯᠭᠠᠬᠤ ᠶᠢ ᠠᠬᠢᠭᠤᠯᠤᠨ᠎ᠠ᠃ ᠨᠠᠨᠵᠢᠩ ᠤᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠭᠤᠷᠪᠠᠳᠤᠭᠠᠷ ᠳᠡᠰ ᠤᠨ ᠬᠥᠬᠡ ᠵᠡᠷᠭᠡ  ᠶᠢᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ ᠨᠡᠷᠡᠲᠦ ᠡᠮᠴᠢ ᠶᠢ ᠤᠷᠢᠵᠤ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ᠂ ᠵᠢᠭᠠᠬᠤ︾ ᠪᠣᠯᠭᠠᠵᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠪᠠ ᠴᠠᠭᠠᠷᠠᠭᠰᠠᠨ ᠮᠡᠷᠭᠡᠵᠢᠯ ᠲᠠᠢ ᠰᠠᠶᠢᠨ ᠡᠮᠴᠢ ᠶᠢ ᠬᠥᠮᠦᠵᠢᠬᠦᠯᠦᠨ ᠪᠦᠬᠦ ᠬᠤᠰᠢᠭᠤᠨ ᠤ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠴᠢᠰᠦᠨ ᠳᠠᠷᠣᠯᠲᠠ ᠦᠨᠳᠦᠷ᠂ ᠰᠢᠬᠢᠷ ᠰᠢᠵᠢᠩ ᠡᠪᠡᠳᠴᠢᠨ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠪᠠᠲᠤᠯᠠᠭ᠎ᠠ ᠳᠤ ᠤᠷᠤᠭᠤᠯᠵᠤ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠠᠬᠢ ᠳᠠᠩᠰᠠᠨ ᠠᠴᠠ ᠲᠠᠶᠢᠯᠬᠤ ᠬᠠᠷᠢᠴᠠᠯ ᠢ 50% ᠳᠤ ᠬᠦᠷᠬᠡᠨ᠎ᠡ᠃ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠪᠠᠶᠢᠭᠤᠯᠤᠯᠲᠠ ᠶᠢ ᠡᠬᠢᠯᠡᠭᠦᠯᠵᠦ ᠤᠶᠤᠨ ᠤ ᠵᠡᠮᠳᠡᠭᠴᠦᠳ ᠪᠠ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃       ᠰᠣᠶᠣᠯ ᠤᠨ ᠦᠢᠯᠡᠰ ᠢ ᠴᠡᠴᠡᠭᠯᠡᠭᠦᠯᠦᠨ ᠬᠦᠭᠵᠢᠬᠦᠯᠦᠨ᠎ᠡ᠃ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠠᠷᠠᠳ ᠤᠨ ᠳᠤᠮᠳᠠᠬᠢ ᠤᠳᠬ᠎ᠠ ᠤᠷᠠᠯᠢᠭ ᠤᠨ ᠲᠤᠷ᠎ᠠ ᠪᠠᠭ᠋ᠠᠳᠠᠳ᠂ ᠰᠣᠶᠣᠯ ᠤᠨ ᠡᠷᠦᠬᠡ ᠪᠠ ᠠᠷᠠᠳ ᠤᠨ ᠤᠳᠬ᠎ᠠ ᠤᠷᠠᠯᠢᠭ ᠤᠨ ᠪᠦᠯᠬᠦᠮ ᠢ ᠳᠠᠶᠢᠴᠢᠯᠠᠨ ᠨᠥᠬᠦᠴᠡᠯ ᠲᠠᠢ ᠰᠤᠮᠤ ᠪᠠᠯᠭᠠᠰᠤᠨ ᠤ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠡᠩᠨᠡᠭᠡ ᠶᠢ ᠵᠣᠬᠢᠶᠠᠨ ᠪᠠᠶᠢᠭᠤᠯᠬᠤ ᠶᠢ ᠲᠡᠳᠬᠦᠨ ᠳᠡᠮᠵᠢᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠬᠡᠨ ᠢᠶᠠᠷ ᠥᠷᠨᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠦ ︽ᠣᠷᠳᠣᠰ ᠠᠷᠠᠳ ᠤᠨ ᠳᠠᠭᠤᠤ ᠶᠢᠨ ᠡᠬᠢ ᠰᠤᠷᠪᠤᠯᠵᠢ︾᠂ ︽ᠦᠤᠰᠢᠨᠵᠦᠦ ᠪᠤᠯᠤᠨ ᠪᠤᠷᠤᠯᠲᠠᠢ︾ ᠵᠡᠷᠭᠡ ᠨᠣᠮ ᠪᠢᠴᠢᠭ ᠪᠠ ᠺᠢᠨᠣ᠋ ᠲᠧᠯᠸᠢᠰ ᠤᠨ ᠪᠦᠲᠦᠭᠡᠯ ᠢ ᠲᠢᠭᠯᠡᠨ ᠡᠮᠬᠢᠳᠬᠡᠵᠣ ᠬᠡᠪᠯᠡᠭᠦᠯᠦᠨ᠎ᠡ᠃ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ ᠣᠷᠳᠣᠨ᠂ ᠰᠤᠷᠭᠠᠭᠤᠯᠢ ᠶᠢ ᠬᠠᠮᠲᠤᠪᠠᠷ ᠪᠠᠶᠢᠭᠤᠯᠬᠤ ᠵᠠᠭᠪᠤᠷ ᠢ ᠬᠡᠷᠡᠭᠵᠢᠭᠦᠯᠦᠨ ᠠᠷᠠᠳ ᠤᠨ ᠳᠤᠮᠳᠠᠬᠢ ᠰᠣᠶᠣᠯ ᠤᠨ ᠦᠵᠡᠰᠬᠦᠯᠡᠩ ᠤᠨ ᠰᠢᠰᠲ᠋ᠧᠮ ᠤᠨ ᠪᠠᠶᠢᠭᠤᠯᠤᠯᠲᠠ ᠶᠢ ᠳᠠᠮᠵᠢᠵᠤ ᠰᠣᠶᠣᠯ ᠢᠶᠠᠷ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠦᠦᠰᠢᠨᠵᠦᠦ ᠰᠦᠮ᠎ᠡ ᠶᠢ ᠬᠠᠮᠠᠭᠠᠯᠠᠵᠤ ᠰᠡᠯᠪᠢᠨ ᠵᠠᠰᠠᠨ᠎ᠡ᠃       ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠠᠵᠤ ᠠᠬᠤᠶᠢᠯᠡᠯ ᠪᠠ ᠠᠯᠪᠠᠨ ᠪᠠᠶᠢᠭᠤᠯᠭ᠎ᠠ ᠠᠵᠢᠯ ᠣᠶᠢᠯᠡᠰ ᠤᠨ ᠨᠢᠬᠡᠴᠢ ᠶᠢᠨ ᠠᠵᠢᠯ ᠠᠴᠠ ᠠᠮᠠᠷᠠᠭᠰᠠᠳ ᠤᠨ ᠦᠨᠳᠣᠰᠣᠨ ᠨᠠᠰᠣᠵᠢᠯ ᠤᠨ ᠳᠠᠭᠠᠳᠬᠠᠯ ᠤᠨ ᠮᠦᠩᠬᠦ ᠶᠢ 5% ᠳᠡᠬᠡᠭᠰᠢᠯᠡᠬᠦᠯᠵᠣ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠪᠠ ᠣᠨᠴᠠ ᠬᠦᠴᠢᠷᠳᠡᠯᠳᠡᠢ ᠬᠦᠮᠦᠰ ᠢ ᠠᠰᠠᠷᠠᠨ ᠳᠡᠵᠢᠬᠡᠬᠦ ᠪᠠᠷᠢᠮᠵᠢᠶ᠎ᠠ ᠶᠢ ᠵᠣᠬᠢᠰᠳᠡᠢ ᠳᠡᠬᠡᠭᠰᠢᠯᠡᠬᠦᠯᠥᠨ᠎ᠠ᠃ ᠦᠤᠰᠢᠨᠵᠦᠦ ᠠᠰᠠᠷᠠᠨ ᠬᠠᠷᠠᠭᠠᠯᠵᠠᠬᠤ ᠬᠦᠷᠢᠶᠡᠯᠡᠩ ᠪᠠ 2 ᠨᠡᠶᠢᠭᠡᠮ ᠲᠣᠭᠤᠷᠢᠭ ᠤᠨ ᠡᠳᠦᠷ ᠢᠶᠠᠷ ᠬᠠᠷᠠᠭᠠᠯᠵᠠᠬᠤ ᠲᠦᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠪᠠᠲᠤ ᠶᠢᠨ ᠲᠤᠬᠤᠢ ᠠᠰᠠᠷᠠᠨ ᠬᠠᠷᠠᠭᠠᠯᠵᠠᠬᠤ ᠬᠦᠷᠢᠶᠡᠯᠡᠩ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠬᠦᠯᠦᠨ᠎ᠡ᠃ ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠠᠵᠢᠯ ᠤᠨ ᠲᠡᠷᠢᠬᠦᠨ ᠤ ᠬᠤᠰᠢᠭᠤ  ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠬᠡᠯ ᠢ ᠪᠠᠲᠤᠳᠬᠠᠵᠤ ᠮᠣᠩᠭᠤᠯ ᠬᠢᠲᠠᠳ ᠡᠮᠨᠡᠯᠭᠡ ᠶᠢᠨ ᠪᠠᠶᠢᠭᠤᠯᠤᠮᠵᠢ ᠶᠢᠨ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾ ᠶᠢ ᠵᠣᠷᠢᠭᠵᠢᠭᠤᠯᠵᠤ ᠣᠳᠣ ᠶᠢᠨ ᠪᠠᠶᠢᠭ᠎ᠠ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠲᠥᠬᠦᠭᠡᠷᠦᠮᠵᠢ ᠪᠠᠨ ᠰᠠᠶᠢᠵᠢᠷᠠᠭᠤᠯᠤᠨ ᠭᠡᠷ ᠲᠡᠭᠡᠨ ᠰᠠᠭᠤᠵᠤ ᠪᠠᠶᠢᠭ᠎ᠠ 12349 ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠠᠭᠤᠯᠭ᠎ᠠ ᠪᠠᠨ ᠥᠷᠭᠡᠳᠬᠡᠵᠦ ᠬᠡᠷ ᠪᠦᠯᠢ᠂ ᠨᠡᠶᠢᠭᠡᠮ ᠲᠣᠭᠤᠷᠢᠭ ︵ᠬᠠᠷᠢᠯᠴᠠᠨ ᠬᠠᠪᠰᠤᠷᠤᠯᠴᠠᠭᠰᠠᠨ︶᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠬᠠᠷᠢᠯᠴᠠᠨ ᠨᠥᠬᠦᠪᠥᠷᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠎ᠡ᠃       ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠪ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠪᠤᠢ ᠪᠣᠯᠭᠠᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠤᠰᠤ ᠬᠡᠢ ᠶᠢᠨ ᠬᠤᠭᠤᠯᠠᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠤᠨ ᠪᠠᠴᠢᠮ ᠪᠠᠶᠢᠳᠠᠯ ᠢ ᠰᠶᠢᠳᠪᠤᠷᠢᠯᠡᠬᠦ ᠬᠠᠮᠢᠶᠠᠷᠤᠯᠲᠠ ᠶᠢᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ ᠡᠯ᠎ᠡ ᠲᠦᠷᠦᠯ ᠤᠨ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠣᠶ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠪᠠ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠵᠦᠢᠯᠡᠰ ᠢ ᠨᠡᠶᠢᠳᠡᠯᠡᠬᠦ᠂ ᠥᠳᠥᠭᠡᠯᠭᠡ ᠶᠢᠨ ᠴᠢᠨᠠᠷᠲᠠᠶ ᠶᠠᠷᠢᠶ᠎ᠠ ᠬᠡᠯᠡᠯᠴᠡᠭᠡ ᠬᠢᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ ᠶᠢ ᠴᠢᠩᠭ᠎ᠠ ᠴᠡᠭᠴᠡᠯᠡᠨ ᠵᠠᠰᠠᠵᠦ ᠵᠠᠮ ᠬᠠᠷᠢᠯᠴᠠᠭᠠᠨ ᠤ ᠲᠤᠬᠢᠶᠠᠨ ᠳ᠋ᠧᠩ᠂ ᠲᠤᠭᠳᠠᠮᠠᠯ ᠵᠠᠢ ᠳᠠᠬᠢ ᠬᠤᠷᠳᠤᠴᠠ ᠶᠢ ᠬᠡᠮᠵᠢᠬᠦ ᠵᠡᠷᠭᠡ ᠠᠶᠤᠯᠬᠦᠢ ᠶᠢᠨ ᠲᠦᠬᠦᠭᠡᠷᠦᠮᠵᠢ ᠶᠢ ᠳᠡᠭᠦᠯᠳᠡᠷᠵᠢᠬᠦᠯᠵᠦ ᠠᠮᠤᠷ ᠲᠦᠪᠰᠢᠨ ᠲᠣᠭᠲᠠᠭᠤᠨ ᠣᠷᠴᠢᠨ ᠢ ᠪᠣᠶ ᠪᠣᠯᠭᠠᠨ᠎ᠠ᠃ ᠲᠣᠮᠣ ᠳ᠋ᠠᠶᠢᠲ᠋ᠠ᠂ ᠣᠶᠤᠨᠴᠢ ᠪᠠᠷ ᠢᠯᠭᠠᠨ ᠲᠠᠨᠢᠬᠤ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ ᠭᠤᠤᠯ ᠪᠣᠯᠬᠤ ᠵᠠᠮ ᠤᠨ ᠠᠭᠤᠯᠵᠠᠷ᠂ ᠰᠤᠷᠭᠠᠭᠤᠯᠢ ᠶᠢᠨ ᠬᠦᠷᠢᠶ᠎ᠡ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ︽ᠤᠶᠤᠨᠴᠢ ᠦᠦᠰᠢᠨ︾ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠰᠢᠨᠡᠳᠬᠡᠵᠦ ᠨᠤᠲᠤᠭ ᠤᠨ ᠭᠠᠷᠤᠯᠳᠠᠳᠣ ᠢᠳᠡᠭᠡᠨ ᠢ ᠰᠤᠭᠤᠴᠢᠨ ᠪᠠᠶᠢᠴᠠᠭᠠᠬᠤ ᠳᠠᠪᠳᠠᠮᠵᠢ ᠪᠠᠨ ᠨᠡᠮᠡᠭᠳᠡᠭᠦᠯᠤᠨ ᠢᠳᠡᠬᠡᠨ ᠣᠮᠳᠠᠭᠠᠨ ᠢ ᠮᠦᠷᠳᠡᠨ ᠪᠠᠶᠢᠴᠠᠭᠠᠬᠤ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠨᠠᠢᠮᠠᠨ ᠮᠣᠵᠢ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠧᠯᠸᠢᠰ ᠱᠤᠭ ᠵᠦᠴᠦᠭᠡ ᠶᠢᠨ ᠤᠷᠤᠯᠳᠤᠭᠠᠨ ᠢ ᠳᠠᠭᠠᠭᠠᠨ ᠡᠷᠬᠢᠯᠡᠵᠦ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ︽ᠬᠤᠶᠠᠷ ᠢ ᠬᠦᠷᠢᠶᠡᠯᠡᠬᠦ︾ ᠡᠭᠦᠳᠦᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠠᠵᠢᠯᠲᠠᠨ ᠠᠵᠢᠯᠴᠢᠨ ᠤ ᠪᠣᠯᠪᠠᠰᠤᠷᠠᠯ ᠢ ᠴᠢᠩᠭᠠᠳᠬᠠᠵᠤ ᠭᠠᠯᠠᠭᠤᠲᠤ ᠪᠠᠯᠭᠠᠰᠣᠨ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠫᠠᠶᠢᠰᠠ ᠶᠢ ᠴᠡᠭᠴᠡᠯᠡᠨ ᠵᠠᠰᠠᠵᠦ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠰᠠᠶᠢᠳᠣᠷ ᠬᠢᠨ᠎ᠡ᠃      ᠮᠠᠨ ᠤ ᠬᠤᠰᠢᠭᠤᠨ ᠤ ᠬᠦᠭᠵᠢᠯᠳᠡ ᠶᠢᠨ ᠪᠣᠳᠠᠳᠣ ᠪᠠᠶᠢᠳᠠᠯ ᠳᠤ ᠰᠠᠭᠤᠷᠢᠯᠡᠨ ᠣᠯᠣᠰ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢᠨ ᠳᠣᠭᠤᠷᠢᠨ ᠳᠤ ᠴᠢᠨᠡᠷ ᠰᠠᠶᠢᠳᠠᠢ ᠬᠦᠭᠵᠢᠯᠳᠡ ᠪᠠ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠦᠯᠬᠢᠨ ᠠᠬᠢᠭᠤᠯᠬᠤ ᠶᠢ ᠳᠣᠪᠣᠶᠢᠯᠭᠠᠨ ᠬᠦᠭᠵᠢᠯᠳᠡ ᠶᠢᠨ ᠠᠵᠠ ᠳᠣᠬᠢᠶᠠᠯ ᠢ ᠰᠢᠨᠵᠢᠯᠡᠬᠦ ᠣᠬᠠᠭᠠᠨᠴᠢ ᠪᠠᠷ ᠰᠣᠳᠣᠯᠣᠨ ᠮᠠᠭᠠᠳᠯᠠᠵᠣ ︽ᠠᠷᠪᠠᠨ ᠲᠦᠷᠪᠡᠳᠣᠬᠡᠷ ᠳᠠᠪᠣᠨ ᠵᠢᠯ︾  ᠤᠨ ᠲᠥᠯᠥᠪᠵᠢᠬᠦᠯᠬᠡ ᠶᠢ ᠴᠢᠨᠡᠷ ᠰᠠᠶᠢᠳᠠᠢ ᠨᠠᠶᠢᠷᠠᠭᠤᠯᠣᠨ ᠳᠣᠭᠳᠠᠭᠠᠨ᠎ᠠ᠃      ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠦ ᠵᠠᠰᠠᠭ ᠵᠠᠬᠢᠷᠭᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠣᠨ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠡᠷᠬᠡ ᠶᠢᠨ ᠬᠢᠵᠠᠭᠠᠷᠯᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠨ ᠵᠠᠰᠠᠭ ᠤᠨ ᠣᠷᠳᠣᠨ ᠤ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃      ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠵᠦ ᠦᠢᠯᠡᠳᠦᠯᠭᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ ︽ᠳᠦᠷᠪᠡᠨ ᠤᠬᠠᠮᠰᠠᠷ︾ ᠢ ᠪᠠᠲᠤ ᠪᠤᠢ ᠪᠣᠯᠭᠠᠨ ︽ᠳᠦᠷᠪᠡᠨ ᠢᠲᠡᠭᠡᠯ︾ ᠢᠶᠠᠨ ᠪᠠᠲᠤᠳᠬᠠᠵᠦ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠤᠨ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠳᠤ ᠢᠯᠡᠷᠡᠭᠦᠯᠵᠦ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠠ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠳᠠ ᠶᠢᠨ ᠰᠡᠳᠦᠪ ᠪᠣᠯᠭᠠᠵᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠨᠠᠮᠴᠢ ᠴᠢᠨᠠᠷ ᠢ ᠰᠢᠮᠡᠵᠢᠭᠦᠯᠵᠦ ᠬᠥᠳᠡᠯᠭᠡᠬᠦ ᠬᠦᠴᠦᠨ ᠢ ᠬᠥᠭᠵᠢᠭᠡᠨ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠢ ᠨᠠᠩ ᠰᠠᠶᠢᠲᠤᠷ ᠨᠠᠶᠢᠳᠠᠪᠤᠷᠢᠵᠢᠭᠤᠯᠤᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠦ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ᠶᠢᠨ ᠡᠯ᠎ᠡ ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠠᠤᠯᠢ ᠶᠣᠰᠣᠭᠠᠷ ᠰᠶᠢᠳᠪᠤᠷᠢᠲᠤ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠲᠦᠷᠢᠮᠵᠢᠬᠦᠯᠦᠨ᠎ᠡ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠲᠠ᠂ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠵᠤ ᠪᠢᠯᠧᠲ ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠳᠦᠷᠢᠮ ᠢ ᠲᠡᠭᠦᠯᠳᠡᠷᠵᠢᠭᠦᠯᠵᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠰᠣᠮᠣ ᠪᠠᠯᠭᠠᠰᠣ ᠵᠢᠴᠢ ᠭᠠᠴᠠᠭ᠎ᠠ ᠳᠣᠰᠬᠤᠨ ᠤ ᠬᠠᠣᠯᠢ ᠰᠣᠷᠴᠣ ᠬᠠᠣᠯᠢ ᠬᠡᠷᠡᠭᠯᠡᠬᠦ ᠲᠦᠷᠢᠮ ᠢ ᠨᠠᠶᠢᠳᠠᠪᠣᠷᠢᠵᠢᠭᠤᠯᠬᠤ ᠶᠢ ᠴᠢᠩᠭᠠᠳᠬᠠᠵᠣ ᠦᠨᠳᠣᠰᠣᠨ ᠱᠠᠳᠣᠨ ᠤ ᠠᠵᠢᠯᠳᠠᠠ ᠠᠵᠢᠯᠴᠢᠳ ᠤᠨ ᠬᠠᠣᠯᠢ ᠶᠣᠰᠣᠭᠠᠷ ᠡᠬᠦᠷᠬᠡ ᠳᠣᠰᠢᠶᠠᠯ ᠢᠶᠠᠨ ᠬᠦᠢᠴᠡᠳᠬᠡᠬᠦ ᠴᠢᠳᠠᠪᠣᠷᠢ ᠶᠢ ᠳᠡᠬᠡᠭᠰᠢᠯᠡᠬᠦᠯᠥᠨ᠎ᠠ᠃      ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠲᠦᠷᠢᠮᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ 26 ᠲᠤᠷᠰᠢᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠤᠨ ᠲᠤᠭᠲᠠᠭᠠᠵᠦ ᠢᠯᠡ ᠪᠣᠯᠭᠠᠬᠤ ᠬᠡᠪᠴᠢᠶ᠎ᠡ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠵᠦ ᠵᠠᠰᠠᠭ ᠵᠠᠬᠢᠷᠭᠠᠨ ᠤ ᠰᠶᠢᠳᠪᠤᠷᠢᠲᠤ ᠪᠣᠳᠣᠯᠭ᠎ᠠ᠂ ᠬᠡᠷᠡᠭᠵᠢᠭᠦᠯᠤᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ ᠠᠬᠢᠭᠤᠯᠤᠨ ᠢᠯᠡ ᠪᠣᠯᠭᠠᠬᠤ ᠪᠠᠷ ᠡᠷᠭᠡ ᠳᠡᠭᠰᠢ ᠶᠢ ᠠᠬᠢᠭᠤᠯᠬᠤ᠂ ᠢᠯᠡ ᠲᠤᠳᠤ ᠪᠠᠷ ᠲᠦᠪ ᠭᠤᠤᠯᠴᠢ ᠶᠢ ᠠᠬᠢᠭᠤᠯᠬᠤ ᠪᠠᠷ ᠴᠢᠷᠮᠠᠶᠢᠨ᠎ᠠ᠃      ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠦᠮᠴᠢᠯᠡᠯᠲᠤ ᠡᠳ᠋ ᠬᠥᠷᠥᠩᠭᠡ᠂ ᠤᠯᠤᠰ ᠤᠨ ᠥᠮᠴᠢᠯᠡᠯᠲᠤ ᠡᠬᠢ ᠪᠠᠶᠠᠯᠢᠭ ᠵᠡᠷᠭᠡ ᠬᠦᠷᠢᠶ᠎ᠡ ᠴᠠᠷᠠᠭᠠᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠵᠦ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠶᠢ ᠴᠢᠩᠭᠠᠳᠬᠠᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠤᠨ ᠰᠠᠯᠠᠭ᠎ᠠ ᠮᠥᠴᠢᠷ ᠤᠨ ᠲᠠᠰᠤᠭ ᠤᠨ ︽ᠪᠢᠴᠢᠯ ᠢᠯᠵᠠᠷᠠᠯ︾᠂ ᠵᠢᠳᠭᠦᠯ ᠴᠢᠷᠮᠠᠶᠢᠯᠭ᠎ᠠ ᠭᠠᠷᠭᠠᠬᠤ ᠦᠬᠡᠢ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠎ᠠ᠃ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠵᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠠᠵᠢᠯ ᠤᠨ ᠨᠠᠶᠢᠳᠠᠪᠤᠷᠢᠵᠢᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠦᠨ᠎ᠡ᠃ ᠺᠠᠳ᠋ᠷ ᠤᠨ ᠬᠦᠮᠦᠵᠢᠯ ᠬᠠᠮᠢᠶᠠᠷᠤᠯᠲᠠ ᠶᠢ ᠴᠢᠩᠭᠠᠳᠬᠠᠨ ᠠᠷᠢᠭᠤᠨ ᠴᠢᠬᠡᠴᠢ ᠪᠠᠷ ᠠᠵᠢᠯ ᠬᠢᠵᠦ ᠠᠷᠢᠭᠤᠨ ᠴᠢᠬᠡᠴᠢ ᠪᠠᠷ ᠬᠥᠮᠤᠨ ᠪᠤᠯᠵᠤ ᠠᠷᠠᠳ ᠲᠦᠮᠡᠨ ᠤ ᠠᠯᠪᠠᠨ ᠵᠠᠷᠤᠴᠠ ᠶᠢᠨ ᠴᠣᠯᠠ ᠶᠢ ᠬᠥᠰᠡᠷᠳᠡᠭᠦᠯᠬᠦ ᠦᠭᠡᠢ ᠪᠠᠶᠢᠬᠤ  ᠪᠠᠷ ᠴᠢᠷᠮᠠᠶᠢᠨ᠎ᠠ᠃     ᠲᠥᠯᠥᠭᠡᠯᠡᠭᠴᠢᠳ ᠡ᠂ ᠨᠥᠬᠦᠳ ᠡ᠂ ᠬᠠᠪᠤᠷ ᠤᠨ ᠤᠷᠢᠨ ᠪᠤᠯᠵᠦ ᠠᠭᠤᠯᠠ ᠣᠰᠣ ᠬᠦᠭᠡᠷᠤᠨ ᠡᠪᠡᠰᠤ ᠮᠤᠳᠤ ᠨᠠᠬᠢᠶᠠᠯᠤᠮᠤᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠤᠨ ᠬᠠᠮᠲᠤ ᠪᠠᠷ ᠴᠢᠷᠮᠠᠶᠢᠵᠦ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠶᠢᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号