ᠬᠠᠪᠤᠷ ᠤᠨ ᠲᠠᠷᠢᠶᠠᠯᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠶᠢᠨ ᠲᠥᠯᠥᠭᠡ᠂ ᠤᠯᠠᠭᠠᠨᠲᠣᠯᠣᠭᠠᠢ ᠪᠠᠯᠭᠠᠰᠤ ᠨᠢ ᠤᠯᠠᠨ ᠲᠠᠯ᠎ᠠ ᠲᠠᠢ | ᠬᠠᠮᠲᠤᠷᠠᠯᠴᠠᠨ ᠲᠠᠩᠰᠠᠯᠠᠨ ᠺᠠᠷᠳ᠋ᠯᠠᠭᠰᠠᠨ ᠶᠠᠳᠠᠭᠤ ᠬᠦᠴᠢᠷᠲᠡᠢ ᠡᠷᠦᠭᠡ ᠳᠡᠭᠡᠨ ᠪᠣᠷᠳᠣᠭᠤᠷ ᠬᠦᠷᠭᠡᠬᠦ᠂ ᠢᠳᠡᠰᠢᠨ ᠨᠣᠭᠤᠭᠠᠨ ᠤ ᠬᠦᠯᠡᠮᠵᠢ ᠪᠣᠰᠬᠠᠨ ᠥᠭᠬᠦ᠂ | ᠳᠣᠣᠷ᠎ᠠ ᠬᠦᠦ ᠲᠠᠢ ᠵᠢᠭᠡᠯᠡᠯᠭᠡ ᠲᠠᠯᠪᠢᠬᠤ ᠵᠡᠷᠭᠡ ᠠᠷᠭ᠎ᠠ ᠪᠠᠷᠢᠯ ᠢᠶᠠᠷ ᠲᠡᠳᠡᠨ ᠤ ᠢᠳᠡᠪᠬᠢᠵᠢᠯ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠤ ᠰᠠᠭᠤᠷᠢ ᠲᠠᠯᠪᠢᠵᠤ ᠪᠠᠶᠢᠨ᠎ᠠ᠃ | | | | | | | ᠤᠶᠢᠷ᠎ᠠ ᠶᠢᠨ ᠡᠳᠦᠷ᠂ ᠤᠯᠠᠭᠠᠨᠲᠣᠯᠣᠭᠠᠢ ᠪᠠᠯᠭᠠᠰᠤ ᠨᠢ ᠪᠠᠶᠠᠠᠭᠤᠣᠯ ᠭᠠᠴᠠᠭᠠᠨ ᠳᠡᠭᠡᠷ᠎ᠡ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠪᠣᠷᠳᠣᠭᠤᠷ ᠢ | ᠨᠢᠭᠡᠳᠦᠯᠲᠡᠢ ᠲᠡᠭᠡᠭᠡᠨ ᠠᠪᠴᠢᠷᠠᠵᠤ ᠲᠠᠩᠰᠠᠯᠠᠨ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠡᠷᠦᠬᠡᠳ ᠲᠡᠭᠡᠨ ᠬᠤᠪᠢᠶᠠᠨ ᠥᠭᠭᠦᠯ᠎ᠡ᠃ ᠨᠠᠷᠠᠰᠤ ᠶᠢᠨ ᠬᠢᠨ 25 ᠮᠦ | ᠲᠠᠷᠢᠶᠠᠨ ᠭᠠᠵᠠᠷ ᠲᠠᠢ ᠪᠠᠶᠢᠵᠤ 50 ᠤᠭᠤᠲᠠ ᠪᠣᠷᠳᠣᠭᠤᠷ ᠬᠤᠪᠢᠳᠠᠨ ᠣᠯᠣᠯ᠎ᠠ᠃ ᠡᠨᠡ ᠨᠢ ᠲᠡᠳᠡᠨ ᠤ ᠲᠠᠷᠢᠶᠠᠯᠠᠭ᠎ᠠ ᠳᠤ ᠬᠡᠷᠡᠭᠰᠡᠬᠦ ᠪᠣᠷᠳᠣᠭᠤᠷ ᠢ ᠭᠦᠢᠴᠡᠳ | ᠬᠠᠩᠭᠠᠵᠤ ᠳᠡᠶᠢᠯᠬᠦ ᠮᠥᠷᠲᠡᠭᠡᠨ ᠲᠡᠳᠡᠨ ᠳᠤ 4000 ᠲᠥᠭᠦᠷᠢᠭ ᠠᠷᠪᠢᠯᠠᠵᠤ ᠥᠭᠴᠡᠢ᠃ ᠬᠦᠴᠢᠷᠳᠡᠯᠲᠡᠢ ᠡᠷᠦᠬᠡ ᠬᠠᠰᠳᠠᠯᠠᠢ ᠶᠢᠨ ᠬᠢᠨ 120 ᠮᠦ | ᠪᠡᠯᠴᠢᠭᠡᠷ ᠲᠠᠢ ᠪᠠᠶᠢᠵᠤ ᠪᠡᠯᠴᠢᠭᠡᠷ ᠨᠤᠲᠤᠭ ᠪᠠᠭ᠎ᠠ ᠠᠴᠠ ᠪᠣᠯᠵᠤ ᠲᠡᠳᠡᠨ ᠤ ᠬᠢᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ 2016 ᠣᠨ ᠠᠴᠠ ᠢᠮᠠᠭ᠎ᠠ | ᠬᠠᠰᠢᠶᠠᠯᠠᠨ ᠲᠡᠵᠢᠭᠡᠵᠦ ᠡᠬᠢᠯᠡᠵᠡᠢ᠃ ᠭᠡᠪᠡᠴᠦ ᠲᠡᠳᠡᠨ ᠤ ᠬᠤᠷᠢᠭᠠᠳ ᠮᠦ ᠲᠠᠷᠢᠶᠠᠨ ᠭᠠᠵᠠᠷ ᠨᠢ ᠬᠤᠷᠢᠶᠠᠯᠲᠠ ᠪᠠᠭ᠎ᠠ ᠠᠴᠠ ᠪᠣᠯᠵᠤ ᠲᠡᠵᠢᠭᠡᠯ ᠪᠣᠷᠳᠤᠭ᠎ᠠ | ᠬᠦᠷᠦᠯᠴᠡᠬᠦ ᠦᠭᠡᠢ ᠪᠠᠶᠢᠵᠠᠢ᠃ ᠡᠨᠡ ᠤᠳᠠᠭ᠎ᠠ ᠪᠠᠯᠭᠠᠰᠤᠨ ᠠᠴᠠ ᠦᠨ᠎ᠡ ᠲᠥᠯᠥᠪᠦᠷᠢ ᠦᠭᠡᠢ 44 ᠤᠭᠤᠲᠠ ᠪᠣᠷᠳᠣᠭᠤᠷ ᠬᠦᠷᠭᠡᠵᠦ ᠢᠷᠡᠭᠰᠡᠨ ᠨᠢ ᠲᠡᠭᠦᠨ ᠤ | ᠲᠠᠷᠢᠶᠠᠯᠠᠭ᠎ᠠ ᠪᠠᠷ ᠮᠠᠯᠵᠢᠯ ᠢᠶᠠᠨ ᠠᠬᠢᠭᠤᠯᠬᠤ ᠢᠲᠡᠭᠡᠯ ᠢ ᠨᠢ ᠬᠥᠪᠴᠢᠯᠡᠵᠡᠢ᠃ ᠬᠦᠴᠢᠷᠳᠡᠯᠲᠡᠢ ᠡᠷᠦᠬᠡᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠢ | ᠭᠦᠢᠴᠡᠳ ᠰᠠᠶᠢᠨ ᠬᠢᠬᠦ ᠶᠢᠨ ᠲᠥᠯᠥᠭᠡ ᠤᠯᠠᠭᠠᠨᠲᠣᠯᠣᠭᠠᠢ ᠪᠠᠯᠭᠠᠰᠤ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ 200 ᠲᠣᠨ ᠬᠢᠮᠢ ᠶᠢᠨ ᠪᠣᠷᠲᠣᠭᠤᠷ | ᠬᠤᠳᠠᠯᠳᠤᠨ ᠠᠪᠴᠤ ᠪᠥᠬᠦ ᠪᠠᠯᠭᠠᠰᠤᠨ ᠤ 44 ᠲᠠᠩᠰᠠᠯᠠᠨ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠡᠭᠦᠳᠡᠨ ᠳᠤ ᠦᠨ᠎ᠡ ᠲᠥᠯᠥᠪᠦᠷᠢ ᠥᠬᠡᠶ | ᠬᠦᠷᠭᠡᠨ ᠥᠭᠴᠦ ᠲᠡᠳᠡᠨ ᠤ ᠬᠠᠪᠤᠷ ᠤᠨ ᠲᠠᠷᠢᠶᠠᠯᠠᠭ᠎ᠠ ᠶᠢᠨ ᠪᠣᠷᠲᠣᠭᠤᠷ ᠤᠨ ᠠᠰᠠᠭᠤᠳᠠᠯ ᠢ ᠰᠢᠢᠳᠪᠦᠷᠢᠯᠡᠵᠦ ᠥᠭᠪᠡ᠃ | | | | | | | ᠤᠯᠠᠭᠠᠨᠲᠣᠯᠣᠭᠠᠢ ᠪᠠᠯᠭᠠᠰᠤᠨ ᠤ ᠳᠠᠪᠰᠢᠯᠲᠠ ᠲᠣᠰᠬᠤᠨ ᠤ ᠬᠦᠴᠢᠷᠳᠡᠯᠲᠡᠢ ᠡᠷᠦᠬᠡ ᠵᠠᠩ ᠱᠢ ᠷᠦᠩ ᠤᠨ ᠬᠢᠨ ᠲᠠᠷᠢᠶᠠᠨ ᠭᠠᠵᠠᠷ ᠲᠤᠩ ᠪᠠᠭ᠎ᠠ ᠪᠠᠶᠢᠵᠤ | ᠲᠡᠳᠡᠨᠡᠶᠢᠬᠢᠨ ᠵᠥᠪᠬᠡᠨ ᠡᠨᠡᠬᠦ ᠭᠠᠵᠠᠷ ᠳᠡᠭᠡᠷ᠎ᠡ ᠪᠠᠨ ᠡᠷᠳᠡᠨᠢ ᠰᠢᠰᠢ ᠲᠠᠷᠢᠵᠤ ᠭᠤᠣᠯ ᠣᠷᠣᠯᠭ᠎ᠠ ᠶᠢᠨ ᠢᠷᠡᠯᠲᠡ ᠪᠠᠨ ᠪᠣᠯᠭᠠᠵᠤ ᠪᠠᠶᠢᠭ᠎ᠠ ᠪᠠᠶᠢᠳᠠᠯ ᠢ | ᠲᠣᠰᠬᠤᠨ ᠳᠤ ᠰᠠᠭᠤᠭ᠎ᠠ ᠺᠠᠳ᠋ᠷ ᠣᠶᠢᠯᠠᠭᠠᠭᠰᠠᠨ ᠤ ᠳᠠᠷᠠᠭ᠎ᠠ ᠪᠠᠯᠭᠠᠰᠤ᠂ ᠲᠣᠰᠬᠤᠨ᠂ ᠬᠠᠪᠰᠤᠷᠤᠨ ᠲᠡᠳᠬᠦᠬᠦ ᠪᠠᠶᠢᠭᠤᠯᠭ᠎ᠠ ᠲᠠᠢ ᠬᠠᠷᠢᠯᠴᠠᠬᠤ ᠪᠠᠷ ᠳᠠᠮᠵᠢᠨ | ᠲᠡᠳᠡᠨ ᠳᠤ ᠢᠳᠡᠰᠢᠨ ᠨᠣᠭᠤᠭᠠᠨ ᠤ ᠲᠣᠮᠣ ᠬᠦᠯᠡᠮᠵᠢ ᠪᠠᠶᠢᠭᠤᠯᠵᠤ ᠢᠳᠡᠰᠢᠨ ᠨᠣᠭᠤᠭ᠎ᠠ ᠪᠤᠷᠤᠯᠠᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠣᠯᠵᠠᠢ᠃ | | | | | | | ᠵᠠᠩ ᠱᠢ ᠷᠦᠩ᠄ ︽ᠵᠠᠰᠠᠭ ᠤᠨ ᠣᠷᠳᠣᠨ ᠠᠴᠠ ᠨᠠᠮ᠎ᠠ ᠳᠤ ᠨᠢᠭᠡ ᠲᠣᠮᠣ ᠬᠦᠯᠡᠮᠵᠢ ᠪᠠᠷᠢᠵᠤ ᠥᠭᠭᠦᠭᠰᠡᠨ᠂ ᠡᠨᠡ ᠵᠢᠯ ᠬᠡᠮᠬᠡ ᠲᠠᠷᠢᠬᠤ ᠰᠠᠨᠠᠭ᠎ᠠ ᠲᠠᠢ᠂ | ᠪᠠᠷᠤᠭᠴᠠᠭᠠᠯᠠᠪᠠᠯ ᠬᠤᠶᠠᠷ ᠠᠴᠠ ᠭᠤᠷᠪᠠᠨ ᠲᠦᠮᠡᠨ ᠲᠥᠭᠦᠷᠢᠭ ᠤᠨ ᠣᠷᠣᠯᠭ᠎ᠠ ᠣᠯᠴᠢᠬᠠᠨ᠎ᠠ᠃ ᠬᠦᠯᠡᠮᠵᠢ ᠲᠠᠢ ᠪᠣᠯᠴᠢᠬᠠᠪᠠᠯ ᠬᠤᠵᠢᠮ ᠢᠳᠡᠰᠢᠨ ᠨᠣᠭᠤᠭ᠎ᠠ᠂ | ᠭᠤᠸ᠎ᠠ ᠵᠢᠮᠢᠰ ᠲᠠᠷᠢᠬᠤ ᠨᠥᠬᠦᠴᠡᠯ ᠲᠠᠢ ᠪᠤᠯᠵᠤ ᠲᠣᠭᠲᠠᠭᠤᠨ ᠣᠷᠣᠯᠭ᠎ᠠ ᠲᠠᠢ ᠪᠣᠯᠴᠢᠬᠠᠨ᠎ᠠ︾ ᠭᠡᠵᠤ ᠢᠳᠡᠭᠡᠯ ᠲᠡᠬᠦᠯᠳᠡᠷ ᠶᠠᠷᠢᠵᠤ ᠪᠠᠶᠢᠯ᠎ᠠ᠃ ᠠᠵᠤ | ᠦᠶ᠋ᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢᠨ ᠦᠨᠳᠦᠰᠦ ᠨᠢ ᠶᠤᠮ᠃ ᠤᠯᠠᠭᠠᠨᠲᠣᠯᠣᠭᠠᠢ ᠪᠠᠯᠭᠠᠰᠤ ᠲᠣᠰ | ᠭᠠᠵᠠᠷ ᠤᠨ ᠢᠶᠠᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ ︽ᠨᠠᠮ ᠤᠨ ᠡᠭᠦᠷ ᠬᠥᠲᠥᠯᠥᠨ ᠳᠠᠭᠠᠭᠤᠯᠬᠤ + ᠠᠵᠤ ᠦᠶ᠋ᠯᠡᠰ ᠢᠶᠠᠷ ᠲᠡᠮᠵᠢᠬᠦ + | ᠣᠶᠤᠨ ᠰᠠᠨᠠᠭ᠎ᠠ ᠶᠢ ᠤᠷᠮᠠᠰᠢᠭᠤᠯᠬᠤ︾ ᠢᠶᠠᠷ ᠳᠠᠮᠵᠢᠭᠤᠯᠤᠨ ᠣᠷᠳᠣ ᠬᠤᠭᠤᠴᠠᠭᠠᠨ ᠤ ᠪᠦᠲᠦᠮᠵᠢᠲᠡᠶ ᠠᠵᠤ ᠦᠶ᠋ᠯᠡᠰ ᠤᠨ ᠬᠥᠭᠵᠢᠯᠲᠡ ᠶᠢᠨ ᠲᠣᠭᠲᠠᠴᠠ ᠶᠢ | ᠪᠠᠶᠢᠭᠤᠯᠵᠤ ᠡᠳ᠋ ᠪᠣᠳᠠᠰ ᠢᠶᠠᠷ ᠲᠡᠳᠬᠦᠬᠦ ᠪᠠ ᠰᠡᠳᠬᠢᠴᠡ ᠶᠢ ᠨᠢ ᠬᠤᠪᠢᠷᠠᠭᠤᠯᠵᠤ ᠢᠳᠡᠪᠬᠢᠵᠢᠯ ᠢ ᠨᠢ ᠳᠠᠶᠢᠴᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠢᠶᠠᠷ | ᠶᠠᠳᠠᠭᠤ ᠬᠦᠴᠢᠷᠳᠡᠯᠲᠡᠢ ᠡᠷᠦᠬᠡᠳ ᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ ᠪᠡᠶᠡᠴᠢ | ᠴᠢᠳᠠᠮᠠᠭᠠᠢ ᠴᠢᠨᠠᠷ ᠢ ᠬᠥᠭᠵᠢᠭᠡᠵᠦ ᠴᠢᠳᠠᠭᠰᠠᠨ ᠪᠠᠶᠢᠨ᠎ᠠ᠃ | |