【 2020.4.28 】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠲᠦᠷᠪᠠᠳᠣᠬᠡᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠨᠢᠭᠡ︶ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | — — 2020 ᠣᠨ ᠤ 4 ᠰᠠᠷ᠎ᠠ ᠶᠢᠨ 28 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ | ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠦᠷᠪᠠᠳᠣᠬᠡᠷ ᠣᠳᠠᠭᠠᠨ ᠤ ᠬᠤᠷᠠᠯᠳᠤᠭᠠᠨ ᠳᠡᠭᠡᠷ᠎ᠡ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠵᠣᠣ ᠹᠧᠢ ᠯᠤ᠋ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠪᠣᠯᠪᠠᠤ | ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠤᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ | ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠦᠭᠵᠢᠯᠳᠡ ᠶᠢ ᠠᠬᠢᠭᠤᠯᠬᠤ ᠪᠠ ᠨᠣᠮᠢᠨ | ᠳᠠᠩᠰᠤᠭ ᠬᠦᠭᠵᠢᠨ ᠮᠠᠨᠳᠣᠯᠳᠠ ᠶᠢ ᠪᠠᠶᠠᠯᠡᠬᠦᠯᠬᠦ ᠲᠡᠮᠡᠴᠡᠬᠦ ᠬᠠᠷᠠᠯᠲᠠ ᠶᠢᠨ ᠲᠣᠭᠤᠷᠢᠨ ᠳᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠢ ᠪᠦᠯᠬᠦᠮᠳᠡᠭᠦᠯᠦᠨ ᠳᠠᠶᠢᠴᠢᠯᠡᠵᠣ ᠰᠢᠷᠭᠠᠭᠤ ᠬᠠᠲᠠᠭᠤᠵᠢᠯᠲᠠᠶ ᠲᠡᠮᠡᠴᠠᠨ ᠯᠠᠪᠳᠠᠭᠤᠨ ᠪᠠᠲᠤᠲᠠᠶ ᠠᠵᠢᠯᠯᠠᠵᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ ᠢᠶᠠᠷ ᠲᠣᠭᠲᠠᠭᠠᠭᠰᠠᠨ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠡᠢ᠃ | ︵ᠨᠢᠭᠡ︶ ᠠᠵᠣ ᠠᠬᠤᠢ ᠶᠢᠨ ᠡᠷᠬᠢᠯᠳᠡ ᠤᠷᠤᠭᠰᠢᠯᠠᠬᠤ ᠶᠢᠨ ᠳᠤᠮᠳᠠ ᠰᠠᠶᠢᠵᠢᠷᠠᠪᠠ᠃ ᠣᠷᠣᠨ ᠨᠣᠳᠤᠭ ᠤᠨ ᠣᠶᠢᠯᠡᠳᠪᠦᠷᠢᠯᠡᠯ ᠤᠨ ᠶᠡᠷᠦᠩᠬᠡᠶ | ᠥᠷᠲᠡᠭ ᠢ 309.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 26.1 ᠳ᠋ᠦᠩᠰᠢᠭᠤᠷ ᠲᠥᠭᠦᠷᠢᠭ ᠪᠡᠶᠡᠯᠡᠭᠦᠯᠵᠦ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠣᠶᠢᠯ ᠤᠨ ᠵᠢᠵᠢᠭᠯᠡᠨ | ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠶᠢ 41.7 ᠳ᠋ᠦᠩᠰᠢᠭᠤᠷ ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ | ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ 47671 | ᠲᠥᠭᠦᠷᠢᠭ ᠪᠠ 20153 ᠲᠥᠭᠦᠷᠢᠭ ᠬᠦᠷᠬᠡᠵᠣ᠂ ᠠᠳᠠᠯᠢ ᠬᠤᠭᠤᠴᠠᠭᠠᠨ ᠤ ᠬᠢ ᠠᠴᠠ 6.4% ᠪᠠ 10.4% ᠪᠠᠷ ᠨᠡᠮᠡᠭᠳᠡᠪᠡ︔ ᠬᠤᠲᠠ ᠪᠠᠯᠭᠠᠰᠤᠨ ᠤ | 1595 ᠬᠥᠮᠦᠨ ᠳᠤ ᠰᠢᠨ᠎ᠡ ᠪᠠᠷ ᠠᠵᠢᠯ ᠣᠯᠭᠤᠵᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.05% ᠳᠣᠳᠣᠷ᠎ᠠ | ᠬᠢᠵᠠᠭᠠᠷᠯᠠᠪᠠ᠃ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ | ᠤᠶᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠯ ᠥᠷᠲᠡᠭ ᠤᠨ 3 ᠲᠦᠷᠥᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ | ᠨᠢᠭᠡᠳᠦᠭᠡᠷ ᠲᠤ ᠪᠠᠶᠢᠷᠢᠯᠠᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠳᠡᠭᠡᠭᠰᠢᠯᠡᠭᠡᠳ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 21 | ᠳ᠋ᠦ᠋ᠬᠡᠷ᠂ ᠳᠤᠮᠳᠠᠳᠤ ᠤᠯᠤᠰ ᠤᠨ ᠠᠵᠤ ᠣᠶᠢᠯᠡᠳᠪᠦᠷᠢ ᠶᠢᠨ ᠠᠵᠤ ᠠᠬᠤᠶ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ 43 ᠳ᠋ᠣᠭᠠᠷ ᠲᠤ ᠣᠷᠣᠵᠤ | ᠨᠢᠳᠤᠨᠤᠨ ᠤ ᠬᠢ ᠠᠴᠠ ᠳᠣᠰᠪᠣᠷᠢ 1 ᠪᠠ 8 ᠣᠷᠣᠨ ᠳᠠᠪᠰᠢᠵᠣ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠨᠠᠩ ᠢᠯᠡᠷᠬᠡᠶ ᠪᠤᠯᠵᠤ | ᠰᠠᠶᠢᠨ ᠬᠠᠨᠳᠣᠰᠢ ᠨᠠᠩ ᠴᠢᠩᠭᠠᠷᠠᠪᠠ᠃ | ︵ᠬᠤᠶᠠᠷ︶ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠠᠯᠬᠤᠴᠠ ᠯᠠᠪᠳᠠᠭᠤᠨ ᠪᠠᠳᠣᠳᠡᠢ ᠪᠣᠯᠪᠠ᠃ ᠠᠵᠤ ᠣᠶᠢᠯᠡᠳᠪᠦᠷᠢ ᠶᠢᠨ ᠠᠵᠤ ᠠᠬᠤᠢ ᠶᠢᠨ | ᠡᠷᠭᠢᠯᠲᠡ ᠨᠡᠩ ᠲᠤᠭᠲᠠᠭᠤᠨ ᠪᠣᠯᠪᠠ᠃ᠬᠡᠪᠴᠢᠶᠡᠵᠢᠯ ᠠᠴᠠ ᠳᠡᠭᠡᠭᠰᠢᠬᠢ 21 ᠠᠵᠤ ᠣᠶᠢᠯᠡᠳᠪᠦᠷᠢ ᠶᠢᠨ ᠠᠵᠤ ᠠᠬᠤᠶᠢᠯᠠᠯ 394.3 ᠳ᠋ᠦᠩᠰᠢᠭᠤᠷ | ᠲᠥᠭᠦᠷᠢᠭ ᠤᠨ ᠣᠶᠢᠯᠡᠳᠪᠣᠷᠢᠯᠡᠯ ᠤᠨ ᠶᠡᠷᠦᠩᠬᠡᠶ ᠥᠷᠲᠡᠭ ᠢ ᠪᠡᠶᠡᠯᠡᠭᠦᠯᠵᠦ 5.1% ᠪᠠᠷ ᠨᠡᠮᠡᠭᠳᠡᠪᠡ᠃ ᠬᠤᠯᠤᠰᠤ ᠨᠡᠭᠦᠷᠡᠰᠦᠨ ᠠᠭᠤᠷᠬᠠᠢ ᠶᠢᠨ ᠠᠭᠤᠷᠬᠠᠢ | ᠮᠠᠯᠲᠠᠬᠤ ᠵᠥᠪᠰᠢᠶᠡᠷᠡᠯ ᠤᠨ ᠦᠨᠡᠮᠯᠡᠯ ᠢ ᠣᠯᠵᠤ ᠱᠠᠩ ᠤᠨ ᠬᠤᠭᠤᠯᠠᠢ᠂ ᠮᠠᠩᠬᠢᠰᠣᠨ ᠵᠠᠳᠠᠭᠠᠢ ᠨᠡᠭᠦᠷᠡᠰᠦᠨ ᠠᠭᠤᠷᠬᠠᠢ ᠶᠢ ᠬᠢᠨᠠᠨ ᠵᠦᠪᠰᠢᠶᠡᠷᠡᠭᠦᠯᠪᠡ᠃ | ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠢ 406 ᠰᠢᠨ᠎ᠡ ᠪᠠᠷ ᠮᠠᠯᠲᠠᠵᠤ ᠰᠣᠪᠣᠷᠭ᠎ᠠ ᠵᠡᠭᠦᠨ ᠳᠠᠯ᠎ᠠ ᠶᠢᠨ 6 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠬᠡᠢ ᠬᠠᠳᠠᠭᠠᠯᠠᠬᠤ ᠬᠥᠮᠥᠷᠭᠡ ᠶᠢ ᠠᠰᠢᠭᠯᠠᠯᠲᠠ ᠳᠤ ᠣᠷᠣᠭᠤᠯᠪᠠ᠃ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠬᠢᠮᠢ ᠶᠢᠨ ᠣᠶᠢᠯᠡᠳᠪᠣᠷᠢ ᠶᠢᠨ | ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ ᠣᠶᠢᠯᠡᠳᠬᠦ᠂ ᠵᠦᠩ ᠮᠧᠢ ᠪᠦᠯᠥᠭᠯᠡᠯ ᠤᠨ ᠶᠤᠸᠠᠨ ᠰᠢᠩ ᠺᠣᠮᠫᠠᠨᠢ ᠶᠢᠨ ᠮᠧᠲ᠋ᠢᠯ | ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ ᠵᠡᠷᠭᠡ ᠲᠥᠷᠥᠯ ᠵᠦᠢᠯ ᠢ ᠲᠦᠷᠬᠡᠳᠬᠡᠨ ᠪᠦᠳᠦᠬᠡᠨ ᠪᠠᠶᠢᠭᠤᠯᠪᠠ᠃ ᠰᠣᠪᠣᠷᠭ᠎ᠠ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠨᠢ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠠᠢ ᠨᠥᠬᠦᠷᠰᠡᠭ | ᠬᠠᠷᠢᠴᠠᠭ᠎ᠠ ᠪᠠᠶᠢᠭᠤᠯᠪᠠ᠃ ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ 2 ᠨᠡᠮᠡᠭᠳᠡᠭᠦᠯᠪᠠ᠃ ᠮᠠᠯ ᠲᠠᠷᠢᠶᠠᠯᠠᠩ ᠠᠵᠤ ᠠᠬᠤᠢ ᠶᠢᠨ ᠠᠵᠤ | ᠦᠢᠯᠡᠰ ᠤᠨ ᠪᠦᠲᠦᠴᠡ ᠰᠢᠯᠢᠳᠡᠭᠵᠢᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7.4 ᠲᠦᠮᠡᠨ ᠮᠦ ᠬᠡᠷᠡᠭᠵᠢᠭᠦᠯᠵᠦ ᠲᠦᠬᠦᠬᠡᠷᠣᠮᠵᠢᠳᠣ ᠲᠠᠷᠢᠶᠠᠯᠠᠩ ᠢ | ᠰᠢᠨ᠎ᠡ ᠪᠠᠷ 1089 ᠮᠦ ᠳᠠᠷᠢᠵᠣ ᠠᠮᠤ ᠪᠤᠳᠠᠭᠠᠨ ᠤ ᠤᠨᠠᠯᠲᠠ 17.7 ᠲᠦᠮᠡᠨ ᠲᠣᠨ ᠳᠤ ᠬᠦᠷᠪᠡ᠃ ᠣᠷᠳᠣᠰ ᠨᠠᠷᠢᠨ ᠨᠣᠣᠰᠣᠲᠤ ᠬᠤᠨᠢᠨ ᠤ ᠡᠭᠦᠯᠳᠡᠷ | ᠪᠤᠶᠢᠵᠢᠭᠤᠯᠬᠤ ᠭᠤᠤᠯ ᠡᠷᠦᠬᠡ ᠶᠢ 80 ᠪᠣᠢ ᠪᠣᠯᠭᠠᠵᠣ ᠰᠠᠶᠢᠨ ᠡᠭᠦᠯᠳᠡᠷ ᠤᠨ 860 ᠠᠩᠬᠢᠰ ᠠᠯᠠᠰᠢᠨ ᠦᠬᠡᠷ ᠢ ᠣᠷᠣᠭᠤᠯᠤᠨ ᠠᠪᠴᠢᠷᠠᠵᠤ ᠭᠠᠭ᠋ᠠᠶ ᠶᠢ | ᠣᠯᠠᠰᠢᠷᠠᠭᠤᠯᠣᠨ ᠳᠡᠵᠢᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠤᠨᠢ ᠮᠠᠯ ᠵᠡᠷᠬᠡ ᠬᠡᠷ ᠤᠨ ᠳᠡᠵᠢᠬᠡᠪᠣᠷᠢ ᠶᠢᠨ ᠲᠤᠭ᠎ᠠ ᠶᠢ 116 ᠲᠦᠮᠨ | ᠬᠦᠷᠬᠡᠪᠠ᠃ 914 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠳᠤ ᠨᠥᠬᠦᠪᠥᠷᠢ ᠦᠭᠪᠠ᠃ ᠣᠷᠳᠣᠰ ᠨᠠᠷᠢᠨ ᠨᠣᠣᠰᠣᠲᠤ ᠬᠤᠨᠢᠨ ᠤ ᠮᠢᠬ᠎ᠠ᠂ ᠦᠦᠰᠢᠨ | ᠤᠯᠠᠭᠠᠨ ᠠᠮᠤ ᠶᠢ ᠭᠠᠵᠠᠷ ᠵᠦᠢ ᠶᠢᠨ ᠪᠡᠯᠭᠡ ᠳᠡᠮᠳᠡᠭᠳᠣ ᠬᠡᠷᠡᠴᠢᠯᠡᠯᠳᠤ ᠲᠠᠸᠠᠷ ᠤᠨ ᠲᠡᠮᠳᠡᠭ ᠢᠶᠠᠷ ᠳᠠᠩᠰᠠᠯᠠᠭᠤᠯᠵᠤ᠂ ᠦᠦᠰᠢᠨ ᠮᠣᠷᠢ ᠶᠢ ᠭᠠᠵᠠᠷ ᠵᠦᠢ ᠶᠢᠨ | ᠪᠡᠯᠭᠡ ᠳᠡᠮᠳᠡᠭᠳᠣ ᠪᠠᠷ ᠬᠡᠷᠡᠴᠢᠯᠡᠬᠦᠯᠪᠠ᠃ ᠬᠤᠸᠠᠩ ᠰᠢᠶᠠᠩ ᠳᠡᠮᠳᠡᠭᠳᠣ ᠭᠠᠭ᠋ᠠᠶ ᠵᠡᠷᠭᠡ 7 ᠠᠵᠤ ᠣᠶᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ | ᠬᠤᠲᠠ ᠶᠢᠨ ᠱᠠᠲᠤᠨ ᠠᠴᠠ ᠳᠡᠭᠡᠭᠰᠢᠬᠢ 5 ᠳᠣᠯᠣᠭᠠᠶᠢᠯᠠᠬᠤ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ 1000 ᠲᠦᠮᠡᠨ ᠲᠥᠭᠦᠷᠢᠭ ᠤᠨ ᠠᠰᠢᠭ | ᠲᠤᠰᠠ ᠶᠢᠨ ᠬᠤᠯᠪᠣᠭᠠᠨ ᠤ ᠪᠡᠯᠡ ᠮᠥᠩᠭᠦ ᠶᠢ 22 ᠠᠵᠤ ᠣᠶᠢᠯᠡᠰ ᠤᠨ ᠲᠥᠷᠥᠯ ᠵᠣᠶᠢᠯ ᠢ ᠳᠡᠮᠵᠢᠬᠦ ᠳᠤ ᠨᠠᠶᠢᠳᠠᠪᠤᠷᠢᠵᠢᠭᠤᠯᠵᠤ᠂ 80% ᠶᠢᠨ ᠭᠠᠴᠠᠭ᠎ᠠ | ᠲᠣᠰᠬᠤᠨ ᠢ 2 ᠠᠴᠠ ᠳᠡᠭᠡᠭᠰᠢ ᠬᠠᠮᠲᠤ ᠶᠢᠨ ᠠᠵᠤ ᠠᠬᠤᠶ ᠶᠢᠨ ᠲᠥᠷᠥᠯ ᠵᠣᠶᠢᠯ ᠲᠠᠢ ᠪᠣᠯᠭᠠᠵᠣ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ 600 ᠮᠠᠯᠴᠢᠨ | ᠲᠠᠷᠢᠶᠠᠴᠢᠨ ᠢ ᠬᠦᠮᠦᠵᠢᠬᠦᠯᠵᠡᠢ᠃ ᠣᠯᠠᠭᠠᠠᠳᠣᠯᠣᠭᠠᠢ ᠪᠠᠯᠭᠠᠰᠤ ᠪᠥᠬᠦ ᠤᠯᠤᠰ ᠤᠨ ︽ᠨᠢᠭᠡ ᠭᠠᠴᠠᠭ᠎ᠠ ᠲᠣᠰᠬᠤᠨ ᠨᠢᠭᠡ ᠨᠠᠷᠠᠳᠣ ᠳᠡᠮᠳᠡᠭ ᠲᠠᠢ ᠪᠠᠶᠢᠬᠤ︾ | ᠵᠢᠱᠢᠶᠠᠴᠢ ᠪᠠᠯᠭᠠᠰᠤ ᠪᠠᠷ ᠦᠨᠡᠯᠡᠭᠳᠡᠪᠡ᠃ ᠤᠳᠤ ᠦᠶ᠎ᠡ ᠶᠢᠨ ᠣᠶᠢᠯᠡᠴᠢᠯᠡᠭᠡᠨ ᠤ ᠣᠶᠢᠯᠡᠰ ᠲᠦᠷᠬᠡᠨ ᠬᠥᠭᠵᠢᠪᠡ᠃ ᠪᠥᠬᠦ ᠣᠷᠣᠨ ᠪᠦᠰᠠ ᠶᠢᠨ | ᠵᠢᠭᠤᠯᠴᠢᠯᠠᠯ ᠤᠨ ᠲᠦᠯᠦᠪᠵᠢᠬᠦᠯᠭᠡ᠂ ᠰᠢᠷᠬᠤᠰᠣ 5A ᠲᠠᠰ ᠤᠨ ᠦᠵᠡᠮᠵᠢ ᠶᠢᠨ ᠣᠷᠣᠨ ᠢ ᠡᠬᠦᠳᠣᠨ ᠪᠠᠶᠢᠭᠤᠯᠬᠤ ᠵᠡᠷᠭᠡ 7 ᠲᠥᠯᠥᠪᠵᠢᠭᠦᠯᠭᠡ ᠶᠢ | ᠨᠠᠶᠢᠷᠠᠭᠤᠯᠤᠨ ᠳᠣᠭᠳᠠᠭᠠᠵᠣ ᠬᠤᠪᠢᠰᠬᠠᠯ ᠤᠨ ᠰᠣᠶᠣᠯ ᠢ ᠵᠠᠯᠭᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠢ ᠰᠣᠳᠣᠯᠣᠨ ᠶᠠᠷᠢᠯᠴᠠᠬᠤ ᠬᠤᠷᠠᠯ ᠢ ᠡᠷᠭᠢᠯᠡᠵᠦ | ᠵᠢᠭᠤᠯᠴᠢᠯᠠᠭᠰᠠᠳ ᠲᠤ ᠣᠶᠢᠯᠡᠴᠢᠯᠡᠬᠦ ᠲᠥᠪ ᠵᠢᠴᠢ ᠵᠢᠭᠤᠯᠴᠢᠯᠠᠯ ᠤᠨ ᠣᠷᠣᠨ ᠳᠠᠬᠢ ᠵᠣᠷᠯᠣᠩ ᠢ 10 ᠪᠠᠷᠢᠵᠣ ᠰᠢᠷᠬᠤᠰᠣᠨ ᠪᠠᠯᠭᠠᠰᠣᠨ ᠤ ᠪᠠᠲᠤ ᠶᠢᠨ | ᠲᠣᠬᠤᠢ ᠲᠣᠰᠬᠤᠨ ᠠᠩᠬᠠᠳᠠᠭᠴᠢ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭᠠᠳᠣ ᠲᠣᠰᠬᠤᠨ ᠢᠶᠠᠷ ᠦᠨᠡᠯᠡᠭᠳᠡᠪᠡ᠃ | ᠪᠦᠬᠦ ᠵᠢᠯ ᠳᠤ ᠵᠢᠭᠤᠯᠴᠢᠯᠠᠭᠰᠠᠳ ᠢ 131.9 ᠲᠦᠮᠡᠨ ᠬᠥᠮᠦᠨ ᠤᠳᠠᠭ᠎ᠠ ᠬᠦᠯᠢᠶᠡᠨ ᠵᠣᠴᠢᠯᠡᠵᠣ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 43.2 | ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠨᠵᠢᠨᠴᠡᠶᠢᠳᠠᠮ ᠬᠦᠷᠦᠬᠡᠵᠣ ᠬᠦᠯᠳᠡᠬᠡᠬᠦ ᠬᠡᠯᠬᠢᠶᠠᠵᠢᠯ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ | ᠠᠰᠢᠭᠯᠠᠯᠲᠠ ᠳᠤ ᠣᠷᠣᠭᠤᠯᠵᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 6᠂ ᠮᠠᠯᠵᠢᠬᠤ ᠳᠠᠷᠢᠶᠠᠯᠠᠬᠤ ᠣᠷᠣᠨ ᠤ | ᠡᠯᠧᠺᠲᠷᠣᠨ ᠬᠤᠳᠠᠯᠳᠤᠭᠠᠨ ᠤ ᠵᠢᠱᠢᠶᠠᠴᠢ ᠡᠷᠦᠬᠡ ᠶᠢ 10 ᠪᠠᠶᠢᠭᠤᠯᠵᠤ 20 ᠭᠠᠷᠤᠢ ᠲᠦᠷᠥᠯ ᠤᠨ ᠨᠣᠳᠤᠭ ᠤᠨ ᠭᠠᠷᠣᠯᠳᠠᠳᠣ ᠮᠠᠯ ᠤᠨ ᠠᠰᠢᠭ ᠰᠢᠮ᠎ᠡ ᠶᠢᠨ | ᠣᠶᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠬᠡᠷ᠎ᠡ ᠪᠠ ᠳᠠᠯᠬᠡᠬᠦᠷ ᠲᠤ ᠵᠡᠷᠭᠡᠪᠡᠷ ᠪᠣᠷᠣᠯᠠᠭᠤᠯᠵᠣ ᠪᠠᠶᠢᠨ᠎ᠠ᠃ | ︵ᠭᠤᠷᠪᠠ︶ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠤᠭᠠᠨ ᠵᠠᠩᠬᠢᠯᠠᠭ᠎ᠠ ᠶᠢᠨ ᠠᠬᠢᠴᠠ ᠲᠠᠢ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠵᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠥᠯ ᠤᠨ ᠵᠢᠭᠡᠯᠡᠯᠭᠡ ᠶᠢᠨ ᠲᠡᠮᠳᠡᠭᠲᠦ ᠶᠢ 6 ᠳ᠋ᠦᠩᠰᠢᠭᠤᠷ | ᠲᠥᠭᠦᠷᠢᠭ ᠴᠢᠷᠮᠠᠶᠢᠨ ᠣᠯᠵᠤ ᠣᠨ ᠤ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ 163.8% ᠪᠠᠷ ᠪᠡᠶᠡᠯᠡᠭᠦᠯᠵᠦ 5400 ᠲᠦᠮᠡᠨ ᠲᠥᠭᠦᠷᠢᠭ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠ ᠶᠢ ᠴᠡᠶᠢᠷᠠᠭᠤᠯᠣᠭᠠᠳ ᠳᠠᠪᠠᠭᠤᠯᠣᠨ ᠪᠠᠶᠡᠯᠡᠬᠦᠯᠵᠣ ︽ᠠᠷᠪᠠ ᠶᠢ ᠪᠦᠷᠬᠦᠭᠦᠯᠬᠦ︾ ᠢᠨᠵᠧᠨᠧᠷᠢᠩ | ᠲᠠᠢ ᠰᠢᠭᠤᠳ ᠬᠤᠯᠪᠣᠭᠳᠠᠬᠤ ᠦᠷᠢ ᠰᠢᠷᠢ ᠶᠢ ᠪᠦᠬᠦᠨ ᠢ ᠢᠯᠭᠠᠷᠠᠭᠤᠯᠪᠠ᠃ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠴᠣᠭᠯᠠᠭᠤᠯᠣᠭᠰᠠᠨ | 9 ᠬᠡᠷᠡᠭ ᠤᠨ ᠬᠡᠷᠡᠭ ᠲᠤ ᠬᠤᠯᠪᠤᠭᠳᠠᠭᠰᠠᠨ ᠡᠳ᠋ ᠬᠥᠷᠥᠩᠭᠡ ᠶᠢ ᠨᠢ ᠰᠢᠢᠳᠪᠣᠷᠢᠯᠡᠬᠦ ᠶᠠᠪᠣᠴᠠ ᠳᠤ ᠣᠷᠣᠭᠤᠯᠪᠠ᠃ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ | 1.46 ᠳ᠋ᠦᠩᠰᠢᠭᠤᠷ ᠲᠥᠭᠦᠷᠢᠭ ᠪᠣᠴᠠᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠪᠠᠲᠤᠳᠬᠠᠵᠣ 1600 | ᠭᠠᠷᠤᠢ ᠲᠦᠮᠡᠨ ᠲᠦᠬᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ 26 ᠠᠵᠤ ᠦᠢᠯᠡᠰ ᠤᠨ ᠲᠥᠷᠦᠯ ᠵᠦᠢᠯ ᠢ ᠬᠡᠷᠡᠭᠵᠢᠬᠦᠯᠥᠨ ᠳᠠᠩᠰᠠᠯᠠᠵᠣ | ᠺᠠᠷᠲᠯᠠᠭᠰᠠᠨ ᠶᠠᠳᠠᠭᠤ ᠬᠦᠴᠢᠷᠳᠡᠯᠳᠡᠢ ᠥᠯᠡᠲᠡᠭᠰᠡᠨ 2 ᠡᠷᠦᠬᠡ ᠶᠢ ᠪᠠᠷᠢᠮᠵᠢᠶ᠎ᠠ ᠶᠣᠰᠣᠭᠠᠷ ᠶᠠᠳᠠᠭᠤ ᠠᠴᠠ ᠠᠩᠬᠢᠵᠢᠷᠠᠭᠤᠯᠵᠣ 443 ᠪᠠᠳᠣᠳᠬᠠᠨ ᠳᠡᠳᠬᠦᠬᠦ | ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠪᠡ᠃ 23 ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠰᠢᠨᠡᠳᠬᠡᠨ ᠵᠠᠰᠠᠵᠣ 108 | ᠶᠠᠳᠠᠭᠤ ᠬᠦᠴᠢᠷᠳᠡᠯᠳᠡᠢ ᠬᠡᠷ ᠪᠦᠯᠢ ᠶᠢᠨ ᠰᠣᠷᠣᠭᠴᠢ ᠳᠤ ᠲᠤᠰᠠᠯᠠᠮᠵᠢ ᠬᠦᠷᠳᠡᠬᠡᠵᠣ ᠶᠠᠳᠠᠭᠤ ᠬᠦᠴᠢᠷᠳᠡᠯᠲᠡᠶ ᠬᠡᠷ ᠪᠦᠯᠢ ᠶᠢᠨ 20 ᠤᠶᠤᠲᠠᠳ ᠲᠤ | ᠳᠣᠭᠳᠠᠪᠣᠷᠢᠳᠡᠢ ᠠᠵᠢᠯ ᠣᠯᠭᠤᠵᠣ ᠶᠠᠳᠠᠭᠤ ᠬᠦᠴᠢᠷᠳᠡᠯᠲᠡᠶ ᠬᠦᠮᠦᠨ ᠠᠮᠠ ᠶᠢᠨ ᠡᠮᠨᠡᠯᠭᠡ ᠳᠤ ᠰᠠᠭᠤᠵᠤ ᠡᠮᠴᠢᠯᠡᠬᠦᠯᠥᠭᠰᠡᠨ ᠵᠠᠷᠣᠳᠠᠯ ᠤᠨ ᠳᠠᠩᠰᠠᠨ ᠠᠴᠠ | ᠲᠠᠶᠢᠯᠬᠤ ᠬᠠᠷᠢᠴᠠᠯ ᠢ 90% ᠳᠤ ᠬᠦᠷᠬᠡᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠲᠤᠷ ᠬᠢᠵᠦ ᠬᠤᠶᠠᠳᠤᠭᠠᠷ | ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠳᠠ ᠶᠢᠨ ᠰᠡᠭᠦᠯ ᠬᠤᠷᠢᠶᠠᠬᠤ ᠠᠵᠢᠯ ᠢ ᠳᠠᠭᠤᠰᠬᠠᠪᠠ᠃ 255 | ᠬᠡᠪᠴᠢᠶᠠᠵᠢᠭ᠍ᠰᠡᠨ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠰᠢᠬᠡᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠣᠶᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ ᠨᠠᠩᠭᠢ ᠰᠢᠷᠣᠶ ᠶᠢᠨ 15 ᠳᠣᠭᠤᠰᠬᠠᠨ ᠣᠶᠢᠯᠡᠳᠪᠦᠷᠢ ᠶᠢ ᠬᠠᠭᠠᠵᠤ ᠪᠠᠶᠠᠨᠭᠤᠣᠯ ᠨᠡᠭᠦᠷᠡᠰᠦᠨ ᠠᠭᠤᠷᠬᠠᠢ ᠶᠢᠨ ᠨᠡᠭᠦᠷᠡᠰᠦᠨ | ᠴᠢᠯᠠᠭᠤ ᠶᠢ ᠡᠬᠡᠬᠦᠯᠥᠨ ᠬᠢᠵᠤ ᠠᠭᠤᠷᠬᠠᠢ ᠶᠢ ᠪᠣᠯᠠᠬᠤ ᠪᠠ ᠱᠠᠩ ᠤᠨ ᠬᠤᠭᠤᠯᠠᠢ᠂ ᠪᠠᠶᠠᠨᠭᠤᠣᠯ ᠤᠨ ᠠᠭᠤᠷᠬᠠᠢ ᠶᠢᠨ ᠬᠤᠳᠳᠤᠭ ᠤᠨ ᠤᠰᠤ ᠶᠢ ᠭᠦᠨᠵᠡᠭᠡᠶ | ᠰᠢᠢᠳᠪᠦᠷᠢᠯᠡᠬᠦ ᠲᠥᠷᠥᠯ ᠵᠣᠶᠢᠯ ᠢ ᠠᠰᠢᠭᠯᠠᠯᠲᠠ ᠳᠤ ᠣᠷᠣᠭᠤᠯᠵᠤ ᠭᠤᠤᠯ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠨ | ᠬᠥᠷᠥᠰᠥᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠠᠭᠠᠷ ᠮᠠᠨᠳᠠᠯ ᠤᠨ ᠴᠡᠪᠡᠷᠴᠠ ᠶᠢᠨ ᠨᠣᠷᠮ᠎ᠠ ᠶᠢ 86.2% ᠲᠤ | ᠬᠦᠷᠬᠡᠪᠠ᠃ | ︵ᠲᠦᠷᠪᠡ︶ ᠠᠷᠠᠳ ᠤᠨ ᠠᠮᠢᠳᠤᠷᠠᠯ ᠨᠡᠩ ᠵᠣᠯ ᠵᠢᠷᠭᠠᠯ ᠲᠠᠢ ᠪᠣᠯᠪᠠ᠃ 34.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠳᠤᠲᠠᠭᠤᠳᠠᠯ ᠢ | ᠨᠥᠬᠦᠪᠥᠷᠢᠯᠡᠨ ᠶᠠᠰᠤ ᠴᠢᠨᠠᠷ ᠦᠷ᠎ᠡ ᠪᠦᠳᠣᠮᠵᠢ ᠶᠢ ᠳᠡᠭᠡᠭᠰᠢᠯᠡᠭᠦᠯᠦᠭᠰᠡᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠡᠷᠡᠭᠵᠢᠭᠦᠯᠪᠡ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 202 ᠰᠣᠷᠣᠭᠴᠢ ᠶᠢ ᠨᠠᠶᠢᠳᠠᠨ ᠬᠥᠮᠦᠵᠢᠭᠦᠯᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢᠨ 440 ᠠᠵᠢᠯᠳᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠲᠤᠰᠢᠶᠠᠪᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ ᠶᠢ 281 ᠲᠦᠮᠡᠨ ᠲᠥᠭᠦᠷᠢᠭ᠂ ᠠᠳᠠᠯ ᠦᠢᠯᠡᠰ ᠪᠣᠰᠬᠠᠬᠤ ᠪᠠᠳᠣᠯᠠᠪᠣᠷᠢ ᠶᠢᠨ ᠵᠢᠭᠡᠯᠡᠯᠭᠡ ᠶᠢ655 ᠲᠦᠮᠡᠨ ᠲᠥᠭᠦᠷᠢᠭ | ᠲᠠᠷᠬᠠᠭᠠᠪᠠ᠃ ᠱᠠᠷᠯᠢᠭ ᠵᠡᠷᠭᠡ 4 ᠰᠤᠷᠭᠠᠭᠤᠯᠢ ᠶᠢᠨ ᠪᠠᠭᠰᠢ ᠶᠢᠨ ᠪᠠᠶᠢᠷᠢ ᠶᠢ ᠪᠠᠷᠢᠵᠣ ᠭᠤᠷᠪᠠᠳᠤᠭᠠᠷ ᠬᠡᠣᠬᠡᠳ ᠤᠨ ᠴᠡᠴᠡᠷᠯᠢᠭ ᠤᠨ ᠠᠰᠢᠭᠯᠠᠯᠲᠠ ᠳᠤ | ᠣᠷᠣᠬᠤ ᠨᠥᠬᠦᠴᠡᠯ ᠢ ᠪᠦᠷᠢᠯᠳᠦᠭᠦᠯᠵᠦ ᠨᠠᠷᠢᠠᠭᠤᠣᠯ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ | ᠶᠢᠨ ᠪᠠᠷᠢᠯᠭ᠎ᠠ ᠶᠢ ᠳᠠᠭᠤᠰᠬᠠᠪᠠ᠃ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ 8 ᠰᠤᠷᠭᠠᠭᠤᠯᠢ ᠶᠢᠨ ᠭᠠᠯ ᠤᠨᠲᠠᠷᠠᠭᠠᠬᠤ | ᠠᠵᠢᠯ ᠤᠨ ᠳᠠᠯ᠎ᠠ ᠪᠠᠷ ᠬᠢ ᠦᠬᠡᠷᠡᠴᠢᠯᠡᠯᠳᠡ ᠶᠢ ᠬᠡᠷᠡᠭᠵᠢᠭᠦᠯᠵᠦ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ | ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶ ᠵᠡᠷᠭᠡ 4 ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ 3 | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠬᠡᠨ | ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠳᠠᠲᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ 196 ᠪᠠᠭᠰᠢ | ᠶᠢ ᠰᠢᠯᠭᠠᠨ ᠡᠯᠰᠡᠵᠣ ᠨᠢᠯᠬ᠎ᠠ ᠬᠡᠣᠬᠡᠳ ᠤᠨ ᠬᠥᠮᠦᠵᠢᠯ ᠤᠨ ᠪᠠᠶᠢᠭᠤᠯᠤᠮᠵᠢ ᠶᠢ 12 ᠨᠡᠭᠡᠭᠡᠨ ᠡᠷᠭᠢᠯᠡᠪᠡ᠃ ᠠᠯᠪᠠᠨ ᠠᠴᠠ ᠡᠷᠬᠢᠯᠡᠭᠰᠠᠨ ᠬᠤᠶᠠᠷ ᠡᠮᠨᠡᠯᠭᠡ ᠶᠢᠨ | ᠬᠤᠷᠢᠶ᠎ᠠ ᠳᠣᠰᠪᠣᠷᠢ ᠨᠠᠨᠵᠢᠩ ᠬᠤᠲᠠ ᠶᠢᠨ ᠨᠢᠭᠡᠳᠦᠭᠡᠷ ᠡᠮᠨᠡᠯᠬᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠲᠠᠢ ᠬᠠᠮᠳᠣᠷᠠᠯᠴᠠᠬᠤ ᠬᠠᠷᠢᠴᠠᠭ᠎ᠠ ᠪᠠᠶᠢᠭᠤᠯᠵᠤ ᠭᠤᠷᠪᠠᠳᠣᠭᠠᠷ ᠳᠠᠰ ᠤᠨ ᠬᠦᠬᠡ ᠵᠡᠷᠬᠡ ᠶᠢᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠬᠡᠵᠢᠯᠳᠡᠨ ᠢ | 56 ᠨᠡᠷᠡᠰ ᠤᠷᠢᠨ ᠡᠪᠡᠳᠴᠢᠳᠠᠨ ᠳᠤ ᠡᠮᠴᠢᠯᠡᠭᠡ ᠬᠢᠯᠬᠡᠪᠠ᠃ 46 ᠡᠮᠴᠢ ᠰᠤᠪᠢᠯᠠᠭᠴᠢ ᠶᠢ ᠰᠢᠯᠭᠠᠨ ᠡᠯᠰᠡᠪᠡ᠃ ᠰᠠᠭᠤᠭᠠᠯᠢ ᠠᠷᠠᠳ ᠤᠨ ᠡᠪᠡᠳᠴᠢᠨ | ᠦᠵᠡᠭᠦᠯᠬᠦ ︽ᠡᠷᠡᠭᠦᠯ ᠮᠡᠨᠳᠦ ᠶᠢᠨ ᠡᠯᠧᠺᠲᠷᠣᠨ ᠺᠣᠳ᠋︾ ᠢ ᠬᠡᠷᠡᠭᠵᠢᠭᠦᠯᠵᠦ 143 ᠵᠤᠶᠢᠯ ᠤᠨ ᠪᠠᠶᠢᠩᠭᠤ ᠬᠡᠷᠡᠭᠯᠡᠭᠳᠡᠬᠦ ᠮᠣᠩᠭᠤᠯ ᠡᠮ ᠢ ᠳᠠᠩᠰᠠᠨ ᠠᠴᠠ | ᠲᠠᠶᠢᠯᠬᠤ ᠭᠠᠷᠴᠠᠭ ᠲᠤ ᠣᠷᠣᠭᠤᠯᠵᠣ ᠡᠮᠴᠢᠯᠡᠭᠡᠨ ᠤ ᠳᠠᠭᠠᠳᠬᠠᠯ ᠢ ᠣᠨᠳᠣᠤ ᠭᠠᠵᠠᠷ ᠲᠤ ᠲᠡᠷᠡ ᠳᠠᠷᠤᠶ ᠳᠤᠨᠢ ᠲᠡᠰᠦᠯᠦᠨ ᠪᠤᠳᠤᠬᠤ ᠶᠢ ᠪᠥᠬᠦ ᠲᠠᠯ᠎ᠠ ᠪᠠᠷ | ᠬᠡᠷᠡᠭᠵᠢᠭᠦᠯᠵᠡᠢ᠃ ︽ᠲᠦᠮᠡᠨ ᠠᠯᠬᠤᠮ ᠤᠨ ᠪᠣᠯᠵᠤᠭ᠎ᠠ︾ ᠵᠡᠷᠭᠡ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠦᠷᠨᠢᠬᠦᠯᠤᠨ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠯ ᠪᠥᠮᠪᠦᠭᠡ ᠶᠢᠨ ᠣᠷᠳᠣᠨ ᠢ ᠪᠠᠶᠢᠭᠤᠯᠵᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ | ᠡᠪᠡᠳᠴᠢᠨ ᠤ ᠪᠠᠴᠢᠮ ᠪᠠᠶᠢᠳᠠᠯ ᠢ ᠰᠢᠢᠳᠪᠣᠷᠢᠯᠡᠬᠦ ᠲᠤᠷᠰᠢᠯᠲᠠ ᠶᠢᠨ ᠠᠰᠠᠷ ᠪᠠ ᠡᠬᠡ ᠨᠢᠯᠬᠠᠰ ᠤᠨ ᠡᠷᠡᠬᠦᠯᠵᠢᠯ ᠲᠥᠯᠥᠪᠯᠡᠬᠡᠳᠣ ᠬᠦᠩᠬᠡᠵᠢᠯ ᠤᠨ | ᠣᠶᠢᠯᠡᠴᠢᠯᠡᠬᠡᠨ ᠤ ᠲᠦᠪ ᠢ ᠠᠰᠢᠭᠯᠠᠯᠳᠠ ᠳᠤ ᠣᠷᠣᠭᠤᠯᠵᠣ ᠲᠤᠭ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠣᠮᠣ ᠪᠠᠯᠭᠠᠰᠤ ᠪᠠᠷ ᠨᠡᠷᠡᠶᠢᠳᠦᠭᠳᠡᠵᠦ | ᠪᠦᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠶᠢ ᠡᠬᠦᠳᠣᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ ᠪᠠ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ | ᠠᠮᠢᠳᠤᠷᠠᠯ ᠤᠨ ᠨᠥᠬᠦᠪᠥᠷᠢ ᠶᠢ ᠰᠠᠷ᠎ᠠ ᠪᠣᠯᠭᠠᠨ ᠳᠣᠰᠪᠣᠷᠢ 50 ᠲᠥᠭᠦᠷᠢᠭ᠂ 136 ᠲᠥᠭᠦᠷᠢᠭ ᠨᠡᠮᠡᠭᠳᠡᠬᠦᠯᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠣᠰᠪᠣᠷᠢ ᠰᠠᠷ᠎ᠠ ᠪᠣᠯᠭᠠᠨ 675 ᠲᠥᠭᠦᠷᠢᠭ᠂ ᠵᠢᠯ ᠪᠣᠯᠭᠠᠨ 6169 ᠲᠥᠭᠦᠷᠢᠭ ᠪᠣᠯᠭᠠᠨ ᠳᠡᠭᠡᠭᠰᠢᠯᠡᠭᠦᠯᠪᠡ᠃ | ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠤᠨ B ᠠᠰᠠᠷ ᠪᠠ ᠲᠤᠭ ᠤᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠰᠣᠪᠣᠷᠭ᠎ᠠ | ᠨᠡᠶᠢᠭᠡᠮ ᠲᠣᠭᠤᠷᠢᠭ ᠤᠨ ᠡᠳᠦᠷ ᠢᠶᠠᠷ ᠠᠰᠠᠷᠠᠨ ᠬᠠᠷᠠᠭᠠᠯᠵᠠᠬᠤ ᠲᠥᠪ ᠢ ᠠᠰᠢᠭᠯᠠᠯᠲᠠ ᠳᠤ ᠣᠷᠣᠭᠤᠯᠵᠣ 170 ᠣᠷᠣ ᠶᠢ ᠰᠢᠨ᠎ᠡ ᠪᠠᠷ ᠨᠡᠮᠡᠪᠡ᠃ 1800 | ᠭᠠᠷᠤᠶ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠳᠤ ︽ᠢᠷᠠᠭᠤ ᠠᠯᠳᠠᠷᠲᠤ ᠬᠡᠷ ᠪᠦᠯᠢ︾ ᠶᠢᠨ | ᠫᠠᠶᠢᠰᠠ ᠡᠯᠭᠦᠵᠦ 82 ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ ᠮᠦᠩᠬᠦ ᠶᠢ ᠦᠷᠬᠦᠯᠵᠢᠯᠡᠨ ᠳᠣᠰᠢᠶᠠᠪᠠ᠃ ᠤᠯᠤᠰ | ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠭᠤᠷᠢᠨ ᠳᠤ ᠨᠢᠭᠡ ᠪᠦᠯᠦᠭ ᠴᠠᠭ ᠦᠶ᠎ᠡ ᠶᠢᠨ ᠬᠡᠪ ᠪᠠᠶᠢᠳᠠᠯ ᠢ ᠲᠤᠰᠬᠠᠭᠰᠠᠨ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠣᠷᠣᠨ ᠤ ᠳᠣᠳᠣᠷ᠎ᠠ ᠤᠯᠠᠭᠠᠨᠮᠥ᠋ᠴᠢᠷ ᠰᠣᠯᠢᠯᠴᠠᠭ᠎ᠠ ᠲᠣᠭᠯᠠᠯᠲᠠ ᠥᠷᠨᠢᠭᠦᠯᠵᠦ ︽ᠣᠨᠢᠰᠣᠭᠠᠯᠢᠭ ᠰᠢᠷᠬᠤᠰᠣ︾ | ᠬᠡᠬᠦ ᠺᠢᠨᠣ᠋ ᠶᠢ ᠠᠩᠬ᠎ᠠ ᠤᠳᠠᠭ᠎ᠠ ᠨᠡᠪᠳᠡᠷᠡᠬᠦᠯᠵᠣ ᠨᠢᠬᠡ ᠬᠦᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ︽ᠰᠠᠷᠠᠨ᠎ᠠ︾ | ᠳᠡᠮᠳᠡᠭᠳᠣ ᠱᠠᠩᠨᠠᠯ ᠢ ᠭᠥᠷᠳᠡᠪᠡ᠃ ᠣᠯᠠᠭᠠᠠᠳᠣᠯᠣᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠭᠤᠷᠪᠠᠳᠤᠭᠠᠷ ᠪᠦᠯᠦᠭ ᠪᠥᠬᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠣᠨᠴᠠᠯᠢᠭᠳᠣ ᠭᠠᠴᠠᠭ᠎ᠠ ᠲᠣᠰᠬᠤᠨ ᠢᠶᠠᠷ ᠨᠡᠷᠡᠶᠢᠳᠦᠭᠳᠡᠪᠡ᠃ | ︵ᠲᠠᠪᠤ︶ ᠬᠤᠳᠠ ᠬᠥᠳᠡᠭᠡ ᠶᠢᠨ ᠲᠦᠷᠢ ᠲᠦᠷᠬᠦ ᠰᠢᠨ᠎ᠡ ᠪᠠᠶᠢᠳᠠᠯ ᠲᠠᠢ ᠪᠣᠯᠪᠠ᠃ ᠪᠦᠬᠦ ᠤᠯᠤᠰ ᠤᠨ ᠬᠤᠰᠢᠭᠤ ᠰᠢᠶᠠᠨ ᠤ ᠳᠠᠰ ᠤᠨ ᠪᠣᠯᠪᠠᠰᠤᠨ | ᠬᠤᠲᠠ ᠶᠢ ᠢᠳᠡᠪᠬᠢᠳᠡᠢ ᠡᠭᠦᠳᠦᠨ ᠪᠠᠶᠢᠭᠤᠯᠵᠣ2018 ᠣᠨ ᠠᠴᠠ ᠨᠠᠰᠢ ᠪᠦᠬᠦ ᠬᠤᠰᠢᠭᠤᠨ ᠤ ᠺᠡᠳ᠋ᠷ ᠣᠯᠠᠨ ᠲᠦᠮᠡᠨ ᠡᠵᠡᠨ ᠬᠦᠮᠦᠨ ᠤ ᠦᠵᠡᠯ ᠤᠬᠠᠮᠰᠠᠷ | ᠢᠶᠠᠷ ᠪᠣᠯᠪᠠᠰᠣᠨ ᠬᠤᠳᠠ ᠶᠢ ᠡᠬᠦᠳᠣᠨ ᠪᠠᠶᠢᠭᠤᠯᠬᠤ ᠠᠵᠢᠯ ᠢ ᠴᠢᠩ ᠰᠠᠳᠬᠢᠯ ᠠᠴᠠ ᠬᠦᠷᠢᠶᠠᠯᠠᠨ ᠢᠳᠡᠪᠬᠢᠲᠠᠢ ᠣᠷᠣᠯᠴᠠᠵᠣ ᠮᠠᠨ ᠤ ᠬᠤᠰᠢᠭᠤ ᠬᠤᠶᠡᠷ ᠵᠢᠯ | ᠳᠠᠷᠠᠭᠠᠯᠠᠨ ᠪᠦᠬᠦ ᠦᠪᠡᠷᠳᠡᠬᠡᠨ ᠵᠠᠰᠠᠬᠤ ᠣᠷᠣᠨ ᠤ ᠨᠢᠬᠡᠳᠣᠬᠡᠷ ᠲᠤ ᠪᠠᠶᠢᠷᠢᠯᠠᠪᠠ᠃ ᠣᠢ ᠶᠢᠨ ᠰᠠᠬᠦᠳᠡᠷᠳᠣ ᠵᠠᠮ᠂ ᠰᠣᠪᠣᠷᠭ᠎ᠠ ᠵᠡᠭᠡᠯᠢ ᠵᠡᠷᠭᠡ 5 ᠵᠤᠷᠪᠤᠰ ᠵᠠᠮ | ᠢ ᠥᠭᠡᠷᠡᠴᠢᠯᠡᠨ ᠵᠠᠰᠠᠵᠤ 6 ᠺᠢᠯᠥᠮᠧᠲᠷ ᠤᠨ ᠠᠯᠭᠤᠷ ᠠᠶᠠᠯᠠᠬᠤ ᠵᠠᠮ ᠢ ᠵᠠᠰᠠᠵᠣ 30.6 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠪᠠ︔ | 7500 ᠲᠡᠭᠰᠢ ᠳᠥᠷᠪᠡᠯᠵᠢᠨ ᠮᠧᠲᠷ ᠤᠨ ᠤᠢ ᠶᠢᠨ ᠰᠡᠬᠦᠳᠡᠷᠳᠣ ᠲᠡᠷᠭᠡᠨ ᠵᠣᠭᠰᠣᠭᠠᠯ ᠢ ᠪᠠᠶᠢᠭᠤᠯᠵᠣ ᠪᠠᠢ ᠰᠦᠩ ᠶᠤᠸᠠᠨ ᠵᠡᠷᠭᠡ 4 ᠴᠡᠴᠡᠷᠯᠢᠭ ᠢ | ᠰᠢᠨ᠎ᠡ ᠪᠠᠷ ᠪᠠᠶᠢᠭᠤᠯᠣᠨ 41 ᠴᠡᠴᠡᠷᠯᠢᠭ ᠤᠨ ᠦᠵᠡᠮᠵᠢ ᠶᠢᠨ ᠴᠡᠭ ᠤᠨ ᠵᠡᠷᠬᠡ ᠳᠠᠰ ᠢ ᠦᠬᠡᠷᠡᠴᠢᠯᠡᠨ ᠳᠡᠬᠡᠭᠰᠢᠯᠡᠬᠦᠯᠵᠣ 24 ᠲᠦᠮᠡᠨ ᠲᠡᠭᠰᠢ ᠳᠥᠷᠪᠡᠯᠵᠢᠨ | ᠮᠧᠲᠷ ᠰᠢᠨ᠎ᠡ ᠪᠠᠷ ᠦᠬᠡᠷᠡᠴᠢᠯᠡᠨ ᠨᠣᠭᠤᠭᠠᠷᠠᠭᠤᠯᠪᠠ᠃ ᠶᠦᠩ ᠲᠠᠢ ᠢᠯᠴᠢ ᠴᠠᠬᠢᠯᠭᠠᠨ ᠤ ᠬᠤᠯᠪᠣᠭᠠᠯᠠᠭᠰᠠᠨ ᠲᠥᠷᠥᠯ ᠵᠦᠢᠯ ᠢ ᠨᠡᠶᠢᠯᠡᠬᠦᠯᠥᠨ ᠠᠵᠢᠯᠯᠠᠭᠤᠯᠵᠣ | ᠡᠯ᠎ᠡ ᠲᠥᠷᠥᠯ ᠤᠨ ᠬᠤᠭᠤᠯᠠᠢ ᠲᠣᠣᠷ ᠢ 75 ᠺᠢᠯᠣᠮᠧᠲᠷ ᠳᠡᠪᠢᠰᠴᠦ 43.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠲᠦᠪᠯᠡᠷᠡᠬᠦᠯᠥᠨ | ᠳᠣᠯᠠᠭᠠᠯᠠᠭ᠎ᠠ ᠬᠠᠩᠭᠠᠪᠠ᠃ ᠰᠠᠭᠤᠭᠠᠯᠢ ᠠᠷᠠᠳ ᠤᠨ ᠵᠠᠮ ᠤᠨ ᠳ᠋ᠧᠩ ᠢ 450 ᠤᠭᠰᠠᠷᠠᠪᠠ᠃ ᠣᠰᠣ ᠪᠠᠷ ᠵᠠᠶᠢᠯᠠᠬᠤ ᠮᠠᠶ᠋ᠢᠭ ᠤᠨ ᠵᠣᠷᠯᠣᠩ ᠢ 10 | ᠦᠬᠡᠷᠡᠴᠢᠯᠡᠨ ᠵᠠᠰᠠᠪᠠ᠃ ᠶᠤᠸᠠᠢ ᠰᠢᠨ ᠶᠤᠸᠠᠨ ᠵᠡᠷᠭᠡ ᠰᠠᠭᠤᠭᠠᠯᠢ ᠠᠷᠠᠳ ᠤᠨ 22 ᠬᠠᠭᠤᠴᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠵᠤ ᠵᠢᠩ ᠢ | ᠶᠤᠸᠠᠨ ᠵᠡᠷᠭᠡ ᠰᠠᠭᠤᠭᠠᠯᠢ ᠠᠷᠠᠳ ᠤᠨ 8 ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠮᠠᠨᠳᠠ ᠵᠠᠬ᠎ᠠ ᠳᠡᠯᠭᠡᠭᠦᠷ᠂ | ᠰᠣᠶᠣᠯ ᠤᠨ ᠠᠵᠢᠯᠯᠠᠭᠠᠨ ᠤ ᠲᠥᠪ ᠤᠨ ᠡᠷᠭᠢᠨ ᠲᠣᠭᠤᠷᠢᠨ ᠢ ᠵᠠᠰᠠᠨ ᠦᠬᠡᠷᠡᠴᠢᠯᠡᠵᠣ ᠬᠠᠶᠠᠭᠳᠠᠮᠠᠯ ᠡᠳ᠋ ᠪᠣᠳᠠᠰ ᠬᠤᠳᠠᠯᠳᠤᠨ ᠠᠪᠬᠤ ᠥᠷᠲᠡᠭᠡ ᠶᠢᠨ | ᠨᠢᠭᠡᠳᠦᠭᠡᠷ ᠬᠤᠭᠤᠴᠠᠭ᠎ᠠ ᠪᠠ ᠮᠠᠰᠢᠨ ᠲᠦᠷᠢᠶᠡᠰᠦᠯᠡᠬᠦ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ ᠬᠤᠭ ᠨᠣᠪᠰᠢ ᠶᠢ ᠠᠪᠴᠢᠭᠤᠯᠣᠨ ᠳᠠᠮᠵᠢᠭᠤᠯᠬᠤ ᠥᠷᠲᠡᠭᠡ ᠶᠢ 5᠂ | ᠠᠭᠤᠷᠬᠠᠶᠢᠵᠢᠭᠤᠯᠣᠨ ᠠᠭᠤᠷᠰᠢᠭᠤᠯᠣᠨ ᠵᠢᠩᠨᠡᠬᠦ ᠵᠤᠤᠬ᠎ᠠ ᠶᠢ 2᠂ ᠤᠰᠤ ᠪᠠᠷ ᠵᠠᠶᠢᠯᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ 15 ᠪᠠᠷᠢᠵᠣ 5000 ᠡᠷᠦᠬᠡ | ᠶᠢᠨ ᠵᠣᠷᠯᠣᠩ ᠢ ᠦᠬᠡᠷᠡᠴᠢᠯᠡᠨ ᠵᠠᠰᠠᠪᠠ᠃ ᠠᠶᠢᠯ ᠲᠤᠰᠬᠤᠨ ᠤ ᠤᠷᠴᠢᠨ ᠲᠤᠭᠤᠷᠢᠨ ᠢ ᠲᠦᠪᠯᠡᠷᠡᠭᠦᠯᠦᠨ ᠴᠡᠭᠴᠡᠯᠡᠨ ᠵᠠᠰᠠᠬᠤ ᠡᠳᠦᠷ ᠢ ᠳᠣᠬᠢᠷᠠᠭᠤᠯᠵᠣ ︽ | ᠦᠵᠡᠰᠬᠦᠯᠡᠩᠲᠦ ᠰᠠᠶᠢᠬᠠᠨ ᠬᠦᠷᠢᠶ᠎ᠠ ᠬᠠᠰᠢᠶ᠎ᠠ︾ ᠶᠢ ᠠᠳᠠᠯᠢᠳᠬᠠᠨ ᠰᠢᠯᠭᠠᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠠ ᠮᠠᠯᠴᠢᠨ | ᠲᠠᠷᠢᠶᠠᠴᠢᠨ ᠤ ᠣᠶᠤᠨ ᠰᠠᠨᠠᠭᠠᠨ ᠤ ᠬᠡᠪ ᠪᠠᠶᠢᠳᠠᠯ ᠢ ᠨᠡᠯᠢᠶᠡᠳ ᠰᠠᠶᠢᠵᠢᠷᠠᠭᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ ᠭᠤᠷᠪᠠᠳᠤᠭᠠᠷ ᠤᠳᠠᠭᠠᠨ ᠤ ᠣᠯᠣᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠥᠷᠨᠢᠭᠦᠯᠣᠨ 884.5 ᠲᠡᠭᠰᠢ ᠳᠥᠷᠪᠡᠯᠵᠢᠨ | ᠺᠢᠯᠣᠮᠧᠲᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠪᠠ᠃ ᠭᠤᠤᠯ ᠨᠠᠭᠤᠷ ᠤᠨ ᠡᠷᠭᠢ ᠶᠢᠨ ᠱᠤᠭᠤᠮ ᠢ ᠵᠠᠭᠠᠭᠯᠠᠨ | ᠨᠤᠲᠠᠯᠠᠨ ᠲᠣᠭᠲᠠᠭᠠᠬᠤ ᠪᠠ ︽ᠳᠥᠷᠪᠡᠨ ᠡᠷᠦᠢ ᠬᠤᠷᠤᠢ ᠦᠬᠡᠢ ᠪᠠᠶᠢᠬᠤ ᠶᠢ ᠴᠡᠭᠴᠡᠯᠡᠨ ᠵᠠᠰᠠᠬᠤ︾᠂ ᠬᠠᠣᠯᠢ ᠲᠦᠷᠢᠮ ᠢ ᠵᠦᠷᠢᠴᠡᠨ ᠪᠠᠶᠢᠭᠤᠯᠣᠭᠰᠠᠨ | ᠳᠣᠰᠠᠭᠠᠷ ᠰᠠᠭᠤᠴᠠᠳᠣ ᠣᠷᠣᠨ ᠰᠠᠭᠤᠴᠠ ᠶᠢᠨ ᠲᠤᠰᠬᠠᠶ ᠲᠦᠷᠥᠯ ᠤᠨ ᠴᠡᠭᠴᠡᠯᠡᠯᠳᠡ ᠶᠢ ᠲᠦᠯᠬᠢᠨ ᠠᠬᠢᠭᠤᠯᠪᠠ᠃ ᠣᠢ ᠰᠢᠭᠤᠶ ᠪᠠ ᠨᠤᠲᠤᠭ ᠪᠡᠯᠴᠢᠭᠡᠷ ᠤᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 61.5 ᠲᠦᠮᠡᠨ ᠮᠦ᠂ ᠬᠥᠷᠥᠰᠥ ᠰᠢᠷᠦᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠶᠢ 15 ᠲᠦᠮᠡᠨ | ᠮᠦ ᠬᠡᠷᠡᠭᠵᠢᠭᠦᠯᠪᠡ᠃ ᠤᠯᠠᠭᠠᠨ ᠬᠥᠯᠲᠦ ᠱᠣᠩᠬᠤᠷ᠂ ᠤᠯᠠᠭᠠᠨ ᠬᠤᠰᠢᠭᠤᠲᠤ ᠴᠠᠬᠤᠯᠠᠶ ᠦᠣᠰᠢᠨ ᠨᠤᠳᠤᠭ ᠲᠤ ᠦᠷᠡᠵᠢᠨ ᠠᠮᠢᠳᠣᠷᠠᠵᠣ ᠪᠠᠶᠢᠬᠤ ᠶᠢ ᠠᠩᠬ᠎ᠠ | ᠤᠳᠠᠭ᠎ᠠ ᠢᠯᠡᠷᠡᠭᠦᠯᠪᠡ᠃ ᠴᠠᠭᠠᠠᠰᠦ᠋ᠮᠠ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠴᠡᠭᠴᠡᠯᠡᠨ ᠵᠠᠰᠠᠵᠣ ᠣᠶᠢᠲᠤ ᠭᠠᠵᠠᠷ ᠤᠨ | ᠬᠤᠪᠢᠷᠠᠭᠠᠯᠳᠠ ᠶᠢᠨ ᠪᠠᠶᠢᠴᠠᠭᠠᠯᠳᠠ ᠵᠢᠴᠢ ᠤᠯᠤᠰ ᠤᠨ ᠣᠶ ᠰᠢᠭᠤᠶ ᠶᠢᠨ ᠪᠠᠶᠢᠴᠠᠭᠠᠯᠳᠠ ᠶᠢᠨ ᠬᠠᠷᠢᠭᠤ ᠳᠣᠰᠬᠠᠯ ᠤᠨ ᠠᠰᠠᠭᠤᠳᠠᠯ ᠢ ᠲᠦᠪ ᠴᠢᠩᠭ᠎ᠠ | ᠴᠡᠭᠴᠡᠯᠡᠨ ᠰᠠᠶᠢᠵᠢᠷᠠᠭᠤᠯᠵᠤ ᠬᠡᠭᠡᠷ᠎ᠡ ᠭᠠᠳᠠᠭ᠎ᠠ ᠳᠠᠶᠢᠯᠭ᠎ᠠ ᠬᠢᠭᠰᠡᠨ ᠠᠴᠠ ᠪᠣᠯᠤᠭᠰᠠᠨ ᠭᠠᠯ ᠤᠨ ᠠᠶᠤᠯ ᠤᠨ 21 ᠬᠠᠷᠢᠭᠤᠴᠠᠯᠭ᠎ᠠ ᠡᠭᠦᠷᠭᠡᠯᠡᠭᠴᠢ ᠶᠢ ᠬᠡᠷᠡᠭ | ᠪᠣᠯᠭᠠᠨ ᠳᠠᠩᠰᠠᠯᠠᠵᠤ ᠰᠢᠢᠳᠪᠦᠷᠢᠯᠡᠪᠡ᠃ | ︵ᠵᠢᠷᠭᠤᠭ᠎ᠠ︶ ᠬᠥᠭᠵᠢᠯᠲᠡ ᠶᠢᠨ ᠰᠠᠭᠤᠷᠢ ᠬᠦᠴᠦᠨ ᠳᠠᠰᠣᠷᠠᠯᠳᠡ ᠦᠬᠡᠢ ᠪᠠᠬᠢᠵᠢᠪᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ ᠬᠤᠶᠠᠳᠣᠭᠠᠷ᠂ ᠭᠤᠷᠪᠠᠳᠤᠭᠠᠷ ᠠᠵᠤ ᠦᠢᠯᠡᠰ ᠤᠨ ᠨᠠᠷᠢᠨ ᠪᠠᠶᠢᠳᠠᠯ ᠢ ᠲᠣᠳᠣᠷᠬᠠᠢ ᠣᠶᠢᠯᠠᠭᠠᠪᠠ᠃ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠠᠶᠢᠯᠢ ᠠᠴᠠ ᠬᠡᠯᠲᠦᠷᠢᠭᠦᠯᠬᠦ ᠵᠠᠷᠤᠳᠠᠯ ᠢ 5.6 ᠳ᠋ᠦᠩᠰᠢᠭᠤᠷ ᠲᠦᠬᠦᠷᠢᠭ ᠬᠥᠩᠭᠡᠯᠡᠵᠦ ᠴᠠᠬᠢᠯᠭᠠᠨ ᠬᠦᠴᠦᠨ ᠤ | ᠤᠯᠠᠨ ᠲᠠᠯᠠᠲᠤ ᠠᠷᠠᠯᠵᠢᠶᠠᠨ ᠤ 16 ᠠᠵᠤ ᠠᠬᠤᠶᠢᠯᠠᠯ ᠤᠨ ᠠᠷᠪᠢᠯᠠᠭᠰᠠ ᠥᠪᠡᠷ ᠤᠨ ᠦᠷᠳᠡᠭ 1.2 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠰᠢᠭᠤᠨ | ᠳᠤ ᠬᠠᠷᠢᠶᠠᠯᠠᠭᠳᠠᠬᠤ ᠤᠯᠤᠰ ᠤᠨ ᠥᠮᠴᠢᠯᠡᠯᠳᠣ 5 ᠶᠡᠭᠡ ᠠᠵᠤ ᠠᠬᠤᠶᠢᠯᠠᠯ ᠢ ᠴᠣᠮᠬᠤᠳᠬᠠᠨ ᠨᠡᠶᠢᠯᠡᠭᠦᠯᠵᠦ ᠪᠠᠶᠢᠭᠤᠯᠪᠠ᠃ ᠬᠤᠳᠠᠯᠳᠤᠭᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠣᠨ ︽ᠤᠷᠢᠳᠠᠪᠠᠷ ᠦᠨᠡᠮᠯᠡᠯ ᠢ ᠭᠤᠶᠣᠴᠢᠯᠡᠨ ᠳᠠᠷᠠᠭ᠎ᠠ ᠨᠢ ᠬᠡᠷᠡᠴᠢ ᠶᠢ ᠬᠦᠢᠴᠡᠳᠬᠡᠭᠰᠡᠨ︾ | ᠡᠵᠡᠩᠨᠡᠯᠲᠡ ᠶᠢᠨ ᠦᠨᠡᠮᠯᠡᠯ ᠢ 1320 ᠬᠤᠪᠢ ᠲᠠᠷᠬᠠᠭᠠᠪᠠ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠭᠠᠴᠠᠭ᠎ᠠ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠬᠡᠰᠢᠬᠦᠨ ᠤ ᠬᠢᠷᠢ ᠬᠡᠮ ᠢ ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ | ᠃ 21.1 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠮᠦᠷᠬᠡᠯᠡᠯᠳᠡ ᠶᠢ ᠰᠢᠢᠳᠪᠣᠷᠢᠯᠡᠪᠠ᠃ ᠤᠯᠤᠰ ᠤᠨ ᠵᠠᠮ ᠤᠨ | 338 ᠱᠤᠭᠤᠮ ᠤᠨ ᠭᠠᠯᠠᠭᠤᠲᠤ ᠠᠴᠠ ᠣᠯᠠᠭᠠᠠᠪᠠᠯᠭᠠᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 216 ᠱᠤᠭᠤᠮ ᠤᠨ ᠦᠪᠣᠷ | ᠮᠣᠩᠭᠤᠯ ᠤᠨ ᠪᠠᠷᠠᠭᠤᠨ ᠬᠡᠰᠡᠭ ᠠᠴᠠ ᠵᠠᠩᠭᠤᠳᠣ ᠬᠦᠷᠬᠦ ᠬᠡᠰᠡᠭ ᠢ ᠦᠬᠡᠷᠡᠴᠢᠯᠡᠨ ᠪᠠᠶᠢᠭᠤᠯᠣᠭᠠᠳ ᠲᠡᠷᠭᠡ ᠨᠡᠪᠳᠠᠷᠠᠬᠦᠯᠵᠣ ᠮᠤᠵᠢ ᠶᠢᠨ ᠵᠠᠮ ᠤᠨ 317 | ᠱᠤᠭᠤᠮ ᠤᠨ ᠳᠣᠯᠢ ᠠᠴᠠ ᠨᠠᠩᠰᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠦᠤᠰᠢᠨ ᠤ ᠬᠡᠰᠡᠭ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠵᠣ ᠬᠥᠳᠡᠭᠡ ᠲᠣᠰᠬᠤᠨ ᠤ 172 ᠺᠢᠯᠣᠮᠧᠲᠷ ᠤᠨ ᠵᠠᠰᠠᠮᠠᠯ ᠵᠠᠮ ᠢ ᠶᠡᠬᠡᠪᠡᠷ ᠦᠬᠡᠷᠡᠴᠢᠯᠡᠨ ᠵᠠᠰᠠᠵᠤ 3.3 ᠲᠦᠮᠡᠨ ETC ᠲᠥᠬᠦᠭᠡᠷᠦᠮᠵᠢ ᠶᠢ | ᠣᠭᠰᠠᠷᠠᠨ ᠲᠦᠭᠡᠮᠡᠯᠵᠢᠭᠦᠯᠵᠦ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶᠠᠴᠢ ᠬᠤᠰᠢᠭᠤ ᠶᠢ | ᠠᠮᠵᠢᠯᠲᠠᠲᠠᠢ ᠡᠭᠦᠳᠦᠨ ᠪᠠᠶᠢᠭᠤᠯᠪᠠ᠃ ᠬᠤᠯᠪᠣᠭᠠᠯᠵᠢ ᠠᠴᠠ ᠵᠢᠢ ᠠᠨ ᠬᠦᠷᠬᠦ ᠲᠡᠮᠦᠷ ᠵᠠᠮ ᠪᠣᠯᠤᠨ ᠭᠠᠯᠠᠭᠤᠲᠤ ᠠᠴᠠ ᠪᠤᠭᠤᠲᠤ ᠶᠢᠨ ᠵᠡᠬᠦᠨ ᠦᠷᠳᠡᠭᠡ ᠬᠦᠷᠬᠦ | ᠠᠶᠠᠨᠴᠢᠳ ᠤᠨ ᠭᠠᠯᠲᠤ ᠲᠡᠷᠭᠡ ᠶᠢ ᠨᠡᠪᠳᠡᠷᠡᠬᠦᠯᠵᠡᠢ᠃ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠥᠯ ᠵᠣᠶᠢᠯ ᠤᠨ ᠳᠣᠭᠳᠠᠭᠠᠯᠳᠠ ᠨᠢ | ᠬᠢᠨᠠᠨ ᠲᠣᠭᠲᠠᠭᠠᠯᠲᠠ ᠶᠢ ᠥᠩᠭᠡᠷᠡᠭᠡᠵᠡᠶ᠃ ᠪᠠᠶᠠᠨᠨᠠᠭᠤᠷ 35 ᠺᠢᠯᠣᠸᠣᠯᠲ ᠵᠡᠷᠭᠡ 4 ᠲᠦᠷᠥᠯ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ | ᠠᠰᠢᠭᠯᠠᠯᠲᠠ ᠳᠤ ᠣᠷᠣᠭᠤᠯᠵᠤ 211 ᠺᠢᠯᠣᠮᠧᠲᠷ ᠤᠨ ᠳᠠᠷᠢᠶᠠᠯᠠᠩ ᠤᠨ ᠴᠠᠬᠢᠯᠭᠠᠨ ᠲᠣᠣᠷ ᠢ ᠰᠢᠨ᠎ᠡ ᠪᠠᠷ ᠦᠬᠡᠷᠡᠴᠢᠯᠡᠪᠠ᠃ ︽ᠳᠣᠯᠤᠭ᠎ᠠ ᠨᠢᠬᠡ︾ ᠵᠡᠷᠭᠡ 3 | ᠤᠰᠤᠨ ᠴᠥᠭᠦᠷᠥᠮ ᠢ ᠰᠡᠯᠪᠢᠨ ᠵᠠᠰᠠᠬᠤ ᠢᠨᠵᠧᠨᠧᠷᠢᠩ ᠢ ᠳᠠᠭᠤᠰᠬᠠᠪᠠ᠃ | ︵ᠲᠤᠯᠤᠭ᠎ᠠ︶ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯ ᠲᠠᠢ ᠳᠣᠭᠳᠠᠭᠤᠨ ᠪᠣᠯᠪᠠ᠃ 2 ᠬᠦᠷᠢᠶᠡᠯᠡᠩ ᠲᠣᠭᠤᠷᠢᠭ ᠪᠠ 74 ᠠᠵᠤ ᠠᠬᠤᠶᠢᠯᠠᠯ ᠳᠤ | ᠪᠦᠬᠦᠯᠢ ᠴᠣᠭᠴᠠ ᠶᠢᠨ ᠠᠮᠤᠷ ᠲᠦᠪᠰᠢᠨ ᠤ ᠦᠨᠡᠯᠡᠯᠲᠡ ᠬᠢᠪᠠ᠃ ᠨᠣᠳᠤᠭ ᠤᠨ ᠭᠠᠷᠣᠯᠳᠠᠳᠣ ᠢᠳᠡᠭᠡᠨ ᠣᠮᠳᠠᠭᠠᠨ ᠤ ᠬᠦᠷᠢᠶᠡᠯᠡᠩ ᠲᠣᠭᠤᠷᠢᠭ ᠢ | ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠵᠦ ᠪᠠᠶᠢᠴᠠᠭᠠᠨ ᠰᠢᠯᠭᠠᠬᠤ ᠲᠥᠪ ᠤᠨ ᠰᠢᠨ᠎ᠡ ᠪᠠᠷ ᠨᠡᠮᠡᠭᠳᠡᠭᠰᠡᠨ ᠭᠡᠷᠡᠴᠢᠯᠡᠯ ᠤᠨ ᠯᠠᠪᠯᠠᠯᠳᠠ ᠳᠤᠭ᠎ᠠ 17 ᠪᠠᠶᠢᠵᠤ | ᠲᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ︽ᠪᠥᠬᠦ ᠤᠯᠤᠰ ᠤᠨ ᠦᠨᠳᠦᠰᠦᠨ ᠱᠠᠲᠤᠨ ᠤ ᠰᠢᠯᠢᠳᠡᠭ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ︾ ᠢᠶᠠᠷ ᠨᠡᠷᠡᠶᠢᠳᠦᠭᠳᠡᠪᠠ᠃ ᠦᠯᠡᠳᠡᠭᠳᠡᠯ ᠠᠰᠠᠭᠤᠳᠠᠯ ᠢ ᠬᠦᠴᠦᠯᠡᠨ ᠰᠶᠢᠳᠪᠤᠷᠢᠯᠡᠵᠦ 60% ᠶᠢᠨ ᠭᠠᠵᠠᠷ ᠰᠢᠷᠣᠶ ᠶᠢᠨ | ᠦᠯᠡᠳᠡᠭᠳᠡᠯ ᠠᠰᠠᠭᠤᠳᠠᠯ ᠢ ᠵᠠᠷᠯᠠᠨ ᠨᠡᠶᠢᠲᠡᠯᠡᠵᠦ 124 ᠡᠷᠦᠬᠡ ᠳᠤ 3.4 ᠲᠦᠮᠡᠨ ᠲᠡᠭᠰᠢ ᠲᠦᠷᠪᠡᠯᠵᠢᠨ ᠮᠧᠲᠷ ᠤᠨ ᠭᠠᠵᠠᠷ ᠰᠢᠷᠣᠶ ᠶᠢ ᠰᠣᠯᠢᠵᠤ ᠥᠭᠪᠡ︔ | ᠲᠠᠢ ᠾᠧ᠂ ᠪᠥᠸᠧ ᠵᠢᠤᠸᠠᠢ ᠰᠠᠭᠤᠭᠠᠯᠢ ᠠᠷᠠᠳ ᠤᠨ ᠳᠣᠭᠤᠷᠢᠭ ᠤᠨ ᠪᠠᠷᠢᠯᠭ᠎ᠠ ᠶᠢᠨ ᠠᠵᠢᠯ ᠵᠣᠭᠰᠣᠩᠭᠤᠶᠢᠷᠠᠭᠰᠠᠨ 2 ᠲᠥᠷᠥᠯ ᠵᠣᠶᠢᠯ ᠢ ᠠᠵᠢᠯᠯᠠᠭᠤᠯᠵᠣ | 33 ᠲᠥᠷᠥᠯ ᠵᠣᠶᠢᠯ ᠤᠨ 11561 ᠢᠵᠢ ᠨᠢᠭᠡᠨᠲᠡ ᠣᠷᠣᠵᠤ ᠰᠠᠭᠤᠭᠰᠠᠨ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠢ ᠬᠦᠢᠴᠡᠳᠬᠡᠬᠦ | ᠵᠡᠷᠭᠡ ᠠᠵᠢᠯ ᠢ ᠠᠬᠢᠭᠤᠯᠪᠠ︔ ᠶᠡᠷᠡᠭᠡᠳ ᠣᠨ ᠤ ᠦᠶ᠎ᠡ ᠳᠤ ᠶᠡᠭᠡ ᠰᠤᠷᠭᠠᠭᠤᠯᠢ᠂ ᠳᠤᠮᠳᠠ ᠵᠡᠷᠭᠡ ᠶᠢᠨ ᠳᠣᠰᠬᠠᠢ ᠮᠡᠷᠭᠡᠵᠢᠯ ᠤᠨ ᠰᠤᠷᠭᠠᠭᠤᠯᠢ ᠳᠡᠬᠦᠰᠦᠬᠡᠳ | ᠠᠵᠢᠯ ᠬᠤᠪᠢᠶᠠᠷᠢᠯᠠᠭᠰᠠᠨ ᠦᠬᠡᠢ 19 ᠬᠦᠮᠦᠨ ᠢ ᠲᠦᠷᠦ ᠶᠢᠨ ᠪᠤᠳᠤᠯᠭ᠎ᠠ ᠶᠢᠨ ᠶᠣᠰᠣᠭᠠᠷ ᠲᠦᠪᠬᠢᠨᠡᠬᠦᠯᠪᠠ︔ ᠬᠥᠳᠡᠭᠡ ᠲᠣᠰᠬᠤᠨ ᠤ 51 ᠡᠮᠴᠢ ᠶᠢ | ᠣᠷᠣᠯᠠᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠢ ᠳᠣᠰᠢᠶᠠᠪᠠ᠃ ᠦᠣᠰᠢᠨᠵᠣᠣ ᠰᠦᠮ᠎ᠡ ᠶᠢᠨ ᠬᠡᠬᠡᠨ ᠰᠤᠪᠤᠷᠭ᠎ᠠ ᠶᠢ | ᠪᠠᠬᠢᠵᠢᠬᠦᠯᠵᠤ ᠭᠤᠵᠣᠩ ᠬᠤᠷᠠᠬᠤ ᠶᠢᠨ ᠣᠪᠣᠭ᠎ᠠ ᠶᠢ ᠰᠠᠯᠪᠢᠨ ᠰᠢᠨᠡᠳᠬᠡᠪᠠ᠃ ᠭᠤᠷᠪᠠᠳᠣᠭᠠᠷ ᠳᠣᠷᠰᠢᠯᠳᠡ ᠶᠢᠨ ᠪᠠᠭ᠎ᠠ ᠰᠣᠷᠭᠠᠭᠤᠯᠢ ᠶᠢᠨ ᠵᠠᠬᠢᠷᠣᠯ ᠸᠠᠩ ᠶᠢᠨ | ᠼᠠᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢᠶᠠᠷ ᠦᠨᠡᠯᠡᠭᠳᠡᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ︽ᠫᠤᠤ ᠰᠤᠮᠤ ᠶᠢ ᠬᠤᠷᠢᠶᠠᠮᠵᠢᠯᠠᠨ ᠳᠠᠯᠪᠠᠷᠠᠯᠳᠠ ᠶᠢᠨ ᠡᠳ᠋ ᠢ ᠴᠡᠭᠴᠡᠯᠡᠬᠦ︾ ᠲᠤᠰᠬᠠᠶ ᠠᠵᠢᠯᠯᠠᠭ᠎ᠠ ᠶᠢ | ᠭᠦᠨᠵᠡᠭᠡᠶ ᠠᠬᠢᠭᠤᠯᠵᠤ ᠬᠠᠷᠭᠢᠰ ᠬᠦᠴᠦᠨ ᠤ ᠪᠦᠯᠬᠦᠮ ᠢ 3 ᠠᠷᠢᠯᠭᠠᠵᠤ ᠬᠡᠷᠡᠭ ᠲᠤ ᠬᠤᠯᠪᠣᠭᠳᠠᠭᠰᠠᠨ 107 ᠬᠥᠮᠦᠨ ᠢ ᠪᠠᠶᠢᠴᠠᠭᠠᠨ ᠰᠢᠢᠳᠪᠦᠷᠢᠯᠡᠪᠡ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠣᠶᠢᠯᠡᠳᠦᠯᠬᠡᠵᠢᠬᠦᠯᠬᠡ ᠶᠢᠨ ᠳᠥᠷᠪᠡᠨ ᠱᠠᠲᠤᠨ ᠤ ᠠᠵᠢᠯ ᠤᠨ ᠰᠢᠰᠲ᠋ᠧᠮ ᠢ ᠪᠠᠶᠢᠭᠤᠯᠵᠤ 75 ᠭᠠᠴᠠᠭ᠎ᠠ ᠲᠣᠰᠬᠤᠨ ᠪᠠ | ᠨᠡᠶᠢᠭᠡᠮ ᠲᠣᠭᠤᠷᠢᠭ ᠤᠨ ᠭᠠᠴᠠᠭ᠎ᠠ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠣᠬᠡᠳ ᠬᠦᠴᠦᠯᠡᠨ ᠳᠠᠮᠠᠴᠠᠵᠣ ᠵᠢᠳᠬᠦᠯ ᠴᠢᠷᠮᠠᠶᠢᠯᠭ᠎ᠠ | ᠭᠠᠷᠭᠠᠭᠰᠠᠨ ᠰᠢᠨ᠎ᠡ ᠴᠠᠭ ᠦᠶ᠎ᠡ ᠶᠢᠨ ᠢᠳᠡᠪᠬᠢ ᠬᠦᠴᠦᠨ ᠢ ᠳᠠᠰᠣᠷᠠᠯᠳᠡ ᠥᠬᠡᠶ ᠨᠢᠭᠲᠠᠷᠠᠭᠤᠯᠪᠠ᠃ | ︵ᠨᠠᠢᠮᠠ︶ ᠲᠣᠰ ᠪᠡᠶ᠎ᠡ ᠶᠢᠨ ᠪᠠᠶᠢᠭᠤᠯᠤᠯᠲᠠ ᠨᠠᠩ ᠪᠤᠳᠠᠳᠠᠢ ᠪᠦᠲᠦᠮᠵᠢᠲᠠᠢ ᠪᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ ᠠᠷᠠᠳ ᠤᠨ ᠲᠥᠯᠥᠭᠡᠯᠡᠭᠴᠢᠳ ᠤᠨ 45 ᠬᠤᠪᠢ ᠰᠠᠨᠠᠯ ᠵᠦᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 40 ᠬᠤᠪᠢ ᠰᠠᠨᠠᠯ | ᠲᠤᠷᠠᠳᠤᠯᠭ᠎ᠠ ᠶᠢ ᠬᠦᠢᠴᠡᠳᠬᠡᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ 9 ᠤᠳᠠᠭ᠎ᠠ ᠬᠤᠷᠠᠯᠳᠤᠭᠤᠯᠪᠠ᠃ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠲᠥᠷᠦᠯ ᠵᠦᠢᠯ ᠢ ᠬᠢᠨᠠᠨ ᠵᠥᠪᠰᠢᠶᠡᠷᠡᠬᠦᠯᠬᠦ ︽ᠨᠢᠭᠡ ᠥᠷᠲᠡᠭᠡᠲᠤ ᠮᠠᠶ᠋ᠢᠭ︾ ᠤᠨ ᠦᠢᠯᠡᠴᠢᠯᠡᠭᠡᠨ ᠤ ᠲᠥᠪ ᠢ ᠪᠠᠶᠢᠭᠤᠯᠵᠤ ︽ᠲᠦᠷᠪᠡᠨ | ᠬᠦᠢᠴᠡᠳᠬᠡᠬᠦ︾ 511 ᠤᠴᠢᠷ ᠶᠠᠪᠤᠳᠠᠯ ᠢ ᠨᠡᠶᠢᠲᠡᠯᠡᠵᠦ ᠲᠦᠪᠡᠭ ᠪᠤᠳᠤᠯᠢᠶᠠᠨᠲᠠᠢ 100 ᠤᠴᠢᠷ ᠶᠠᠪᠤᠳᠠᠯ ᠢ ︽ᠨᠢᠭᠡ ᠯᠡ ᠤᠳᠠᠭ᠎ᠠ ᠲᠡᠭᠡᠷ᠎ᠡ ᠬᠦᠢᠴᠡᠳᠬᠡᠬᠦ︾ | ᠶᠢ ᠪᠡᠶᠡᠯᠡᠬᠦᠯᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ︽ᠣᠭ ᠰᠠᠨᠠᠭ᠎ᠠ ᠪᠠᠨ | ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ︽ᠠᠭᠤᠷᠬᠠᠶ | ᠬᠠᠶᠢᠬᠤ ᠡᠷᠬᠡ ᠶᠢ ᠳᠣᠤᠷ᠎ᠠ ᠦᠨ᠎ᠡ ᠪᠠᠷ ᠰᠢᠯᠵᠢᠬᠦᠯᠦᠨ ᠦᠭᠭᠦᠭᠰᠡᠨ︾ ᠵᠡᠷᠭᠡ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠢᠨᠵᠧᠨᠧᠷᠢᠩ ᠤᠨ ᠪᠣᠳᠠᠲᠤ ᠴᠣᠭᠴᠠ ᠶᠢᠨ ᠲᠥᠷᠥᠯ ᠵᠦᠢᠯ ᠤᠨ ᠪᠠᠷᠢᠯᠭ᠎ᠠ ᠶᠢ ᠲᠠᠭᠤᠰᠬᠠᠵᠤ ᠳ᠋ᠦᠩᠨᠡᠨ ᠪᠤᠳᠤᠵᠤ ᠳᠠᠬᠢᠨ ᠬᠢᠨᠠᠬᠤ ᠠᠵᠢᠯ ᠢ ᠥᠷᠨᠢᠭᠦᠯᠪᠠ᠃ | ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠭᠡᠷ᠎ᠡ ᠶᠢᠨ ᠳᠦᠷᠢᠮ ᠢᠶᠠᠷ ᠬᠠᠮᠢᠶᠠᠷᠴᠦ ᠪᠠᠶᠢᠭ᠎ᠠ 1300 ᠭᠠᠷᠤᠶ ᠨᠡᠷ᠎ᠡ ᠠᠵᠢᠯᠲᠠᠨ ᠤ ᠴᠠᠯᠢᠩ ᠣᠯᠭᠤᠮᠵᠢ ᠶᠢ | ᠣᠷᠳᠣ ᠬᠤᠭᠤᠴᠠᠭ᠎ᠠ ᠪᠠᠷ ᠦᠰᠬᠡᠬᠦ ᠲᠣᠭᠲᠠᠴᠠ ᠶᠢ ᠪᠦᠷᠢᠯᠳᠦᠬᠦᠯᠵᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠢ ᠲᠡᠮᠡᠴᠡᠨ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ ᠺᠠᠳ᠋ᠷᠴᠤᠳ ᠰᠢᠷᠭᠠᠭᠤ ᠪᠣᠳᠠᠲᠠᠶ ᠠᠵᠢᠯᠯᠠᠬᠤ ᠬᠠᠲᠠᠭᠤ ᠰᠤᠷᠲᠠᠯ ᠢ ᠪᠣᠶ ᠪᠣᠯᠭᠠᠵᠤ ᠪᠥᠬᠦ ᠬᠤᠰᠢᠭᠤ ᠪᠠᠷ ᠢᠶᠠᠨ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠬᠢᠵᠦ ᠠᠳᠠᠯ ᠦᠢᠯᠡᠰ ᠪᠤᠰᠬᠠᠬᠤ ᠠᠭᠤᠷ ᠠᠮᠢᠰᠬᠤᠯ ᠢ ᠨᠡᠩ ᠰᠠᠶᠢᠵᠢᠷᠠᠭᠤᠯᠪᠠ᠃ ᠡᠭᠦᠨ ᠤ ᠬᠠᠮᠲᠤ | ᠡᠮᠡᠭᠲᠡᠶᠢᠴᠦᠳ ᠬᠡᠤᠬᠡᠳ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠤᠶᠠᠷ ᠢ | ᠬᠦᠷᠢᠶᠡᠯᠡᠬᠦ ᠨᠠᠰᠤᠳᠠᠶᠢᠴᠤᠳ ᠤᠨ ᠠᠰᠠᠷᠠᠮᠵᠢ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠡᠳᠦᠢ ᠬᠦᠴᠢᠷ ᠪᠡᠷᠬᠡᠰᠢᠶᠡᠯ ᠲᠠᠢ ᠬᠡᠳᠡᠭ ᠢ ᠮᠡᠳᠡᠬᠦ ᠦᠭᠡᠢ︕ 2019 | ᠣᠨ ᠳᠤ᠂ ᠪᠢᠳᠡ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠠᠭᠤᠤ ᠶᠡᠭᠡ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡ | ᠪᠠᠷ ᠪᠠᠶᠠᠷᠯᠠᠨ ᠪᠡᠯᠭᠡᠯᠡᠵᠤ ᠡᠯ᠎ᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠰᠢᠢᠳᠪᠦᠷᠢᠯᠡᠵᠤ ᠠᠵᠤ ᠠᠬᠤᠢ ᠨᠡᠶᠢᠭᠡᠮ ᠤᠨ ᠡᠯ᠎ᠡ | ᠲᠦᠷᠦᠯ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠶᠡᠭᠡ | ᠬᠠᠨᠳᠤᠰᠢ ᠶᠢ ᠡᠵᠡᠮᠳᠡᠵᠦ ᠬᠠᠶᠢᠷᠠᠯᠠᠨ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ | ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠦᠴᠦᠲᠡᠶ ᠲᠡᠮᠵᠢᠵᠤ ᠴᠢᠩᠭ᠎ᠠ ᠬᠢᠨᠠᠭᠰᠠᠨ ᠤ ᠦᠷ᠎ᠡ ᠳ᠋ᠦᠩ ᠮᠥᠨ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠤ | ᠦᠷ᠎ᠡ ᠳ᠋ᠦᠩ ᠮᠥᠨ᠂ ᠨᠠᠩ ᠴᠤ ᠦᠦᠰᠢᠨ ᠤ ᠡᠯ᠎ᠡ ᠦᠨᠳᠦᠰᠦᠲᠡᠨ ᠨᠦᠭᠦᠳ ᠤᠨ 13 ᠲᠦᠮᠡᠨ ᠠᠷᠠᠳ ᠲᠦᠮᠡᠨ ᠵᠣᠯ ᠵᠢᠷᠭᠠᠯᠲᠤ ᠠᠮᠢᠳᠤᠷᠠᠯ ᠤᠨ ᠲᠥᠯᠥᠭᠡ | ᠲᠡᠮᠡᠴᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠠᠷᠠᠳ ᠤᠨ | ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ᠂ ᠰᠢᠷᠭᠠᠭᠤ ᠲᠡᠮᠡᠴᠡᠵᠦ ᠪᠠᠶᠢᠭ᠎ᠠ | ᠥᠷᠭᠡᠨ ᠣᠯᠠᠨ ᠲᠦᠮᠡᠨ ᠪᠠ ᠬᠠᠲᠠᠭᠤᠵᠢᠯᠲᠠᠢ ᠠᠵᠢᠯᠯᠠᠵᠤ ᠪᠠᠶᠢᠭ᠎ᠠ ᠺᠠᠳ᠋ᠷ ᠠᠵᠢᠯᠲᠠᠨ ᠠᠵᠢᠯᠴᠢᠨ ᠳᠤ᠂ ᠦᠦᠰᠢᠨ ᠤ ᠬᠥᠭᠵᠢᠯᠲᠡ ᠶᠢ ᠬᠠᠯᠠᠮᠵᠢᠯᠠᠭᠰᠠᠨ᠂ | ᠳᠡᠮᠵᠢᠭᠰᠡᠨ᠂ ᠣᠷᠣᠯᠴᠠᠭᠰᠠᠨ ᠪᠦᠬᠦ ᠨᠠᠶᠢᠵᠠ ᠨᠥᠬᠦᠳ ᠲᠤ ᠪᠠᠨ ᠡᠷᠬᠢᠮ ᠳᠡᠭᠡᠲᠤ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ ᠪᠢᠳᠠ ᠰᠡᠷᠭᠡᠭ ᠢᠶᠠᠷ ᠲᠠᠨᠢᠵᠤ ᠤᠯᠤᠭᠰᠠᠨ ᠨᠢ᠄ ᠬᠡᠳᠦᠶᠢᠪᠡᠷ ᠥᠩᠭᠡᠷᠡᠭᠰᠡᠨ ᠨᠢᠭᠡ ᠵᠢᠯ ᠳᠤ ᠮᠠᠨ ᠤ | ᠬᠤᠰᠢᠭᠤᠨ ᠤ ᠠᠵᠤ ᠠᠬᠤᠢ ᠶᠢᠨ ᠭᠤᠤᠯ ᠬᠦᠢᠴᠡᠳᠬᠡᠯ ᠲᠤᠭ᠎ᠠ ᠶᠢᠨ ᠨᠡᠮᠡᠭᠳᠡᠯ ᠨᠢ ᠪᠦᠬᠦ ᠬᠤᠲᠠ ᠶᠢᠨ ᠲᠦᠷᠦᠬᠦᠨ ᠳᠤ ᠪᠠᠶᠢᠭᠰᠠᠨ ᠴᠦ ᠪᠠᠷᠠᠭᠤᠨ ᠣᠷᠣᠨ ᠤ | ᠵᠠᠭᠤᠨ ᠬᠦᠴᠦᠷᠬᠡᠭ ᠬᠤᠰᠢᠭᠤ ᠰᠢᠶᠠᠨ ᠤ ᠨᠡᠷᠡᠰ ᠤᠨ ᠵᠢᠭᠰᠠᠭᠠᠯᠲᠠ ᠳᠤ ᠵᠥᠪᠬᠡᠨ ᠨᠢᠭᠡ ᠯᠡ ᠤᠷᠤᠨ ᠨᠡᠮᠡᠭᠳᠡᠭᠰᠡᠨ ᠨᠢ ᠪᠢᠳᠡ ᠬᠦᠭᠵᠢᠵᠤ ᠪᠠᠶᠢᠬᠤ ᠳᠤ | ᠪᠤᠰᠤᠳ ᠭᠠᠵᠠᠷ ᠤᠷᠤᠨ ᠴᠦ ᠠᠯᠬᠤᠭ᠎ᠠ ᠪᠠᠨ ᠤᠳᠠᠭᠠᠰᠢᠷᠠᠭᠤᠯᠤᠭᠰᠠᠨ ᠦᠭᠡᠢ ᠶᠢ ᠬᠠᠷᠠᠭᠤᠯᠵᠤ ᠪᠠᠶᠢᠨ᠎ᠠ᠃ ᠡᠷᠬᠡᠪᠰᠢ ᠲᠤᠯᠭᠠᠮ ᠰᠡᠳᠬᠢᠯᠭᠡ ᠪᠠ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠪᠤᠳᠠᠲᠠᠢ ᠠᠵᠢᠯ ᠤᠨ ᠰᠤᠷᠳᠠᠯ ᠢᠶᠠᠷ | ᠠᠵᠢᠯ ᠢᠶᠠᠨ ᠲᠥᠯᠥᠪᠵᠢᠭᠦᠯᠵᠦ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ ᠪᠢᠳᠡ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠨᠠᠶᠢᠲᠠᠪᠤᠷᠢᠵᠢᠭᠤᠯᠵᠤ ᠠᠵᠤ ᠦᠢᠯᠡᠰ ᠤᠨ ᠪᠦᠲᠦᠴᠡ ᠶᠢᠨ ᠲᠡᠰ ᠳᠡᠪᠰᠢᠬᠦ᠂ ᠳᠤᠲᠠᠭᠤᠳᠠᠯ ᠢ ᠨᠥᠬᠦᠪᠥᠷᠢᠯᠡᠬᠦ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠤᠯᠪᠠᠴᠦ ᠠᠭᠤᠷᠬᠠᠢ ᠶᠢᠨ ᠬᠤᠳᠳᠤᠭ ᠤᠨ | ᠤᠰᠤ᠂ ᠨᠡᠭᠦᠷᠡᠰᠦᠨ ᠴᠢᠯᠠᠭᠤ᠂ ᠰᠢᠲᠠᠮᠠᠬᠠᠢ ᠬᠡᠢ ᠶᠢᠨ ᠬᠢᠮᠢ ᠶᠢᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠡᠭᠦᠳᠬᠦ᠂ ᠮᠠᠯ ᠲᠠᠷᠢᠶᠠᠯᠠᠩ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ | ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠮᠥᠨ ᠬᠦ ᠳᠤᠲᠠᠭᠤᠳᠠᠯ ᠣᠷᠣᠰᠢᠵᠤ ᠪᠠᠶᠢᠨ᠎ᠠ᠃ ᠡᠷᠬᠡᠪᠰᠢ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠥᠭᠡᠯᠡᠨ | ᠠᠵᠢᠯ ᠤᠨ ᠰᠡᠳᠬᠢᠮᠵᠢ ᠪᠠᠨ ᠰᠢᠨᠡᠴᠢᠯᠡᠵᠦ ᠡᠨᠧᠷᠬᠢ ᠶᠢᠨ ᠰᠤᠷᠪᠤᠯᠵᠢ᠂ ᠬᠢᠮᠢ ᠶᠢᠨ ᠦᠢᠯᠡᠳᠪᠦᠷᠢ᠂ ᠮᠠᠯ ᠲᠠᠷᠢᠶᠠᠯᠠᠩ ᠠᠵᠤ ᠠᠬᠤᠢ᠂ ᠰᠣᠶᠣᠯ ᠵᠢᠭᠤᠯᠴᠢᠯᠠᠯ᠂ | ᠪᠠᠷᠠᠭᠠᠨ ᠭᠦᠢᠯᠭᠡᠭᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠲᠦᠷᠦᠯ ᠵᠦᠢᠯ ᠢ ᠲᠦᠯᠦᠪᠯᠡᠨ ᠨᠠᠶᠢᠲᠠᠪᠤᠷᠢᠵᠢᠭᠤᠯᠵᠤ ᠰᠢᠨ᠎ᠡ ᠵᠠᠭᠪᠤᠷ ᠢ | ᠬᠡᠷᠡᠭᠵᠢᠭᠦᠯᠤᠨ ᠬᠥᠭᠵᠢᠯᠲᠡ ᠶᠢᠨ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠡᠳᠦ᠋ᠢᠪᠡᠷ ᠥᠩᠭᠡᠷᠡᠭᠰᠡᠨ ᠨᠢᠭᠡ ᠵᠢᠯ ᠳᠤ ᠪᠢᠳᠡ ᠠᠷᠠᠳ ᠤᠨ ᠠᠮᠢᠳᠤᠷᠠᠯ ᠢ ᠪᠦᠬᠦ | ᠬᠦᠴᠦ ᠪᠠᠷ ᠢᠶᠠᠨ ᠰᠠᠶᠢᠵᠢᠷᠠᠭᠤᠯᠤᠭᠰᠠᠨ ᠪᠣᠯᠪᠠᠴᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠦᠩᠭᠡᠷᠡᠭᠰᠡᠨ ᠤ ᠥᠷᠢ ᠰᠢᠷᠢ ᠨᠡᠯᠢᠶᠡᠳ | ᠤᠯᠠᠨ᠂ ᠵᠠᠷᠢᠮ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ ᠨᠡᠯᠢᠶᠡᠳ ᠤᠳᠠᠭᠠᠨ ᠪᠠᠶᠢᠵᠤ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ | ᠪᠠᠶᠢᠨ᠎ᠠ᠃ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ ᠤᠯᠠᠨ | ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠨ ᠬᠥᠭᠵᠢᠯᠲᠡ ᠶᠢᠨ ᠨᠡᠶᠢᠳᠡᠮ | ᠬᠠᠷᠠᠭᠠᠯᠵᠠᠬᠤ ᠴᠢᠨᠠᠷ ᠢ ᠴᠢᠩᠭᠠᠳᠬᠠᠨ᠎ᠡ᠃ | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠡ︕ ᠵᠢᠯ ᠤᠨ ᠡᠬᠢᠨ ᠠᠴᠠ ᠨᠠᠰᠢ ᠬᠡᠨᠡᠳᠳᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ | ᠪᠥᠬᠦ ᠬᠤᠰᠢᠭᠤ ᠪᠠᠷ ᠢᠶᠠᠨ ᠲᠠᠷᠤᠢ ᠲᠦᠷᠭᠡᠨ ᠬᠦᠳᠡᠯᠦᠯᠴᠡᠵᠤ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠤ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠲᠠᠯᠠᠵᠤ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠬᠦ ᠶᠢ ᠠᠬᠢᠭᠤᠯᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ ᠨᠤᠲᠤᠭ ᠳᠡᠪᠢᠰᠬᠡᠷ ᠢᠶᠠᠨ ᠰᠠᠬᠢᠬᠤ ᠡᠬᠦᠷᠭᠡ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠬᠦᠢᠴᠡᠳ ᠢᠯᠡᠷᠡᠭᠦᠯᠵᠤ ᠪᠠᠶᠢᠨ᠎ᠠ᠃ | ᠬᠢᠵᠢᠭ ᠤᠨ ᠪᠠᠶᠢᠳᠠᠯ ᠢ ᠰᠠᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠲᠠ ᠴᠢᠩᠭ᠎ᠠ | ᠰᠢᠰᠲ᠋ᠧᠮ ᠢ ᠪᠠᠶᠢᠭᠤᠯᠵᠤ 5.1 ᠲᠦᠮᠡ ᠭᠠᠷᠤᠶ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠭᠤᠤᠯᠳᠠᠯᠭ᠎ᠠ ᠲᠠᠢ ᠬᠢᠵᠢᠭ ᠤᠨ ᠣᠷᠣᠨ ᠠᠴᠠ | ᠪᠤᠴᠠᠵᠤ ᠢᠷᠡᠭᠰᠡᠨ 418 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ ᠭᠠᠳᠠᠨ᠎ᠠ ᠠᠴᠠ ᠤᠷᠤᠵᠤ ᠢᠷᠡᠭᠰᠡᠨ ᠡᠪᠡᠳᠴᠢᠨ ᠤ ᠵᠢᠱᠢᠶ᠎ᠡ ᠭᠠᠷᠤᠭᠰᠠᠨ ᠦᠭᠡᠢ | ᠪᠠᠶᠢᠵᠤ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠪᠠ᠃ ᠠᠵᠢᠯ ᠦᠢᠯᠡᠳᠪᠦᠷᠢᠯᠡᠯ ᠢᠶᠠᠨ | ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠠᠵᠢᠯ ᠢ ᠴᠢᠩᠭ᠎ᠠ ᠠᠳᠬᠤᠨ᠎ᠠ᠃ ︽ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ | ᠰᠡᠷᠭᠦᠭᠡᠵᠦ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ᠂ ᠥᠷᠲᠡᠭ ᠤᠨ ᠨᠡᠮᠡᠭᠳᠡᠯ ᠤᠨ ᠭᠠᠶᠢᠯᠢ ᠪᠠ ᠮᠦᠩᠭᠦᠨ ᠬᠦᠢᠯᠬᠡᠬᠡ ᠪᠠᠷ ᠳᠡᠮᠵᠢᠨ ᠳᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ 715 ᠲᠦᠮᠡᠨ ᠲᠥᠭᠦᠷᠢᠭ ᠤᠨ ᠠᠵᠢᠯ ᠰᠡᠷᠬᠦᠭᠡᠬᠦ ᠱᠠᠩᠨᠠᠯ ᠤᠨ ᠪᠠᠯᠠ ᠮᠥᠩᠭᠦ ᠳᠣᠭᠢᠷᠠᠭᠤᠯᠵᠤ ᠠᠵᠤ ᠠᠬᠤᠶᠢᠯᠠᠯ ᠢ ᠬᠠᠪᠰᠤᠷᠤᠨ | ᠲᠦᠭᠦᠬᠡᠶ ᠮᠠᠲ᠋ᠧᠷᠢᠶᠠᠯ ᠳᠤᠲᠠᠭᠳᠠᠬᠤ᠂ ᠦᠢᠯᠡᠳᠬᠦᠨ ᠢ ᠲᠡᠭᠡᠭᠡᠪᠦᠷᠢᠯᠡᠬᠦ ᠵᠡᠷᠭᠡ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠤ ︽ᠲᠦᠷᠪᠡᠨ ᠵᠦᠢᠯ ᠤᠨ | ᠬᠡᠪᠴᠢᠶᠡᠵᠢᠯ ᠠᠴᠠ ᠲᠡᠭᠡᠭᠰᠢᠬᠢ︾ 69 ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ 1.2 ᠲᠦᠮᠡ ᠭᠠᠷᠤᠶ ᠡᠷᠦᠬᠡ ᠪᠤᠯᠤᠨ ᠦᠨᠳᠦᠷ | ᠲᠤᠮᠳᠠᠲᠤ᠂ ᠠᠩᠬ᠎ᠠ ᠲᠤᠮᠳᠠᠲᠤ᠂ ᠠᠵᠢᠯ ᠮᠡᠷᠭᠡᠵᠢᠯ ᠤᠨ ᠲᠤᠮᠳᠠᠲᠤ ᠰᠤᠷᠭᠠᠭᠤᠯᠢ ᠶᠢ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠪᠠ ᠬᠢᠴᠢᠶᠡᠯ ᠢᠶᠠᠨ | ᠰᠡᠷᠭᠦᠭᠡᠬᠦ ᠶᠢ ᠠᠬᠢᠭᠤᠯᠤᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠩᠭ᠎ᠠ ᠠᠳᠬᠤᠨ᠎ᠠ᠃ ᠮᠠᠯ ᠲᠠᠷᠢᠶᠠᠯᠠᠩ ᠠᠵᠤ ᠠᠬᠤᠢ ᠲᠠᠢ | ᠬᠤᠯᠪᠤᠭᠳᠠᠭᠰᠠᠨ ᠵᠢᠭᠡᠯᠡᠯᠭᠡ ᠶᠢ 6.2 ᠳ᠋ᠦᠩᠰᠢᠭᠤᠷ ᠲᠦᠬᠦᠷᠢᠭ ᠲᠠᠷᠬᠠᠭᠠᠵᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠬᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠲᠥᠷᠥᠯ ᠵᠦᠢᠯ ᠤᠨ ᠡᠷᠲᠡᠬᠡᠨ ᠠᠵᠢᠯ ᠢᠶᠠᠨ ᠡᠬᠢᠯᠡᠭᠦᠯᠬᠦ ᠶᠢ ᠲᠦᠯᠬᠢᠨ ᠠᠬᠢᠭᠤᠯᠵᠤ ᠲᠠᠷᠢᠶᠠᠨ ᠰᠠᠶᠢᠨ ᠦᠷ᠎ᠡ᠂ ᠬᠢᠮᠢ ᠶᠢᠨ ᠪᠣᠷᠳᠣᠭᠤᠷ᠂ | ᠲᠠᠷᠢᠶᠠᠨ ᠡᠮ ᠵᠡᠷᠭᠡ ᠲᠠᠷᠢᠶᠠᠯᠠᠩ ᠤᠨ ᠡᠳ᠋ ᠪᠠᠷᠠᠭ᠎ᠠ ᠶᠢ ᠬᠦᠢᠴᠡᠳ ᠨᠥᠭᠡᠴᠡᠯᠡᠵᠦ 59 ᠲᠦᠮᠡᠨ ᠲᠥᠯ ᠲᠤᠰᠴᠤ 163 ᠲᠦᠮᠡᠨ ᠸᠠᠺᠼᠢᠨ ᠤ ᠲᠠᠷᠢᠯᠭ᠎ᠠ | ᠲᠠᠷᠢᠵᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ ᠶᠢ | ᠥᠷᠨᠢᠭᠦᠯᠤᠨ ᠤᠨ ᠤᠳᠠᠭᠰᠠᠨ ᠨᠢᠭᠡ ᠪᠦᠯᠦᠭ ᠬᠤᠭ ᠨᠣᠪᠰᠢ ᠶᠢ ᠴᠡᠪᠡᠷᠯᠡᠵᠦ ᠳᠦᠷᠢᠮ ᠠᠴᠠ ᠵᠥᠷᠢᠴᠡᠭᠰᠡᠨ ᠨᠢᠭᠡ ᠪᠦᠯᠦᠭ ᠪᠠᠷᠢᠯᠭ᠎ᠠ ᠶᠢ ᠨᠤᠷᠠᠭᠠᠨ᠎ᠠ᠃ | ᠭᠤᠣᠯᠳᠠᠯᠭᠠᠲᠤ ᠲᠥᠷᠥᠯ ᠵᠦᠢᠯ ᠤᠨ ᠠᠵᠢᠯ ᠢ ᠡᠬᠢᠯᠡᠬᠦᠯᠬᠦ ᠪᠠ ᠰᠡᠷᠭᠦᠭᠡᠬᠦ ᠶᠢ ᠴᠢᠩᠭ᠎ᠠ ᠠᠳᠬᠤᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠰᠢᠭᠲᠠᠢ ᠲᠣᠬᠢᠶᠠᠯ ᠢ ᠠᠳᠬᠤᠵᠤ 16 ᠲᠦᠷᠦᠯ ᠤᠨ ᠭᠠᠷ ᠭᠦᠢᠴᠡᠳᠬᠡᠯ ᠢ ᠬᠤᠯᠪᠣᠭᠠᠯᠠᠨ ᠬᠦᠢᠴᠡᠳᠬᠡᠵᠤ | ᠳ᠋ᠦᠩᠰᠢᠭᠤᠷ ᠲᠦᠬᠦᠷᠢᠭ ᠠᠴᠠ ᠳᠡᠭᠡᠭᠰᠢᠬᠢ 14 ᠲᠥᠷᠥᠯ ᠵᠦᠢᠯ ᠤᠨ ᠤᠷᠤᠭᠰᠢᠲᠠᠢ ᠠᠵᠢᠯ ᠢᠶᠠᠨ ᠡᠬᠢᠯᠡᠭᠦᠯᠵᠤ ᠰᠡᠷᠬᠦᠬᠡᠬᠦ ᠶᠢ ᠠᠬᠢᠭᠤᠯᠤᠨ᠎ᠠ᠃ ᠨᠡᠭᠦᠷᠡᠰᠦᠨ ᠤ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭ᠎ᠠ | ᠠᠳᠬᠤᠨ᠎ᠠ᠃ ᠠᠵᠢᠯ ᠤᠨ ᠲᠤᠰᠬᠠᠶ ᠠᠩᠭᠢ ᠪᠠᠶᠢᠭᠤᠯᠵᠤ ᠪᠥᠬᠦ ᠬᠤᠰᠢᠭᠤᠨ ᠤ ᠨᠢᠭᠡᠨᠲᠡ ᠪᠠᠶᠢᠭᠤᠯᠤᠭᠰᠠᠨ ᠵᠢᠴᠢ ᠪᠠᠶᠢᠭᠤᠯᠵᠤ ᠪᠠᠶᠢᠭ᠎ᠠ 7 ᠨᠡᠭᠦᠷᠡᠰᠦᠨ | ᠠᠭᠤᠷᠬᠠᠶ᠂ ᠠᠭᠤᠷᠬᠠᠶ ᠬᠠᠶᠢᠬᠤ ᠡᠷᠬᠡ ᠣᠯᠤᠭᠰᠠᠨ 9 ᠬᠤᠳᠳᠤᠭ᠂ ᠨᠡᠭᠦᠷᠡᠰᠦ ᠬᠢᠮᠢ ᠶᠢᠨ ᠦᠢᠯᠡᠳᠪᠦᠷᠢ ᠳᠤ ᠬᠤᠯᠪᠣᠭᠳᠠᠭᠰᠠᠨ 12 ᠠᠵᠤ ᠠᠬᠤᠶᠢᠯᠠᠯ ᠤᠨ | ᠲᠥᠯᠥᠪᠵᠢᠭᠦᠯᠭᠡ ᠶᠢᠨ ᠲᠥᠷᠥᠯ ᠲᠤᠭᠲᠠᠭᠠᠬᠤ᠂ ᠪᠠᠯᠠ ᠣᠷᠣᠭᠤᠯᠤᠯᠲᠠ ᠶᠢ ᠬᠢᠨᠠᠨ ᠬᠠᠷᠭᠤᠭᠤᠯᠬᠤ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠡᠯ᠎ᠡ | ᠭᠤᠭᠴᠣᠭᠠᠨ ᠤ ᠪᠥᠬᠦ ᠡᠯᠧᠮᠧᠨ᠋ᠲ ᠢ ᠲᠤᠶᠢᠯᠪᠤᠷᠢᠲᠠᠢ ᠪᠠᠶᠢᠴᠠᠭᠠᠨ᠎ᠡ᠃ | ᠲᠥᠯᠥᠭᠡᠯᠡᠭᠴᠢᠳ ᠡ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠥᠭᠡᠳ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠬᠢᠯᠡᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ | ᠰᠠᠭᠤᠷᠢ ᠲᠠᠯᠪᠢᠬᠤ ᠵᠠᠩᠭᠢᠯᠠᠭ᠎ᠠ ᠶᠢᠨ ᠨᠢᠭᠡ ᠵᠢᠯ ᠮᠥᠨ᠃ ᠣᠳᠣᠬᠠᠨ ᠳᠤ ᠬᠡᠳᠦ᠋ᠢᠪᠡᠷ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠨᠳᠤᠰᠢ ᠤᠯᠠᠮ ᠨᠢᠭᠡ ᠠᠯᠬᠤᠮ ᠪᠠᠬᠢᠵᠢᠵᠦ ᠪᠠᠶᠢᠭ᠎ᠠ ᠪᠣᠯᠪᠠᠴᠤ ᠲᠡᠯᠡᠬᠡᠢ ᠶᠢᠨ ᠬᠢᠵᠢᠭ ᠤᠨ ᠪᠠᠶᠢᠳᠠᠯ ᠲᠡᠯᠬᠡᠷᠡᠬᠦ ᠬᠠᠨᠳᠤᠰᠢ ᠲᠠᠢ ᠪᠠᠶᠢᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤᠯᠠᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠡᠭᠦᠷᠭᠡ ᠬᠦᠨᠳᠦᠷᠡᠵᠦ | ᠡᠯ᠎ᠡ ᠲᠠᠯ᠎ᠠ ᠶᠢᠨ ᠲᠤᠭᠳᠠᠮᠠᠯ ᠪᠤᠰᠤ ᠡᠯᠧᠮᠧᠨ᠋ᠲ ᠲᠠᠪᠬᠤᠷᠯᠠᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠪᠠᠶᠠᠷᠯᠠᠭᠤᠰᠢᠲᠠᠢ ᠪᠤᠰᠤ᠂ ᠲᠤᠯᠭᠠᠷᠠᠵᠤ ᠪᠠᠶᠢᠭ᠎ᠠ | ᠥᠷᠢᠰᠥᠯᠳᠦᠭᠡᠨ ᠤᠷᠢᠳ ᠡᠮᠦᠨ᠎ᠡ ᠪᠠᠶᠢᠭ᠎ᠠ ᠥᠬᠡᠶ ᠪᠠᠶᠢᠵᠤ ᠬᠦᠴᠢᠷᠳᠡᠯ ᠪᠠ ᠠᠰᠠᠭᠤᠳᠠᠯ ᠤᠤᠯ ᠠᠴᠠ ᠪᠠᠨ ᠨᠡᠩ ᠤᠯᠠᠨ ᠪᠤᠯᠵᠤ ᠲᠠᠷᠤᠯᠲᠠ ᠨᠡᠩ ᠶᠡᠭᠡ | ᠪᠠᠶᠢᠨ᠎ᠠ᠃ ᠡᠶᠢᠮᠦᠷᠬᠦᠤ ᠲᠡᠤᠬᠡ ᠶᠢᠨ ᠵᠠᠩᠭᠢᠯᠠᠭ᠎ᠠ ᠶᠢᠨ ᠴᠡᠭ ᠪᠠ ᠪᠤᠳᠤᠯᠢᠶᠠᠨ ᠪᠡᠷᠬᠡᠰᠢᠶᠡᠯᠲᠠᠢ ᠬᠠᠨᠳᠤᠰᠢ ᠶᠢᠨ ᠲᠤᠤᠷ᠎ᠠ ᠪᠥᠬᠦ ᠵᠢᠯ ᠤᠨ ᠠᠵᠢᠯ ᠢᠶᠠᠨ ᠰᠠᠶᠢᠲᠤᠷ | ᠬᠢᠵᠦ ᠰᠢᠨ᠎ᠡ ᠠᠶᠠᠨ ᠵᠠᠮ ᠢᠶᠠᠨ ᠤᠷᠤᠭᠰᠢᠲᠠᠶ ᠡᠬᠢᠯᠡᠭᠦᠯᠬᠦ ᠳᠤ ᠡᠭᠦᠷᠭᠡ ᠬᠠᠷᠢᠭᠤᠴᠠᠯᠭ᠎ᠠ ᠬᠦᠨᠳᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ᠃ ᠤᠳᠤᠬᠠᠨ | ᠳᠤ ᠨᠠᠮ ᠤᠨ ᠲᠦᠪ ᠬᠤᠷᠢᠶ᠎ᠠ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢ ᠤᠯᠤᠰ ᠤᠨ | ᠰᠢᠨ᠎ᠡ ᠪᠠᠶᠢᠯᠳᠤᠬᠤ ᠪᠤᠳᠤᠯᠭ᠎ᠠ ᠪᠤᠯᠭᠠᠨ ᠲᠡᠪᠰᠢᠬᠦᠯᠵᠤ ᠰᠢᠨ᠎ᠡ ᠨᠢᠭᠡ ᠡᠬᠡᠯᠵᠢ ᠶᠢᠨ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ᠬᠦᠬᠡᠬᠤᠲᠠ ᠪᠤᠭᠤᠲᠤ ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠤᠨ ᠵᠤᠬᠢᠴᠠᠩᠭᠤᠢ ᠬᠦᠭᠵᠢᠯᠲᠡ ᠶᠢ | ᠪᠦᠬᠦ ᠲᠠᠯ᠎ᠠ ᠪᠠᠷ ᠡᠬᠢᠯᠡᠬᠦᠯᠦᠨ ᠤᠷᠳᠤᠰ ᠬᠤᠲᠠ ᠶᠢ ᠪᠦᠬᠦ ᠤᠯᠤᠰ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶᠡᠴᠢ ᠬᠤᠲᠠ ᠪᠤᠯᠭᠠᠨ | ᠡᠬᠦᠳᠦᠨ ᠪᠠᠶᠢᠭᠤᠯᠬᠤ ᠶᠢ ᠯᠠᠪᠳᠠᠭᠤᠨ ᠠᠬᠢᠭᠤᠯᠵᠤ ᠮᠠᠨ ᠤ ᠬᠤᠰᠢᠭᠤ ᠴᠦ ᠲᠡᠤᠬᠡ ᠶᠢᠨ ᠰᠢᠨ᠎ᠡ ᠴᠢᠬᠤᠯᠠ ᠠᠵᠠ ᠲᠤᠬᠢᠶᠠᠯ ᠢ ᠤᠭᠲᠤᠨ ᠠᠪᠴᠢᠷᠠᠭᠰᠠᠨ | ᠪᠠᠶᠢᠨ᠎ᠠ᠃ ᠨᠠᠩ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ ᠨᠢᠭᠡᠳᠦᠯᠲᠠᠢ | ᠲᠦᠯᠦᠪᠵᠢᠬᠦᠯᠦᠨ ᠠᠬᠢᠭᠤᠯᠬᠤ ᠨᠢᠭᠡ ᠰᠢᠷᠢᠰ ᠲᠡᠳᠬᠦᠬᠦ ᠲᠦᠷᠦ ᠶᠢᠨ ᠪᠤᠳᠤᠯᠭ᠎ᠠ ᠭᠠᠷᠬᠤ ᠶᠢ ᠲᠠᠭᠠᠯᠳᠤᠨ ᠠᠵᠦ ᠠᠬᠤᠢ ᠶᠢᠨ ᠬᠦᠭᠵᠢᠯᠲᠡ ᠶᠢᠨ ᠠᠮᠢᠵᠢᠷᠠᠯ | ᠤᠨ ᠬᠦᠴᠦᠨ ᠪᠦᠬᠦ ᠲᠠᠯ᠎ᠠ ᠪᠠᠷ ᠰᠡᠷᠭᠦᠭᠰᠡᠨ ᠪᠠᠶᠢᠨ᠎ᠠ᠃ ᠪᠢᠳᠠ ᠤᠳᠤᠬᠠᠨ ᠤ ᠬᠠᠨᠳᠤᠰᠢ ᠶᠢ ᠢᠯᠭᠠᠨ ᠲᠠᠨᠢᠵᠤ ᠢᠳᠡᠭᠡᠯ ᠵᠤᠷᠢᠭ ᠢᠶᠠᠨ ᠪᠠᠳᠤᠳᠬᠠᠨ | ᠰᠡᠳᠬᠢᠮᠵᠢ ᠪᠠᠨ ᠱᠤᠭᠤᠵᠤ ᠬᠤᠷᠴᠠ ᠱᠠᠯᠠᠮᠠᠭᠠᠢ ᠪᠠᠷ ᠠᠵᠠ ᠲᠤᠬᠢᠶᠠᠯ ᠢ ᠡᠵᠡᠮᠳᠡᠨ ᠦᠤᠰᠢᠨ ᠠᠷᠠᠳ ᠲᠦᠮᠡᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ | ᠵᠤᠷᠢᠭᠲᠠᠢ ᠲᠡᠮᠡᠴᠡᠳᠡᠭ ᠵᠤᠷᠢᠭ ᠰᠠᠨᠠᠭ᠎ᠠ ᠶᠢ ᠪᠠᠳᠠᠷᠠᠭᠤᠯᠵᠤ ᠨᠡᠩ ᠬᠠᠳᠠᠭᠤᠵᠢᠯᠲᠠᠢ ᠴᠢᠷᠮᠠᠶᠢᠯᠭ᠎ᠠ ᠭᠠᠷᠭᠠᠳᠠᠭ ᠯᠠ ᠶᠤᠮ ᠪᠤᠯ ᠯᠠᠪᠲᠠᠢ ᠠᠶᠤᠯ ᠲᠦᠭᠰᠢᠬᠦᠷᠢ ᠶᠢ | ᠠᠵᠠ ᠲᠤᠬᠢᠶᠠᠯ ᠪᠤᠯᠭᠠᠨ ᠬᠤᠪᠢᠷᠠᠭᠤᠯᠵᠤ ᠬᠦᠭᠵᠢᠯᠲᠡ ᠶᠢᠨ ᠰᠠᠨᠠᠭᠠᠴᠢᠯᠠᠭᠠᠲᠤ ᠡᠷᠭᠡ ᠶᠢ ᠠᠳᠬᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠪᠠᠶᠢᠳᠠᠯ ᠢ | ᠡᠬᠦᠳᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ | ᠪᠠᠷ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠤ ᠬᠢᠭᠰᠡᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠱᠠᠭᠠᠷᠳᠠᠯᠭ᠎ᠠ ᠶᠤᠰᠤᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠠᠵᠢᠯ ᠢ ᠨᠢᠭᠡᠲᠦᠯᠲᠠᠢ ᠲᠦᠯᠦᠪᠵᠢᠬᠦᠯᠦᠨ ᠠᠬᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ | ᠤᠷᠢᠳᠠᠯ ᠲᠤᠤᠷ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠠᠷᠢᠮᠲᠠᠯᠠᠵᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠭᠤ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠬᠡᠷᠡᠭᠵᠢᠬᠦᠯᠦᠨ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠬᠦᠷᠭᠡ | ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ᠠᠵᠤ ᠠᠬᠤᠢ ᠶᠢᠨ ᠬᠦᠭᠵᠢᠯᠲᠡ ᠪᠠ ᠨᠡᠶᠢᠬᠡᠮ ᠤᠨ ᠠᠮᠤᠷ ᠲᠤᠭᠳᠠᠭᠤᠨ ᠤ ᠶᠡᠭᠡ ᠪᠠᠶᠢᠳᠠᠯ ᠢ ᠬᠠᠮᠠᠭᠠᠯᠠᠨ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ | ᠲᠡᠭᠦᠰᠬᠡᠬᠦ ᠶᠢ ᠪᠠᠲᠤᠯᠠᠵᠤ ᠴᠢᠨᠠᠷ ᠰᠠᠶᠢᠲᠠᠶ ᠬᠥᠭᠵᠢᠯᠲᠡ ᠶᠢᠨ ᠲᠤᠤᠷ᠎ᠠ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠵᠠᠮ ᠢᠶᠠᠷ ᠰᠠᠶᠢᠲᠤᠷ ᠵᠠᠮᠨᠠᠨ᠎ᠠ᠃ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠶᠢᠨ ᠬᠠᠨᠳᠤᠰᠢ ᠲᠠᠢ ᠤᠶᠠᠯᠳᠤᠭᠤᠯᠤᠨ ᠪᠦᠬᠦ ᠵᠢᠯ ᠤᠨ ᠲᠡᠮᠡᠴᠡᠬᠦ ᠬᠠᠷᠠᠯᠳᠠ ᠶᠢ | ᠲᠤᠷᠠᠳᠴᠦ ᠭᠠᠷᠭᠠᠭᠰᠠᠨ ᠨᠢ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4% ᠤᠷᠴᠢᠮ ᠢᠶᠠᠷ ᠨᠡᠮᠡᠭᠳᠡᠬᠦᠯᠦᠨ᠎ᠡ︔ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 9.6% ᠤᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 5% ᠤᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 4% | ᠤᠷᠴᠢᠮ ᠢᠶᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ | ᠶᠢ 6% ᠪᠠ 8% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠬᠤ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ | ᠬᠢᠵᠠᠭᠠᠷᠯᠠᠨ᠎ᠠ᠃ | ᠪᠦᠬᠦ ᠵᠢᠯ ᠤᠨ ᠬᠠᠷᠠᠯᠲᠠ ᠡᠬᠦᠷᠭᠡ ᠶᠢᠨ ᠲᠤᠭᠤᠷᠢᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠠᠲᠤᠯᠠᠵᠤ ᠳᠣᠯᠣᠭᠠᠨ | ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠨᠠᠷᠢᠯᠢᠭ ᠤᠨᠤᠪᠴᠢᠲᠠᠢ ᠪᠠᠷ ᠬᠦᠴᠦᠯᠡᠵᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ | ᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠦ | ᠢᠯᠠᠯᠲᠠ ᠶᠢ ᠤᠯᠬᠤ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠤᠨ ᠬᠦᠴᠦᠯᠡᠨ ᠴᠢᠷᠮᠠᠶᠢᠵᠤ | ᠰᠢᠢᠳᠪᠦᠷᠢᠲᠦ ᠢᠯᠠᠯᠲᠠ ᠶᠢ ᠤᠯᠬᠤ ᠪᠠᠷ ᠪᠦᠬᠦ ᠬᠦᠴᠦᠨ ᠢᠶᠠᠷ ᠢᠶᠠᠨ ᠲᠡᠮᠡᠴᠡᠨ᠎ᠡ᠃ | ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠰᠠᠭᠰᠤ | ᠭᠦᠷᠦᠬᠦ ᠳᠤ ᠰᠡᠬᠦᠯ ᠬᠤᠷᠢᠶᠠᠬᠤ ᠨᠢ ᠴᠢᠬᠤᠯᠠ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠲᠦᠢᠯᠪᠤᠷᠢᠲᠠᠢ ᠣᠯᠵᠤ ᠲᠡᠦᠬᠡᠲᠦ ᠴᠢᠨᠠᠷᠲᠠᠢ ᠪᠠᠷ ᠶᠠᠳᠠᠭᠤ ᠬᠦᠴᠢᠷᠳᠡᠯ ᠢ ᠠᠷᠢᠯᠭᠠᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ | ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠳᠤ ᠪᠦᠬᠦ ᠲᠠᠯ᠎ᠠ ᠪᠠᠷ | ᠪᠠᠶᠢᠴᠠᠭᠠᠯᠲᠠ ᠬᠢᠨ᠎ᠡ᠃ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠳᠠᠶᠢᠴᠢᠯᠠᠬᠤ | ᠦᠢᠯᠡᠳᠦᠯ ᠢ ᠬᠦᠢᠴᠡᠳ ᠪᠠᠳᠠᠷᠠᠭᠤᠯᠤᠨ ᠭᠠᠴᠠᠭ᠎ᠠ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠭᠡᠰᠢᠭᠦᠨ᠂ ᠠᠵᠤ ᠦᠢᠯᠡᠰ ᠤᠨ ᠬᠥᠭᠵᠢᠯᠲᠡ ᠶᠢᠨ | ᠵᠢᠯᠤᠭᠤᠳᠤᠭᠴᠢ ᠪᠠ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠲᠤᠮᠢᠯᠠᠬᠤ ᠳᠤ ᠪᠠᠨ ᠰᠢᠯᠢᠳᠡᠭ ᠰᠠᠶᠢᠨ ᠺᠠᠳ᠋ᠷ | ᠢᠶᠠᠨ ᠰᠤᠩᠭᠤᠨ ᠲᠤᠮᠢᠯᠠᠵᠤ ᠶᠠᠳᠠᠭᠤ ᠠᠴᠠ ᠠᠩᠭᠢᠵᠢᠷᠠᠭᠤᠯᠤᠭᠰᠠᠨ 158 ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠦᠨ 90% ᠠᠴᠠ | ᠳᠡᠭᠡᠭᠰᠢᠬᠢ ᠶᠠᠳᠠᠭᠤ ᠬᠦᠴᠢᠷᠳᠡᠯᠲᠡᠢ ᠡᠷᠦᠬᠡ ᠶᠢ ᠠᠰᠢᠭ ᠲᠤᠰᠠ ᠶᠢᠨ ᠬᠤᠯᠪᠤᠭᠠᠲᠤ ᠰᠢᠰᠲ᠋ᠧᠮ ᠳᠤ ᠣᠷᠣᠭᠤᠯᠬᠤ ᠪᠠᠷ ᠴᠢᠷᠮᠠᠶᠢᠨ᠎ᠠ᠃ ︽ᠵᠠᠭᠤᠨ ᠠᠵᠣ | ᠠᠬᠤᠶᠢᠯᠡᠯ ᠵᠠᠭᠤᠨ ᠭᠠᠴᠠᠭ᠎ᠠ ᠳᠣᠰᠬᠤᠨ ᠢ ᠳᠡᠮᠵᠢᠬᠦ︾ ᠠᠵᠢᠯᠯᠠᠭ᠎ᠠ ᠶᠢ ᠬᠦᠨᠵᠡᠬᠡᠶᠢᠷᠡᠬᠦᠯᠵᠣ ᠣᠷᠣᠨ ᠨᠣᠳᠤᠭ ᠲᠤ ᠰᠠᠭᠤᠷᠢᠰᠢᠭ᠎ᠠ ᠠᠵᠣ ᠠᠬᠤᠶᠢᠯᠡᠯ ᠪᠣᠯᠣᠨ | ᠶᠠᠳᠠᠭᠤ ᠬᠦᠴᠢᠷᠳᠡᠯᠳᠡᠢ ᠡᠷᠦᠬᠡ ᠶᠢᠨ ᠣᠶᠢᠯᠡᠳᠪᠣᠷᠢᠯᠡᠯ ᠪᠠ ᠬᠡᠷᠡᠭᠴᠡᠭᠡ ᠶᠢ ᠵᠠᠯᠭᠠᠯᠳᠣᠭᠤᠯᠬᠤ ᠳᠠᠪᠴᠡᠩ ᠢ ᠪᠠᠶᠢᠭᠤᠯᠵᠣ ᠬᠤᠳᠠᠯᠳᠣᠨ ᠠᠪᠬᠤ ᠪᠠᠷ | ᠪᠣᠷᠣᠯᠠᠭᠤᠯᠬᠤ ᠶᠢ ᠣᠷᠣᠯᠠᠭᠤᠯᠬᠤ᠂ ᠬᠤᠳᠠᠯᠳᠣᠨ ᠠᠪᠬᠤ ᠪᠠᠷ ᠳᠡᠮᠵᠢᠬᠦ ᠶᠢ ᠣᠷᠣᠯᠠᠭᠤᠯᠬᠤ ᠪᠠᠷ ᠶᠠᠳᠠᠭᠤ ᠬᠦᠴᠢᠷᠳᠡᠯᠳᠡᠢ ᠡᠷᠦᠬᠡ ᠶᠢᠨ ᠣᠷᠣᠯᠭ᠎ᠠ ᠶᠢ | ᠨᠡᠮᠡᠭᠳᠡᠬᠦᠯᠥᠨ᠎ᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠬᠥᠳᠡᠯᠦᠩᠬᠦᠢ ᠪᠠᠷ ᠢᠯᠭᠠᠨ ᠲᠠᠨᠢᠬᠤ ᠪᠠ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ ︽ᠶᠠᠳᠠᠭᠤ ᠠᠴᠠ ᠠᠩᠬᠢᠵᠢᠷᠠᠭᠤᠯᠬᠤ ᠳᠠᠭᠠᠳᠬᠠᠯ︾ ᠢ ᠳᠡᠯᠬᠡᠷᠡᠬᠦᠯᠵᠣ ᠡᠷᠡᠬᠦᠯ | ᠮᠠᠨᠳᠣ ᠪᠠ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠷᠭ᠎ᠠ ᠪᠠᠷᠢᠯ ᠢ ᠨᠠᠶᠢᠳᠠᠪᠣᠷᠢᠵᠢᠭᠤᠯᠵᠣ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠪᠠᠷ | ᠳᠤᠲᠠᠮᠠᠭ ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤ ᠬᠦᠴᠢᠷᠳᠡᠯᠳᠡᠢ ᠡᠷᠤᠭᠡ ᠶᠢᠨ ᠪᠠᠷᠢᠮᠵᠢᠶᠠᠨ ᠳᠤ ᠣᠶᠢᠷᠠᠳᠣᠵᠦ ᠪᠠᠶᠢᠭ᠎ᠠ ᠡᠷᠤᠬᠡ ᠶᠢᠨ ᠲᠠᠭᠠᠭᠠᠵᠤ | ᠪᠤᠯᠬᠤ ᠵᠦᠢᠯ ᠢ ᠪᠦᠬᠦᠨ ᠢ ᠲᠠᠭᠠᠭᠠᠵᠤ ᠲᠠᠬᠢᠨ ᠶᠠᠳᠠᠭᠤᠷᠠᠬᠤ ᠶᠢ ᠰᠡᠷᠬᠡᠶᠢᠯᠡᠨ ᠬᠤᠷᠢᠭᠯᠠᠵᠦ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ | ᠪᠠ ᠠᠷᠠᠳ ᠲᠦᠮᠡᠨ ᠤ ᠰᠢᠯᠭᠠᠯᠲᠠ ᠶᠢ ᠲᠤᠭᠤᠯᠬᠤ ᠶᠢ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠲᠦᠪ ᠤᠨ ᠤᠷᠴᠢᠨ ᠲᠤᠭᠤᠷᠢᠨ ᠤ ᠱᠠᠭᠠᠷᠳᠠᠨ | ᠪᠠᠶᠢᠴᠠᠭᠠᠯᠲᠠ ᠶᠢᠨ ︽ᠡᠷᠬᠢᠵᠤ ᠬᠠᠷᠠᠬᠤ︾ ᠵᠢᠴᠢ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠲᠦᠷᠦᠯ ᠤᠨ | ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠲᠤᠷ ᠴᠡᠭᠴᠡᠯᠡᠨ ᠵᠠᠰᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ︽ᠠᠷᠪᠠᠨ ᠶᠡᠭᠡ | ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠵᠥᠩ ᠲᠢᠶᠠᠨ ᠾᠧ ᠴᠤᠸᠠᠩ ᠺᠤᠮᠫᠠᠨᠢ ᠵᠡᠷᠭᠡ 6 ᠠᠵᠤ ᠠᠬᠤᠶᠢᠯᠠᠯ ᠢ ᠱᠠᠯᠠᠪᠳᠠᠭᠤᠯᠤᠨ ᠵᠤᠤᠬᠠᠨ | ᠤ ᠭᠠᠳᠠᠭᠰᠢᠯᠠᠭᠤᠯᠤᠯᠲᠠ ᠶᠢ ᠤᠨᠴᠠ ᠲᠤᠤᠷ᠎ᠠ ᠪᠤᠯᠭᠠᠬᠤ ᠦᠬᠡᠷᠡᠴᠢᠯᠡᠯᠲᠡ ᠪᠠ ᠬᠦᠬᠦᠷ ᠨᠧᠲᠷᠤ᠋ ᠥᠬᠡᠶᠢᠵᠢᠬᠦᠯᠬᠦ ᠥᠭᠡᠷᠡᠴᠢᠯᠡᠯᠲᠡ ᠶᠢ ᠪᠡᠶᠡᠯᠡᠭᠦᠯᠵᠦ ᠲᠣᠭᠤᠰᠣ | ᠰᠢᠷᠤᠢ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠤᠷᠭᠠᠨᠢᠭ ᠪᠣᠳᠠᠰ ᠢ ᠵᠠᠰᠠᠨ ᠴᠡᠭᠴᠡᠯᠡᠬᠦ ᠶᠢ ᠴᠢᠩᠭᠠᠳᠬᠠᠨ ᠠᠭᠠᠷ ᠮᠠᠨᠳᠠᠯ ᠤᠨ | ᠴᠡᠪᠡᠷᠴᠡ ᠶᠢᠨ ᠶᠠᠰᠣ ᠴᠢᠨᠡᠷ ᠢ ᠪᠠᠳᠣᠯᠠᠨ᠎ᠠ᠃ ᠵᠦᠩ ᠮᠸᠢ ᠪᠦᠯᠦᠭᠯᠡᠯ ᠤᠨ ᠮᠸᠡᠭ ᠳ᠋ᠠ ᠺᠤᠮᠫᠠᠨᠢ ᠵᠡᠷᠭᠡ 4 ᠠᠵᠤ ᠠᠬᠤᠶᠢᠯᠠᠯ ᠢ ᠱᠠᠭᠠᠷᠳᠠᠨ ᠦᠨᠳᠦᠷ | ᠲᠠᠪᠤᠰᠤᠲᠤ ᠤᠰᠤ ᠶᠢ ᠲᠠᠪᠤᠰᠤ ᠦᠭᠡᠶᠢᠵᠢᠬᠦᠯᠦᠨ ᠲᠠᠯᠠᠰᠵᠢᠭᠤᠯᠬᠤ ᠲᠦᠬᠦᠭᠡᠷᠦᠮᠵᠢ ᠶᠢ ᠪᠠᠶᠢᠭᠤᠯᠤᠨ ᠮᠦᠩᠬᠡᠴᠢ᠂ ᠮᠠᠩᠭᠢᠰᠤᠨ ᠵᠠᠳᠠᠭᠠᠢ᠂ ᠨᠠᠷᠢᠠᠭᠤᠤᠯ | ᠬᠤᠶᠠᠳᠤᠭᠠᠷ ᠨᠡᠬᠦᠷᠡᠰᠦᠨ ᠠᠭᠤᠷᠬᠠᠢ ᠶᠢᠨ ᠤᠰᠤ ᠶᠢ ᠬᠦᠨᠵᠡᠭᠡᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠭᠠᠯᠠᠭᠤᠲᠤ | ᠪᠠᠯᠭᠠᠰᠤᠨ ᠤ ᠠᠮᠢ ᠠᠬᠤᠢ ᠶᠢᠨ ᠤᠰᠤᠨ ᠰᠢᠰᠲ᠋ᠧᠮ ᠪᠠ ᠪᠠᠭᠠᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠬᠡᠷᠡᠭᠵᠢᠬᠦᠯᠦᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠭᠤᠤᠯᠳᠠᠯᠭᠠᠲᠤ ᠲᠤᠭᠤᠷᠢᠭ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ | ᠠᠬᠢᠭᠤᠯᠤᠨ᠎ᠠ᠃ ᠲᠤᠭ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠤᠭᠤᠷᠢᠭ ᠪᠠ ᠶᠢᠨ ᠴᠧᠩ ᠲᠠᠢ ᠺᠣᠮᠫᠠᠨᠢ ᠶᠢᠨ ᠰᠢᠭᠠᠷᠣ ᠶᠢᠨ ᠳᠠᠯᠠᠪᠠᠢ ᠶᠢᠨ | ᠪᠦᠳᠦᠬᠡᠨ ᠪᠠᠶᠢᠭᠤᠯᠥᠯᠳᠡ ᠶᠢ ᠠᠬᠢᠭᠤᠯᠵᠣ ᠬᠤᠯᠤᠰᠤ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠴᠢᠯᠠᠭᠤ ᠶᠢ ᠡᠬᠡᠭᠦᠯᠦᠨ ᠬᠢᠵᠤ ᠠᠭᠤᠷᠬᠠᠢ ᠶᠢ ᠪᠤᠯᠠᠬᠤ | ᠰᠢᠰᠲ᠋ᠧᠮ ᠢ ᠠᠰᠢᠭᠯᠠᠯᠲᠠ ᠳᠤ ᠤᠷᠤᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠨᠡᠭᠡᠭᠡᠨ ᠮᠠᠯᠲᠠᠬᠤ ᠠᠴᠠ ᠪᠤᠢ ᠪᠤᠯᠤᠭᠰᠠᠨ ᠬᠠᠶᠠᠭᠳᠠᠮᠠᠯ ᠪᠣᠳᠠᠰ ᠢ | ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠣᠷᠣᠨ ᠪᠦᠰᠡ ᠶᠢᠨ ᠬᠠᠷᠠᠭᠠᠨ ᠳᠠᠪᠲᠠᠮᠵᠢ | ᠶᠢᠨ ᠬᠢᠨᠠᠨ ᠡᠵᠡᠮᠰᠢᠯ ᠤᠨ ᠨᠠᠶᠢᠳᠠᠮᠵᠢᠬᠦᠯᠥᠯᠳᠡ ᠶᠢ ᠦᠷᠭᠡᠳᠭᠡᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠭᠠᠷ ᠲᠠᠳᠠᠭᠤ | ᠠᠮᠢᠳᠤᠷᠠᠯ ᠢ ᠦᠩᠭᠡᠷᠡᠬᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠡᠩ ᠤᠨ ᠴᠢᠨᠠᠷᠲᠠᠶ ᠵᠠᠷᠤᠯᠭ᠎ᠠ ᠶᠢ 20% ᠪᠠᠷ ᠪᠠᠭᠠᠰᠬᠠᠨ ᠪᠠᠩᠬᠢ ᠶᠢᠨ | ᠵᠢᠭᠡᠯᠡᠯᠭᠡ ᠶᠢᠨ ᠬᠤᠭᠤᠴᠠᠭ᠎ᠠ ᠶᠢ ᠠᠯᠭᠤᠷᠯᠠᠭᠤᠯᠬᠤ᠂ ᠬᠦᠤ ᠮᠥᠩᠭᠦ ᠶᠢ ᠪᠠᠭᠤᠷᠠᠭᠤᠯᠬᠤ ᠪᠠᠷ ᠴᠢᠷᠮᠠᠶᠢᠵᠤ ᠭᠠᠶᠢᠯᠢ ᠲᠠᠲᠠᠪᠤᠷᠢᠯᠠᠵᠤ ᠬᠠᠮᠢᠶᠠᠷᠬᠤ᠂ ᠰᠤᠯᠠ | ᠪᠠᠶᠢᠭ᠎ᠠ ᠡᠳ᠋ ᠬᠦᠷᠦᠩᠭᠡ ᠶᠢ ᠰᠢᠢᠳᠪᠦᠷᠢᠯᠡᠬᠦ ᠶᠢ ᠴᠢᠩᠭᠠᠳᠬᠠᠨ ᠠᠵᠣ ᠠᠬᠤᠶᠢᠯᠡᠯ ᠲᠠᠢ ᠬᠤᠯᠪᠣᠭᠳᠠᠭᠰᠠᠨ ᠦᠷᠢ ᠰᠢᠷᠢ ᠶᠢ ᠰᠠᠯᠭᠠᠨ ᠢᠯᠠᠭᠠᠷᠠᠭᠤᠯᠵᠣ | ᠵᠠᠰᠠᠭ ᠤᠨ ᠣᠷᠳᠣᠨ ᠤ ᠥᠷᠢ ᠰᠢᠷᠢ ᠶᠢ ᠢᠯᠭᠠᠷᠠᠭᠤᠯᠬᠤ ᠤᠨ ᠤ ᠡᠬᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠦᠷᠢᠴᠡᠯ ᠵᠢᠭᠤᠷᠠᠯᠳᠤᠭᠠᠨ ᠥᠬᠡᠶ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠨ ᠶᠢ ᠴᠠᠭ ᠲᠤᠬᠠᠶ ᠳᠤᠨᠢ ᠢᠯᠭᠠᠷᠠᠭᠤᠯᠤᠨ ᠡᠶᠡᠳᠡᠭᠦᠯᠬᠦ᠂ ᠵᠥᠪᠳᠡᠯᠴᠡᠬᠦ ᠵᠡᠷᠭᠡ ᠠᠷᠭ᠎ᠠ ᠵᠠᠮ ᠢᠶᠠᠷ | ᠳᠠᠮᠵᠢᠭᠤᠯᠤᠨ ᠵᠦᠷᠢᠴᠡᠯ ᠵᠢᠭᠤᠷᠠᠯᠳᠤᠭᠠᠨ ᠲᠠᠢ ᠭᠡᠰᠡᠭ ᠢ ᠲᠥᠷᠥᠯ ᠬᠤᠪᠢᠶᠠᠨ ᠰᠢᠢᠳᠪᠦᠷᠢᠯᠡᠨ᠎ᠡ᠃ ᠲᠦᠷᠥᠯ ᠵᠣᠶᠢᠯ ᠢ ᠨᠦᠬᠡᠴᠡᠯᠡᠬᠦ ᠡᠮᠦᠨ᠎ᠡ ᠬᠤᠭᠤᠴᠠᠭᠠᠨ ᠤ | ᠠᠵᠢᠯ ᠢ ᠰᠠᠶᠢᠳᠣᠷ ᠠᠳᠬᠤᠵᠤ ᠵᠠᠰᠠᠭ ᠤᠨ ᠣᠷᠳᠣᠨ ᠤ ᠪᠡᠯᠡ ᠮᠦᠩᠬᠦᠨ ᠤ ᠣᠷᠣᠭᠤᠯᠤᠯᠲᠠ ᠶᠢᠨ ᠬᠠᠨᠳᠤᠰᠢ ᠪᠠ ᠲᠦᠷᠥᠯ ᠵᠣᠶᠢᠯ ᠤᠨ ᠬᠡᠪᠴᠢᠶᠠᠵᠢᠯ᠂ | ᠪᠠᠷᠢᠮᠵᠢᠶ᠎ᠠ ᠶᠢ ᠵᠦᠢ ᠵᠣᠬᠢᠰᠳᠡᠢ ᠬᠢᠵᠠᠭᠠᠷᠯᠠᠵᠣ ᠳᠡᠬᠡᠳᠣ ᠱᠠᠳᠣᠨ ᠤ ᠳᠣᠰᠬᠠᠢ ᠲᠦᠷᠥᠯ ᠤᠨ ᠪᠡᠯᠡ ᠮᠦᠩᠬᠦ ᠪᠠ ᠦᠷᠢ ᠶᠢᠨ ᠳᠡᠮᠳᠡᠭᠳᠣ ᠶᠢᠨ ᠪᠡᠯᠡ ᠮᠦᠩᠬᠦ ᠶᠢ | ᠢᠳᠡᠪᠬᠢᠳᠡᠢ ᠳᠠᠮᠠᠴᠠᠨ ᠣᠯᠵᠣ ᠪᠡᠯᠡ ᠮᠦᠩᠬᠦᠨ ᠤ ᠢᠷᠡᠯᠲᠡ ᠶᠢ ᠨᠠᠶᠢᠳᠠᠪᠤᠷᠢᠵᠢᠭᠤᠯᠤᠭᠠᠳᠤᠶ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠴᠢᠩᠭ᠎ᠠ | ᠬᠤᠷᠢᠭᠯᠠᠨ᠎ᠠ᠃ ᠪᠤᠷᠤ ᠬᠡᠷᠲᠤ ᠲᠤᠭᠤᠷᠢᠭ ᠤᠨ 3850 ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠰᠣᠯᠢᠬᠤ ᠭᠡᠷᠡᠴᠢ ᠪᠠᠷᠢᠮᠲᠠ ᠶᠢ ᠴᠠᠭ ᠲᠤᠬᠠᠶ ᠳᠤᠨᠢ | ᠰᠤᠯᠢᠵᠤ ᠦᠭᠭᠦᠨ᠎ᠡ᠃ ᠨᠢᠭᠡᠨᠲᠡ ᠰᠢᠭᠦᠨ ᠲᠠᠰᠤᠯᠤᠭᠰᠠᠨ ᠬᠠᠤᠯᠢ ᠪᠤᠰᠤ ᠪᠠᠷ ᠮᠦᠩᠭᠦ ᠴᠤᠭᠯᠠᠭᠤᠯᠤᠭᠰᠠᠨ 8 ᠬᠡᠷᠡᠭ ᠤᠨ ᠬᠡᠷᠡᠭ ᠲᠤ ᠬᠤᠯᠪᠣᠭᠳᠠᠭᠰᠠᠨ ᠡᠳ᠋ | ᠬᠥᠷᠥᠩᠭᠡ ᠶᠢ ᠰᠢᠢᠳᠪᠦᠷᠢᠯᠡᠬᠦ ᠶᠢ ᠠᠭᠢᠭᠤᠯᠤᠨ᠎ᠠ᠃ ᠣᠯᠣᠰ ᠤᠨ ᠦᠮᠴᠢᠯᠡᠯᠳᠣ ᠠᠵᠣ ᠠᠬᠤᠶᠢᠯᠡᠯ ᠤᠨ ᠬᠦᠭᠵᠢᠯᠳᠡ ᠶᠢᠨ ᠬᠡᠯᠪᠠᠷᠢ ᠪᠠᠨ ᠬᠤᠪᠢᠷᠠᠭᠤᠯᠣᠨ | ᠬᠦᠭᠵᠢᠬᠦᠯᠬᠦ ᠶᠢ ᠲᠦᠷᠬᠡᠳᠬᠡᠨ ᠠᠬᠢᠭᠤᠯᠵᠣ ᠳᠠᠮᠣᠷ ᠵᠠᠮ ᠤᠨ ᠪᠠᠷᠠᠭᠠᠨ ᠬᠦᠢᠯᠬᠡᠬᠡ᠂ ᠰᠣᠶᠣᠯ ᠵᠢᠭᠤᠯᠴᠢᠯᠡᠯ᠂ ᠠᠮᠢ ᠠᠬᠤᠢ ᠤᠷᠴᠢᠨ ᠲᠤᠭᠤᠷᠢᠨ ᠵᠢᠴᠢ | ᠬᠤᠳᠠ ᠪᠠᠯᠭᠠᠰᠣᠨ ᠤ ᠰᠠᠭᠤᠷᠢ ᠲᠦᠬᠦᠬᠡᠷᠣᠮᠵᠢ ᠶᠢᠨ ᠪᠦᠳᠦᠬᠡᠨ ᠪᠠᠶᠢᠭᠤᠯᠣᠯᠳᠠ᠂ ᠮᠠᠯ ᠤᠨ ᠠᠰᠢᠭ ᠰᠢᠮ᠎ᠡ ᠶᠢᠨ ᠣᠶᠢᠯᠡᠳᠬᠦᠨ ᠪᠠ ᠳᠠᠷᠢᠶᠠᠯᠠᠩ ᠤᠨ | ᠪᠦᠳᠦᠬᠡᠭᠳᠡᠬᠦᠨ ᠤ ᠪᠣᠷᠣᠯᠠᠭᠤᠯᠣᠯᠳᠠ ᠵᠡᠷᠬᠡ ᠳᠠᠯ᠎ᠠ ᠪᠠᠷ ᠨᠡᠶᠢᠬᠡᠮ ᠤᠨ ᠦᠷᠢᠰᠣᠯᠳᠣᠬᠡᠨ ᠳᠤ ᠣᠷᠣᠯᠴᠠᠵᠣ ᠪᠣᠳᠠᠳᠣ ᠴᠣᠭᠴᠠ ᠶᠢᠨ ᠲᠦᠷᠥᠯ ᠵᠣᠶᠢᠯ ᠢ | ᠬᠦᠭᠵᠢᠬᠦᠯᠥᠨ ᠡᠵᠡᠩᠨᠡᠯᠳᠡ ᠶᠢᠨ ᠣᠷᠣᠯᠭ᠎ᠠ ᠶᠢ ᠨᠡᠮᠡᠭᠳᠡᠬᠦᠯᠦᠨ᠎ᠡ᠃ | ︵ᠬᠤᠶᠠᠷ︶ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠵᠤ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠲᠦᠷᠭᠡᠳᠬᠡᠨ | ᠪᠤᠢ ᠪᠤᠯᠭᠠᠨ᠎ᠠ᠃ ᠴᠢᠨᠠᠷ ᠰᠠᠶᠢᠲᠠᠶᠬᠥ᠋ᠭᠵᠢᠯᠲᠡ ᠶᠢᠨ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ ︽ᠠᠵᠤ ᠦᠢᠯᠡᠳᠪᠦᠷᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠲᠤᠭᠳᠠᠭᠠᠵᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠤᠨ ᠰᠠᠭᠤᠷᠢ ᠴᠢᠳᠠᠪᠬᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠦᠨ ᠠᠵᠤ ᠦᠢᠯᠡᠰ ᠤᠨ ᠲᠥᠷᠥᠯ ᠵᠦᠢᠯ ᠢ ᠤᠷᠢᠳᠴᠢᠯᠠᠨ ᠲᠥᠯᠥᠪᠯᠡᠵᠦ | ᠰᠢᠨ᠎ᠡ ᠬᠠᠭᠤᠴᠢᠨ ᠬᠦᠳᠡᠯᠭᠡᠭᠴᠢ ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ ᠲᠦᠷᠭᠡᠳᠬᠡᠨ ᠣᠯᠠᠨ ᠲᠦᠢᠯ ᠢᠶᠠᠷ ᠲᠤᠯᠭᠠᠭᠤᠷᠢᠯᠠᠬᠤ᠂ ᠣᠯᠠᠨ ᠡᠰᠢᠴᠢᠯᠡᠨ | ᠬᠥᠭᠵᠢᠬᠦ ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ | ᠮᠢᠩᠭᠠᠨ ᠳ᠋ᠦᠩᠰᠢᠭᠤᠷ ᠲᠦᠬᠦᠷᠢᠭ ᠤᠨ ᠲᠡᠰ ᠤᠨ ︽ᠳᠥᠷᠪᠡᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ︽ᠳᠥᠷᠪᠡᠨ | ᠬᠡᠯᠪᠡᠷᠢ︾ ᠶᠢᠨ ᠬᠦᠷᠢᠶᠡᠯᠡᠩ ᠲᠣᠭᠤᠷᠢᠭ ᠤᠨ ᠣᠨᠣᠯᠵᠢᠭᠤᠨ ᠢ ᠲᠡᠭᠦᠯᠳᠡᠷᠵᠢᠭᠦᠯᠵᠦ ᠬᠦᠷᠢᠶᠡᠯᠡᠩ ᠲᠤᠭᠤᠷᠢᠭ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠨ ᠴᠢᠳᠠᠪᠬᠢ ᠨᠢ ᠪᠦᠷᠢᠨ ᠲᠡᠭᠦᠯᠳᠡᠷ᠂ ᠪᠠᠶᠢᠷᠢ ᠲᠣᠭᠲᠠᠭᠠᠯᠲᠠ ᠨᠢ ᠨᠠᠷᠢᠯᠢᠭ ᠣᠨᠣᠪᠴᠢᠲᠠᠶ᠂ | ᠬᠡᠯᠬᠢᠶᠡᠵᠢᠯ ᠨᠢ ᠪᠦᠷᠢᠨ ᠪᠦᠲᠦᠨ᠂ ᠣᠨᠴᠠᠯᠢᠭ ᠨᠢ ᠢᠯᠡ ᠲᠣᠳᠣ ᠬᠦᠷᠢᠶᠡᠯᠡᠩ ᠲᠤᠭᠤᠷᠢᠭ ᠢ ᠪᠦᠲᠦᠬᠡᠨ ᠪᠠᠶᠢᠭᠤᠯᠵᠤ ᠦᠢᠯᠡᠳᠬᠦᠨ ᠤ ᠥᠷᠲᠡᠭ ᠢ ᠮᠢᠩᠭᠠᠨ | ᠳ᠋ᠦᠩᠰᠢᠭᠤᠷ ᠲᠥᠭᠦᠷᠢᠭ ᠪᠤᠯᠭᠠᠬᠤ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠢ ᠰᠢᠯᠢᠳᠡᠭᠵᠢᠬᠦᠯᠦᠨ ᠲᠤᠬᠢᠷᠠᠭᠤᠯᠬᠤ ᠠᠵᠢᠯ ᠢ ᠠᠬᠢᠭᠤᠯᠤᠨ ᠬᠠᠮᠢᠶ᠎ᠠ ᠪᠦᠬᠦᠢ | ᠲᠥᠯᠥᠪᠵᠢᠬᠦᠯᠭᠡ ᠶᠢ ᠵᠠᠰᠠᠪᠤᠷᠢᠯᠠᠨ ᠲᠤᠭᠳᠠᠭᠠᠵᠤ ᠤᠷᠲᠤ ᠬᠤᠭᠤᠴᠠᠭ᠎ᠠ ᠰᠤᠨᠵᠢᠷᠠᠭᠤᠯᠤᠭᠠᠳ ᠪᠦᠲᠦᠭᠡᠨ ᠪᠠᠶᠢᠭᠤᠯᠬᠤ ᠦᠭᠡᠢ ᠲᠥᠷᠥᠯ ᠵᠦᠢᠯ ᠤᠨ ᠡᠵᠡᠯᠡᠬᠦ | ᠭᠠᠵᠠᠷ ᠰᠢᠷᠣᠢ ᠵᠡᠷᠭᠡ ᠡᠯᠧᠮᠧᠨ᠋ᠲ ᠶᠢᠨ ᠡᠬᠢ ᠪᠠᠶᠠᠯᠢᠭ ᠢ ᠡᠮᠬᠢᠳᠭᠡᠨ ᠴᠡᠭᠴᠡᠯᠡᠭᠡᠳ ᠠᠮᠢᠳᠤᠯᠢᠭ ᠪᠤᠯᠭᠠᠵᠤ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠪᠠ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠭᠤᠷᠢᠭ᠂ ᠦᠤᠰᠢᠨᠵᠤᠤ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠤᠨ | ᠲᠣᠭᠤᠷᠢᠭ ᠤᠨ ᠵᠠᠮ᠂ ᠪᠤᠬᠢᠷ ᠤᠰᠤ ᠶᠢ ᠴᠡᠪᠡᠷᠰᠢᠬᠦᠯᠦᠨ ᠠᠰᠢᠭᠯᠠᠬᠤ ᠬᠤᠭᠤᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠲᠤᠭ ᠠᠵᠤ | ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠤᠨ ︽ᠪᠠᠷᠢᠮᠵᠢᠶᠠᠲᠤ ᠭᠠᠵᠠᠷ︾᠂ ︽ᠪᠠᠷᠢᠮᠵᠢᠶᠠᠲᠤ ᠦᠢᠯᠡᠳᠪᠦᠷᠢ ᠶᠢᠨ ᠲᠠᠰᠤᠭ︾᠂ ︽ | ᠬᠦᠳᠡᠯᠭᠡᠭᠴᠢ ᠬᠦᠴᠦᠨ ᠤ ᠲᠦᠪ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠦᠩ ᠮᠸᠢ ᠪᠦᠯᠦᠭᠯᠡᠯ ᠵᠡᠷᠭᠡ ᠤᠷᠤᠨ ᠨᠤᠲᠤᠭ ᠲᠤ | ᠰᠠᠭᠤᠷᠢᠰᠢᠭᠰᠠᠨ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠶᠢᠨ ᠦᠢᠯᠡᠳᠪᠦᠷᠢ ᠶᠢᠨ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠬᠤ ᠶᠢ | ᠳᠡᠮᠵᠢᠵᠤ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠢ ᠬᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠬᠦᠳᠦᠭᠰᠡᠨ ᠲᠤᠭᠳᠠᠯᠴᠠᠭ᠎ᠠ ᠶᠢ | ᠪᠠᠶᠢᠭᠤᠯᠤᠨ᠎ᠠ᠃ ᠠᠵᠤ ᠦᠢᠯᠡᠰ ᠤᠨ ᠦᠢᠯᠡᠴᠢᠯᠡᠭᠡᠨ ᠤ ᠪᠤᠯᠪᠠᠰᠤᠷᠠᠯ ᠤᠨ ᠲᠦᠪ ᠵᠢᠴᠢ ᠠᠵᠤ ᠦᠢᠯᠡᠳᠪᠦᠷᠢ ᠶᠢᠨ ᠦᠵᠡᠰᠬᠦᠯᠡᠩ ᠢ ᠡᠬᠢᠯᠡᠬᠦᠯᠦᠨ ᠪᠦᠲᠦᠭᠡᠨ | ᠪᠠᠶᠢᠭᠤᠯᠵᠤ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠨᠤᠭᠤᠳ ᠲᠠᠢ ᠬᠠᠮᠲᠤᠷᠠᠨ ᠤᠷᠴᠢᠨ ᠲᠣᠭᠤᠷᠢᠨ ᠤ | ᠬᠠᠮᠠᠭᠠᠯᠠᠯᠲᠠ᠂ ᠠᠮᠤᠷ ᠲᠦᠪᠰᠢᠨ᠂ ᠬᠢᠮᠢ ᠶᠢᠨ ᠦᠢᠯᠡᠳᠪᠦᠷᠢ ᠶᠢᠨ ᠬᠦᠷᠢᠶᠡᠨ ᠳᠠᠬᠢ ᠬᠠᠮᠢᠶᠠᠷᠤᠯᠲᠠ ᠪᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠬᠠᠮᠢᠶᠠᠷᠤᠯᠲᠠ ᠪᠠᠨ ᠰᠠᠶᠢᠵᠢᠷᠠᠭᠤᠯᠬᠤ ᠪᠠᠷ ᠳᠠᠮᠵᠢᠭᠤᠯᠤᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ | ᠨᠤᠷᠮ᠎ᠠ ᠶᠢ ᠳᠡᠭᠡᠭᠰᠢᠯᠡᠭᠦᠯᠬᠦ ᠶᠢ ᠳᠡᠮᠵᠢᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠎ᠠ᠃ ᠪᠦᠦ ᠹᠧᠩ ᠡᠨᠧᠷᠭᠢ ᠶᠢᠨ ᠪᠦᠯᠦᠭᠯᠡᠯ ᠤᠨ ᠨᠡᠬᠦᠷᠡᠰᠦ ᠪᠠᠷ ᠠᠯᠺᠧᠨ | ᠦᠢᠯᠡᠳᠬᠦ᠂ ᠵᠦᠩ ᠲᠢᠶᠠᠨ ᠾᠧ ᠴᠤᠸᠠᠩ ᠺᠤᠮᠫᠠᠨᠢ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ | ᠭᠤᠷᠪᠠᠳᠤᠭᠠᠷ ᠬᠤᠭᠤᠴᠠᠭ᠎ᠠ ᠵᠡᠷᠭᠡ ᠴᠢᠬᠤᠯᠠ ᠶᠡᠭᠡ ᠰᠠᠭᠤᠷᠢ ᠪᠤᠯᠬᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠦᠭᠵᠢᠯᠲᠡ ᠶᠢᠨ | ᠬᠠᠨᠳᠤᠰᠢ ᠶᠢ ᠮᠥᠷᠳᠡᠵᠦ ᠨᠡᠬᠦᠷᠡᠰᠦᠨ ᠠᠭᠤᠷᠬᠠᠶ ᠶᠢᠨ ᠠᠮᠠᠰᠠᠷ ᠤᠨ ᠬᠠᠵᠠᠭᠤ ᠪᠠᠷ ᠪᠠᠶᠢᠷᠢᠯᠠᠬᠤ ᠴᠠᠬᠢᠯᠭᠠᠨ ᠦᠢᠯᠡᠳᠪᠦᠷᠢ ᠪᠠ ᠴᠠᠬᠢᠯᠭᠠᠨ ᠢ ᠭᠠᠳᠠᠭᠰᠢ ᠬᠦᠷᠭᠡᠬᠦ | ᠤᠳᠠᠰᠤ ᠶᠢᠨ ᠪᠠᠶᠢᠷᠢᠰᠢᠭᠤᠯᠤᠯᠲᠠ ᠶᠢ ᠠᠬᠢᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ | ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠢ ᠡᠬᠢᠯᠡᠬᠦᠯᠦᠨ᠎ᠡ᠃ ᠬᠡᠷᠡᠯ ᠴᠠᠬᠢᠯᠭᠠᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠷᠢᠯᠠᠭᠤᠯᠵᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠤᠷᠢᠳᠴᠢᠯᠠᠨ ᠲᠥᠯᠥᠪᠯᠡᠨ᠎ᠡ᠃ ᠠᠷᠠᠯᠵᠢᠶᠠᠴᠢᠨ ᠤᠷᠢᠵᠤ ᠪᠠᠯᠠ | ᠤᠷᠤᠭᠤᠯᠬᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠨᠠᠨᠵᠢᠩ ᠤᠨ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠯᠦᠭᠡ ᠬᠠᠮᠳᠤᠷᠠᠯᠴᠠᠭ᠎ᠠ ᠪᠠᠨ ᠴᠢᠩᠭᠠᠳᠬᠠᠵᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠨ ᠣᠨᠣᠪᠴᠢᠲᠠᠢ ᠪᠠᠷ ᠠᠷᠠᠯᠵᠢᠶᠠᠴᠢᠨ ᠤᠷᠢᠵᠤ ᠰᠢᠨ᠎ᠡ | ᠮᠠᠲ᠋ᠧᠷᠢᠶᠠᠯ ᠵᠡᠷᠭᠡ ᠬᠡᠯᠬᠢᠶᠡᠵᠢᠯ ᠢᠶᠠᠨ ᠤᠷᠳᠤᠳᠬᠠᠬᠤ᠂ ᠬᠡᠯᠬᠢᠶᠡᠵᠢᠯ ᠢᠶᠠᠨ ᠨᠦᠬᠦᠪᠦᠷᠢᠯᠡᠬᠦ᠂ ᠬᠡᠯᠬᠢᠶᠡᠵᠢᠯ ᠢᠶᠠᠨ ᠴᠢᠩᠭᠠᠳᠬᠠᠬᠤ ᠲᠦᠷᠦᠯ ᠵᠦᠢᠯ ᠢ | ᠣᠷᠣᠭᠤᠯᠤᠨ ᠠᠪᠴᠢᠷᠠᠨ᠎ᠠ᠃ ᠵᠤᠬᠢᠶᠠᠮᠠᠯ ᠤᠶᠤᠨ᠂ ᠤᠷᠤᠨ ᠬᠡᠰᠡᠭ ᠤᠨ ᠴᠦᠷᠭᠡᠯᠡᠭᠡ᠂ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ | ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢ ᠲᠦᠯᠦᠪᠵᠢᠬᠦᠯᠦᠨ ᠪᠦᠲᠦᠭᠡᠨ ᠪᠠᠶᠢᠭᠤᠯᠬᠤ ᠪᠠ ᠠᠵᠤ ᠦᠢᠯᠡᠰᠵᠢᠬᠦᠯᠦᠨ ᠬᠡᠷᠡᠭᠯᠡᠬᠦ ᠶᠢ ᠠᠬᠢᠭᠤᠯᠤᠨ ᠠᠵᠤ | ᠦᠢᠯᠡᠳᠪᠦᠷᠢᠵᠢᠬᠦᠯᠦᠯᠲᠡ ᠪᠠ ᠴᠢᠮᠡᠭᠡ ᠵᠠᠩᠭᠢᠴᠢᠯᠠᠯᠲᠠ ᠶᠢ ᠠᠭᠤᠰᠤᠯᠴᠠᠭᠤᠯᠤᠨ ᠬᠦᠭᠵᠢᠬᠦᠯᠵᠤ ᠲᠤᠭᠠᠴᠠᠯᠠᠭᠰᠠᠨ ᠠᠵᠤ ᠠᠬᠤᠢ ᠶᠢᠨ ᠰᠢᠨ᠎ᠡ ᠪᠠᠶᠢᠳᠠᠯ᠂ ᠰᠢᠨ᠎ᠡ | ᠵᠠᠭᠪᠤᠷ ᠢ ᠪᠤᠢ ᠪᠤᠯᠭᠠᠨ᠎ᠠ᠃ | ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠴᠢᠬᠤᠯᠠ ᠶᠡᠭᠡ ᠲᠥᠷᠥᠯ ᠵᠦᠢᠯ ᠢ ᠰᠢᠶᠠᠨ ᠤ ᠲᠡᠰ ᠤᠨ | ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ ᠠᠵᠤ ᠠᠬᠤᠶᠢᠯᠠᠯ ᠤᠨ ᠲᠥᠷᠥᠯ ᠵᠦᠢᠯ ᠤᠨ ᠬᠢᠨᠠᠨ | ᠵᠦᠪᠰᠢᠶᠡᠷᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠶ ᠳᠤᠨᠢ ᠰᠢᠢᠳᠪᠦᠷᠢᠯᠡᠵᠤ 20 ᠲᠦᠷᠥᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠ 107 ᠲᠦᠷᠦᠯ ᠤᠨ 500 ᠲᠦᠮᠡᠨ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ ᠴᠠᠭ ᠲᠤᠬᠠᠶ ᠳᠤᠨᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠨ᠎ᠡ᠃ ᠨᠡᠭᠦᠷᠡᠰᠦᠨ ᠠᠭᠤᠷᠬᠠᠢ ᠶᠢᠨ ᠭᠠᠷ | ᠬᠦᠢᠴᠡᠳᠬᠡᠯ ᠢ ᠠᠬᠢᠭᠤᠯᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠳᠳᠤᠭ ᠢ 400 ᠰᠢᠨ᠎ᠡ ᠪᠠᠷ ᠮᠠᠯᠲᠠᠵᠤ ᠡᠨᠧᠷᠬᠢ ᠶᠢᠨ ᠬᠠᠩᠭᠠᠯᠭ᠎ᠠ ᠶᠢᠨ ᠪᠠᠳᠤᠯᠠᠭ᠎ᠠ | ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠵᠦᠸᠧ ᠵᠧᠩ ᠺᠤᠮᠫᠠᠨᠢ᠂ ᠱᠠᠨᠰᠢ ᠨᠡᠭᠦᠷᠡᠰᠦᠨ ᠪᠦᠯᠦᠭᠯᠡᠯ ᠤᠨ ᠵᠢᠶᠠᠨ ᠹᠧᠩ ᠺᠤᠮᠫᠠᠨᠢ ᠵᠡᠷᠭᠡ ᠪᠠᠷᠢᠯᠭ᠎ᠠ ᠵᠤᠭᠰᠤᠭᠰᠠᠨ | ᠲᠥᠷᠥᠯ ᠵᠦᠢᠯ ᠢᠶᠠᠨ ᠲᠠᠬᠢᠨ ᠡᠬᠢᠯᠡᠬᠦᠯᠬᠦ ᠶᠢ ᠠᠬᠢᠭᠤᠯᠤᠨ ᠵᠦᠩ ᠮᠸᠢ ᠪᠦᠯᠦᠭᠯᠡᠯ ᠤᠨ ᠶᠤᠸᠠᠨ ᠰᠢᠩ ᠺᠤᠮᠫᠠᠨᠢ ᠶᠢᠨ 60 ᠲᠦᠮᠡᠨ ᠲᠣᠨ ᠮᠧᠲ᠋ᠢᠯ | ᠠᠯᠺᠣᠣᠯ ᠤᠨ ᠮᠡᠷᠭᠡᠵᠢᠯ ᠤᠨ ᠥᠭᠡᠷᠡᠴᠢᠯᠡᠯᠲᠡ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠶᠢᠨ 100 ᠲᠦᠮᠡᠨ | ᠲᠣᠨ ᠨᠡᠶᠢᠯᠡᠮᠠᠯ ᠬᠡᠢ ᠪᠠᠷ ᠮᠧᠲ᠋ᠢᠯ ᠠᠯᠺᠣᠣᠯ ᠦᠢᠯᠡᠳᠬᠦ ᠮᠡᠷᠭᠡᠵᠢᠯ ᠤᠨ ᠥᠭᠡᠷᠡᠴᠢᠯᠡᠯᠲᠡ ᠵᠢᠴᠢ ᠢᠵᠢ ᠪᠦᠷᠢᠳᠦᠬᠦᠯᠦᠭᠰᠡᠨ ᠬᠤᠭᠤᠯᠠᠶ ᠱᠤᠭᠤᠮ᠂ ᠵᠥᠩ ᠲᠢᠶᠠᠨ | ᠾᠧ ᠴᠤᠸᠠᠩ ᠺᠤᠮᠫᠠᠨᠢ ᠶᠢᠨ ᠳᠣᠤᠷ᠎ᠠ ᠳᠠᠷᠤᠯᠲᠠᠲᠤ ᠭᠠᠯ ᠪᠠᠮᠪᠠᠷ ᠢ ᠥᠭᠡᠷᠡᠴᠢᠯᠡᠬᠦ᠂ ᠰᠾᠢ ᠬᠠᠶ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ | ᠶᠢᠨ ᠨᠢᠭᠡᠳᠦᠭᠡᠷ ᠬᠤᠭᠤᠴᠠᠭᠠᠨ ᠤ 15 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ | ᠣᠳᠣ ᠦᠶ᠎ᠡ ᠶᠢᠨ ᠪᠠᠷᠠᠭᠠᠨ ᠭᠦᠢᠯᠭᠡᠭᠡᠨ ᠤ ᠦᠢᠯᠡᠰ ᠢ ᠬᠥᠭᠵᠢᠭᠦᠯᠦᠨ᠎ᠡ᠃ ᠬᠤᠯᠪᠤᠭᠠᠯᠵᠢ ᠠᠴᠠ ᠵᠢᠢ ᠠᠨ ᠬᠦᠷᠬᠦ ᠲᠡᠮᠦᠷ ᠵᠠᠮ ᠤᠨ ᠡᠬᠢᠯᠡᠯᠲᠡ ᠶᠢᠨ | ᠴᠡᠭ ᠤᠨ ᠳᠠᠪᠠᠭᠤᠯᠢᠭ ᠲᠤ ᠲᠦᠰᠢᠭᠯᠡᠨ ᠨᠡᠭᠦᠷᠡᠰᠦ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ | ᠭᠠᠯᠠᠭᠤᠲᠤ᠂ ᠨᠠᠷᠢᠠᠭᠤᠤᠯ ᠤᠨ ᠶᠡᠷᠦᠩᠭᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ ᠱᠠᠩ ᠤᠨ ᠬᠤᠭᠤᠯᠠᠢ ᠲᠡᠮᠦᠷ | ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠨᠡᠭᠦᠷᠡᠰᠦ ᠵᠦᠭᠡᠭᠡᠪᠦᠷᠢᠯᠡᠬᠦ ᠬᠥᠭᠦᠷᠭᠡ ᠪᠠ ᠨᠠᠷᠢᠠᠭᠤᠤᠯ ᠬᠤᠶᠠᠳᠤᠭᠠᠷ ᠬᠤᠳᠳᠤᠭ ᠤᠨ ᠲᠡᠮᠦᠷ ᠵᠠᠮ ᠤᠨ | ᠲᠤᠰᠬᠠᠢ ᠱᠤᠭᠤᠮ ᠢ ᠪᠠᠶᠢᠭᠤᠯᠤᠨ ᠪᠦᠲᠦᠭᠡᠨ᠎ᠠ᠃ ᠲᠤᠮᠳᠠᠳᠤ ᠤᠷᠤᠨ ᠤ ᠨᠡᠭᠦᠷᠡᠰᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠬᠠᠷᠢᠯᠴᠠᠭ᠎ᠠ ᠪᠠᠨ | ᠴᠢᠩᠭᠠᠳᠬᠠᠵᠤ ᠥᠪᠥᠷ ᠮᠣᠩᠭᠤᠯ ᠤᠨ ᠨᠡᠭᠦᠷᠡᠰᠦᠨ ᠠᠷᠠᠯᠵᠢᠶᠠᠨ ᠤ ᠲᠥᠪ ᠲᠤ ᠲᠦᠰᠢᠭᠯᠡᠨ ᠡᠨᠧᠷᠭᠢ ᠬᠢᠮᠢ ᠶᠢᠨ ᠦᠢᠯᠡᠳᠪᠦᠷᠢ ᠶᠢᠨ ᠠᠷᠠᠯᠵᠢᠶᠠᠨ ᠤ ᠲᠥᠪ | ᠢ ᠫᠠᠶᠢᠰᠠ ᠡᠯᠭᠦᠨ ᠪᠠᠶᠢᠭᠤᠯᠬᠤ ᠠᠵᠢᠯ ᠢ ᠰᠦᠪᠡᠭᠴᠢᠯᠡᠵᠦ ᠬᠤᠭᠤᠴᠠᠭᠠᠲᠤ ᠪᠠᠷᠠᠭᠠᠨ ᠤ ᠲᠠᠰᠤᠯᠤᠨ ᠪᠤᠳᠤᠬᠤ ᠬᠥᠮᠥᠷᠭᠡ ᠶᠢ ᠪᠠᠶᠢᠭᠤᠯᠤᠨ ᠤᠮᠠᠷᠠᠲᠤ ᠶᠢᠨ | ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ︽ᠳᠣᠲᠣᠭᠠᠳᠤ ᠬᠠᠭᠤᠷᠠᠶ ᠶᠢᠨ ᠭᠠᠷᠠᠮ︾ ᠢ ᠪᠥᠲᠥᠭᠡᠨ ᠪᠠᠶᠢᠭᠤᠯᠤᠨ᠎ᠠ᠃ ᠰᠦᠯᠵᠢᠶᠠᠨ ᠳᠡᠭᠡᠭᠡᠪᠤᠷᠢ ᠶᠢᠨ ᠪᠠᠷᠠᠭᠠᠨ | ᠬᠦᠢᠯᠬᠡᠬᠡ ᠶᠢ ᠬᠦᠭᠵᠢᠬᠦᠯᠵᠤ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠭᠤᠤᠯ ᠪᠤᠯᠬᠤ ᠠᠵᠤ | ᠦᠢᠯᠡᠳᠪᠦᠷᠢ ᠶᠢᠨ ᠦᠢᠯᠡᠳᠬᠦᠨ ᠪᠣᠯᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ | ᠲᠡᠭᠡᠭᠡᠪᠦᠷᠢᠯᠡᠨ ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ᠃ ᠬᠤᠪᠢᠰᠬᠠᠯ ᠤᠨ ᠰᠤᠶᠤᠯ ᠪᠠ ︽ᠳᠤᠭᠤᠶᠢᠯᠠᠩ︾ ᠤᠨ ᠬᠥᠳᠡᠯᠭᠡᠭᠡᠨ᠂ ︽ᠮᠠᠯᠵᠢᠬᠤ ᠳ᠋ᠠᠵᠠᠢ︾ | ᠶᠢᠨ ᠲᠡᠦᠬᠡᠨ ᠮᠠᠲ᠋ᠧᠷᠢᠶᠠᠯ ᠢ ᠠᠭᠤᠳᠠᠯᠠᠨ ᠡᠮᠬᠢᠯᠡᠵᠦ 1949 ᠤᠨ ᠤ ᠨᠠᠮᠤᠷ ᠤᠨ ᠰᠡᠬᠦᠯᠴᠢ ᠶᠢᠨ ᠬᠤᠰᠢᠭᠤ ᠨᠠᠮ ᠤᠨ ᠬᠤᠷᠢᠶᠠᠨ ᠤ ᠬᠠᠭᠤᠴᠢᠨ ᠪᠠᠭᠤᠷᠢ᠂ | ᠨᠢᠭᠡᠳᠦᠭᠡᠷ ᠨᠠᠮ ᠤᠨ ᠪᠠᠭ᠎ᠠ ᠳᠤᠭᠤᠶᠢᠯᠠᠩ ᠤᠨ ᠬᠠᠭᠤᠴᠢᠨ ᠪᠠᠭᠤᠷᠢ᠂ ᠪᠠᠲᠤ ᠶᠢᠨ ᠲᠤᠬᠤᠢ ᠶᠢᠨ ᠡᠷᠦᠬᠡ ᠶᠢᠨ ᠴᠡᠷᠢᠭ ᠤᠨ ᠪᠠᠶᠢᠴᠠᠭᠠᠬᠤ ᠦᠷᠲᠡᠬᠡᠨ ᠤ | ᠬᠠᠭᠤᠴᠢᠨ ᠪᠠᠭᠤᠷᠢ ᠪᠠ ᠦᠷᠡᠭᠳᠡᠭᠰᠡᠨ ᠪᠠᠭᠠᠲᠤᠷ ᠲᠤᠪᠴᠢᠨᠳᠤᠷᠵᠢ ᠶᠢᠨ ᠬᠠᠭᠤᠴᠢᠨ ᠰᠠᠭᠤᠴᠠ ᠵᠡᠷᠭᠡ ᠶᠢ ᠬᠠᠮᠠᠭᠠᠯᠠᠨ ᠰᠠᠯᠪᠢᠨ ᠵᠠᠰᠠᠵᠣ ᠬᠤᠪᠢᠰᠬᠠᠯ ᠤᠨ | ᠲᠡᠦᠬᠡ ᠶᠢᠨ ᠮᠦᠽᠧᠶ ᠪᠠ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠦᠯᠦᠪᠯᠡᠨ ᠪᠠᠶᠢᠭᠤᠯᠵᠤ ᠱᠠᠨᠰᠢ ᠭᠠᠨᠰᠦ ᠨᠢᠩᠰᠢᠶᠠ ᠶᠢᠨ | ᠬᠤᠪᠢᠰᠬᠠᠯ ᠤᠨ ᠵᠢᠭᠤᠯᠴᠢᠯᠠᠯ ᠤᠨ ᠲᠤᠭᠤᠷᠢᠭ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠤᠨ᠎ᠠ᠃ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠰᠢᠨ᠎ᠡ ᠨᠢᠭᠡᠨ ᠡᠭᠡᠯᠵᠢ ᠶᠢᠨ ᠬᠠᠭᠤᠴᠢ ᠰᠤᠳᠤᠯᠤᠯ ᠤᠨ ᠠᠭᠤᠳᠠᠯᠠᠬᠤ ᠠᠵᠢᠯ ᠢ | ᠦᠷᠨᠢᠬᠦᠯᠦᠨ ᠬᠠᠭᠤᠴᠢ ᠰᠤᠳᠤᠯᠤᠯ ᠢ ᠪᠡᠶᠡᠴᠢᠯᠡᠨ ᠣᠶᠢᠯᠠᠭᠠᠬᠤ ᠲᠦᠬᠦᠮ ᠪᠦᠲᠦᠴᠡᠲᠤ ᠭᠡᠷ᠂ ᠸᠠᠩ ᠣᠪᠣᠭᠲᠤ ᠶᠢᠨ ᠤᠰᠤᠨ ᠦᠬᠡᠷ ᠢ ᠢᠯᠡᠷᠡᠭᠦᠯᠦᠭᠰᠡᠨ | ᠭᠠᠵᠠᠷ ᠵᠢᠴᠢ ᠮᠤᠳᠤᠨ ᠬᠥᠭᠦᠷᠭᠡᠨ ᠵᠠᠮ ᠵᠡᠷᠭᠡ ᠵᠠᠩᠭᠢᠯᠠᠭ᠎ᠠ ᠶᠢᠨ ᠴᠡᠭ ᠢ ᠪᠠᠶᠢᠭᠤᠯᠵᠤ ᠰᠢᠷᠬᠤᠰᠤ 5A ᠲᠡᠰ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠦᠪᠡᠷᠳᠡᠭᠡᠨ ᠮᠠᠰᠢᠨ ᠵᠢᠯᠣᠭᠤᠳᠴᠤ | ᠬᠥᠳᠡᠭᠡ ᠲᠣᠰᠬᠤᠨ ᠢᠶᠠᠷ ᠵᠢᠭᠤᠯᠴᠢᠯᠠᠬᠤ ᠵᠡᠷᠭᠡ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠭᠠᠴᠠᠭ᠎ᠠ | ᠲᠣᠰᠬᠤᠨ ᠤ ᠰᠤᠯᠠ ᠪᠠᠶᠢᠭ᠎ᠠ ᠬᠡᠷ ᠪᠠᠶᠢᠰᠢᠩ ᠢ ᠠᠰᠢᠭᠯᠠᠨ ᠦᠪᠡᠷᠮᠢᠴᠡ ᠤᠨᠴᠠᠯᠢᠭᠲᠤ ᠠᠷᠠᠳ ᠤᠨ ᠡᠷᠬᠢᠯᠡᠭᠰᠡᠨ ᠬᠤᠨᠤᠭ ᠤᠨ ᠭᠠᠵᠠᠷ ᠪᠠ ᠢᠳᠡᠭᠡᠨ | ᠤᠮᠳᠠᠭᠠᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠢ ᠲᠠᠰ ᠳᠡᠪᠰᠢᠭᠦᠯᠬᠦ᠂ ᠨᠠᠷᠢᠯᠢᠭ | ᠬᠠᠮᠢᠶᠠᠷᠬᠤ ᠶᠢ ᠠᠬᠢᠭᠤᠯᠵᠤ ᠠᠯᠲᠠ ᠮᠦᠩᠭᠦᠨ ᠡᠳ᠋ᠯᠡᠯ ᠬᠡᠷᠡᠭᠰᠡᠯ᠂ ᠦᠨᠳᠦᠰᠦᠨ ᠰᠡᠶᠢᠯᠦᠮᠡᠯ ᠵᠡᠷᠭᠡ ᠶᠢ ᠦᠢᠯᠡᠳᠬᠦ ᠠᠵᠤ ᠠᠬᠤᠶᠢᠯᠠᠯ᠂ ᠭᠠᠷ ᠤᠷᠠᠯᠠᠭᠴᠢᠳ | ᠤᠨ ᠦᠪᠡᠷᠮᠢᠴᠡ ᠣᠨᠴᠠᠯᠢᠭᠲᠤ ᠰᠣᠶᠣᠯ ᠤᠨ ᠤᠷᠠᠨ ᠰᠡᠳᠬᠢᠮᠵᠢ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠬᠤᠷ᠎ᠠ ᠤᠰᠤ ᠦᠵᠡᠮᠵᠢ ᠶᠢᠨ ᠣᠷᠣᠨ᠂ | ᠪᠠᠶᠠᠨᠨᠠᠭᠤᠷ ᠤᠨ ᠲᠠᠯ᠎ᠠ ᠨᠤᠲᠤᠭ᠂ ᠤᠩᠭᠤᠨ ᠮᠠᠩᠬ᠎ᠠ ᠪᠠ ᠪᠦᠷᠢᠳᠦ ᠡᠯᠡᠰᠦ ᠮᠠᠩᠬ᠎ᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ | ᠬᠦᠭᠵᠢᠬᠦᠯᠵᠤ ᠠᠷᠠᠳ ᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ ᠵᠡᠷᠭᠡ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ ᠵᠢᠭᠤᠯᠴᠢᠯᠠᠯ ᠤᠨ | ᠤᠷᠤᠨ ᠤ ᠵᠣᠷᠯᠣᠩ ᠢ 10 ᠰᠢᠨ᠎ᠡ ᠪᠠᠷ ᠪᠠᠶᠢᠭᠤᠯᠤᠨ᠎ᠠ᠃ ᠢᠷᠭᠠᠢ᠂ ᠶᠠᠨ ᠠᠨ᠂ ᠲᠡᠮᠡᠭᠡᠲᠦ ᠵᠡᠷᠭᠡ ᠡᠷᠭᠢᠨ ᠲᠣᠭᠤᠷᠢᠨ ᠤ ᠵᠢᠭᠤᠯᠴᠢᠯᠠᠯ ᠤᠨ ᠬᠥᠭᠵᠢᠶᠡᠨᠲᠦ | ᠭᠠᠵᠠᠷ ᠲᠤ ᠴᠢᠭᠯᠡᠬᠦᠯᠦᠨ ︽ᠡᠯᠡᠰᠤ ᠮᠠᠩᠬᠠᠨ ᠤ ᠳᠠᠷᠬᠠᠨ ᠣᠷᠣᠨ · ᠨᠤᠮᠢᠨ ᠲᠠᠩᠰᠤᠭ ᠦᠦᠰᠢᠨ︾ ᠤ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠵᠤ | ᠵᠢᠭᠤᠯᠴᠢᠯᠠᠯ ᠤᠨ ᠵᠠᠬ᠎ᠠ ᠲᠡᠯᠭᠡᠭᠦᠷ ᠢ ᠴᠡᠴᠡᠭᠯᠡᠬᠦᠯᠦᠨ ᠬᠦᠭᠵᠢᠬᠦᠯᠦᠨ᠎ᠡ᠃ | ︵ᠭᠤᠷᠪᠠ︶ ᠪᠦᠬᠦ ᠲᠠᠯ᠎ᠠ ᠪᠠᠷ ᠨᠢᠭᠡᠳᠦᠯᠲᠠᠢ ᠲᠦᠯᠦᠪᠵᠢᠬᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠬᠦ ᠶᠢ ᠠᠬᠢᠭᠤᠯᠤᠨ᠎ᠠ᠃ ᠪᠦᠲᠦᠴᠡ ᠶᠢ ᠰᠢᠯᠢᠳᠡᠭᠵᠢᠬᠦᠯᠬᠦ᠂ ᠬᠡᠪᠴᠢᠶᠡᠵᠢᠯ ᠢ ᠡᠷᠴᠢᠮᠵᠢᠬᠦᠯᠬᠦ᠂ ᠥᠨᠳᠥᠷ ᠪᠦᠲᠦᠮᠵᠢ ᠲᠠᠢ | ᠠᠭᠤᠰᠤᠯᠴᠠᠭᠤᠯᠬᠤ᠂ ᠡᠵᠡᠩᠨᠡᠯᠲᠡ ᠶᠢ ᠨᠠᠷᠠᠲᠤ ᠲᠡᠮᠲᠡᠭᠴᠢᠯᠡᠬᠦ ᠤᠶᠢᠯᠠᠭᠠᠭᠳᠠᠬᠤᠨ ᠢ ᠪᠠᠷᠢᠮᠲᠠᠯᠠᠵᠤ ᠵᠢᠯ ᠤᠨ ᠲᠤᠲᠤᠷ᠎ᠠ ᠡᠳ᠋ ᠤᠨ ᠵᠠᠰᠠᠭ ᠤᠨ ᠪᠠᠯᠠ ᠮᠥᠩᠭᠦ᠂ | ᠲᠤᠰᠬᠠᠶ ᠲᠦᠷᠦᠯ ᠤᠨ ᠪᠠᠯᠠ ᠮᠥᠩᠭᠦ ᠪᠠ ᠪᠠᠩᠬᠢ ᠶᠢᠨ ᠵᠢᠭᠡᠯᠡᠯᠭᠡ ᠶᠢ ᠨᠡᠶᠢᠯᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ | ᠲᠦᠷᠦᠯ ᠤᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠳᠣᠭᠢᠷᠠᠭᠤᠯᠵᠤ ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ ᠠᠵᠤ | ᠠᠬᠤᠶ ᠶᠢᠨ ︽ᠲᠦᠷᠪᠡ ᠶᠢ ᠲᠦᠷᠭᠡᠳᠬᠡᠨ ᠬᠤᠪᠢᠷᠠᠭᠤᠯᠬᠤ︾ ᠶᠢ ᠪᠡᠶᠡᠯᠡᠬᠦᠯᠦᠨ᠎ᠡ᠃ | ᠰᠢᠨ᠎ᠡ ᠵᠠᠭᠪᠤᠷ᠂ ᠰᠢᠨ᠎ᠡ ᠮᠡᠷᠭᠡᠵᠢᠯ ᠢ ᠳᠡᠯᠭᠡᠷᠡᠭᠦᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠬᠦᠯᠵᠤ ᠠᠵᠤ | ᠠᠬᠤᠢ ᠶᠢ ᠦᠨᠳᠦᠷ ᠪᠦᠲᠦᠮᠵᠢᠲᠠᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ 4.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ᠂ 500 ᠮᠦ ᠲᠥᠬᠦᠭᠡᠷᠦᠮᠵᠢᠲᠦ ᠲᠠᠷᠢᠶᠠᠯᠠᠩ ᠢ ᠬᠡᠷᠡᠭᠵᠢᠬᠦᠯᠵᠤ ᠤᠰᠤ ᠪᠣᠷᠳᠣᠭᠤᠷ ᠢ ᠴᠣᠭᠴᠠᠵᠢᠭᠤᠯᠤᠭᠰᠠᠨ ᠮᠡᠷᠭᠡᠵᠢᠯ ᠢ ᠳᠡᠯᠭᠡᠷᠡᠬᠦᠯᠦᠨ ᠪᠣᠬᠢᠷᠲᠤᠯ | ᠦᠭᠡᠢ ᠪᠠᠷ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠮᠡᠷᠭᠡᠵᠢᠯ ᠢ ᠰᠠᠶᠢᠲᠤᠷ ᠬᠡᠷᠡᠭᠯᠡᠵᠦ ᠡᠷᠳᠡᠨᠢ ᠰᠢᠰᠢ ᠶᠢᠨ ᠲᠣᠮᠣ ᠲᠣᠯᠪᠣᠲᠤ ᠡᠪᠡᠳᠴᠢᠨ | ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠤᠨ ᠰᠠᠶᠢᠲᠤᠷ ᠬᠢᠵᠦ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠢ | ᠲᠤᠭᠲᠠᠪᠤᠷᠢᠵᠢᠭᠤᠯᠤᠨ᠎ᠠ᠃ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠰᠠᠶᠢᠨ᠂ ᠴᠢᠨᠠᠷ ᠰᠠᠶᠢᠲᠠᠶ ᠲᠠᠷᠢᠮᠠᠯ ᠤᠨ ᠰᠢᠨ᠎ᠡ ᠲᠦᠷᠦᠯ ᠢ ᠤᠷᠤᠭᠤᠯᠤᠨ ᠠᠪᠴᠢᠷᠠᠬᠤ | ᠪᠠ ᠪᠤᠶᠢᠵᠢᠭᠤᠯᠬᠤ ᠭᠦᠴᠦᠯᠡᠴᠡ ᠶᠢ ᠨᠡᠮᠡᠭᠳᠡᠬᠦᠯᠵᠤ ᠪᠤᠷᠳᠤᠨ ᠲᠡᠵᠢᠭᠡᠬᠦ ᠪᠠ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠶᠢ ᠴᠣᠭᠴᠠᠵᠢᠭᠤᠯᠤᠭᠰᠠᠨ ᠲᠣᠮᠣ | ᠬᠡᠯᠪᠡᠷᠢ ᠶᠢᠨ ᠮᠠᠰᠢᠨ ᠢ ᠳᠡᠯᠭᠡᠷᠡᠭᠦᠯᠦᠨ᠎ᠡ᠃ ᠲᠠᠷᠢᠶᠠᠨ ᠡᠮ᠂ ᠬᠢᠮᠢ ᠶᠢᠨ ᠪᠤᠷᠳᠤᠭᠤᠷ ᠪᠠ ᠲᠠᠷᠢᠶᠠᠯᠠᠩ ᠤᠨ ᠪᠦᠷᠬᠦᠪᠴᠢ ᠬᠡᠷᠡᠭᠯᠡᠬᠦ ᠬᠡᠮᠵᠢᠶ᠎ᠡ ᠪᠠᠨ ᠪᠠᠭᠠᠰᠬᠠᠵᠤ | ᠪᠤᠲᠠ ᠮᠣᠳᠣᠨ ᠤ ᠲᠠᠭᠠᠷᠢᠳᠠᠰᠤ ᠪᠠ ᠲᠠᠷᠢᠮᠠᠯ ᠤᠨ ᠡᠰᠢ ᠰᠦᠷᠡᠯ ᠵᠡᠷᠭᠡ ᠠᠮᠢᠳᠤ ᠪᠣᠳᠠᠰ ᠤᠨ ᠡᠬᠢ ᠪᠠᠶᠠᠯᠢᠭ ᠢ ᠠᠰᠢᠭᠯᠠᠨ ᠣᠷᠭᠠᠨᠢᠭ ᠪᠣᠷᠳᠣᠭᠤᠷ ᠪᠠ ᠠᠮᠢᠳᠤ | ᠪᠣᠳᠠᠰ ᠤᠨ ᠮᠥᠬᠦᠯᠢᠭᠲᠦ ᠮᠠᠲ᠋ᠧᠷᠢᠶᠠᠯ ᠢ ᠬᠦᠭᠵᠢᠬᠦᠯᠬᠦ ᠶᠢ ᠳᠡᠮᠵᠢᠨ᠎ᠡ᠃ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠬᠢᠷᠢ | ᠲᠡᠩᠴᠡᠭᠰᠡᠨ ᠦᠨᠡᠮᠯᠡᠯ ᠤᠨ ᠬᠡᠷᠡᠴᠢᠯᠡᠭᠡ ᠬᠢᠬᠦ ᠲᠦᠷᠢᠮ ᠢ ᠴᠢᠩᠭ᠎ᠠ ᠬᠡᠷᠡᠭᠵᠢᠭᠦᠯᠵᠦ ᠨᠤᠲᠤᠭ ᠤᠨ ᠭᠠᠷᠤᠯᠳᠠᠲᠤ ᠢᠳᠡᠭᠡᠨ ᠤᠮᠳᠠᠭᠠᠨ ᠤ SC ᠭᠡᠷᠡᠴᠢᠯᠡᠭᠡ ᠶᠢ | ᠠᠬᠢᠭᠤᠯᠵᠤ ᠭᠠᠵᠠᠷ ᠵᠦᠶ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠪᠠ ᠪᠣᠬᠢᠷᠲᠤᠯ ᠥᠬᠡᠶ᠂ ᠣᠷᠭᠠᠨᠢᠭ ᠪᠦᠲᠦᠬᠡᠭᠳᠡᠬᠦᠨ ᠢ 10 ᠮᠡᠳᠡᠬᠦᠯᠦᠨ ᠭᠡᠷᠡᠴᠢᠯᠡᠭᠦᠯᠵᠦ | ᠮᠠᠯᠴᠢᠨ ᠲᠠᠷᠢᠶᠠᠴᠢᠨ᠂ ᠬᠤᠷᠰᠢᠭᠰᠠᠨ ᠵᠣᠬᠢᠶᠠᠨ ᠪᠠᠶᠢᠭᠤᠯᠤᠯᠲᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ ᠢ ᠬᠡᠷᠡᠭᠯᠡᠬᠦ ᠶᠢ | ᠵᠣᠷᠢᠭᠵᠢᠭᠤᠯᠤᠨ᠎ᠠ᠃ ︽ᠣᠶᠤᠨᠴᠢ ᠴᠠᠭ ᠠᠭᠤᠷ︾ ᠤᠨ ᠲᠤᠷᠰᠢᠯᠲᠠ ᠶᠢᠨ ᠴᠡᠭ ᠭᠠᠷᠭᠠᠵᠤ ᠦᠢᠯᠡᠳᠪᠦᠷᠢᠯᠡᠯ ᠳᠤ ᠨᠠᠷᠢᠯᠢᠭ ᠤᠨᠤᠪᠴᠢᠲᠠᠢ ᠴᠠᠭ ᠠᠭᠤᠷ ᠤᠨ | ᠦᠢᠯᠡᠴᠢᠯᠡᠭᠡ ᠬᠠᠩᠭᠠᠨ᠎ᠠ᠃ | ᠲᠥᠷᠥ ᠶᠢᠨ ᠪᠣᠳᠣᠯᠭ᠎ᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠮᠠᠯ ᠠᠵᠤ ᠠᠬᠤᠶ ᠶᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠬᠤ ᠲᠡᠰᠢ | ᠲᠦᠷᠭᠡᠳᠬᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠠᠮᠢ ᠠᠬᠤᠶ | ᠶᠢ ᠡᠷᠬᠢᠯᠳᠦᠬᠦᠯᠬᠦ ᠬᠥᠭᠵᠢᠯᠲᠡ ᠶᠢᠨ ᠠᠷᠭ᠎ᠠ ᠮᠠᠶ᠋ᠢᠭ ᠢ ᠪᠠᠷᠢᠮᠲᠠᠯᠠᠵᠤ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠴᠢᠨᠠᠷ ᠰᠠᠶᠢᠲᠠᠶ ᠲᠡᠵᠢᠭᠡᠯ ᠡᠪᠡᠰᠦ | ᠪᠠ ᠨᠤᠭᠤᠭᠠᠨ ᠪᠣᠷᠳᠤᠭ᠎ᠠ ᠲᠠᠷᠢᠬᠤ ᠲᠠᠯᠠᠪᠠᠢ ᠶᠢ ᠥᠷᠭᠡᠳᠬᠡᠵᠦ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ᠠᠷᠠᠴᠢᠯᠠᠨ ᠲᠡᠵᠢᠭᠡᠬᠦ ᠠᠷᠭ᠎ᠠ | ᠮᠠᠶ᠋ᠢᠭ ᠢ ᠬᠤᠪᠢᠷᠠᠭᠤᠯᠵᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠎ᠡ᠃ ︽ᠣᠷᠳᠣᠰ ᠨᠠᠷᠢᠨ | ᠨᠣᠣᠰᠣᠲᠤ ᠬᠤᠨᠢᠨ ᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠤ ᠣᠷᠳᠣᠰ ᠨᠠᠷᠢᠨ ᠨᠣᠣᠰᠣᠲᠤ ᠬᠤᠨᠢᠨ ᠤ ᠰᠢᠨ᠎ᠡ | ᠡᠬᠦᠯᠳᠡᠷ ᠢ ᠪᠤᠶᠢᠵᠢᠭᠤᠯᠤᠨ ᠥᠨᠳᠥᠷ ᠪᠦᠲᠦᠮᠵᠢᠲᠡᠶ ᠲᠦᠯᠵᠢᠬᠦᠯᠬᠦ ᠮᠡᠷᠭᠡᠵᠢᠯ ᠢ ᠳᠡᠯᠭᠡᠷᠡᠭᠦᠯᠦᠨ ᠬᠤᠨᠢᠨ ᠨᠣᠤᠰᠣ ᠶᠢ ᠨᠢᠭᠡᠳᠦᠯᠲᠡᠶ ᠲᠠᠰ ᠬᠤᠪᠢᠶᠠᠨ ᠡᠮᠬᠢᠯᠡᠬᠦ᠂ | ᠨᠢᠭᠡᠳᠦᠯᠲᠡᠶ ᠪᠣᠭᠤᠳᠠᠯᠯᠠᠬᠤ ᠲᠤᠷᠰᠢᠯᠲᠠ ᠶᠢᠨ ᠴᠡᠭ ᠢ ᠪᠠᠶᠢᠭᠤᠯᠵᠤ ᠨᠠᠷᠢᠨ ᠨᠣᠣᠰᠣᠲᠤ ᠬᠤᠨᠢᠨ ᠤ ᠡᠭᠦᠯᠳᠡᠷ ᠪᠤᠶᠢᠵᠢᠭᠤᠯᠬᠤ ᠰᠦᠷᠦᠭ ᠤᠨ ᠬᠡᠪᠴᠢᠶᠡᠵᠢᠯ ᠢ | ᠥᠷᠭᠡᠳᠬᠡᠨ ᠣᠷᠳᠣᠰ ᠨᠠᠷᠢᠨ ᠨᠣᠣᠰᠣᠲᠤ ᠬᠤᠨᠢᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠴᠠᠭ ᠬᠤᠭᠤᠴᠠᠭ᠎ᠠ ᠶᠢ ᠪᠤᠭᠤᠨᠢᠰᠬᠠᠬᠤ ᠶᠢ ᠲᠤᠷᠰᠢᠨ ᠬᠡᠷᠡᠭᠵᠢᠭᠦᠯᠵᠦ | ᠵᠢᠱᠢᠶᠡᠴᠢ ᠮᠠᠯᠵᠢᠯ ᠤᠨ ᠲᠠᠯᠠᠪᠠᠢ ᠶᠢ 150 ᠡᠷᠦᠬᠡ ᠪᠤᠢ ᠪᠤᠯᠭᠠᠨ ᠮᠠᠯᠵᠢᠯ ᠤᠨ ᠵᠢᠱᠢᠶᠡᠴᠢ ᠭᠠᠴᠠᠭ᠎ᠠ ᠲᠤᠰᠬᠤᠨ ᠢ 10 ᠪᠤᠯᠭᠠᠨ᠎ᠠ᠃ ᠠᠩᠭᠢᠰ ᠠᠯᠠᠰᠢᠨ | ᠦᠬᠡᠷ ᠤᠨ ᠰᠠᠶᠢᠨ ᠡᠭᠦᠯᠳᠡᠷ ᠢ ᠤᠷᠤᠭᠤᠯᠤᠨ ᠠᠪᠴᠢᠷᠠᠵᠤ ᠡᠬᠦᠯᠳᠡᠷ ᠰᠠᠶᠢᠵᠢᠷᠠᠭᠤᠯᠤᠭᠰᠠᠨ ᠠᠯᠠᠰᠢᠨ ᠦᠬᠡᠷ ᠤᠨ ᠲᠥᠷᠦᠯ ᠵᠦᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠰᠢᠶᠦ᠋ᠨ ᠮᠧᠩ ᠺᠤᠮᠫᠠᠨᠢ ᠶᠢᠨ 2000 ᠠᠯᠠᠰᠢᠨ ᠦᠭᠡᠷ᠂ ᠰᠢᠶᠦ᠋ᠨ ᡂᠢ ᠺᠤᠮᠫᠠᠨᠢ ᠶᠢᠨ 1 ᠲᠦᠮᠡᠨ ᠠᠯᠠᠰᠢᠨ ᠦᠬᠡᠷ ᠮᠠᠯᠵᠢᠬᠤ ᠲᠥᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ 50 ᠠᠴᠠ ᠳᠡᠭᠡᠭᠰᠢ ᠠᠯᠠᠰᠢᠨ ᠦᠬᠡᠷ ᠮᠠᠯᠵᠢᠵᠦ ᠪᠠᠶᠢᠬᠤ ᠡᠷᠦᠬᠡ ᠶᠢ 20 ᠠᠴᠠ ᠢᠯᠡᠬᠦᠦ | ᠬᠦᠭᠵᠢᠬᠦᠯᠵᠤ ᠰᠢᠷᠬᠤᠰᠤᠨ ᠭᠤᠣᠯ ᠤᠨ ᠰᠠᠪᠠ ᠭᠠᠵᠠᠷ ᠤᠨ 10 ᠲᠦᠮᠡᠨ ᠠᠯᠠᠰᠢᠨ ᠦᠬᠡᠷ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠭᠠᠭ᠋ᠠᠶ ᠶᠢ | ᠤᠯᠠᠰᠢᠷᠠᠭᠤᠯᠤᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠱᠤᠸᠠᠩ ᠹᠧᠩ᠂ ᠱᠤᠸᠠᠩ ᠺᠠᠩ ᠵᠡᠷᠭᠡ ᠠᠵᠤ ᠠᠬᠤᠶᠢᠯᠠᠯ ᠪᠠ ᠲᠡᠵᠢᠭᠡᠨ | ᠦᠷᠡᠵᠢᠭᠦᠯᠬᠦ ᠬᠤᠷᠰᠢᠶᠠᠵᠢᠯ ᠤᠨ ᠬᠡᠪᠴᠢᠶᠡᠵᠢᠯ ᠢᠶᠠᠨ ᠰᠡᠷᠬᠦᠭᠡᠬᠦ ᠶᠢ ᠳᠡᠮᠵᠢᠵᠤ ᠡᠭᠦᠯᠳᠡᠷ ᠤᠨ ᠭᠠᠭ᠋ᠠᠶ ᠶᠢ ᠲᠦᠮᠡ ᠲᠡᠵᠢᠭᠡᠨ ᠦᠷᠡᠵᠢᠭᠦᠯᠬᠦ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ ᠪᠦᠬᠦ ᠵᠢᠯ ᠤᠨ ᠭᠠᠭ᠋ᠠᠶ ᠪᠤᠷᠳᠤᠨ ᠲᠡᠵᠢᠭᠡᠬᠦ ᠬᠡᠮᠵᠢᠶ᠎ᠡ ᠶᠢ 40 ᠲᠦᠮᠡ ᠠᠴᠠ ᠳᠡᠭᠡᠭᠰᠢ ᠬᠦᠷᠬᠡᠬᠦ ᠪᠠᠷ ᠴᠢᠷᠮᠠᠶᠢᠨ᠎ᠠ᠃ | 50 ᠠᠴᠠ ᠳᠡᠭᠡᠭᠰᠢᠬᠢ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ 2 ᠲᠤᠰᠬᠠᠶ ᠬᠤᠷᠰᠢᠶᠠᠵᠢᠯ ᠢ ᠪᠠᠶᠢᠭᠤᠯᠵᠤ ᠴᠠᠭᠠᠨ ᠢᠳᠡᠭᠡᠨ ᠡᠳ᠋ᠰᠢᠭᠦᠯᠬᠦ ᠶᠢ | ᠪᠠᠷᠢᠮᠵᠢᠶᠠᠵᠢᠭᠤᠯᠤᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠦᠦᠰᠢᠨ ᠮᠤᠷᠢᠨ ᠤ ᠡᠬᠦᠯᠳᠡᠷ ᠢ ᠰᠠᠶᠢᠲᠤᠷ ᠬᠠᠮᠠᠭᠠᠯᠠᠵᠤ | ᠡᠬᠦᠯᠳᠡᠷ ᠤᠨ ᠬᠠᠮᠠᠭᠠᠯᠠᠯᠲᠠ ᠶᠢᠨ ᠲᠠᠯᠠᠪᠠᠢ ᠶᠢ 1 ᠪᠠᠶᠢᠭᠤᠯᠤᠨ᠎ᠠ᠃ ᠦᠨᠳᠦᠰᠦᠨ ᠱᠠᠲᠤᠨ ᠤ ᠮᠠᠯ ᠤᠨ ᠡᠮᠴᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ | ᠡᠩᠨᠡᠭᠡ ᠶᠢ ᠵᠤᠬᠢᠶᠠᠨ ᠪᠠᠶᠢᠭᠤᠯᠵᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠦᠷᠬᠦᠯᠵᠢᠯᠡᠨ ᠰᠡᠷᠬᠡᠶᠢᠯᠡᠨ ᠡᠵᠡᠮᠳᠡᠵᠤ | ᠲᠡᠵᠢᠬᠡᠨ ᠦᠷᠡᠵᠢᠬᠦᠯᠬᠦ ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ | ᠵᠣᠬᠢᠶᠠᠨ ᠪᠠᠶᠢᠭᠤᠯᠤᠯᠲᠠᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢ ᠵᠤᠬᠢᠬᠤ ᠬᠡᠪᠴᠢᠶᠠᠨ ᠳᠤ | ᠠᠵᠤ ᠦᠢᠯᠡᠰᠵᠢᠬᠦᠯᠦᠨ ᠡᠵᠡᠩᠨᠡᠬᠦ ᠠᠷᠭ᠎ᠠ ᠲᠠᠰᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠡᠰ ᠤᠨ 5 ᠵᠢᠱᠢᠶᠡᠴᠢ | ᠭᠠᠴᠠᠭ᠎ᠠ ᠲᠣᠰᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠵᠡᠷᠭᠡ ᠰᠠᠭᠤᠷᠢ ᠴᠢᠨᠠᠷᠲᠠᠶ | ᠥᠭᠡᠷᠡᠴᠢᠯᠡᠯᠲᠡ ᠶᠢ ᠪᠡᠶᠡᠯᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠢ ᠬᠤᠪᠢ ᠤᠷᠤᠭᠤᠯᠤᠯᠲᠠ ᠪᠤᠯᠭᠠᠨ ᠬᠤᠪᠢᠷᠠᠭᠤᠯᠬᠤ᠂ ᠪᠡᠯᠡ ᠮᠦᠩᠭᠦ ᠶᠢ | ᠬᠤᠪᠢ ᠤᠷᠤᠭᠤᠯᠬᠤ ᠮᠦᠩᠭᠦ ᠪᠤᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ᠶᠢ ᠯᠠᠪᠳᠠᠭᠤᠨ ᠠᠬᠢᠭᠤᠯᠵᠤ ᠭᠠᠵᠠᠷ | ᠰᠢᠷᠣᠶ᠂ ᠡᠪᠡᠰᠦ ᠪᠡᠯᠴᠢᠭᠡᠷ ᠢ ᠡᠷᠬᠢᠯᠳᠦᠬᠦᠯᠬᠦ ᠲᠠᠪᠴᠠᠩ ᠢ ᠲᠡᠭᠦᠯᠳᠡᠷᠵᠢᠬᠦᠯᠦᠨ ︽ᠨᠠᠮ ᠤᠨ ᠡᠭᠦᠷ + ᠲᠤᠯᠤᠭᠠᠶᠢᠯᠠᠬᠤ ᠠᠵᠤ ᠠᠬᠤᠶᠢᠯᠠᠯ + ᠬᠤᠷᠰᠢᠭᠰᠠᠨ | ᠵᠣᠬᠢᠶᠠᠨ ᠪᠠᠶᠢᠭᠤᠯᠤᠯᠲᠠ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠦᠨᠵᠡᠭᠡᠶᠢᠷᠡᠬᠦᠯᠵᠤ ᠣᠷᠳᠣᠰ ᠨᠠᠷᠢᠨ ᠨᠣᠣᠰᠣᠲᠤ ᠬᠤᠨᠢ ᠵᠡᠷᠭᠡ ᠭᠤᠤᠯᠯᠠᠬᠤ | ᠠᠵᠤ ᠦᠢᠯᠡᠰ ᠪᠠ ᠨᠠᠪᠴᠢ ᠨᠣᠭᠤᠭ᠎ᠠ ᠭᠤᠸ᠎ᠠ ᠵᠢᠮᠢᠰ ᠵᠡᠷᠭᠡ ᠣᠨᠴᠠᠯᠢᠭᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠣᠭᠤᠷᠢᠨ ᠳᠤ | ᠳᠠᠶᠢᠴᠢᠯᠠᠬᠤ ᠴᠢᠳᠠᠪᠤᠷᠢ ᠲᠠᠢ ᠲᠤᠯᠤᠭᠠᠶᠢᠯᠠᠬᠤ ᠠᠵᠤ ᠠᠬᠤᠶᠢᠯᠠᠯ ᠢ ᠤᠷᠤᠭᠤᠯᠤᠨ ᠠᠪᠴᠢᠷᠠᠬᠤ ᠪᠠ ᠬᠦᠮᠦᠵᠢᠬᠦᠯᠦᠨ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ ᠬᠦᠷᠭᠡᠨ᠎ᠡ᠃ ᠠᠵᠤ ᠠᠬᠤᠶᠢᠯᠠᠯ ᠤᠨ | ᠬᠤᠯᠪᠣᠭᠠᠲᠤ ᠴᠣᠭᠴᠠ ᠶᠢᠨ ᠰᠢᠨ᠎ᠡ ᠶᠢ ᠡᠭᠦᠳᠬᠦ ᠬᠦᠭᠵᠢᠯᠲᠡ ᠶᠢ ᠵᠢᠯᠤᠭᠤᠳᠤᠨ ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠠ | ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ ᠤᠷᠤᠨ ᠨᠤᠲᠤᠭ ᠲᠤ ᠰᠠᠭᠤᠷᠢᠰᠢᠭ᠎ᠠ ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠦᠢᠯᠡᠳᠪᠦᠷᠢᠯᠡᠯ ᠢ | ᠦᠷᠨᠢᠬᠦᠯᠦᠨ᠎ᠡ᠃ ︽ᠢᠨᠲ᠋ᠧᠷ ᠰᠦᠯᠵᠢᠶ᠎ᠡ + ᠵᠠᠬᠢᠶᠠᠯᠠᠭ᠎ᠠ ᠶᠢᠨ ᠮᠠᠯ ᠲᠠᠷᠢᠶᠠᠯᠠᠩ ᠠᠵᠤ ᠠᠬᠤᠶ︾ ᠶᠢ ᠵᠣᠷᠢᠭᠵᠢᠭᠤᠯᠤᠨ ᠬᠥᠭᠵᠢᠭᠦᠯᠵᠦ ᠦᠨᠳᠦᠰᠦᠨ ᠱᠠᠲᠤᠨ | ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ ᠪᠠᠷᠠᠭᠠᠨ ᠬᠦᠢᠯᠭᠡᠭᠡᠨ ᠤ ᠳᠣᠭᠢᠷᠠᠭᠤᠯᠤᠨ ᠬᠦᠷᠭᠡᠯᠳᠡ᠂ | ᠰᠢᠨ᠎ᠡ ᠰᠣᠷᠭᠤᠭ ᠬᠠᠳᠠᠭᠠᠯᠠᠯᠲᠠ ᠶᠢᠨ ᠬᠦᠴᠢᠷᠳᠡᠯ ᠢ ᠰᠶᠢᠳᠪᠤᠷᠢᠯᠡᠨ᠎ᠡ᠃ ᠴᠡᠷᠢᠭ ᠠᠴᠠ ᠬᠠᠯᠠᠭᠳᠠᠭᠰᠠᠳ ᠪᠠ ᠤᠶᠤᠲᠠᠳ ᠨᠤᠲᠤᠭ ᠲᠠᠭᠠᠨ ᠬᠠᠷᠢᠵᠤ ᠦᠢᠯᠡᠰ | ᠪᠤᠰᠬᠠᠬᠤ ᠶᠢ ᠳᠡᠮᠵᠢᠵᠦ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ 150 ᠮᠠᠯᠴᠢᠨ ᠲᠠᠷᠢᠶᠠᠴᠢᠨ ᠢ ᠬᠦᠮᠦᠵᠢᠬᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠮᠠᠯᠵᠢᠬᠤ ᠲᠠᠷᠢᠶᠠᠯᠠᠬᠤ ᠤᠷᠤᠨ ᠢ ᠪᠤᠵᠠᠷ | ᠮᠠᠭᠤᠬᠠᠢ ᠡᠷᠦᠢ ᠬᠤᠷᠤᠢ ᠦᠭᠡᠢ ᠠᠴᠠ ᠴᠡᠪᠡᠷᠰᠢᠨ ᠲᠤᠬᠢᠯᠢᠭᠵᠢᠵᠦ ᠰᠠᠶᠢᠵᠢᠷᠠᠬᠤ ᠲᠡᠰᠢ ᠲᠦᠷᠭᠡᠳᠭᠡᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | 3855 ᠡᠷᠦᠬᠡ ᠶᠢᠨ ᠵᠣᠷᠯᠣᠩ ᠢ ᠦᠭᠡᠷᠡᠴᠢᠯᠡᠵᠤ ᠳᠣᠣᠷ᠎ᠠ ᠲᠤᠯᠠᠭᠠᠴᠠᠲᠤ ᠵᠤᠤᠬ᠎ᠠ ᠶᠢ 5᠂ ᠤᠰᠤ ᠪᠠᠷ ᠵᠠᠶᠢᠯᠠᠬᠤ ᠬᠡᠯᠪᠡᠷᠢ ᠶᠢᠨ ᠵᠣᠷᠯᠣᠩ ᠢ 6 ᠪᠠᠷᠢᠵᠦ | ᠰᠢᠷᠬᠤᠰᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠦᠲᠦᠭᠡᠨ ᠪᠠᠶᠢᠭᠤᠯᠵᠦ ᠤᠷᠳᠤᠪᠡᠶ᠎ᠡ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠥᠭᠡᠷᠡᠴᠢᠯᠡᠨ ᠵᠠᠰᠠᠵᠤ ᠬᠤᠭ ᠨᠣᠪᠰᠢ ᠰᠢᠢᠳᠪᠦᠷᠢᠯᠡᠬᠦ ᠲᠠᠯᠠᠪᠤᠷ ᠢ 2 ᠪᠦᠲᠦᠭᠡᠨ ᠪᠠᠶᠢᠭᠤᠯᠵᠦ ᠬᠤᠭ ᠨᠣᠪᠰᠢ ᠶᠢ ᠳᠠᠷᠤᠰᠢᠭᠤᠯᠤᠨ | ᠠᠪᠴᠢᠭᠤᠯᠬᠤ᠂ ᠪᠣᠬᠢᠷ ᠤᠰᠤ ᠶᠢ ᠵᠦᠭᠡᠭᠡᠪᠦᠷᠢᠯᠡᠬᠦ ᠵᠡᠷᠭᠡ ᠳᠤ ᠬᠡᠷᠡᠭᠯᠡᠬᠦ ᠲᠡᠷᠭᠡ ᠮᠠᠰᠢᠨ ᠢ ᠢᠵᠢ ᠪᠦᠷᠢᠳᠦᠬᠦᠯᠦᠨ᠎ᠡ᠃ ᠭᠡᠷ ᠤᠨ ᠲᠡᠵᠢᠭᠡᠪᠦᠷᠢ ᠶᠢᠨ ᠰᠢᠭᠡᠭ ᠢ | ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠶᠢᠯᠡ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠪᠤᠯᠭᠠᠨ ᠬᠡᠷᠡᠭᠵᠢᠭᠦᠯᠵᠦ ᠬᠤᠶᠠᠷ ᠵᠢᠯ ᠤᠨ | ᠳᠣᠲᠣᠷ᠎ᠠ 460 ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶᠂ 170 ᠦᠬᠡᠷ ᠬᠤᠨᠢᠨ ᠤ ᠬᠡᠪᠴᠢᠶᠡᠵᠢᠭᠰᠡᠨ ᠮᠠᠯᠵᠢᠯ ᠤᠨ ᠡᠷᠦᠬᠡ ᠳᠤ ᠰᠢᠭᠡᠭ ᠢ | ᠡᠬᠢ ᠪᠠᠶᠠᠯᠢᠭᠵᠢᠭᠤᠯᠤᠨ ᠠᠰᠢᠭᠯᠠᠬᠤ ᠲᠦᠬᠦᠭᠡᠷᠦᠮᠵᠢ ᠲᠤᠬᠢᠷᠠᠭᠤᠯᠤᠨ᠎ᠠ᠃ 1000 ᠲᠦᠮᠡᠨ ᠲᠥᠭᠦᠷᠢᠭ ᠤᠨ ︽ᠲᠠᠷᠢᠶᠠᠯᠠᠩ ᠤᠨ ᠬᠠᠮᠠᠭᠠᠯᠠᠯᠲᠠ ᠶᠢᠨ ᠵᠠᠷᠤᠳᠠᠯ | ︾ ᠲᠣᠬᠢᠷᠠᠭᠤᠯᠵᠤ ᠠᠶᠢᠯ ᠲᠣᠰᠬᠤᠨ᠂ ᠬᠦᠷᠢᠶ᠎ᠡ ᠬᠠᠰᠢᠶ᠎ᠠ᠂ ᠲᠠᠷᠢᠶᠠᠨ ᠭᠠᠵᠠᠷ ᠮᠠᠯᠵᠢᠯ ᠤᠨ ᠲᠠᠯᠠᠪᠠᠶ᠂ ᠵᠠᠮ ᠳᠠᠭᠠᠤ᠂ ᠭᠤᠤᠯ ᠨᠠᠭᠤᠷ ᠤᠨ ᠤᠰᠤᠨ ᠣᠷᠣᠨ ᠤ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠨᠢᠬᠦᠯᠦᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ | ᠵᠢᠱᠢᠶᠡᠴᠢ ᠭᠠᠴᠠᠭ᠎ᠠ ᠲᠣᠰᠬᠤᠨ ᠢ ᠠᠳᠠᠯᠢᠳᠬᠠᠨ ᠰᠢᠯᠭᠠᠷᠠᠭᠤᠯᠵᠤ ᠮᠠᠯᠴᠢᠨ ᠲᠠᠷᠢᠶᠠᠴᠢᠨ ᠢᠶᠠᠷ ᠭᠤᠤᠯ ᠴᠣᠭᠴᠠ ᠪᠤᠯᠭᠠᠵᠤ ᠰᠤᠮᠤ ᠪᠠᠯᠭᠠᠰᠤ ᠪᠠᠷ ᠬᠢᠨᠠᠨ | ᠬᠠᠮᠢᠶᠠᠷᠤᠭᠤᠯᠵᠤ ᠭᠠᠴᠠᠭ᠎ᠠ ᠲᠣᠰᠬᠤᠨ ᠤ ᠦᠪᠡᠷᠳᠡᠭᠡᠨ ᠬᠠᠮᠢᠶᠠᠷᠴᠤ ᠦᠢᠯᠡᠴᠢᠯᠡᠬᠦ ᠪᠦᠲᠦᠮᠵᠢᠲᠡᠶ ᠲᠤᠭᠲᠠᠯᠴᠠᠭ᠎ᠠ ᠶᠢ ᠪᠤᠢ ᠪᠤᠯᠭᠠᠨ᠎ᠠ᠃ ︽ᠮᠢᠩᠭᠠᠨ ᠭᠠᠴᠠᠭ᠎ᠠ | ᠲᠣᠰᠬᠤᠨ ᠵᠢᠱᠢᠶ᠎ᠡ ᠦᠵᠡᠬᠦᠯᠵᠤ ᠲᠦᠮᠡᠨ ᠭᠠᠴᠠᠭ᠎ᠠ ᠲᠣᠰᠬᠤᠨ ᠬᠦᠳᠡᠯᠦᠯᠴᠡᠬᠦ︾ ᠠᠵᠢᠯᠯᠠᠭ᠎ᠠ ᠶᠢ ᠥᠷᠨᠢᠭᠦᠯᠵᠦ ︽ᠨᠢᠭᠡ ᠶᠢ ᠰᠤᠷᠤᠯᠴᠠᠬᠤ᠂ ᠬᠤᠶᠠᠷ ᠢ | ᠪᠠᠶᠢᠭᠤᠯᠬᠤ᠂ ᠭᠤᠷᠪᠠ ᠶᠢ ᠳᠠᠶᠢᠴᠢᠯᠠᠬᠤ᠂ ᠲᠠᠪᠤ ᠶᠢ ᠥᠭᠡᠷᠡᠴᠢᠯᠡᠬᠦ᠂ ᠲᠠᠪᠤ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ ᠣᠶᠤᠨ ᠰᠠᠨᠠᠭᠠᠨ ᠤ ᠲᠠᠯ᠎ᠠ ᠪᠠᠷ | ᠬᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠳᠤ ᠦᠵᠡᠯ ᠰᠠᠨᠠᠭᠠᠨ ᠤ ᠪᠠᠲᠤᠯᠠᠭ᠎ᠠ ᠪᠠ ᠣᠶᠤᠨ ᠰᠠᠨᠠᠭᠠᠨ ᠤ ᠬᠦᠳᠡᠯᠭᠡᠭᠴᠢ ᠬᠦᠴᠦᠨ ᠬᠠᠩᠭᠠᠵᠤ ᠮᠠᠯᠵᠢᠬᠤ ᠲᠠᠷᠢᠶᠠᠯᠠᠬᠤ ᠣᠷᠣᠨ ᠢ ᠥᠩᠭᠡ | ᠦᠵᠡᠮᠵᠢ ᠭᠤᠶᠢᠳᠠ ᠰᠠᠶᠢᠬᠠᠨ ᠮᠥᠷᠲᠡᠭᠡᠨ ᠡᠯᠪᠡᠭ ᠪᠠᠶᠠᠯᠢᠭ ᠠᠭᠤᠯᠤᠭᠳᠠᠬᠤᠨ ᠲᠠᠢ ᠪᠣᠯᠭᠠᠨ᠎ᠠ᠃ | ︵ᠲᠦᠷᠪᠡ︶ ᠪᠦᠬᠦ ᠠᠷᠠᠳ ᠢᠶᠠᠷ ᠢᠶᠠᠨ ᠬᠦᠳᠡᠯᠦᠯᠴᠡᠵᠤ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ | ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠥᠨᠥ ᠵᠢᠯ ᠪᠣᠯ ᠭᠤᠷᠪᠠᠨ ᠵᠢᠯ ᠤᠨ ᠡᠭᠦᠳᠦᠨ ᠪᠠᠶᠢᠭᠤᠯᠬᠤ ᠦᠶᠡᠯᠡᠯ ᠤᠨ | ᠰᠢᠪᠲᠤᠯᠤᠯᠲᠠ ᠶᠢᠨ ᠵᠢᠯ ᠪᠠᠶᠢᠵᠤ ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠᠷ ᠡᠬᠦᠳᠦᠨ ᠪᠠᠶᠢᠭᠤᠯᠬᠤ ᠠᠵᠢᠯ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ | ᠪᠠᠭᠤᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠲᠤᠯᠠᠨ ᠦᠤᠰᠢᠨ ᠤ ᠠᠷᠠᠳ ᠲᠦᠮᠡᠨ ᠳᠤ ᠢᠯᠡᠳᠲᠡ ᠬᠤᠪᠢᠷᠠᠯᠲᠠ ᠭᠠᠷᠤᠭᠰᠠᠨ | ᠲᠦᠷᠦᠭᠳᠡᠯ ᠤᠯᠭᠤᠵᠤ ᠪᠠᠶᠠᠷᠯᠠᠭᠤᠰᠢᠲᠠᠶ ᠦᠷ᠎ᠡ ᠪᠦᠲᠦᠭᠡᠯ ᠦᠵᠡᠭᠦᠯᠬᠦ ᠪᠠᠷ ᠴᠢᠷᠮᠠᠶᠢᠨ᠎ᠠ᠃ | ᠬᠤᠲᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠵᠦ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠪᠠᠶᠠᠨ ᠵᠠᠮ ᠤᠨ ᠵᠡᠭᠦᠨ ᠵᠡᠭᠡᠯᠢ ᠶᠢᠨ | ᠤᠷᠳᠤᠳᠬᠠᠯ ᠵᠠᠮ᠂ ᠢ ᠯᠢᠨ ᠡᠮᠦᠨ᠎ᠡ ᠵᠠᠮ᠂ ᠲᠣᠭᠤᠷᠢᠮ ᠵᠡᠭᠡᠯᠢ᠂ ᠭᠠᠯᠠᠭᠤᠲᠤ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠠᠴᠠ | ᠭᠠᠯᠲᠤ ᠲᠡᠷᠭᠡᠨ ᠥᠷᠲᠡᠭᠡ ᠬᠦᠷᠬᠦ ᠵᠠᠯᠭᠠᠯᠲᠠ ᠱᠤᠭᠤᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠨ᠎ᠠ᠃ | ᠴᠡᠪᠡᠷᠰᠢᠭᠦᠯᠦᠭᠰᠡᠨ ᠪᠤᠬᠢᠷ ᠤᠰᠤ᠂ ᠲᠤᠯᠠᠭᠠᠯᠠᠭ᠎ᠠ᠂ ᠪᠣᠷᠣᠭᠠᠨ ᠤ ᠤᠰᠤ ᠪᠠ ᠪᠤᠬᠢᠷ ᠤᠰᠤ᠂ ᠰᠢᠲᠠᠮᠠᠬᠠᠶ ᠬᠡᠢ ᠵᠡᠷᠭᠡ ᠶᠢᠨ ᠬᠤᠭᠤᠯᠠᠶ ᠲᠣᠤᠷ ᠢ 28 | ᠺᠢᠯᠤᠮᠧᠲᠷ ᠳᠡᠪᠢᠰᠦᠨ᠎ᠡ᠃ 6.8 ᠲᠦᠮᠡᠨ ᠲᠡᠭᠰᠢ ᠳᠥᠷᠪᠡᠯᠵᠢᠨ ᠮᠧᠲᠷ ᠰᠠᠭᠤᠭᠠᠯᠢ ᠠᠷᠠᠳ ᠤᠨ ᠭᠤᠲᠤᠮᠵᠢ ᠶᠢ ᠨᠦᠬᠦᠵᠤ ᠰᠡᠯᠪᠢᠨ᠎ᠡ᠃ ᠣᠯᠠᠨ ᠨᠡᠶᠢᠲᠡ ᠶᠢᠨ | ︵ᠰᠢᠯᠵᠢᠮᠡᠯ︶ ᠤᠰᠤ ᠪᠠᠷ ᠵᠠᠶᠢᠯᠠᠬᠤ ᠮᠠᠶ᠋ᠢᠭ ᠤᠨ ᠵᠣᠷᠯᠣᠩ ᠢ 10 ᠰᠢᠨ᠎ᠡ ᠪᠠᠷ ᠪᠠᠶᠢᠭᠤᠯᠬᠤ ᠪᠠ ᠬᠤᠳᠠᠯᠳᠤᠨ ᠠᠪᠤᠨ᠎ᠠ᠃ ᠰᠤᠪᠤᠷᠭ᠎ᠠ ᠵᠡᠭᠡᠯᠢ᠂ ᠤᠢ ᠶᠢᠨ | ᠰᠡᠭᠦᠳᠡᠷᠲᠦ ᠵᠠᠮ ᠪᠠ ᠬᠡᠰᠡᠭ ᠵᠠᠩᠭᠢᠯᠠᠭ᠎ᠠ ᠶᠢᠨ ᠴᠡᠭ ᠤᠨ ᠴᠡᠴᠡᠷᠯᠢᠭᠵᠢᠬᠦᠯᠦᠯᠲᠡ ᠶᠢᠨ ᠬᠢᠷᠢ ᠳᠦᠪᠰᠢᠨ ᠢ ᠳᠡᠭᠡᠭᠰᠢᠯᠡᠭᠦᠯᠵᠦ 8.5 ᠲᠦᠮᠡᠨ ᠲᠡᠭᠰᠢ | ᠳᠥᠷᠪᠡᠯᠵᠢᠨ ᠮᠧᠲᠷ ᠭᠠᠵᠠᠷ ᠢ ᠰᠢᠨ᠎ᠡ ᠪᠠᠷ ᠦᠭᠡᠷᠡᠴᠢᠯᠡᠨ ᠨᠤᠭᠤᠭᠠᠷᠠᠭᠤᠯᠵᠤ 2 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠤᠨ ᠵᠡᠭᠡᠯᠢ ᠭᠤᠳᠤᠮᠵᠢ ᠶᠢᠨ | ᠵᠠᠮ ᠤᠨ ᠳ᠋ᠧᠩ ᠢ 150 ᠤᠭᠰᠠᠷᠠᠨ᠎ᠠ᠃ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ | ᠪᠣᠯᠤᠨ ᠭᠠᠯᠠᠭᠤᠲᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠰᠣᠶᠣᠯ ᠤᠷᠠᠯᠢᠭ ᠤᠨ ᠲᠣᠭᠯᠠᠯᠲᠠ | ᠭᠠᠷᠭᠠᠬᠤ ᠂ ᠨᠣᠮ ᠪᠢᠴᠢᠭ ᠦᠵᠡᠬᠦ᠂ ᠪᠡᠶ᠎ᠡ ᠴᠢᠭᠢᠷᠠᠭᠵᠢᠭᠤᠯᠵᠤ ᠰᠡᠯᠡᠭᠦᠴᠡᠬᠦ ᠵᠡᠷᠭᠡ ᠴᠢᠳᠠᠮᠵᠢ ᠶᠢ ᠨᠡᠶᠢᠯᠡᠭᠦᠯᠵᠦ ᠠᠵᠢᠯᠲᠠᠨ ᠠᠵᠢᠯᠴᠢᠨ ᠤ ᠠᠵᠢᠯᠯᠠᠭᠠᠨ ᠤ | ᠲᠥᠪ ᠢ ᠰᠢᠨ᠎ᠡ ᠪᠠᠷ ᠪᠠᠶᠢᠭᠤᠯᠤᠨ᠎ᠠ᠃ ᠵᠢᠵᠢᠭ ᠬᠤᠲᠠ ᠪᠠᠯᠭᠠᠰᠤ ᠶᠢᠨ ᠰᠠᠭᠤᠷᠢ ᠴᠢᠳᠠᠮᠵᠢ ᠶᠢ ᠳᠡᠭᠡᠭᠰᠢᠯᠡᠭᠦᠯᠵᠦ ᠰᠢᠷᠬᠤᠰᠤᠨ ᠪᠠᠯᠭᠠᠰᠤ ᠪᠠ ᠦᠦᠰᠢᠨᠵᠤᠤ | ᠪᠠᠯᠭᠠᠰᠤᠨ ᠲᠣᠭᠤᠷᠢᠭ ᠤᠨ ᠬᠤᠭᠤᠯᠠᠶ ᠲᠣᠤᠷ᠂ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ | ᠲᠡᠤᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠤ ᠠᠷᠠᠳ ᠤᠨ ᠬᠦᠰᠡᠯ ᠡᠷᠡᠮᠡᠯᠵᠡᠯ ᠢ ᠪᠡᠶᠡᠯᠡᠬᠦᠯᠦᠨ᠎ᠡ᠃ ᠵᠣᠷᠢᠭ ᠢᠶᠠᠨ ᠴᠢᠩᠭᠠᠯᠠᠨ ᠬᠦᠴᠢᠷ ᠠᠴᠠ | ᠰᠦᠷᠳᠡᠬᠦ ᠦᠭᠡᠢ ᠪᠠᠶᠢᠬᠤ ᠬᠡᠷᠡᠭᠲᠡᠢ᠃ 1200 ᠮᠦ ᠶᠢᠨ ᠰᠣᠯᠢᠬᠤ ᠭᠠᠵᠠᠷ ᠰᠢᠷᠤᠢ ᠵᠢᠴᠢ ᠪᠤᠰᠤᠳ ᠭᠠᠵᠠᠷ ᠰᠢᠷᠣᠶ ᠶᠢ ᠲᠠᠲᠠᠪᠤᠷᠢᠯᠠᠬᠤ᠂ ᠭᠡᠷ ᠪᠠᠶᠢᠰᠢᠩ | ᠨᠤᠷᠠᠭᠠᠵᠤ ᠨᠡᠬᠦᠯᠬᠡᠬᠦ ᠦᠯᠡᠳᠡᠭᠳᠡᠯ ᠠᠰᠠᠭᠤᠳᠠᠯ ᠢ ᠵᠠᠷᠯᠠᠨ ᠨᠡᠶᠢᠲᠡᠯᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ ᠰᠢᠢᠳᠪᠦᠷᠢᠯᠡᠵᠤ ᠪᠡᠶᠡᠯᠡᠬᠦᠯᠬᠦ ᠴᠠᠭ ᠤᠨ | ᠬᠦᠰᠦᠨᠦᠭᠲᠦ ᠶᠢ ᠨᠢᠭᠡ ᠨᠢᠭᠡ ᠪᠠᠷ ᠰᠤᠳᠤᠯᠤᠨ ᠲᠤᠲᠤᠷᠬᠠᠶᠢᠯᠠᠨ᠎ᠠ᠃ ᠪᠤᠷᠤ ᠭᠡᠷᠲᠦ ᠲᠣᠭᠤᠷᠢᠭ ᠤᠨ 157 ᠢᠵᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ | ᠨᠢᠭᠡᠨᠲᠡ ᠰᠣᠯᠢᠭᠰᠠᠨ ᠣᠷᠣᠨ ᠪᠦᠰᠡ ᠳᠠᠬᠢ ᠭᠡᠷ ᠪᠠᠶᠢᠰᠢᠩ ᠢ ᠪᠦᠬᠦᠨ ᠢ ᠨᠤᠷᠠᠭᠠᠨ᠎ᠠ᠃ ᠭᠠᠯᠠᠭᠤᠲᠤ ᠪᠠᠯᠭᠠᠰᠤᠨ ᠲᠣᠭᠤᠷᠢᠭ ᠤᠨ ᠨᠤᠷᠠᠬᠤ ᠠᠶᠤᠯᠲᠠᠢ | ᠬᠠᠭᠤᠴᠢᠨ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠨ ᠪᠠᠶᠢᠭᠤᠯᠬᠤ ᠠᠷᠭ᠎ᠠ ᠶᠢ ᠰᠤᠳᠤᠯᠤᠨ ᠨᠡᠶᠢᠲᠡᠯᠡᠨ᠎ᠡ᠃ ᠬᠤᠲᠠ ᠪᠠᠯᠭᠠᠰᠤᠨ ᠤ ᠤᠯᠤᠰ ᠤᠨ ᠦᠮᠴᠢᠯᠡᠯᠲᠦ | ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢ ᠳᠠᠩᠰᠠᠯᠠᠬᠤ ᠠᠵᠢᠯ ᠢ ᠲᠦᠯᠬᠢᠨ ᠠᠬᠢᠭᠤᠯᠵᠤ ᠦᠯᠡᠳᠡᠭᠰᠡᠨ 11 ᠲᠥᠷᠥᠯ ᠤᠨ | 4273 ᠢᠵᠢ ᠭᠡᠷ ᠪᠠᠶᠢᠰᠢᠩ ᠤᠨ ᠦᠨᠡᠮᠯᠡᠯ ᠭᠦᠢᠴᠡᠳᠬᠡᠬᠦ ᠠᠵᠢᠯ ᠢ ᠲᠠᠪᠤᠳᠤᠭᠠᠷ ᠰᠠᠷ᠎ᠠ ᠶᠢᠨ ᠰᠡᠭᠦᠯᠴᠢ ᠳᠤ ᠪᠡᠶᠡᠯᠡᠬᠦᠯᠵᠤ ᠪᠠᠷᠠᠭᠠᠬᠤ ᠶᠢ ᠪᠠᠲᠤᠯᠠᠨ᠎ᠠ᠃ | ᠨᠠᠷᠢᠯᠢᠭ ᠪᠠᠶᠢᠭᠤᠯᠤᠨ ᠬᠠᠮᠢᠶᠠᠷᠬᠤ ᠶᠢ ᠪᠠᠷᠢᠮᠲᠠᠯᠠᠵᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠠᠯᠠᠭᠤᠲᠤ ᠪᠠᠯᠭᠠᠰᠤᠨ ᠤ ᠬᠡᠰᠡᠭ ᠵᠡᠭᠡᠯᠢ ᠭᠤᠳᠤᠮᠵᠢ ᠶᠢᠨ ᠵᠡᠭᠡᠯᠢ ᠤᠷᠤᠭᠤ ᠬᠠᠨᠳᠤᠭᠰᠠᠨ ᠭᠡᠷ ᠪᠠᠶᠢᠰᠢᠩ ᠢ ᠨᠢᠭᠡᠲᠦᠯᠲᠠᠢ ᠲᠥᠯᠥᠪᠯᠡᠨ ᠬᠤᠳᠠᠯᠳᠤᠭᠠᠨ ᠤ | ᠡᠷᠦᠬᠡ ᠶᠢᠨ ᠵᠠᠰᠠᠨ ᠰᠢᠨᠡᠳᠬᠡᠬᠦ ᠶᠢ ᠵᠣᠷᠢᠭᠵᠢᠭᠤᠯᠤᠨ᠎ᠠ᠃ ᠡᠭᠦᠳᠡᠨ ᠡᠮᠦᠨᠡᠬᠢ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ ᠬᠤᠲᠠ ᠪᠠᠯᠭᠠᠰᠤᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠯᠡᠨ ᠴᠡᠭᠴᠡᠯᠡᠵᠦ ᠱᠦᠢᠨᠢ᠂ ᠴᠢᠯᠠᠭᠤᠨ ᠮᠠᠲ᠋ᠧᠷᠢᠶᠠᠯ ᠢ | ᠲᠥᠪᠯᠡᠷᠡᠭᠦᠯᠦᠨ ᠪᠣᠷᠣᠯᠠᠭᠤᠯᠬᠤ ᠭᠠᠵᠠᠷ ᠪᠣᠯᠤᠨ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡᠨ ᠤ ᠬᠤᠶᠠᠳᠤᠭᠠᠷ ᠬᠤᠭᠤᠴᠠᠭ᠎ᠠ᠂ ᠭᠠᠷ ᠳᠠᠮᠵᠢᠭᠰᠠᠨ ᠲᠡᠷᠭᠡ | ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠲᠡᠮᠦᠷᠯᠢᠭ ᠪᠤᠯᠤᠨ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ | ᠬᠠᠶᠠᠭᠳᠠᠮᠠᠯ ᠡᠳ᠋ ᠬᠤᠳᠠᠯᠳᠤᠨ ᠠᠪᠬᠤ᠂ ᠭᠠᠷ ᠳᠠᠮᠵᠢᠭᠰᠠᠨ ᠲᠡᠷᠭᠡ ᠪᠣᠯᠤᠨ ᠲᠠᠷᠢᠶᠠᠯᠠᠩ ᠤᠨ ᠮᠠᠰᠢᠨ ᠤ ᠪᠤᠷᠤᠯᠠᠭᠤᠯᠭ᠎ᠠ ᠶᠢ ᠵᠠᠬ᠎ᠠ ᠳᠡᠯᠭᠡᠭᠦᠷ ᠲᠤ | ᠣᠷᠣᠭᠤᠯᠬᠤ ᠶᠢ ᠬᠥᠲᠥᠯᠥᠨ ᠵᠢᠯᠤᠭᠤᠳᠴᠤ ᠴᠡᠪᠡᠷ ᠲᠤᠬᠢᠯᠢᠭ᠂ ᠤᠷᠤᠰᠢᠨ ᠰᠠᠭᠤᠷᠢᠰᠢᠬᠤ ᠳᠤ ᠲᠠᠭᠠᠯᠠᠮᠵᠢᠲᠠᠢ ᠤᠷᠴᠢᠨ ᠨᠦᠬᠦᠴᠡᠯ ᠢ ᠪᠦᠷᠢᠯᠳᠦᠬᠦᠯᠦᠨ᠎ᠡ᠃ | ᠰᠢᠨ ᠱᠢ ᠲᠠᠢ ᠵᠡᠷᠭᠡ ᠰᠠᠭᠤᠭᠠᠯᠢ ᠠᠷᠠᠳ ᠤᠨ 14 ᠬᠠᠭᠤᠴᠢᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠬᠦᠯᠵᠤ 348 ᠢᠵᠢ ᠨᠡᠶᠢᠲᠡ | ᠶᠢᠨ ᠲᠦᠷᠢᠶᠡᠰᠦᠲᠦ ᠭᠡᠷ ᠪᠠᠶᠢᠰᠢᠩ ᠤᠨ ᠲᠦᠷᠦᠯ ᠵᠦᠢᠯ ᠢ ᠴᠢᠷᠮᠠᠶᠢᠨ ᠡᠬᠢᠯᠡᠬᠦᠯᠵᠤ ᠨᠢᠭᠡᠨᠲᠡ ᠪᠠᠶᠢᠭ᠎ᠠ ᠤᠷᠤᠨ ᠰᠠᠭᠤᠴᠠ ᠶᠢᠨ ᠲᠣᠭᠤᠷᠢᠭ ᠲᠤ ᠴᠠᠬᠢᠯᠭᠠᠨ | ᠱᠠᠲᠤ ᠨᠡᠮᠡᠵᠦ ᠤᠭᠰᠠᠷᠠᠬᠤ ᠶᠢ ᠳᠠᠮᠵᠢᠵᠤ ᠮᠡᠷᠭᠡᠵᠢᠯ ᠤᠨ ᠰᠡᠷᠭᠡᠶᠢᠯᠡᠯᠲᠡ᠂ ᠲᠡᠷᠭᠡᠨ ᠵᠤᠭᠰᠤᠭᠠᠯ᠂ ᠴᠠᠬᠢᠯᠭᠠᠨ ᠴᠡᠨᠡᠭᠯᠡᠬᠦᠷ ᠵᠡᠷᠭᠡ ᠦᠢᠯᠡᠴᠢᠯᠡᠭᠡᠨ ᠤ | ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠤᠰᠤᠨ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠵᠤ ᠰᠢᠨ᠎ᠡ ᠪᠠᠷ | ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠲᠤ ᠰᠢᠭᠤᠳ ᠤᠤᠭᠤᠬᠤ ᠤᠰᠤ ᠪᠠ ᠴᠡᠪᠡᠷᠰᠢᠭᠦᠯᠦᠭᠰᠡᠨ ᠪᠤᠬᠢᠷ ᠤᠰᠤ ᠶᠢ ᠡᠷᠦᠬᠡ ᠳᠤ ᠰᠠᠯᠭᠠᠨ | ᠤᠷᠤᠭᠤᠯᠵᠤ ᠠᠮᠢᠳᠤᠷᠠᠯ ᠳᠤ ᠬᠡᠷᠡᠭᠯᠡᠬᠦ ᠤᠰᠤ ᠠᠴᠠ ᠭᠠᠷᠤᠭᠰᠠᠨ ᠪᠤᠬᠢᠷ ᠤᠰᠤ ᠶᠢ ᠭᠠᠳᠠᠭᠰᠢᠯᠠᠭᠤᠯᠵᠤ ᠰᠢᠢᠳᠪᠦᠷᠢᠯᠡᠬᠦ ᠳᠤ ᠰᠦᠢᠳᠬᠡᠯ ᠬᠤᠷᠢᠶᠠᠬᠤ | ᠲᠦᠷᠢᠮ ᠢ ᠪᠠᠶᠢᠭᠤᠯᠤᠨ᠎ᠠ᠃ 9 ᠨᠡᠶᠢᠲᠡ ᠶᠢᠨ ᠮᠠᠰᠢᠨ ᠲᠡᠷᠭᠡ ᠶᠢ ᠰᠢᠨ᠎ᠡ ᠡᠨᠧᠷᠬᠢᠲᠤ ᠨᠡᠶᠢᠲᠡ ᠶᠢᠨ ᠮᠠᠰᠢᠨ ᠲᠡᠷᠭᠡ ᠪᠤᠯᠭᠠᠨ ᠰᠤᠯᠢᠵᠤ ᠮᠠᠰᠢᠨ ᠲᠡᠷᠭᠡᠨ ᠤ ᠵᠠᠮ | ᠱᠤᠭᠤᠮ ᠪᠠ ᠥᠷᠲᠡᠭᠡ ᠴᠡᠭ ᠢ ᠰᠢᠯᠢᠳᠡᠭᠵᠢᠬᠦᠯᠦᠨ ᠤᠯᠠᠨ ᠲᠦᠮᠡᠨ ᠤ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠲᠤ ᠠᠶᠠᠯᠠᠯ ᠢ ᠵᠣᠷᠢᠭᠵᠢᠭᠤᠯᠤᠨ᠎ᠠ᠃ | ᠪᠢᠳᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠲᠥᠪ ᠤᠨ ᠪᠥᠬᠦ ᠤᠯᠤᠰ ᠤᠨ ᠲᠤᠷᠰᠢᠯᠲᠠ ᠶᠢᠨ ᠬᠤᠰᠢᠭᠤ ᠶᠢᠨ ᠡᠭᠦᠳᠦᠨ | ᠪᠠᠶᠢᠭᠤᠯᠤᠯᠲᠠ ᠪᠠᠷ ᠵᠢᠯᠣᠭᠤᠳᠣᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠤᠬᠠᠭᠤᠯᠤᠨ ᠲᠠᠶᠢᠯᠪᠤᠷᠢᠯᠠᠵᠤ ᠨᠠᠮ ᠤᠨ ᠲᠡᠤᠬᠡ᠂ | ᠬᠤᠪᠢᠰᠬᠠᠯ ᠤᠨ ᠲᠡᠤᠬᠡ ᠶᠢᠨ ᠬᠥᠮᠦᠵᠢᠯ ᠢ ᠴᠢᠩᠭᠠᠳᠬᠠᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠬᠦᠯᠦᠨ ᠶᠣᠰᠣ ᠰᠤᠷᠲᠠᠬᠤᠨ ᠤ ᠵᠢᠱᠢᠶᠡᠴᠢ᠂ | ᠳᠡᠷᠭᠡᠳᠡᠬᠢ ᠰᠠᠶᠢᠨ ᠬᠥᠮᠦᠨ ᠵᠢᠴᠢ ᠰᠠᠶᠢᠨ ᠦᠢᠯᠡ ᠠᠵᠢᠯᠯᠠᠭ᠎ᠠ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠵᠤ ᠬᠠᠤᠯᠢ ᠰᠠᠬᠢᠬᠤ᠂ ᠦᠢᠯᠡᠰ ᠢᠶᠠᠨ ᠳᠡᠭᠡᠳᠦᠯᠡᠵᠦ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠢ | ᠴᠢᠩᠭᠠᠳᠬᠠᠵᠤ ᠤᠰᠤ ᠶᠢ ᠠᠷᠪᠢᠯᠠᠨ ᠬᠡᠷᠡᠭᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ᠂ ᠪᠣᠯᠪᠠᠰᠤᠨ ᠢᠶᠠᠷ ᠬᠤᠭᠤᠯᠠᠯᠠᠬᠤ ᠵᠡᠷᠭᠡ ᠰᠠᠶᠢᠨ | ᠰᠠᠶᠢᠬᠠᠨ ᠠᠮᠢᠳᠤᠷᠠᠯ ᠤᠨ ᠳᠠᠳᠬᠠᠯ ᠢ ᠬᠦᠮᠦᠵᠢᠬᠦᠯᠦᠨ ᠢᠳᠡᠪᠬᠢ ᠬᠦᠴᠦᠨ ᠢ ᠶᠡᠬᠡᠪᠡᠷ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ ᠪᠤᠯᠭᠠᠨ᠎ᠠ | ︕ | ︵ᠲᠠᠪᠤ︶ ᠲᠤᠲᠤᠭᠠᠳᠤ ᠳᠤ ᠪᠠᠨ ᠴᠢᠩᠭ᠎ᠠ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ︽ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠠᠶᠢᠳᠠᠪᠤᠷᠢᠵᠢᠭᠤᠯᠵᠤ ᠵᠦᠪᠰᠢᠶᠡᠷᠡᠨ ᠣᠷᠣᠭᠤᠯᠬᠤ᠂ ᠬᠢᠨᠠᠨ ᠵᠥᠪᠰᠢᠶᠡᠷᠡᠬᠦ᠂ | ᠵᠣᠬᠢᠴᠠᠭᠤᠯᠬᠤ᠂ ᠥᠪᠡᠷ ᠤᠨ ᠥᠷᠲᠡᠭ᠂ ᠭᠠᠶᠢᠯᠢ ᠶᠢᠨ ᠰᠦᠢᠳᠭᠡᠯ᠂ ᠪᠠᠯᠠ ᠴᠤᠭᠯᠠᠭᠤᠯᠬᠤ ᠵᠡᠷᠭᠡ ᠲᠠᠯ᠎ᠠ ᠪᠠᠷ ᠶᠡᠷᠦᠩᠭᠡᠶᠢᠯᠡᠭᠰᠡᠨ ᠠᠷᠭ᠎ᠠ ᠪᠣᠳᠣᠯᠭ᠎ᠠ ᠶᠢ | ᠬᠡᠷᠡᠭᠵᠢᠬᠦᠯᠦᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠦᠨᠡᠨᠬᠦ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠶᠡᠭᠡ ᠪᠠᠷ ᠬᠥᠭᠵᠢᠭᠡᠨ᠎ᠡ᠃ | ᠵᠠᠰᠠᠭ ᠤᠨ ᠡᠷᠭᠡ ᠶᠢ ᠴᠤᠮᠬᠤᠳᠬᠠᠨ ᠲᠠᠯᠪᠢᠬᠤ ᠬᠠᠮᠢᠶᠠᠷᠬᠤ ᠶᠢ ᠤᠶᠠᠯᠳᠤᠭᠤᠯᠵᠤ ᠦᠢᠯᠡᠴᠢᠯᠡᠭᠡ ᠶᠢ ᠰᠢᠯᠢᠳᠡᠭᠵᠢᠬᠦᠯᠬᠦ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ ᠲᠤ ᠲᠦᠰᠢᠭᠯᠡᠨ ᠡᠯ᠎ᠡ ᠲᠥᠷᠥᠯ ᠤᠨ ᠰᠠᠭᠤᠷᠢ | ᠲᠤᠭ᠎ᠠ ᠪᠠᠷᠢᠮᠲᠠ ᠶᠢ ᠨᠡᠩ ᠬᠤᠯᠪᠤᠯᠳᠣᠭᠤᠯᠣᠨ ᠨᠡᠪᠲᠡᠷᠡᠬᠦᠯᠦᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ︽ᠨᠢᠭᠡ ᠦᠷᠲᠡᠭᠡᠲᠦ ᠮᠠᠶ᠋ᠢᠭ︾ ᠤᠨ | ᠦᠢᠯᠡᠴᠢᠯᠡᠬᠡᠨ ᠤ ᠲᠥᠪ ᠢ ᠪᠥᠬᠦ ᠲᠠᠯ᠎ᠠ ᠪᠠᠷ ᠠᠵᠢᠯᠯᠠᠭᠤᠯᠵᠦ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠥᠪᠰᠢᠶᠡᠷᠡᠯ ᠤᠨ ᠭᠠᠷ | ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 50 ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠵᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠭᠠᠷ ᠬᠦᠢᠴᠡᠳᠭᠡᠯ ᠤᠨ ᠬᠦᠢᠴᠡᠳᠭᠡᠬᠦ ᠬᠤᠭᠤᠴᠠᠭ᠎ᠠ ᠶᠢ ᠪᠤᠭᠤᠨᠢᠰᠬᠠᠭᠠᠳ 80 | ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠨ᠎ᠡ᠃ ᠳᠡᠭᠡᠳᠦ ᠱᠠᠲᠤᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠵᠠᠷ ᠰᠢᠷᠣᠶ ᠵᠡᠷᠭᠡ ᠬᠦᠴᠦᠨ ᠵᠦᠢᠯ ᠤᠨ ᠥᠪᠡᠷ ᠤᠨ | ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ ᠲᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠬᠠᠪᠰᠤᠷᠴᠤ ᠬᠦᠴᠢᠷ ᠪᠡᠷᠬᠡᠰᠢᠶᠡᠯ ᠢ ᠲᠤᠭᠤᠯᠤᠨ᠎ᠠ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠬᠢ | ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠴᠢᠩᠭᠠᠳᠬᠠᠵᠤ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ | ᠴᠢᠩᠭᠠᠷᠠᠭᠤᠯᠤᠨ ᠬᠦᠷᠢᠶᠡᠯᠡᠩ ᠲᠣᠭᠤᠷᠢᠭ ᠪᠠ ᠭᠤᠤᠯᠳᠠᠯᠭ᠎ᠠ ᠲᠠᠢ ᠰᠠᠯᠠᠭ᠎ᠠ ᠮᠥᠴᠢᠷ ᠲᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠯᠲᠡ ᠶᠢ | ᠬᠢᠨ᠎ᠡ᠃ ᠭᠤᠤᠯᠳᠠᠯᠭᠠᠲᠤ ᠲᠥᠷᠥᠯ ᠵᠦᠢᠯ ᠤᠨ ᠬᠤᠳᠠᠯᠳᠤᠭᠠᠴᠢᠨ ᠤᠷᠢᠬᠤ᠂ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠪᠦᠬᠦ ᠶᠠᠪᠤᠴᠠ ᠶᠢᠨ ︽ | ᠬᠠᠮᠢᠶᠠᠷᠤᠭᠴᠢ ᠮᠠᠶ᠋ᠢᠭ︾ ᠤᠨ ᠦᠢᠯᠡᠴᠢᠯᠡᠬᠡᠨ ᠤ ᠳᠦᠷᠢᠮ ᠢ ᠪᠠᠶᠢᠭᠤᠯᠤᠨ᠎ᠠ᠃ ᠬᠤᠳᠠᠯᠳᠤᠭᠠᠴᠢᠨ ᠤᠷᠢᠬᠤ ᠪᠠ ᠲᠥᠷᠥᠯ ᠵᠦᠢᠯ ᠢ ᠬᠠᠪᠰᠤᠷᠤᠨ ᠡᠷᠬᠢᠯᠡᠬᠦ | ᠲᠤᠰᠬᠠᠶᠢᠵᠢᠭᠰᠠᠨ ᠡᠩᠨᠡᠭᠡ ᠶᠢ ᠵᠣᠬᠢᠶᠠᠨ ᠪᠠᠶᠢᠭᠤᠯᠵᠤ ᠨᠢᠭᠡ ᠲᠥᠷᠥᠯ ᠵᠦᠢᠯ ᠳᠤ ᠨᠢᠭᠡ ᠪᠠᠭ᠂ ᠨᠢᠭᠡ ᠲᠥᠷᠥᠯ ᠵᠦᠢᠯ ᠳᠤ ᠨᠢᠭᠡ ᠢᠵᠢ ᠬᠢᠨᠠᠨ ᠵᠦᠪᠰᠢᠶᠡᠷᠡᠬᠦ | ᠶᠠᠪᠤᠴᠠ ᠶᠢ ᠲᠤᠭᠲᠠᠭᠠᠵᠤ ᠪᠣᠳᠠᠲᠠᠶ ᠠᠰᠠᠭᠤᠳᠠᠯ ᠳᠤ ᠴᠢᠭᠯᠡᠭᠦᠯᠦᠨ ᠤᠴᠢᠷ ᠶᠠᠪᠤᠳᠠᠯ ᠢ ᠨᠢᠭᠡ ᠨᠢᠭᠡ ᠪᠠᠷ ᠵᠥᠪᠯᠡᠵᠦ ᠲᠥᠷᠥᠯ ᠵᠦᠢᠯ ᠢ ᠬᠢᠨᠠᠨ | ᠵᠥᠪᠰᠢᠶᠡᠷᠡᠬᠦ ᠠᠴᠠ ᠡᠬᠢᠯᠡᠨ ᠠᠵᠢᠯ ᠡᠬᠢᠯᠡᠭᠦᠯᠬᠦ ᠪᠥᠬᠦ ᠶᠠᠪᠤᠴᠠ ᠶᠢ ︽ᠲᠦᠷᠭᠡᠳᠬᠡᠬᠦ︾ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠰᠦᠯᠵᠢᠶᠡᠨ ᠳᠡᠭᠡᠷᠡᠬᠢ ᠪᠠ ᠪᠤᠳᠠᠳᠠᠢ ᠳᠡᠭᠡᠷᠡᠬᠢ ᠶᠢ ᠴᠤᠭᠴᠠᠵᠢᠭᠤᠯᠤᠭᠰᠠᠨ ᠦᠨᠡᠯᠡᠯᠲᠡ ᠶᠢᠨ ᠲᠦᠷᠢᠮ ᠢ ᠪᠠᠶᠢᠭᠤᠯᠤᠨ᠎ᠠ᠃ ︽ᠨᠢᠭᠡ ᠴᠣᠩᠬᠤᠪᠴᠢ ᠪᠠᠷ | ᠶᠡᠷᠦᠩᠬᠡᠶᠢᠯᠡᠨ ᠬᠦᠢᠴᠡᠳᠬᠡᠬᠦ︾ ᠦᠢᠯᠡᠴᠢᠯᠡᠭᠡ ᠶᠢ ᠦᠷᠨᠢᠬᠦᠯᠵᠤ ᠲᠤᠲᠤᠭᠠᠳᠤ ᠳᠠᠭᠠᠨ ᠬᠢᠨᠠᠯᠲᠠ ᠲᠠᠯᠪᠢᠬᠤ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ᠂ ᠡᠯᠧᠺᠲᠷᠣᠨ ᠬᠢᠨᠠᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ᠂ ᠰᠤᠮᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ᠰᠦᠯᠵᠢᠶᠡᠨ ᠳᠡᠭᠡᠷ᠎ᠡ ᠠᠵᠢᠯ | ᠬᠦᠢᠴᠡᠳᠭᠡᠬᠦ ᠲᠢᠩᠬᠢᠮ︾ ᠵᠡᠷᠭᠡ ᠠᠵᠢᠯ ᠬᠦᠢᠴᠡᠳᠭᠡᠬᠦ ᠳᠠᠪᠴᠠᠩ᠂ ᠦᠢᠯᠡᠴᠢᠯᠡᠭᠡᠨ ᠤ ᠤᠴᠢᠷ ᠶᠠᠪᠤᠳᠠᠯ ᠢ ᠬᠦᠢᠴᠡᠳᠬᠡᠬᠦ ᠶᠠᠪᠤᠴᠠ᠂ ᠴᠣᠩᠬᠤᠪᠴᠢ ᠶᠢᠨ | ᠠᠵᠢᠯᠲᠠᠨ ᠳᠤ ᠪᠥᠬᠦ ᠲᠠᠯ᠎ᠠ ᠶᠢᠨ ᠦᠨᠡᠯᠡᠯᠲᠡ ᠬᠢᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠠ ᠠᠵᠢᠯᠲᠠᠨ ᠠᠵᠢᠯᠴᠢᠨ ᠢ ᠭᠡᠳᠡᠷᠭᠦ | ᠰᠢᠬᠠᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠦᠵᠡᠯ ᠤᠬᠠᠮᠰᠠᠷ ᠢ ᠨᠢ ᠴᠢᠩᠭᠠᠳᠬᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠭᠡᠢ᠂ ᠨᠢᠭᠡ ᠤᠳᠠᠭ᠎ᠠ ᠪᠠᠷ ᠤᠴᠢᠷ ᠶᠠᠪᠤᠳᠠᠯ ᠢ ᠰᠠᠶᠢᠲᠤᠷ ᠮᠡᠳᠡᠭᠳᠡᠭᠰᠡᠨ ᠦᠭᠡᠢ᠂ | ᠠᠯᠪᠠ ᠬᠠᠰᠢᠵᠤ ᠠᠮᠠ ᠪᠦᠭᠯᠡᠨ ᠬᠠᠷᠢᠯᠴᠠᠨ ᠲᠦᠯᠬᠢᠯᠴᠡᠵᠦ ᠠᠵᠤ ᠠᠬᠤᠶᠢᠯᠠᠯ ᠪᠣᠯᠤᠨ ᠣᠯᠠᠨ ᠲᠦᠮᠡᠨ ᠢ ᠣᠯᠠᠨ ᠤᠳᠠᠭ᠎ᠠ ᠭᠦᠶᠦᠯᠭᠡᠭᠰᠡᠨ ᠪᠠᠶᠢᠪᠠᠯ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ︵ᠵᠢᠷᠭᠤᠭ᠎ᠠ︶ ᠰᠠᠭᠤᠷᠢ ᠶᠢ ᠪᠠᠬᠢᠵᠢᠭᠦᠯᠵᠦ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ︽ | ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ | ᠨᠢᠭᠡᠳᠤᠯᠳᠡᠢ ᠲᠦᠯᠦᠪᠯᠡᠨ ᠠᠬᠢᠭᠤᠯᠵᠦ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠵᠦ ᠭᠠᠳᠠᠭᠰᠢ ᠨᠡᠭᠡᠭᠡᠯᠲᠡ ᠬᠢᠬᠦ ᠬᠥᠭᠵᠢᠯᠲᠡ ᠶᠢᠨ ᠵᠠᠮ ᠢ | ᠰᠠᠭᠠᠳ ᠥᠬᠡᠶ ᠨᠡᠪᠲᠡᠷᠡᠭᠦᠯᠵᠦ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠳᠠᠭᠠᠵᠦ ᠬᠤᠲᠠ ᠪᠠᠯᠭᠠᠰᠤ᠂ ᠲᠠᠷᠢᠶᠠᠯᠠᠩ ᠠᠵᠦ ᠠᠬᠤᠢ᠂ ᠠᠮᠢ ᠠᠬᠤᠶ ᠶᠢᠨ ᠣᠷᠣᠨ ᠵᠠᠶ ᠪᠠ ᠠᠮᠢ | ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ᠂ ᠬᠤᠲᠠ | ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠨ᠎ᠠ᠃ ᠮᠤᠤᠠᠣᠰᠣ ᠶᠢᠨ ᠡᠯᠡᠰᠤ ᠮᠠᠩᠬ᠎ᠠ ᠶᠢ ᠵᠠᠰᠠᠭᠰᠠᠨ ᠲᠤᠷᠰᠢᠯᠭ᠎ᠠ ᠶᠢ ᠳ᠋ᠦᠩᠨᠡᠨ | ᠳᠡᠯᠭᠡᠷᠡᠬᠦᠯᠵᠦ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠢᠷᠡᠯᠳᠡ ᠶᠢᠨ ᠬᠤᠶᠠᠳᠤᠭᠠᠷ ᠬᠤᠭᠤᠴᠠᠭ᠎ᠠ᠂ ᠮᠠᠭᠤᠳᠠᠭᠰᠠᠨ ᠣᠢ ᠰᠢᠭᠤᠢ ᠶᠢ ᠲᠦᠷᠦᠯ | ᠬᠤᠪᠢᠶᠠᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠬᠦᠯᠵᠦ ᠰᠢᠷᠬᠤᠰᠤᠨ ᠭᠤᠣᠯ ᠤᠨ ᠬᠤᠶᠠᠷ ᠡᠷᠭᠢ᠂ | ᠭᠤᠣᠯᠳᠠᠯᠭ᠎ᠠ ᠲᠠᠢ ᠤᠯᠤᠰ ᠮᠤᠵᠢ ᠶᠢᠨ ᠵᠠᠮ ᠱᠤᠭᠤᠮ ᠳᠠᠭᠠᠤ ᠶᠢᠨ ᠮᠤᠤᠠᠤᠰᠤ ᠶᠢᠨ ᠪᠣᠬᠢᠷᠲᠤᠯ ᠦᠭᠡᠢ ᠠᠮᠢ ᠠᠬᠤᠢ ᠶᠢᠨ ᠪᠦᠰᠡ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠦ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠥᠷᠨᠢᠭᠦᠯᠤᠨ | 15.1 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 25 ᠲᠦᠮᠡᠨ ᠮᠦ ᠨᠤᠲᠤᠭ ᠪᠡᠯᠴᠢᠭᠡᠷ ᠤᠨ ᠬᠠᠮᠠᠭᠠᠯᠠᠯᠲᠠ ᠶᠢ | ᠪᠡᠶᠡᠯᠡᠬᠦᠯᠦᠨ᠎ᠡ᠃ ᠪᠠᠲᠤ ᠶᠢᠨ ᠲᠣᠬᠤᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠬᠦᠯᠬᠦ ᠪᠠ ᠨᠠᠷᠢᠨ ᠭᠤᠤᠯ ᠤᠨ ᠦᠶᠡᠷ ᠢ ᠰᠡᠷᠭᠡᠶᠢᠯᠡᠬᠦ | ᠰᠤᠪᠠᠭ ᠤᠨ ︵ᠳᠣᠣᠷᠠᠳᠤ ᠤᠷᠤᠰᠬᠠᠯ ᠤᠨ ᠬᠡᠰᠡᠭ︶ ᠬᠠᠰᠢᠯᠭ᠎ᠠ ᠶᠢ ᠪᠠᠬᠢᠵᠢᠬᠦᠯᠬᠦ ᠢᠨᠵᠧᠨᠧᠷᠢᠩ ᠢ ᠪᠠᠷᠢᠯᠭ᠎ᠠ ᠡᠬᠢᠯᠡᠬᠦᠯᠦᠨ ᠪᠦᠲᠦᠭᠡᠨ ᠪᠠᠶᠢᠭᠤᠯᠵᠦ | ᠳᠠᠷᠬᠠᠨᠯᠠᠮ᠎ᠠ ᠠᠮᠢ ᠠᠬᠤᠢ ᠶᠢᠨ ᠠᠷᠢᠭᠤᠨ ᠴᠡᠪᠡᠷ ᠰᠠᠪᠠ ᠭᠠᠵᠠᠷ ᠤᠨ ᠬᠦᠷᠦᠰᠦ ᠰᠢᠷᠤᠢ ᠶᠢᠨ ᠢᠳᠡᠭᠳᠡᠯ ᠢ ᠬᠠᠮᠠᠭᠠᠯᠠᠬᠤ ᠶᠡᠷᠤᠩᠬᠡᠶᠢᠯᠡᠭᠰᠡᠨ ᠵᠠᠰᠠᠯᠲᠠ ᠶᠢ | ᠬᠡᠷᠡᠭᠵᠢᠬᠦᠯᠦᠨ᠎ᠡ᠃ ᠪᠠᠶᠠᠨᠨᠠᠭᠤᠷ ᠤᠨ ᠨᠤᠭᠤ ᠭᠠᠵᠠᠷ ᠢ ᠭᠤᠶᠤᠴᠢᠯᠠᠨ ᠮᠡᠳᠡᠬᠦᠯᠵᠦ ᠭᠡᠷᠡᠴᠢᠯᠡᠭᠦᠯᠦᠬᠡᠳ ᠰᠢᠷᠬᠤᠰᠤ ᠨᠤᠭᠤ ᠭᠠᠵᠠᠷ ᠤᠨ ᠦᠵᠡᠰᠬᠦᠯᠡᠩ ᠤᠨ | ᠣᠷᠳᠣᠨ ᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠮᠦᠩᠭᠡᠴᠢ ᠵᠡᠷᠭᠡ 3 ᠨᠡᠭᠦᠷᠡᠰᠦᠨ ᠠᠭᠤᠷᠬᠠᠢ ᠶᠢ ᠪᠣᠬᠢᠷᠲᠤᠯ ᠦᠭᠡᠢ ᠪᠤᠯᠭᠠᠨ ᠡᠭᠦᠳᠦᠨ | ᠪᠠᠶᠢᠭᠤᠯᠤᠨ᠎ᠠ᠃ | ᠠᠮᠢ ᠠᠬᠤᠶ ᠶᠢᠨ ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠨ᠎ᠠ᠃ ᠣᠶ ᠰᠢᠭᠤᠶ ᠶᠢᠨ ᠬᠢᠨᠠᠨ ᠪᠠᠶᠢᠴᠠᠭᠠᠯᠲᠠ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠷᠴᠠᠨ ᠤ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠲᠤᠬᠢᠷᠠᠭᠤᠯᠤᠯᠲᠠ ᠬᠢᠵᠦ ᠰᠢᠯᠢᠳᠡᠭᠵᠢᠭᠦᠯᠦᠨ᠎ᠡ᠃ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ | ᠲᠠᠷᠢᠶᠠᠨ ᠭᠠᠵᠠᠷ ᠢ ᠬᠠᠮᠠᠭᠠᠯᠠᠬᠤ ᠬᠠᠷᠠᠯᠳᠠ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠦ ᠠᠵᠢᠯ ᠲᠥᠷᠥᠯ ᠪᠣᠯᠤᠨ ᠰᠤᠮᠤ ᠪᠠᠯᠭᠠᠰᠤᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ ᠳᠠᠭᠠᠭᠤᠯᠢ ᠤᠳᠤᠨ ᠤ ᠬᠡᠷᠡᠯ ᠵᠢᠷᠤᠭ ᠢᠶᠠᠷ ᠬᠠᠤᠯᠢ ᠬᠡᠷᠡᠭᠵᠢᠭᠦᠯᠬᠦ᠂ | ᠵᠢᠯᠣᠭᠤᠴᠢ ᠦᠭᠡᠢ ᠨᠢᠰᠬᠡᠯ ᠢᠶᠠᠷ ᠵᠢᠭᠰᠠᠭᠠᠨ ᠪᠠᠶᠢᠴᠠᠭᠠᠬᠤ ᠪᠠ ᠣᠯᠠᠨ ᠲᠦᠮᠡᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ ᠲᠠᠷᠢᠶᠠᠨ ᠭᠠᠵᠠᠷ᠂ | ᠣᠢ ᠰᠢᠭᠤᠶ ᠡᠪᠡᠰᠦ ᠪᠡᠯᠴᠢᠭᠡᠷ᠂ ᠭᠤᠤᠯ ᠨᠠᠭᠤᠷ᠂ ᠬᠥᠷᠥᠰᠥ ᠰᠢᠷᠣᠶ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠣᠯᠲᠠ ᠶᠢ | ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠤᠨ ᠤᠷᠤᠨ ᠬᠤᠪᠢᠶᠠᠨ ᠰᠡᠯᠭᠦᠨ ᠮᠠᠯᠵᠢᠬᠤ ᠶᠢ | ᠰᠢᠨᠵᠢᠯᠡᠬᠦ ᠤᠬᠠᠭᠠᠨᠴᠢ ᠪᠠᠷ ᠵᠢᠯᠣᠭᠤᠳᠴᠤ ᠪᠡᠯᠴᠢᠭᠡᠷ ᠮᠠᠯ ᠢ ᠠᠯᠬᠤᠮ ᠠᠯᠬᠤᠮ ᠢᠶᠠᠷ ᠲᠡᠩᠴᠡᠭᠦᠷᠢᠰᠢᠬᠦᠯᠦᠨᠡ᠃ ᠮᠠᠰᠢᠨ ᠴᠠᠬᠢᠯᠭᠠᠨ ᠬᠤᠳᠳᠤᠭ ᠢ ᠨᠡᠶᠢᠳᠡᠮ | ᠪᠠᠶᠢᠴᠠᠭᠠᠵᠤ ᠳᠠᠩᠰᠠᠯᠠᠬᠤ ᠠᠵᠢᠯ ᠢ ᠥᠷᠨᠢᠭᠦᠯᠤᠨ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ︽ᠲᠦᠷᠪᠡᠨ ᠡᠷᠤᠢ ᠬᠤᠷᠤᠢ ᠦᠬᠡᠢ ᠪᠠᠶᠢᠬᠤ | ᠶᠢ ᠴᠡᠭᠴᠡᠯᠡᠬᠦ︾ ᠶᠢ ᠪᠠᠶᠢᠩᠭᠤᠵᠢᠭᠤᠯᠵᠤ ᠤᠰᠤᠨ ᠰᠢᠰᠲ᠋ᠧᠮ ᠢ ᠨᠡᠪᠲᠡᠷᠡᠭᠦᠯᠬᠦ ᠵᠢᠴᠢ ᠮᠠᠯᠵᠢᠬᠤ ᠲᠠᠷᠢᠶᠠᠯᠠᠬᠤ ᠤᠷᠤᠨ ᠤ ᠤᠰᠤᠨ ᠰᠢᠰᠲ᠋ᠧᠮ ᠢ ᠶᠡᠷᠦᠩᠬᠡᠶᠢᠯᠡᠨ | ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ ᠪᠦᠬᠦ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ ᠠᠮᠢ ᠠᠬᠤᠢ ᠶᠢᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠲᠦᠷᠢᠮ ᠢ | ᠬᠠᠮᠤᠭ ᠴᠢᠩᠭ᠎ᠠ ᠲᠦᠷᠢᠮ ᠢ ᠬᠡᠷᠡᠭᠵᠢᠬᠦᠯᠵᠣ ᠣᠢ ᠰᠢᠭᠤᠢ ᠶᠢ ᠡᠪᠳᠡᠨ ᠨᠣᠳᠤᠭ ᠪᠡᠯᠴᠢᠬᠡᠷ ᠢ ᠰᠦᠢᠳᠬᠡᠵᠣ ᠠᠳᠠᠷ ᠬᠠᠭᠠᠯᠪᠣᠷᠢᠯᠠᠬᠤ᠂ ᠳᠣᠷ᠎ᠠ ᠪᠠᠷ ᠢᠶᠠᠨ | ᠮᠣᠳᠣ ᠣᠭᠳᠣᠯᠬᠤ᠂ ᠳᠣᠷ᠎ᠠ ᠪᠠᠷ ᠢᠶᠠᠨ ᠭᠠᠳᠠᠭᠰᠢᠯᠠᠭᠤᠯᠵᠣ ᠠᠰᠠᠬᠠᠬᠤ᠂ ᠳᠣᠷ᠎ᠠ ᠪᠠᠷ ᠢᠶᠠᠨ ᠪᠠᠷᠢᠵᠣ ᠪᠠᠶᠢᠭᠤᠯᠬᠤ ᠵᠡᠷᠬᠡ ᠬᠠᠣᠯᠢ ᠵᠦᠷᠢᠴᠡᠭᠰᠡᠨ ᠠᠵᠢᠯᠯᠠᠭ᠎ᠠ | ᠳᠤ ᠴᠢᠩᠭ᠎ᠠ ᠴᠣᠬᠢᠯᠳᠠ ᠦᠭᠬᠦᠨ᠎ᠠ᠃ | ᠰᠠᠭᠤᠷᠢ ᠲᠥᠬᠦᠭᠡᠷᠦᠮᠵᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠮᠣᠵᠢ ᠶᠢᠨ ᠵᠠᠮ ᠤᠨ 215 ᠱᠤᠭᠤᠮ ᠤᠨ ᠲᠦᠩᠽᠢ ᠠᠴᠠ ᠬᠠᠶ ᠽᠧ | ᠫᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠤᠰ ᠤᠨ ᠵᠠᠮ ᠤᠨ 242 ᠱᠤᠭᠤᠮ ᠤᠨ ᠭᠠᠯᠠᠭᠤᠲᠤ ᠠᠴᠠ ᠪᠤᠯᠠᠭ ᠤᠨ ᠭᠤᠤᠯ ᠬᠦᠷᠬᠦ ᠬᠤᠶᠠᠳᠤᠭᠠᠷ | ᠳᠡᠰ ᠤᠨ ᠵᠠᠰᠠᠮᠠᠯ ᠵᠠᠮ ᠢ ᠡᠬᠢᠯᠡᠭᠦᠯᠦᠨ ᠵᠠᠰᠠᠵᠦ ᠮᠤᠵᠢ ᠶᠢᠨ ᠵᠠᠮ ᠤᠨ 317 ᠱᠤᠭᠤᠮ ᠤᠨ ᠲᠤᠯᠢ ᠠᠴᠠ ᠨᠠᠩᠰᠣ ᠬᠦᠷᠬᠦ ᠨᠢᠭᠡᠳᠦᠭᠡᠷ ᠳᠡᠰ ᠤᠨ ᠵᠠᠰᠠᠮᠠᠯ | ᠵᠠᠮ ᠤᠨ ᠦᠤᠰᠢᠨ ᠤ ᠬᠡᠰᠡᠭ ᠲᠤ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠦᠨ ᠮᠤᠵᠢ ᠶᠢᠨ ᠵᠠᠮ ᠤᠨ 226 ᠱᠤᠭᠤᠮ ᠤᠨ ᠠᠮᠠᠨᠴᠢᠷᠭ᠎ᠠ ᠠᠴᠠ ᠪᠠᠭ᠎ᠠ | ᠬᠤᠭᠤᠯᠠᠶᠢᠲᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠱᠠᠨᠰᠢ ᠶᠢᠨ ᠬᠡᠰᠡᠭ ᠤᠨ ᠪᠠᠷᠢᠯᠭ᠎ᠠ ᠶᠢ ᠮᠦᠷᠳᠡᠨ ᠠᠬᠢᠭᠤᠯᠤᠨ᠎ᠠ᠃ ᠲᠦᠩᠽᠢ ᠠᠴᠠ | ᠬᠤᠶᠠᠳᠤᠭᠠᠷ ᠴᠡᠪᠡᠷᠰᠢᠭᠦᠯᠬᠦ ᠦᠢᠯᠡᠳᠪᠦᠷᠢ ᠬᠦᠷᠲᠡᠯᠡᠬᠢ ᠵᠠᠮ ᠤᠨ ᠰᠡᠯᠪᠢᠨ ᠵᠠᠰᠠᠯᠲᠠ᠂ ᠨᠠᠷᠢᠠᠭᠤᠤᠯ ᠠᠴᠠ ᠵᠠᠩ ᠹᠧᠩ ᠫᠠᠨ ᠬᠦᠷᠬᠦ ᠨᠠᠷᠢᠨ ᠵᠠᠮ ᠢ ᠦᠷᠭᠡᠳᠬᠡᠬᠦ | ᠵᠡᠷᠭᠡ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 208.9 ᠺᠢᠯᠣᠮᠧᠲᠷ ᠵᠠᠰᠠᠵᠦ ᠭᠤᠣᠯ ᠤᠨ ᠡᠬᠢ ᠵᠡᠷᠭᠡ 4 ᠠᠶᠤᠯᠲᠠᠢ ᠬᠥᠭᠦᠷᠭᠡ ᠶᠢ ᠦᠭᠡᠷᠡᠴᠢᠯᠡᠨ᠎ᠡ | ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠦᠤᠰᠢᠨ 500 ᠺᠢᠯᠣᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠧᠨᠧᠷᠢᠩ ᠢ ᠡᠬᠢᠯᠡᠭᠦᠯᠵᠦ | ᠲᠠᠷᠢᠶᠠᠯᠠᠩ ᠤᠨ ᠴᠠᠬᠢᠯᠭᠠᠨ ᠲᠤᠤᠷ ᠢ 500 ᠺᠢᠯᠣᠮᠧᠲᠷ ᠠᠴᠠ ᠳᠡᠭᠡᠭᠰᠢ ᠰᠢᠨ᠎ᠡ ᠪᠠᠷ ᠥᠭᠡᠷᠡᠴᠢᠯᠡᠨ ᠳᠠᠳᠠᠨ᠎ᠠ᠃ ᠵᠠᠰᠠᠮᠠᠯ ᠵᠠᠮ᠂ ᠲᠡᠮᠦᠷ ᠵᠠᠮ ᠳᠠᠭᠠᠤ᠂ | ᠪᠤᠶᠢᠳᠠ ᠪᠥᠭᠯᠡᠭᠦᠤ ᠭᠠᠴᠠᠭ᠎ᠠ ᠲᠣᠰᠬᠤᠨ ᠪᠠᠷᠢᠭᠠᠳᠠ ᠬᠤᠷᠰᠢᠶ᠎ᠠ ᠶᠢᠨ ᠲᠣᠤᠷ ᠰᠦᠯᠵᠢᠶᠡᠨ ᠤ ᠳᠣᠬᠢᠶᠠᠨ ᠤ ᠪᠦᠷᠬᠦᠴᠡ ᠶᠢᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ 5G ᠶᠢᠨ ᠰᠠᠭᠤᠷᠢ ᠦᠷᠳᠡᠭᠡ ᠶᠢ 20 ᠠᠴᠠ ᠢᠯᠡᠭᠦᠦ ᠰᠢᠨ᠎ᠡ ᠪᠠᠷ ᠪᠠᠶᠢᠭᠤᠯᠤᠨ᠎ᠠ᠃ ︽ᠲᠣᠭᠠᠴᠢᠯᠠᠭᠰᠠᠨ ᠦᠤᠰᠢᠨ︾ | ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠳᠤ ᠰᠠᠭᠤᠷᠢ ᠲᠤᠯᠭᠠᠭᠤᠷᠢᠯᠠᠯ ᠢ | ᠬᠠᠩᠭᠠᠨ᠎ᠠ᠃ | ︵ᠲᠤᠯᠤᠭ᠎ᠠ︶ ᠰᠡᠳᠬᠢᠯ ᠲᠠᠯᠪᠢᠨ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠦᠢᠯᠡᠰ | ᠢ ᠰᠠᠶᠢᠲᠤᠷ ᠡᠷᠬᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠤᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠶ ᠥᠷᠭᠡᠳᠬᠡᠨ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ ᠪᠠᠲᠤᠯᠠᠵᠤ | ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠤᠯᠭᠠᠮ ᠠᠷᠠᠳ ᠤᠨ ᠠᠮᠢᠳᠤᠷᠠᠯ ᠤᠨ ᠳᠤᠲᠠᠭᠤᠳᠠᠯ ᠢ ᠰᠶᠢᠳᠪᠤᠷᠢᠯᠡᠨ ᠠᠷᠠᠳ ᠲᠦᠮᠡᠨ ᠤ ᠠᠮᠢᠳᠤᠷᠠᠯ ᠢ ᠨᠡᠩ | ᠪᠠᠲᠤᠯᠠᠭ᠎ᠠ ᠲᠠᠢ ᠪᠣᠯᠭᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠦᠭᠴᠤ ᠲᠣᠭᠲᠠᠭᠠᠬᠤ ᠲᠦᠷᠢᠮ ᠤᠨ ᠠᠵᠢᠯ ᠤᠨ | ᠲᠤᠬᠢᠷᠠᠭᠤᠯᠤᠯᠲᠠ ᠶᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠢᠯᠠᠩᠭᠤᠶ᠎ᠠ ᠦᠨᠳᠦᠰᠦᠨ ᠱᠠᠲᠤᠨ ᠤ ᠣᠯᠠᠨ | ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ 12 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠡᠮᠬᠢᠳᠭᠡᠨ ᠳᠣᠷᠠᠳᠴᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠶᠠᠷᠢᠯᠴᠠᠬᠤ ᠶᠢᠨ ᠬᠠᠮᠲᠤ ᠠᠷᠠᠳ ᠤᠨ ᠲᠦᠯᠦᠬᠡᠯᠡᠭᠴᠢᠳ | ᠪᠢᠯᠧᠲ ᠦᠭᠴᠦ ᠲᠤᠭᠳᠠᠭᠠᠨ᠎ᠠ᠃ | ᠠᠵᠢᠯ ᠣᠯᠭᠤᠯᠲᠠ ᠦᠢᠯᠡᠰ ᠪᠣᠰᠬᠠᠯᠲᠠ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ᠠᠵᠢᠯ ᠮᠡᠷᠭᠡᠵᠢᠯ ᠤᠨ ᠬᠦᠮᠦᠵᠢᠯ ᠤᠨ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠠᠬᠢᠭᠤᠯᠵᠤ ᠤᠷᠤᠨ ᠨᠤᠲᠤᠭ ᠪᠠ ᠠᠵᠤ ᠠᠬᠤᠶᠢᠯᠠᠯ | ᠬᠠᠮᠲᠤᠷᠠᠨ ᠠᠵᠢᠯ ᠮᠡᠷᠬᠡᠵᠢᠯ ᠤᠨ ᠦᠢᠯᠡᠳᠦᠯᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠠᠵᠤ ᠠᠬᠤᠶᠢᠯᠠᠯ ᠤᠨ ᠲᠤᠭᠳᠠᠭᠠᠭᠰᠠᠨ ᠴᠢᠭᠯᠡᠯ ᠪᠠ ᠠᠵᠢᠯ ᠤᠨ | ᠪᠠᠶᠢᠷᠢ ᠶᠢᠨ ᠵᠠᠬᠢᠶᠠᠯᠠᠭ᠎ᠠ ᠪᠠᠷ ᠨᠠᠶᠢᠳᠠᠨ ᠬᠥᠮᠦᠵᠢᠭᠦᠯᠵᠦ ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠠ ᠨᠡᠬᠦᠯᠭᠡᠨ | ᠰᠢᠯᠵᠢᠬᠦᠯᠵᠤ ᠠᠵᠢᠯ ᠣᠯᠭᠤᠬᠤ ᠪᠣᠯᠪᠠᠰᠤᠷᠠᠯ ᠤᠨ ᠡᠷᠴᠢᠮ ᠢ ᠴᠢᠩᠭᠠᠳᠬᠠᠵᠦ ᠠᠵᠢᠯᠴᠢᠨ ᠬᠡᠷᠡᠭᠯᠡᠬᠦ ᠲᠠᠨᠢᠯᠴᠠᠭᠤᠯᠭ᠎ᠠ ᠶᠢᠨ ᠬᠤᠷᠠᠯ᠂ ᠠᠵᠢᠯᠳᠠᠨ ᠠᠵᠢᠯᠴᠢᠨ | ᠡᠯᠰᠡᠬᠦ ᠬᠤᠷᠠᠯ ᠢ ᠣᠯᠠᠨ ᠡᠭᠡᠯᠵᠢ ᠵᠣᠬᠢᠶᠠᠨ ᠪᠠᠶᠢᠭᠤᠯᠵᠤ ᠬᠤᠲᠠ ᠪᠠᠯᠭᠠᠰᠣᠨ ᠤ 1450 ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠ ︽ᠠᠵᠢᠯ | ᠣᠯᠤᠭᠰᠠᠨ ᠬᠥᠮᠦᠨ ᠥᠬᠡᠶ︾ ᠬᠡᠷ ᠪᠦᠯᠢ ᠳᠤ ᠠᠵᠢᠯ ᠤᠯᠭᠤᠬᠤ ᠬᠠᠷᠠᠯᠲᠠ ᠶᠢ ᠪᠡᠶᠡᠯᠡᠭᠦᠯᠦᠨ᠎ᠡ᠃ 800 ᠲᠦᠮᠡᠨ ᠲᠥᠭᠦᠷᠢᠭ ᠤᠨ ᠠᠳᠠᠯ ᠦᠢᠯᠡᠰ | ᠪᠤᠰᠬᠠᠬᠤ ᠵᠢᠭᠡᠯᠡᠯᠭᠡ ᠲᠠᠯᠪᠢᠨ᠎ᠠ᠃ ︽ᠠᠷᠠᠳ ᠤᠨ ᠠᠮᠢᠳᠤᠷᠠᠯ ᠤᠨ ᠵᠢᠵᠢᠭ ᠰᠠᠵᠢᠭ ᠪᠣᠳᠠᠲᠤ ᠶᠠᠪᠤᠳᠠᠯ︾ ᠤᠨ ᠨᠡᠶᠢᠲᠡ ᠶᠢᠨ ᠠᠰᠠᠷᠠᠮᠵᠢ ᠶᠢᠨ ᠰᠢᠨ᠎ᠡ ᠶᠢ | ᠡᠭᠦᠳᠬᠦ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠥᠷᠭᠡᠳᠬᠡᠵᠦ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ | ᠲᠤᠰᠠᠯᠠᠨ ᠠᠵᠢᠯ ᠤᠨ ᠪᠠᠶᠢᠷᠢ ᠶᠢ ᠳᠣᠭᠳᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠳᠣᠭᠳᠠᠪᠣᠷᠢᠵᠢᠭᠤᠯᠬᠤ ᠶᠢ ᠪᠠᠳᠣᠯᠠᠵᠣ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠬᠦᠯᠬᠦ ᠶᠢ ᠵᠣᠷᠢᠭᠵᠢᠭᠤᠯᠣᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠲᠣᠭᠲᠠᠭᠤᠨ | ᠪᠠᠶᠢᠯᠭᠠᠨ᠎ᠠ᠃ | ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠯᠠᠭᠤᠲᠤ ᠰᠤᠷᠭᠠᠭᠤᠯᠢ ︵ᠬᠤᠶᠠᠳᠤᠭᠠᠷ | ᠬᠤᠭᠤᠴᠠᠭ᠎ᠠ︶᠂ ᠲᠤᠭ ᠪᠠᠭ᠎ᠠ ᠰᠤᠷᠭᠠᠭᠤᠯᠢ ᠶᠢ ᠨᠠᠮᠤᠷ ᠤᠨ ᠤᠯᠠᠷᠢᠯ ᠰᠤᠷᠭᠠᠭᠤᠯᠢ ᠡᠬᠢᠯᠡᠬᠦ ᠳᠤ ᠠᠰᠢᠭᠯᠠᠯᠲᠠ ᠳᠤ ᠤᠷᠤᠭᠤᠯᠬᠤ ᠶᠢ ᠦᠨᠡᠨ ᠬᠦ ᠪᠠᠲᠤᠯᠠᠨ | ᠨᠠᠷᠢᠠᠭᠤᠤᠯ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠡᠤᠬᠡᠳ ᠤᠨ ᠴᠡᠴᠡᠷᠯᠢᠭ᠂ ᠦᠤᠰᠢᠨᠵᠦᠦ ᠪᠠᠭ᠎ᠠ ᠰᠤᠷᠭᠠᠭᠤᠯᠢ ᠵᠢᠴᠢ ᠦᠨᠳᠦᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠷᠬᠤᠰᠣᠨ ᠪᠠᠯᠭᠠᠰᠤᠨ ᠤ ᠤᠷᠳᠤᠪᠡᠶ᠎ᠡ ᠰᠤᠷᠭᠠᠭᠤᠯᠢ ᠶᠢᠨ ᠬᠤᠭᠤᠯᠠᠨ ᠭᠡᠷ ᠪᠠ | ᠪᠠᠶᠢᠷᠢ ᠶᠢᠨ ᠠᠰᠠᠷ ᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ ᠨᠢᠭᠡᠳᠦᠭᠡᠷ ᠬᠡᠤᠬᠡᠳ ᠤᠨ ᠴᠡᠴᠡᠷᠯᠢᠭ ᠪᠠ ᠳᠥᠷᠪᠡᠳᠦᠭᠡᠷ ᠬᠡᠤᠬᠡᠳ ᠤᠨ ᠴᠡᠴᠡᠷᠯᠢᠭ ᠢ | ᠥᠭᠡᠷᠡᠴᠢᠯᠡᠨ ᠥᠷᠭᠡᠳᠬᠡᠨ ᠪᠠᠶᠢᠭᠤᠯᠬᠤ ᠶᠢ ᠲᠦᠷᠭᠡᠳᠬᠡᠨ᠎ᠡ᠃ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠮᠣᠩᠭᠤᠯ | ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠵᠢᠷᠲᠤ ᠰᠤᠷᠭᠠᠭᠤᠯᠢ ᠶᠢᠨ ᠲᠠᠮᠢᠷ ᠤᠨ ᠲᠠᠯᠠᠪᠤᠷ᠂ ᠤᠯᠠᠭᠠᠨᠲᠤᠯᠤᠭᠠᠢ ᠪᠠᠯᠭᠠᠰᠤᠨ ᠤ ᠬᠤᠸᠠᠲᠤᠯᠤᠭᠠᠢ | ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠤᠷᠢᠭᠯᠠᠨ ᠰᠤᠷᠤᠯᠭ᠎ᠠ ᠶᠢ ᠪᠠᠲᠤᠯᠠᠬᠤ︾ ᠶᠢ ᠨᠠᠷᠢᠯᠢᠭ | ᠣᠨᠣᠪᠴᠢᠲᠠᠢ ᠪᠠᠷ ᠰᠠᠶᠢᠲᠤᠷ ᠬᠢᠵᠦ 0 — 3 ᠨᠠᠰᠤᠨ ᠤ ᠬᠡᠤᠬᠡᠳ ᠰᠠᠭᠠᠲᠠᠭᠤᠯᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠶᠢᠭᠤᠯᠤᠮᠵᠢ ᠪᠣᠯᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠰᠤᠷᠭᠠᠨ ᠬᠥᠮᠦᠵᠢᠯ ᠤᠨ ᠬᠦᠷᠢᠶ᠎ᠡ | ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ | ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠂ ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠠᠯᠬᠤᠮ ᠠᠯᠬᠤᠮ | ᠢᠶᠠᠷ ᠲᠦᠯᠬᠢᠨ ᠠᠬᠢᠭᠤᠯᠵᠤ ᠰᠤᠷᠭᠠᠭᠤᠯᠢ ᠬᠡᠤᠭᠡᠳ ᠤᠨ ᠴᠡᠴᠡᠷᠯᠢᠭ ᠤᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠶᠢ ᠰᠤᠯᠢᠯᠴᠠᠭᠤᠯᠤᠨ ᠡᠬᠡᠯᠵᠢᠯᠡᠬᠦᠯᠬᠦ | ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭ ᠪᠠᠭᠰᠢ ᠶᠢ ᠦᠷᠭᠦᠯᠵᠢᠯᠡᠨ ᠤᠷᠢᠨ ᠠᠪᠴᠢᠷᠠᠨ᠎ᠠ᠃ ᠲᠡᠷᠢᠭᠦᠨ ᠤ ᠭᠠᠵᠠᠷ ᠣᠷᠣᠨ ᠤ ᠨᠠᠷᠠᠲᠤ ᠰᠤᠷᠭᠠᠭᠤᠯᠢ ᠯᠤᠭ᠎ᠠ | ᠬᠤᠯᠪᠤᠭᠠᠯᠠᠨ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠪᠠ | ᠪᠠᠭᠰᠢ ᠶᠢ ᠦᠨᠳᠤᠰᠦᠨ ᠱᠠᠲᠤᠨ ᠳᠤ ᠪᠠᠭᠤᠯᠭᠠᠬᠤ ᠠᠵᠢᠯ ᠤᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠠᠶᠢᠲᠤᠷ ᠰᠶᠢᠳᠪᠤᠷᠢᠯᠡᠨ᠎ᠡ᠃ | ᠡᠷᠡᠭᠦᠯ ᠡᠩᠬᠡ ᠦᠦᠰᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠤᠨ ᠴᠢᠩᠭ᠎ᠠ ᠪᠣᠳᠠᠲᠠᠶ ᠨᠠᠷᠢᠨ ᠠᠳᠬᠤᠵᠦ ᠭᠠᠳᠠᠨ᠎ᠠ ᠠᠴᠠ ᠬᠠᠯᠳᠠᠪᠤᠷᠢᠯᠠᠨ ᠣᠷᠣᠵᠦ ᠢᠷᠡᠬᠦ ᠶᠢ ᠰᠡᠷᠬᠡᠶᠢᠯᠡᠵᠦ᠂ ᠲᠤᠳᠤᠭᠠᠲᠤ ᠳᠤ ᠪᠠᠨ ᠳᠠᠬᠢᠨ | ᠬᠠᠯᠳᠠᠪᠤᠷᠢᠯᠠᠬᠤ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠣᠯᠠᠨ ᠲᠦᠮᠡᠨ ᠪᠣᠯᠤᠨ ᠠᠵᠤ ᠠᠬᠤᠶᠢᠯᠠᠯ᠂ ᠬᠤᠳᠠᠯᠳᠤᠭᠠᠴᠢᠨ | ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠦᠷᠭᠦᠯᠵᠢᠯᠡᠨ | ᠰᠠᠶᠢᠵᠢᠷᠠᠬᠤ ᠶᠢ ᠪᠠᠬᠢᠵᠢᠭᠦᠯᠦᠨ᠎ᠡ᠃ ᠬᠢᠵᠢᠭ ᠤᠨ ᠪᠠᠶᠢᠳᠠᠯ ᠢ ᠰᠶᠢᠳᠪᠤᠷᠢᠯᠡᠬᠦ ᠳᠤᠮᠳᠠ ᠢᠯᠡᠷᠡᠭᠰᠡᠨ ᠲᠤᠲᠠᠭᠤᠳᠠᠯ ᠠᠰᠠᠭᠤᠳᠠᠯ ᠳᠤ ᠴᠢᠭᠯᠡᠭᠦᠯᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠦᠬᠦᠬᠡᠷᠤᠮᠵᠢ᠂ ᠪᠠᠶᠢᠴᠠᠭᠠᠨ ᠰᠢᠯᠭᠠᠵᠤ ᠣᠨᠣᠰᠢᠯᠠᠨ ᠡᠮᠨᠡᠬᠦ ᠠᠪᠤᠷᠠᠨ ᠵᠠᠰᠠᠬᠤ ᠴᠢᠳᠠᠪᠤᠷᠢ᠂ ᠪᠠᠴᠢᠮ | ᠪᠠᠶᠢᠳᠠᠯ ᠢ ᠰᠶᠢᠳᠪᠤᠷᠢᠯᠡᠬᠦ ᠡᠳ᠋ ᠪᠣᠳᠠᠰ ᠤᠨ ᠪᠠᠲᠤᠯᠠᠭ᠎ᠠ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠵᠡᠷᠭᠡ ᠶᠢᠨ ᠬᠦᠷᠦᠯᠴᠡᠬᠦ ᠥᠬᠡᠶ | ᠲᠠᠯ᠎ᠠ ᠶᠢ ᠬᠦᠴᠦᠯᠡᠨ ᠨᠥᠬᠦᠪᠥᠷᠢᠯᠡᠨ᠎ᠡ᠃ ᠪᠥᠬᠦ ᠤᠯᠤᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠪᠠ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠵᠤ ︽ᠡᠷᠡᠭᠦᠯ ᠡᠩᠬᠡ ᠦᠤᠰᠢᠨ 2030︾ ᠠᠵᠢᠯᠯᠠᠭᠠᠨ ᠤ ᠡᠭᠦᠷᠭᠡ ᠶᠢ | ᠨᠠᠶᠢᠳᠠᠪᠤᠷᠢᠵᠢᠭᠤᠯᠤᠨ ᠬᠤᠶᠠᠷ ᠵᠢᠯ ᠳᠤ ᠨᠢᠭᠡ ᠡᠭᠡᠯᠵᠢ ᠶᠢᠨ ᠪᠥᠬᠦ ᠠᠷᠠᠳ ᠤᠨ ᠡᠷᠡᠭᠦᠯ ᠡᠩᠬᠡ ᠶᠢᠨ ᠪᠡᠶ᠎ᠡ ᠶᠢᠨ ᠪᠠᠶᠢᠴᠠᠭᠠᠯᠲᠠ ᠶᠢ 30 — 65 ᠪᠦᠬᠦᠯᠢ | ᠨᠠᠰᠤᠨ ᠤ ᠡᠮᠡᠭᠲᠡᠶᠢᠴᠤᠳ ᠲᠤ ᠤᠷᠢᠳᠠᠪᠠᠷ ᠬᠢᠵᠦ ᠬᠡᠤᠬᠡᠳ ᠤᠨ ᠡᠷᠡᠭᠦᠯ ᠡᠩᠬᠡ ᠶᠢ ᠬᠠᠯᠠᠮᠵᠢᠯᠠᠬᠤ ᠢᠨᠵᠧᠨᠧᠷᠢᠩ ᠢ ᠬᠡᠷᠡᠭᠵᠢᠬᠦᠯᠦᠨ ᠡᠯᠪᠡᠭ ᠠᠭᠤᠯᠭ᠎ᠠ ᠲᠠᠢ | ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ | ᠬᠤᠷᠢᠶ᠎ᠠ᠂ ᠨᠠᠷᠢᠠᠭᠤᠤᠯ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠪᠠ ᠬᠤᠰᠢᠭᠤ ᠠᠷᠠᠳ ᠤᠨ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠳᠡᠨ ᠢ ᠡᠮᠴᠢᠯᠡᠬᠦ ᠲᠤᠭᠤᠷᠢᠭ ᠢ ᠥᠷᠭᠡᠳᠬᠡᠨ ᠪᠠᠶᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ | ᠰᠦᠯᠳᠡ ᠰᠤᠮᠤ᠂ ᠦᠤᠰᠢᠨᠵᠦᠦ ᠪᠠᠯᠭᠠᠰᠤ᠂ ᠲᠤᠭ ᠤᠨ ᠬᠤᠵᠢᠷᠲᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠪᠠᠶᠢᠷᠢ ᠶᠢᠨ ᠲᠥᠷᠥᠯ ᠵᠦᠢᠯ ᠢ ᠡᠬᠢᠯᠡᠭᠦᠯᠦᠨ᠎ᠡ᠃ | ᠰᠦᠯᠳᠡ ᠰᠤᠮᠤᠨ ᠤ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠨᠠᠬᠢ ᠲᠤᠷᠰᠢᠯᠲᠠ ᠶᠢᠨ ᠥᠷᠲᠡᠭᠡ ᠶᠢ ᠰᠢᠨ᠎ᠡ ᠪᠠᠷ ᠪᠠᠶᠢᠭᠤᠯᠤᠨ ᠬᠤᠯᠤᠭᠠᠨ᠎ᠠ ᠶᠢᠨ ᠬᠢᠵᠢᠭ | ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃ 2 ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠥᠭᠵᠢᠯᠲᠡ ᠶᠢ ᠠᠬᠢᠭᠤᠯᠵᠤ ᠡᠮᠴᠢᠯᠡᠭᠡᠨ ᠤ ᠡᠬᠢ ᠪᠠᠶᠠᠯᠢᠭ ᠢ ᠰᠤᠮᠤ ᠪᠠᠯᠭᠠᠰᠤ᠂ ᠭᠠᠴᠠᠭ᠎ᠠ ᠲᠤᠰᠬᠤᠨ ᠲᠡᠰᠢ ᠪᠠᠭᠤᠯᠭᠠᠬᠤ ᠶᠢ ᠠᠬᠢᠭᠤᠯᠤᠨ᠎ᠠ᠃ ᠨᠠᠨᠵᠢᠩ ᠤᠨ | ᠨᠢᠭᠡᠳᠦᠭᠡᠷ ᠡᠮᠨᠡᠯᠭᠡ ᠶᠢᠨ ᠬᠤᠷᠢᠶ᠎ᠠ ᠪᠠ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠭᠤᠷᠪᠠᠳᠤᠭᠠᠷ ᠳᠡᠰ ᠤᠨ ᠬᠥᠬᠡ ᠵᠡᠷᠭᠡ ᠶᠢᠨ | ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ ᠨᠡᠷᠡᠲᠦ ᠡᠮᠴᠢ ᠶᠢ ᠤᠷᠢᠵᠤ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ᠂ | ᠵᠢᠭᠠᠬᠤ︾ ᠪᠣᠯᠭᠠᠵᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠪᠠ ᠴᠠᠭᠠᠷᠠᠭᠰᠠᠨ ᠮᠡᠷᠭᠡᠵᠢᠯ ᠲᠠᠢ ᠰᠠᠶᠢᠨ ᠡᠮᠴᠢ ᠶᠢ ᠬᠥᠮᠦᠵᠢᠬᠦᠯᠦᠨ ᠪᠦᠬᠦ | ᠬᠤᠰᠢᠭᠤᠨ ᠤ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠴᠢᠰᠦᠨ ᠳᠠᠷᠣᠯᠲᠠ ᠦᠨᠳᠦᠷ | ᠂ ᠰᠢᠬᠢᠷ ᠰᠢᠵᠢᠩ ᠡᠪᠡᠳᠴᠢᠨ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠪᠠᠲᠤᠯᠠᠭ᠎ᠠ ᠳᠤ | ᠤᠷᠤᠭᠤᠯᠵᠤ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠠᠬᠢ ᠳᠠᠩᠰᠠᠨ ᠠᠴᠠ ᠲᠠᠶᠢᠯᠬᠤ ᠬᠠᠷᠢᠴᠠᠯ ᠢ 50% ᠳᠤ ᠬᠦᠷᠬᠡᠨ᠎ᠡ᠃ ᠵᠡᠮᠳᠡᠭᠴᠦᠳ ᠤᠨ | ᠡᠷᠡᠭᠦᠯᠵᠢᠯ ᠤᠨ ᠲᠥᠪ ᠤᠨ ᠪᠠᠶᠢᠭᠤᠯᠤᠯᠲᠠ ᠶᠢ ᠡᠬᠢᠯᠡᠭᠦᠯᠵᠦ ᠤᠶᠤᠨ ᠤ ᠵᠡᠮᠳᠡᠭᠴᠦᠳ ᠪᠠ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ | ᠲᠦᠷᠢᠮ ᠢ ᠲᠡᠭᠦᠯᠳᠡᠷᠵᠢᠭᠦᠯᠦᠨ᠎ᠡ᠃ | ᠰᠣᠶᠣᠯ ᠤᠨ ᠦᠢᠯᠡᠰ ᠢ ᠴᠡᠴᠡᠭᠯᠡᠭᠦᠯᠦᠨ ᠬᠦᠭᠵᠢᠬᠦᠯᠦᠨ᠎ᠡ᠃ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠣᠶ ᠶᠢ ᠪᠡᠯᠭᠡᠯᠡᠬᠦ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠠᠷᠠᠳ ᠤᠨ ᠳᠤᠮᠳᠠᠬᠢ ᠤᠳᠬ᠎ᠠ ᠤᠷᠠᠯᠢᠭ ᠤᠨ ᠲᠤᠷ᠎ᠠ ᠪᠠᠭ᠋ᠠᠳᠠᠳ᠂ ᠰᠣᠶᠣᠯ ᠤᠨ ᠡᠷᠦᠬᠡ ᠪᠠ ᠠᠷᠠᠳ | ᠤᠨ ᠤᠳᠬ᠎ᠠ ᠤᠷᠠᠯᠢᠭ ᠤᠨ ᠪᠦᠯᠬᠦᠮ ᠢ ᠳᠠᠶᠢᠴᠢᠯᠠᠨ ᠨᠥᠬᠦᠴᠡᠯ ᠲᠠᠢ ᠰᠤᠮᠤ ᠪᠠᠯᠭᠠᠰᠤᠨ ᠤ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠡᠩᠨᠡᠭᠡ ᠶᠢ ᠵᠣᠬᠢᠶᠠᠨ | ᠪᠠᠶᠢᠭᠤᠯᠬᠤ ᠶᠢ ᠲᠡᠳᠬᠦᠨ ᠳᠡᠮᠵᠢᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠬᠡᠨ ᠢᠶᠠᠷ | ᠥᠷᠨᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠦ ︽ᠣᠷᠳᠣᠰ ᠠᠷᠠᠳ ᠤᠨ ᠳᠠᠭᠤᠤ ᠶᠢᠨ ᠡᠬᠢ | ᠰᠤᠷᠪᠤᠯᠵᠢ︾᠂ ︽ᠦᠤᠰᠢᠨᠵᠦᠦ ᠪᠤᠯᠤᠨ ᠪᠤᠷᠤᠯᠲᠠᠢ︾ ᠵᠡᠷᠭᠡ ᠨᠣᠮ ᠪᠢᠴᠢᠭ ᠪᠠ ᠺᠢᠨᠣ᠋ ᠲᠧᠯᠸᠢᠰ ᠤᠨ ᠪᠦᠲᠦᠭᠡᠯ ᠢ ᠲᠢᠭᠯᠡᠨ ᠡᠮᠬᠢᠳᠬᠡᠵᠣ ᠬᠡᠪᠯᠡᠭᠦᠯᠦᠨ᠎ᠡ᠃ | ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ | ᠣᠷᠳᠣᠨ᠂ ᠰᠤᠷᠭᠠᠭᠤᠯᠢ ᠶᠢ ᠬᠠᠮᠲᠤᠪᠠᠷ ᠪᠠᠶᠢᠭᠤᠯᠬᠤ ᠵᠠᠭᠪᠤᠷ ᠢ ᠬᠡᠷᠡᠭᠵᠢᠭᠦᠯᠦᠨ ᠠᠷᠠᠳ ᠤᠨ ᠳᠤᠮᠳᠠᠬᠢ ᠰᠣᠶᠣᠯ ᠤᠨ ᠦᠵᠡᠰᠬᠦᠯᠡᠩ ᠤᠨ ᠰᠢᠰᠲ᠋ᠧᠮ ᠤᠨ | ᠪᠠᠶᠢᠭᠤᠯᠤᠯᠲᠠ ᠶᠢ ᠳᠠᠮᠵᠢᠵᠤ ᠰᠣᠶᠣᠯ ᠢᠶᠠᠷ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠦᠦᠰᠢᠨᠵᠦᠦ ᠰᠦᠮ᠎ᠡ ᠶᠢ ᠬᠠᠮᠠᠭᠠᠯᠠᠵᠤ ᠰᠡᠯᠪᠢᠨ ᠵᠠᠰᠠᠨ᠎ᠡ᠃ | ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠠᠵᠤ ᠠᠬᠤᠶᠢᠯᠡᠯ ᠪᠠ ᠠᠯᠪᠠᠨ | ᠪᠠᠶᠢᠭᠤᠯᠭ᠎ᠠ ᠠᠵᠢᠯ ᠣᠶᠢᠯᠡᠰ ᠤᠨ ᠨᠢᠬᠡᠴᠢ ᠶᠢᠨ ᠠᠵᠢᠯ ᠠᠴᠠ ᠠᠮᠠᠷᠠᠭᠰᠠᠳ ᠤᠨ ᠦᠨᠳᠣᠰᠣᠨ ᠨᠠᠰᠣᠵᠢᠯ ᠤᠨ ᠳᠠᠭᠠᠳᠬᠠᠯ ᠤᠨ ᠮᠦᠩᠬᠦ ᠶᠢ 5% | ᠳᠡᠬᠡᠭᠰᠢᠯᠡᠬᠦᠯᠵᠣ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠪᠠ ᠣᠨᠴᠠ ᠬᠦᠴᠢᠷᠳᠡᠯᠳᠡᠢ ᠬᠦᠮᠦᠰ ᠢ ᠠᠰᠠᠷᠠᠨ ᠳᠡᠵᠢᠬᠡᠬᠦ | ᠪᠠᠷᠢᠮᠵᠢᠶ᠎ᠠ ᠶᠢ ᠵᠣᠬᠢᠰᠳᠡᠢ ᠳᠡᠬᠡᠭᠰᠢᠯᠡᠬᠦᠯᠥᠨ᠎ᠠ᠃ ᠦᠤᠰᠢᠨᠵᠦᠦ ᠠᠰᠠᠷᠠᠨ ᠬᠠᠷᠠᠭᠠᠯᠵᠠᠬᠤ ᠬᠦᠷᠢᠶᠡᠯᠡᠩ ᠪᠠ 2 ᠨᠡᠶᠢᠭᠡᠮ ᠲᠣᠭᠤᠷᠢᠭ ᠤᠨ ᠡᠳᠦᠷ ᠢᠶᠠᠷ | ᠬᠠᠷᠠᠭᠠᠯᠵᠠᠬᠤ ᠲᠦᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠪᠠᠲᠤ ᠶᠢᠨ ᠲᠤᠬᠤᠢ ᠠᠰᠠᠷᠠᠨ ᠬᠠᠷᠠᠭᠠᠯᠵᠠᠬᠤ ᠬᠦᠷᠢᠶᠡᠯᠡᠩ ᠤᠨ ᠡᠮᠦᠨᠡᠬᠢ | ᠬᠤᠭᠤᠴᠠᠭᠠᠨ ᠤ ᠠᠵᠢᠯ ᠢ ᠪᠡᠶᠡᠯᠡᠬᠦᠯᠦᠨ᠎ᠡ᠃ ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠠᠵᠢᠯ ᠤᠨ ᠲᠡᠷᠢᠬᠦᠨ ᠤ | ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠬᠡᠯ ᠢ ᠪᠠᠲᠤᠳᠬᠠᠵᠤ ᠮᠣᠩᠭᠤᠯ ᠬᠢᠲᠠᠳ ᠡᠮᠨᠡᠯᠭᠡ ᠶᠢᠨ ᠪᠠᠶᠢᠭᠤᠯᠤᠮᠵᠢ ᠶᠢᠨ ︽ᠡᠮᠴᠢᠯᠡᠭᠡ ᠰᠤᠪᠢᠯᠠᠯᠲᠠ | ᠶᠢ ᠤᠶᠠᠯᠳᠤᠭᠤᠯᠬᠤ︾ ᠶᠢ ᠵᠣᠷᠢᠭᠵᠢᠭᠤᠯᠵᠤ ᠣᠳᠣ ᠶᠢᠨ ᠪᠠᠶᠢᠭ᠎ᠠ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠲᠥᠬᠦᠭᠡᠷᠦᠮᠵᠢ ᠪᠠᠨ | ᠰᠠᠶᠢᠵᠢᠷᠠᠭᠤᠯᠤᠨ ᠭᠡᠷ ᠲᠡᠭᠡᠨ ᠰᠠᠭᠤᠵᠤ ᠪᠠᠶᠢᠭ᠎ᠠ 12349 ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠠᠭᠤᠯᠭ᠎ᠠ ᠪᠠᠨ ᠥᠷᠭᠡᠳᠬᠡᠵᠦ ᠬᠡᠷ ᠪᠦᠯᠢ᠂ | ᠨᠡᠶᠢᠭᠡᠮ ᠲᠣᠭᠤᠷᠢᠭ ︵ᠬᠠᠷᠢᠯᠴᠠᠨ ᠬᠠᠪᠰᠤᠷᠤᠯᠴᠠᠭᠰᠠᠨ︶᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠬᠠᠷᠢᠯᠴᠠᠨ ᠨᠥᠬᠦᠪᠥᠷᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠪᠦᠷᠢᠯᠳᠦᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠪ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠪᠤᠢ ᠪᠣᠯᠭᠠᠨ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ | ᠪᠣᠳᠠᠰ᠂ ᠲᠤᠰᠤ ᠬᠡᠢ ᠶᠢᠨ ᠬᠤᠭᠤᠯᠠᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠤᠨ ᠪᠠᠴᠢᠮ ᠪᠠᠶᠢᠳᠠᠯ ᠢ | ᠰᠶᠢᠳᠪᠤᠷᠢᠯᠡᠬᠦ ᠬᠠᠮᠢᠶᠠᠷᠤᠯᠲᠠ ᠶᠢᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ ᠡᠯ᠎ᠡ ᠲᠦᠷᠦᠯ ᠤᠨ ᠦᠢᠯᠡᠳᠪᠦᠷᠢᠯᠡᠯ ᠤᠨ ᠠᠳᠡᠯ ᠭᠠᠷᠬᠤ ᠶᠢ | ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠣᠶ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠪᠠ | ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠵᠦᠢᠯᠡᠰ ᠢ ᠨᠡᠶᠢᠳᠡᠯᠡᠬᠦ᠂ ᠥᠳᠥᠭᠡᠯᠭᠡ ᠶᠢᠨ ᠴᠢᠨᠠᠷᠲᠠᠶ ᠶᠠᠷᠢᠶ᠎ᠠ ᠬᠡᠯᠡᠯᠴᠡᠭᠡ ᠬᠢᠬᠦ ᠵᠡᠷᠭᠡ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ | ᠵᠢᠯᠣᠭᠤᠳᠬᠤ ᠶᠢ ᠴᠢᠩᠭ᠎ᠠ ᠴᠡᠭᠴᠡᠯᠡᠨ ᠵᠠᠰᠠᠵᠦ ᠵᠠᠮ ᠬᠠᠷᠢᠯᠴᠠᠭᠠᠨ ᠤ ᠲᠤᠬᠢᠶᠠᠨ ᠳ᠋ᠧᠩ᠂ ᠲᠤᠭᠳᠠᠮᠠᠯ ᠵᠠᠢ ᠳᠠᠬᠢ ᠬᠤᠷᠳᠤᠴᠠ ᠶᠢ ᠬᠡᠮᠵᠢᠬᠦ ᠵᠡᠷᠭᠡ ᠠᠶᠤᠯᠬᠦᠢ | ᠶᠢᠨ ᠲᠦᠬᠦᠭᠡᠷᠦᠮᠵᠢ ᠶᠢ ᠳᠡᠭᠦᠯᠳᠡᠷᠵᠢᠬᠦᠯᠵᠦ ᠠᠮᠤᠷ ᠲᠦᠪᠰᠢᠨ ᠲᠣᠭᠲᠠᠭᠤᠨ ᠣᠷᠴᠢᠨ ᠢ ᠪᠣᠶ ᠪᠣᠯᠭᠠᠨ᠎ᠠ᠃ ᠲᠣᠮᠣ ᠳ᠋ᠠᠶᠢᠲ᠋ᠠ᠂ ᠣᠶᠤᠨᠴᠢ ᠪᠠᠷ ᠢᠯᠭᠠᠨ ᠲᠠᠨᠢᠬᠤ | ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ ᠭᠤᠤᠯ ᠪᠣᠯᠬᠤ ᠵᠠᠮ ᠤᠨ ᠠᠭᠤᠯᠵᠠᠷ᠂ ᠰᠤᠷᠭᠠᠭᠤᠯᠢ ᠶᠢᠨ ᠬᠦᠷᠢᠶ᠎ᠡ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ︽ᠤᠶᠤᠨᠴᠢ ᠦᠦᠰᠢᠨ︾ ᠤ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ | ᠰᠢᠨᠡᠳᠬᠡᠵᠦ ᠨᠤᠲᠤᠭ ᠤᠨ ᠭᠠᠷᠤᠯᠳᠠᠳᠣ ᠢᠳᠡᠭᠡᠨ ᠢ ᠰᠤᠭᠤᠴᠢᠨ ᠪᠠᠶᠢᠴᠠᠭᠠᠬᠤ ᠳᠠᠪᠳᠠᠮᠵᠢ ᠪᠠᠨ ᠨᠡᠮᠡᠭᠳᠡᠭᠦᠯᠤᠨ ᠢᠳᠡᠬᠡᠨ ᠣᠮᠳᠠᠭᠠᠨ ᠢ ᠮᠦᠷᠳᠡᠨ ᠪᠠᠶᠢᠴᠠᠭᠠᠬᠤ | ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠨᠠᠢᠮᠠᠨ ᠮᠣᠵᠢ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠧᠯᠸᠢᠰ ᠱᠤᠭ ᠵᠦᠴᠦᠭᠡ ᠶᠢᠨ ᠤᠷᠤᠯᠳᠤᠭᠠᠨ ᠢ ᠳᠠᠭᠠᠭᠠᠨ ᠡᠷᠬᠢᠯᠡᠵᠦ ᠴᠥᠭᠡᠨ ᠲᠣᠭᠠᠲᠤ | ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ︽ᠬᠤᠶᠠᠷ ᠢ ᠬᠦᠷᠢᠶᠡᠯᠡᠬᠦ︾ ᠡᠭᠦᠳᠦᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠠᠵᠢᠯᠲᠠᠨ ᠠᠵᠢᠯᠴᠢᠨ ᠤ ᠪᠣᠯᠪᠠᠰᠤᠷᠠᠯ ᠢ | ᠴᠢᠩᠭᠠᠳᠬᠠᠵᠤ ᠭᠠᠯᠠᠭᠤᠲᠤ ᠪᠠᠯᠭᠠᠰᠣᠨ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠫᠠᠶᠢᠰᠠ ᠶᠢ ᠴᠡᠭᠴᠡᠯᠡᠨ ᠵᠠᠰᠠᠵᠦ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠰᠠᠶᠢᠳᠣᠷ ᠬᠢᠨ᠎ᠡ᠃ | ᠮᠠᠨ ᠤ ᠬᠤᠰᠢᠭᠤᠨ ᠤ ᠬᠦᠭᠵᠢᠯᠳᠡ ᠶᠢᠨ ᠪᠣᠳᠠᠳᠣ ᠪᠠᠶᠢᠳᠠᠯ ᠳᠤ ᠰᠠᠭᠤᠷᠢᠯᠡᠨ ᠣᠯᠣᠰ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢᠨ ᠳᠣᠭᠤᠷᠢᠨ | ᠳᠤ ᠴᠢᠨᠡᠷ ᠰᠠᠶᠢᠳᠠᠢ ᠬᠦᠭᠵᠢᠯᠳᠡ ᠪᠠ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠦᠯᠬᠢᠨ ᠠᠬᠢᠭᠤᠯᠬᠤ ᠶᠢ | ᠳᠣᠪᠣᠶᠢᠯᠭᠠᠨ ᠬᠦᠭᠵᠢᠯᠳᠡ ᠶᠢᠨ ᠠᠵᠠ ᠳᠣᠬᠢᠶᠠᠯ ᠢ ᠰᠢᠨᠵᠢᠯᠡᠬᠦ ᠣᠬᠠᠭᠠᠨᠴᠢ ᠪᠠᠷ ᠰᠣᠳᠣᠯᠣᠨ ᠮᠠᠭᠠᠳᠯᠠᠵᠣ ︽ᠠᠷᠪᠠᠨ ᠲᠦᠷᠪᠡᠳᠣᠬᠡᠷ ᠳᠠᠪᠣᠨ ᠵᠢᠯ︾ ᠤᠨ | ᠲᠥᠯᠥᠪᠵᠢᠬᠦᠯᠬᠡ ᠶᠢ ᠴᠢᠨᠡᠷ ᠰᠠᠶᠢᠳᠠᠢ ᠨᠠᠶᠢᠷᠠᠭᠤᠯᠣᠨ ᠳᠣᠭᠳᠠᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠦ ᠵᠠᠰᠠᠭ ᠵᠠᠬᠢᠷᠭᠠᠨ ᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠣᠨ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠡᠷᠬᠡ ᠶᠢᠨ ᠬᠢᠵᠠᠭᠠᠷᠯᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠨ ᠵᠠᠰᠠᠭ ᠤᠨ | ᠣᠷᠳᠣᠨ ᠤ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠵᠦ ᠦᠢᠯᠡᠳᠦᠯᠭᠡ ᠪᠠᠨ ᠵᠢᠯᠤᠭᠤᠳᠤᠭᠤᠯᠤᠨ ᠠᠵᠢᠯ ᠢᠶᠠᠨ | ᠠᠬᠢᠭᠤᠯᠬᠤ ᠶᠢ ᠪᠠᠷᠢᠮᠲᠠᠯᠠᠵᠤ ︽ᠳᠦᠷᠪᠡᠨ ᠤᠬᠠᠮᠰᠠᠷ︾ ᠢ ᠪᠠᠲᠤ ᠪᠤᠢ ᠪᠣᠯᠭᠠᠨ ︽ᠳᠦᠷᠪᠡᠨ ᠢᠲᠡᠭᠡᠯ︾ ᠢᠶᠠᠨ ᠪᠠᠲᠤᠳᠬᠠᠵᠦ ︽ᠬᠤᠶᠠᠷ ᠢ ᠬᠠᠮᠠᠭᠠᠯᠠᠬᠤ︾ | ᠶᠢ ᠦᠢᠯᠡᠳᠦᠯᠭᠡᠵᠢᠭᠦᠯᠤᠨ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠳᠤ ᠢᠯᠡᠷᠡᠭᠦᠯᠵᠦ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠠ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠳᠠ ᠶᠢᠨ ᠰᠡᠳᠦᠪ ᠪᠣᠯᠭᠠᠵᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠨᠠᠮᠴᠢ ᠴᠢᠨᠠᠷ ᠢ ᠰᠢᠮᠡᠵᠢᠭᠦᠯᠵᠦ ᠬᠥᠳᠡᠯᠭᠡᠬᠦ ᠬᠦᠴᠦᠨ ᠢ ᠬᠥᠭᠵᠢᠭᠡᠨ ᠵᠠᠰᠠᠭ ᠤᠨ | ᠣᠷᠳᠣᠨ ᠤ ᠡᠯ᠎ᠡ ᠲᠦᠷᠦᠯ ᠤᠨ ᠠᠵᠢᠯ ᠢ ᠨᠠᠩ ᠰᠠᠶᠢᠲᠤᠷ ᠨᠠᠶᠢᠳᠠᠪᠤᠷᠢᠵᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠦ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ᠶᠢᠨ ᠡᠯ᠎ᠡ ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ ᠬᠠᠤᠯᠢ ᠶᠣᠰᠣᠭᠠᠷ ᠰᠶᠢᠳᠪᠤᠷᠢᠲᠤ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠲᠦᠷᠢᠮᠵᠢᠬᠦᠯᠦᠨ᠎ᠡ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠲᠠ᠂ ᠱᠠᠯᠠᠪᠳᠠᠭᠤᠯᠤᠨ ᠪᠠᠶᠢᠴᠠᠭᠠᠯᠲᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠵᠤ ᠪᠢᠯᠧᠲ ᠥᠭᠴᠦ | ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ | ᠳᠦᠷᠢᠮ ᠢ ᠲᠡᠭᠦᠯᠳᠡᠷᠵᠢᠭᠦᠯᠵᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠰᠣᠮᠣ ᠪᠠᠯᠭᠠᠰᠣ ᠵᠢᠴᠢ ᠭᠠᠴᠠᠭ᠎ᠠ | ᠳᠣᠰᠬᠤᠨ ᠤ ᠬᠠᠣᠯᠢ ᠰᠣᠷᠴᠣ ᠬᠠᠣᠯᠢ ᠬᠡᠷᠡᠭᠯᠡᠬᠦ ᠲᠦᠷᠢᠮ ᠢ ᠨᠠᠶᠢᠳᠠᠪᠣᠷᠢᠵᠢᠭᠤᠯᠬᠤ ᠶᠢ ᠴᠢᠩᠭᠠᠳᠬᠠᠵᠣ ᠦᠨᠳᠣᠰᠣᠨ ᠱᠠᠳᠣᠨ ᠤ ᠠᠵᠢᠯᠳᠠᠠ ᠠᠵᠢᠯᠴᠢᠳ ᠤᠨ | ᠬᠠᠣᠯᠢ ᠶᠣᠰᠣᠭᠠᠷ ᠡᠬᠦᠷᠬᠡ ᠳᠣᠰᠢᠶᠠᠯ ᠢᠶᠠᠨ ᠬᠦᠢᠴᠡᠳᠬᠡᠬᠦ ᠴᠢᠳᠠᠪᠣᠷᠢ ᠶᠢ ᠳᠡᠬᠡᠭᠰᠢᠯᠡᠬᠦᠯᠥᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠤᠨ ᠲᠦᠷᠢᠮᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠤᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ 26 ᠲᠤᠷᠰᠢᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠢ | ᠢᠯᠡ ᠪᠣᠯᠭᠠᠬᠤ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠤᠨ ᠲᠤᠭᠲᠠᠭᠠᠵᠦ ᠢᠯᠡ ᠪᠣᠯᠭᠠᠬᠤ ᠬᠡᠪᠴᠢᠶ᠎ᠡ ᠶᠢ ᠰᠠᠨᠠᠭᠠᠴᠢᠯᠠᠭ᠎ᠠ ᠠᠴᠠ ᠪᠠᠨ | ᠥᠷᠭᠡᠳᠬᠡᠵᠦ ᠵᠠᠰᠠᠭ ᠵᠠᠬᠢᠷᠭᠠᠨ ᠤ ᠰᠶᠢᠳᠪᠤᠷᠢᠲᠤ ᠪᠣᠳᠣᠯᠭ᠎ᠠ᠂ ᠬᠡᠷᠡᠭᠵᠢᠭᠦᠯᠤᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ | ᠠᠬᠢᠭᠤᠯᠤᠨ ᠢᠯᠡ ᠪᠣᠯᠭᠠᠬᠤ ᠪᠠᠷ ᠡᠷᠭᠡ ᠳᠡᠭᠰᠢ ᠶᠢ ᠠᠬᠢᠭᠤᠯᠬᠤ᠂ ᠢᠯᠡ ᠲᠤᠳᠤ ᠪᠠᠷ ᠲᠦᠪ ᠭᠤᠤᠯᠴᠢ ᠶᠢ ᠠᠬᠢᠭᠤᠯᠬᠤ ᠪᠠᠷ ᠴᠢᠷᠮᠠᠶᠢᠨ᠎ᠠ᠃ | ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠦᠮᠴᠢᠯᠡᠯᠲᠤ ᠡᠳ᠋ | ᠬᠥᠷᠥᠩᠭᠡ᠂ ᠤᠯᠤᠰ ᠤᠨ ᠥᠮᠴᠢᠯᠡᠯᠲᠤ ᠡᠬᠢ ᠪᠠᠶᠠᠯᠢᠭ ᠵᠡᠷᠭᠡ ᠬᠦᠷᠢᠶ᠎ᠡ ᠴᠠᠷᠠᠭᠠᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠵᠦ ᠲᠦᠭᠰᠢᠭᠦᠷᠢ ᠶᠢ ᠰᠡᠷᠭᠡᠶᠢᠯᠡᠨ | ᠡᠵᠡᠮᠳᠡᠭᠦ ᠶᠢ ᠴᠢᠩᠭᠠᠳᠬᠠᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ | ᠲᠦᠷᠦᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠤᠨ ᠰᠠᠯᠠᠭ᠎ᠠ ᠮᠥᠴᠢᠷ ᠤᠨ ᠲᠠᠰᠤᠭ ᠤᠨ ︽ᠪᠢᠴᠢᠯ ᠢᠯᠵᠠᠷᠠᠯ︾᠂ ᠵᠢᠳᠭᠦᠯ ᠴᠢᠷᠮᠠᠶᠢᠯᠭ᠎ᠠ | ᠭᠠᠷᠭᠠᠬᠤ ᠦᠬᠡᠢ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠨ᠎ᠠ᠃ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠵᠤ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠠᠵᠢᠯ ᠤᠨ ᠨᠠᠶᠢᠳᠠᠪᠤᠷᠢᠵᠢᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠦᠨ᠎ᠡ᠃ ᠺᠠᠳ᠋ᠷ ᠤᠨ | ᠬᠦᠮᠦᠵᠢᠯ ᠬᠠᠮᠢᠶᠠᠷᠤᠯᠲᠠ ᠶᠢ ᠴᠢᠩᠭᠠᠳᠬᠠᠨ ᠠᠷᠢᠭᠤᠨ ᠴᠢᠬᠡᠴᠢ ᠪᠠᠷ ᠠᠵᠢᠯ ᠬᠢᠵᠦ ᠠᠷᠢᠭᠤᠨ ᠴᠢᠬᠡᠴᠢ ᠪᠠᠷ ᠬᠥᠮᠤᠨ ᠪᠤᠯᠵᠤ ᠠᠷᠠᠳ ᠲᠦᠮᠡᠨ ᠤ ᠠᠯᠪᠠᠨ | ᠵᠠᠷᠤᠴᠠ ᠶᠢᠨ ᠴᠣᠯᠠ ᠶᠢ ᠬᠥᠰᠡᠷᠳᠡᠭᠦᠯᠬᠦ ᠦᠭᠡᠢ ᠪᠠᠶᠢᠬᠤ ᠪᠠᠷ ᠴᠢᠷᠮᠠᠶᠢᠨ᠎ᠠ᠃ | ᠲᠥᠯᠥᠭᠡᠯᠡᠭᠴᠢᠳ ᠡ᠂ ᠨᠥᠬᠦᠳ ᠡ᠂ ᠬᠠᠪᠤᠷ ᠤᠨ ᠤᠷᠢᠨ ᠪᠤᠯᠵᠦ ᠠᠭᠤᠯᠠ ᠣᠰᠣ ᠬᠦᠭᠡᠷᠤᠨ ᠡᠪᠡᠰᠤ ᠮᠤᠳᠤ ᠨᠠᠬᠢᠶᠠᠯᠤᠮᠤᠢ︕ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠤᠨ | ᠬᠠᠮᠲᠤ ᠪᠠᠷ ᠴᠢᠷᠮᠠᠶᠢᠵᠦ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠶᠢᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠶᠢᠨ ᠲᠥᠯᠥᠭᠡ | ᠴᠢᠷᠮᠠᠶᠢᠨ ᠲᠡᠮᠡᠴᠡᠵᠡᠭᠡᠶ᠎ᠡ︕ | | | | |