ᠲᠤᠭᠤᠷᠢᠮ ᠭᠠᠴᠠᠭᠠᠨ ᠤ ᠶᠠᠳᠠᠭᠤ ᠶᠢ ᠲᠡᠳᠭᠦᠭᠦ ᠨᠡᠷᠡᠨ ᠭᠡᠷᠡᠯ ᠢᠶᠠᠷ ᠴᠠᠭᠢᠯᠭᠠᠨ ᠭᠠᠷᠭᠠᠬᠤ ᠦᠷᠳᠡᠭᠡᠨ ᠤ ᠲᠦᠷᠦᠯ ᠵᠦᠢᠯ ᠠᠵᠢᠯ ᠢᠶᠠᠨ ᠰᠡᠷᠭᠦᠭᠡᠨ ᠦᠢᠯᠡᠳᠪᠤᠷᠢᠯᠡᠯ ᠢᠶᠠᠨ ᠰᠡᠷᠭᠦᠭᠡᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠳᠤ ᠭᠦᠴᠦᠨ ᠨᠠᠮᠠᠷᠢᠯᠡᠨ᠎ᠠ
ᠨᠡᠶᠢᠲᠡᠯᠡᠭᠰᠡᠨ ᠴᠠᠭ᠄
2020/5/7
     ᠲᠤᠭᠤᠷᠢᠮ ᠭᠠᠴᠠᠭᠠᠨ ᠤ ᠶᠠᠳᠠᠭᠤ ᠶᠢ ᠲᠡᠳᠭᠦᠭᠦ 5 ᠰᠠᠶ᠎ᠠ ᠸᠠᠲ ᠨᠡᠷᠡᠨ ᠭᠡᠷᠡᠯ ᠤᠨ ᠴᠠᠭᠢᠯᠭᠠᠨ ᠭᠠᠷᠭᠠᠬᠤ ᠦᠷᠳᠡᠭᠡ ᠶᠢᠨ ᠲᠦᠷᠦᠯ ᠵᠦᠢᠯ ᠨᠢ ᠤᠢᠢᠷᠠᠳᠤᠬᠠᠨ ᠪᠦᠭᠦ ᠲᠡᠯ᠎ᠡ ᠪᠠᠷ ᠠᠵᠢᠯ ᠢᠶᠠᠨ ᠰᠡᠷᠭᠦᠭᠡᠨ ᠦᠢᠯᠡᠳᠪᠤᠷᠢᠯᠡᠯ ᠢᠶᠠᠨ ᠰᠡᠷᠭᠦᠭᠡᠵᠤ᠂ ᠨᠡᠷᠡᠨ ᠭᠡᠷᠡᠯ ᠤᠨ ᠬᠠᠪᠳᠠᠰᠤ ᠪᠠᠷ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠡᠴᠢᠳ ᠢ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ ᠦᠷᠭᠦᠯᠵᠢᠯᠡᠨ ᠤᠷᠤᠯᠭ᠎ᠠ ᠶᠢ ᠨᠢ ᠨᠡᠮᠡᠭᠳᠡᠭᠦᠯᠭᠦ ᠪᠤᠯᠤᠨ᠎ᠡ᠃     ᠲᠤᠭᠤᠷᠢᠮ ᠭᠠᠴᠠᠭᠠᠨ ᠤ 5 ᠰᠠᠶ᠎ᠡ ᠸᠠᠲ ᠨᠡᠷᠡᠨ ᠭᠡᠷᠡᠯ ᠢᠶᠠᠷ ᠴᠠᠭᠢᠯᠭᠠᠨ ᠭᠠᠷᠭᠠᠬᠤ ᠲᠦᠷᠦᠯ ᠵᠦᠢᠯ ᠤᠨ ᠠᠬᠤᠢ ᠲᠡᠯᠡᠪᠡᠢ ᠳᠤ ᠠᠵᠢᠯᠴᠢᠳ ᠲᠡᠰ ᠲᠠᠷᠠᠭᠠᠯᠡᠨ ᠮᠦᠷᠯᠡᠨ ᠵᠢᠬᠰᠠᠵᠤ ᠪᠠᠶ᠎ᠡ ᠶᠢᠨ ᠬᠠᠯᠠᠭᠤᠨ ᠢᠶᠠᠨ ᠭᠡᠮᠵᠢᠭᠦ ᠪᠡ ᠴᠢᠮᠡᠭᠡ ᠵᠠᠩᠭᠢ ᠪᠠᠨ ᠲᠡᠩᠰᠡᠯᠡᠨ ᠲᠡᠮᠳᠡᠭᠯᠡᠵᠤ ᠡᠮᠭᠢ ᠲᠢᠭᠯᠢᠮ ᠲᠠᠢ ᠪᠠᠷ ᠠᠵᠢᠯᠯᠠᠵᠠᠭᠠᠨ᠎ᠠ᠃     ᠰᠦᠯᠳᠡ ᠰᠤᠮᠤᠨ ᠤ ᠨᠠᠮ ᠤᠨ ᠬᠤᠷᠢᠶᠡᠨ ᠤ ᠱᠦᠵᠢ ᠨᠡᠷᠡᠰᠤ᠄ ︽ᠪᠢᠳᠡ ᠴᠠᠭ ᠢ ᠠᠮᠵᠢᠨ ᠦᠢᠯᠡᠳᠪᠤᠷᠢᠯᠡᠯ ᠢᠶᠠᠨ ᠰᠡᠷᠭᠦᠭᠡᠨ᠂ ᠭᠢᠵᠢᠭ ᠤᠨ ᠪᠠᠶᠢᠳᠡᠯ ᠢ ᠨᠢᠬᠳᠡ ᠴᠢᠩᠭ᠎ᠠ ᠭᠢᠨᠡᠨ ᠭᠡᠮᠵᠢᠭᠦ᠂ ᠤᠷᠢᠳᠴᠢᠯᠡᠨ ᠰᠡᠷᠡᠮᠵᠢᠯᠡᠭᠦᠯᠭᠦ ᠵᠡᠷᠭᠡ ᠠᠵᠢᠯ ᠢ ᠰᠠᠶᠢᠳᠤᠷ ᠭᠢᠭᠰᠡᠨ ᠤ ᠰᠠᠭᠤᠷᠢᠨ ᠲᠡᠭᠡᠷ᠎ᠡ᠂ ᠨᠡᠷᠡᠨ ᠭᠡᠷᠡᠯ ᠢᠶᠠᠷ ᠴᠠᠭᠢᠯᠭᠠᠨ ᠭᠠᠷᠭᠠᠬᠤ ᠠᠵᠤ ᠠᠬᠤᠢᠢᠯᠡᠯ ᠲᠠᠢ ᠬᠠᠷᠢᠯᠴᠡᠨ ᠡᠷᠳᠡᠭᠡᠨ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠳᠦᠮᠵᠢ ᠶᠢ ᠦᠷᠭᠦᠯᠵᠢᠯᠡᠨ ᠪᠠᠭᠢᠵᠢᠭᠦᠯᠤᠨ᠎ᠡ︾ ᠭᠡᠵᠤ ᠪᠠᠶᠢᠯ᠎ᠠ᠃     ᠲᠤᠭᠤᠷᠢᠮ ᠭᠠᠴᠠᠭ᠎ᠠ ᠶᠢᠨ ᠶᠠᠳᠠᠭᠤ ᠶᠢ ᠲᠡᠳᠬᠦᠬᠦ 5 ᠰᠠᠶ᠎ᠠ ᠸᠠᠲ ᠲᠠᠷᠬᠠᠮᠠᠯ ᠬᠡᠯᠪᠡᠷᠢ ᠶᠢᠨ ᠨᠠᠷᠠᠨ ᠬᠡᠷᠡᠯ ᠢᠶᠠᠷ ᠴᠠᠬᠢᠯᠭᠠᠨ ᠭᠠᠷᠭᠠᠬᠤ ᠥᠷᠳᠡᠭᠡ ᠪᠤᠯ ᠤᠷᠳᠤᠰ ᠤᠨ ᠴᠠᠬᠢᠯᠠᠭᠠᠨ ᠤᠢᠢᠯᠡᠰ ᠤᠨ ᠲᠤᠪᠴᠢᠶ ᠎ᠠ ᠠᠴᠠ ᠭᠤᠤᠯᠯᠠᠨ ᠬᠠᠷᠢᠭᠤᠴᠠᠵᠤ᠂ ᠰᠥᠯᠳᠠ ᠰᠤᠮᠤᠨ ᠠᠴᠠ ᠥᠪᠥᠷ ᠮᠤᠩᠭᠤᠯ ᠤᠨ ᠺᠠᠨᠭ᠌ ᠬᠤᠸᠠ ᠱᠸᠡᠭ ᠨᠠᠷᠨᠨ ᠬᠡᠷᠡᠯ ᠢᠶᠠᠷ ᠴᠠᠬᠢᠯᠭᠠᠨ ᠭᠠᠷᠭᠠᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠤᠷᠤᠭᠤᠯᠤᠨ ᠠᠪᠴᠢᠷᠠᠵᠤ᠂ ᠰᠤᠮᠤᠨ ᠤ ︽ᠲᠥᠷᠪᠡᠨ ᠲᠤᠰᠬᠤᠨ︾ ᠲᠠᠢ ᠬᠤᠯᠪᠤᠭᠠᠯᠠᠨ ᠪᠠᠶᠢᠭᠤᠯᠤᠭᠰᠠᠨ ᠴᠠᠬᠢᠯᠭᠠᠨ ᠭᠠᠷᠭᠠᠬᠤ ᠲᠥᠷᠥᠯ ᠵᠦᠢᠯ ᠪᠤᠯᠤᠨ᠎ᠠ᠃ ᠨᠠᠷᠨᠨ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠷᠳᠡᠬᠡᠨ ᠪᠥᠷᠢᠨ ᠪᠠᠭᠳᠠᠭᠠᠮᠵᠢᠳᠤ ᠲᠤᠤᠷ ᠨᠡᠶᠢᠯᠡᠬᠦᠯᠬᠦ ᠶᠢ ᠪᠠᠳᠤᠯᠠᠨ᠂ ᠮᠠᠯᠴᠢᠨ ᠲᠠᠷᠢᠶᠠᠴᠢᠳ ᠲᠤ ᠠᠰᠢᠭ ᠤᠷᠤᠯᠭ᠎ᠠ ᠠᠪᠴᠢᠷᠠᠬᠤ ᠶᠢᠨ ᠲᠥᠯᠥᠬᠡ᠂ ᠲᠤᠭᠤᠷᠢᠮ ᠭᠠᠴᠠᠭᠠᠨ ᠤ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠠᠴᠠ ᠲᠤᠰ ᠲᠥᠷᠥᠯ ᠵᠦᠢᠯ ᠤᠨ ᠪᠥᠬᠦ ᠲᠠᠯ᠎ᠠ ᠪᠠᠷ ᠠᠵᠢᠯ ᠢᠶᠠᠨ ᠰᠡᠷᠬᠦᠬᠡᠬᠦ ᠶᠢ ᠢᠳᠡᠪᠬᠢᠳᠠᠢ ᠵᠤᠬᠢᠴᠠᠭᠤᠯᠤᠨ᠂ ᠭᠠᠴᠠᠭᠠᠨ ᠠᠴᠠ ᠪᠠᠷᠢᠯᠭ᠎ᠠ ᠶᠢᠨ ᠠᠵᠢᠯ ᠤᠨ ᠪᠠᠶᠢᠭᠤᠯᠭ᠎ᠠ ᠨᠢᠬᠡᠴᠢ ᠶᠢᠨ ᠠᠵᠢᠯᠳᠠᠳ ᠲᠤ ᠡᠳᠤᠷ ᠪᠤᠯᠭᠠᠨ ᠪᠡᠶ᠎ᠡ ᠶᠢᠨ ᠬᠠᠯᠠᠭᠤᠨ ᠢ ᠬᠡᠮᠵᠢᠬᠦ ᠪᠠ ᠪᠠᠷᠢᠯᠭ᠎ᠠ ᠶᠢᠨ ᠲᠤᠮᠳᠠᠬᠢ ᠠᠮᠤᠷ ᠲᠥᠪᠰᠢᠨ ᠳᠤ ᠬᠢᠨᠠᠯᠳᠡ ᠲᠠᠯᠪᠢᠵᠥ ᠬᠠᠮᠢᠶᠠᠷᠤᠨ ᠡᠵᠡᠮᠳᠡᠬᠦ ᠠᠵᠢᠯ ᠢ ᠬᠢᠨᠠᠮᠠᠭᠠᠢ ᠬᠢᠵᠠᠢ᠃     ︽ᠤᠳᠤᠬᠠᠨ ᠪᠤᠯᠳᠠᠯ᠎ᠠ 3 ᠰᠠᠶ᠎ᠠ ᠸᠠᠲ ᠴᠠᠭᠢᠯᠭᠠᠨ ᠲᠤᠤᠷ ᠢ ᠨᠡᠶᠢᠯᠡᠭᠦᠯᠵᠤ᠂ ᠤᠳᠠᠯ ᠦᠭᠡᠢ 5 ᠰᠠᠶ᠎ᠠ ᠸᠠᠲ ᠪᠠᠭᠳᠠᠭᠠᠮᠵᠢᠳᠠᠢ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ ᠶᠠᠳᠠᠭᠤ ᠭᠦᠴᠢᠷᠳᠠᠯᠳᠠᠢ ᠡᠷᠦᠭᠡ ᠶᠢ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠦᠷᠭᠦᠯᠵᠢᠯᠠᠨ ᠨᠡᠮᠡᠭᠳᠡᠭᠦᠯᠭᠦ ᠳᠤ ᠪᠠᠳᠤ ᠪᠠᠭᠢ ᠰᠠᠭᠤᠷᠢ ᠲᠠᠯᠪᠢᠬᠤ ᠪᠤᠯᠤᠨ᠎ᠠ︾ ᠭᠡᠵᠤ ᠤᠷᠳᠤᠰ ᠤᠨ ᠴᠠᠭᠢᠯᠭᠠᠨ ᠦᠢᠯᠡᠰ ᠤᠨ ᠲᠤᠪᠴᠢᠶᠠᠨ ᠤ ᠲᠤᠭᠤᠷᠢᠮ ᠭᠠᠴᠠᠭᠠᠨ ᠳᠤ ᠲᠤᠮᠢᠯᠠᠨ ᠰᠠᠭᠤᠵᠤ ᠪᠠᠶᠢᠭ᠎ᠠ ᠨᠢᠭᠡᠳᠦᠭᠡᠷ ᠱᠦᠵᠢ ᠯᠢᠦ ᠴᠢᠶᠠᠩ ᠶᠠᠷᠢᠨ᠎ᠠ᠃        ᠲᠤᠰ ᠲᠦᠷᠦᠯ ᠵᠦᠢᠯ ᠨᠢ ︽1 + N︾ ᠲᠤᠯᠤᠭᠠᠢᠢᠯᠠᠬᠴᠢ ᠠᠵᠤ ᠠᠬᠤᠢᠢᠯᠠᠯ ᠢ ᠤᠷᠢᠨ ᠠᠪᠴᠢᠷᠠᠬᠤ ᠭᠡᠯᠪᠠᠷᠢ ᠪᠠᠷ ᠭᠠᠴᠠᠭᠠᠨ ᠤ ᠬᠠᠮᠳᠤ ᠶᠢᠨ ᠠᠵᠤ ᠠᠬᠤᠢ ᠶᠢ ᠭᠦᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠭᠦᠴᠦᠨ ᠨᠠᠮᠠᠷᠢᠯᠠᠵᠤ᠂ ᠰᠦᠯᠳᠠ ᠰᠤᠮᠤᠨ ᠤ ᠲᠤᠭᠤᠷᠢᠮ᠂ ᠲᠦᠡᠭᠽᠢ᠂ ᠪᠤᠷᠤᠭᠦ᠋ᠳᠡᠭᠡ᠂ ᠭᠦᠭᠡᠮᠠᠩᠬ᠎ᠠ ᠲᠦᠷᠪᠡᠨ ᠭᠠᠴᠠᠭ᠎ᠠ 208 ᠮᠥ ᠭᠠᠵᠠᠷ ᠰᠢᠷᠤᠢ ᠪᠠ 200 ᠲᠦᠮᠠᠨ ᠲᠦᠭᠦᠷᠢᠭ ᠤᠨ ᠪᠠᠯᠠ ᠮᠦᠡᠭᠭᠦ ᠪᠠᠷ ᠠᠵᠤ ᠠᠬᠤᠢᠢᠯᠠᠯ ᠳᠤ ᠬᠤᠪᠢ ᠤᠷᠤᠭᠤᠯᠵᠤ ᠨᠠᠷᠠᠨ ᠭᠡᠷᠠᠯ ᠢᠶᠠᠷ ᠴᠠᠭᠢᠯᠭᠠᠨ ᠭᠠᠷᠭᠠᠬᠤ ᠦᠷᠳᠡᠭᠡ ᠶᠢ ᠬᠠᠮᠳᠤ ᠪᠠᠷ ᠪᠦᠳᠦᠭᠡᠨ ᠪᠠᠶᠢᠭᠤᠯᠤᠬᠰᠠᠨ ᠪᠠᠶᠢᠨ᠎ᠠ᠃ ᠡᠨᠡ ᠵᠢᠯ ᠠᠴᠠ ᠡᠭᠢᠯᠡᠨ 25 ᠵᠢᠯ ᠤᠨ ᠲᠤᠳᠤᠷ᠎ᠠ ᠠᠵᠤ ᠠᠬᠤᠢᠢᠯᠠᠯ ᠨᠢ ᠵᠢᠯ ᠪᠦᠷᠢ ᠲᠦᠷᠪᠡᠨ ᠭᠠᠴᠠᠭᠠᠨ ᠳᠤ 56 ᠲᠦᠮᠠᠨ ᠲᠦᠭᠦᠷᠢᠭ ᠤᠨ ᠠᠰᠢᠭ ᠬᠤᠪᠢᠶᠠᠵᠤ᠂ ᠲᠦᠷᠪᠡᠨ ᠭᠠᠴᠠᠭ᠎ᠠ ᠨᠢ ᠬᠤᠪᠢ ᠤᠷᠤᠭᠤᠯᠤᠬᠰᠠᠨ ᠬᠠᠷᠢᠴᠠᠯ ᠢᠶᠠᠷ ᠵᠤᠭᠢᠬᠤ ᠦᠷ᠎ᠠ ᠠᠰᠢᠭ ᠤᠯᠵᠤ᠂ ᠡᠳᠡᠭᠡᠷ ᠦᠷ᠎ᠠ ᠠᠰᠢᠭ ᠢ ᠭᠤᠤᠯᠳᠠᠭᠤ ᠶᠠᠳᠠᠭᠤ ᠭᠦᠴᠢᠷᠳᠠᠯᠳᠠᠢ ᠡᠷᠦᠭᠡ ᠶᠢᠨ ᠠᠵᠤ ᠦᠢᠯᠡᠰ ᠢ ᠭᠦᠭᠵᠢᠭᠦᠯᠭᠦ ᠳᠤ ᠭᠡᠷᠡᠭᠯᠡᠭᠦ ᠶᠢᠨ ᠬᠠᠮᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠭᠦᠭᠵᠢᠯᠳᠠ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠠᠭᠢᠭᠤᠯᠵᠤ᠂ ︽ᠵᠠᠰᠠᠭ ᠤᠨ ᠤᠷᠳᠤᠨ ᠲᠠᠪᠴᠠᠩ ᠪᠠᠶᠢᠭᠤᠯᠵᠤ᠂ ᠠᠵᠤ ᠠᠬᠤᠢᠢᠯᠠᠯ ᠭᠤᠤᠯᠯᠠᠨ ᠠᠵᠢᠯᠯᠠᠵᠤ᠂ ᠤᠯᠠᠨ ᠲᠦᠮᠠᠨ ᠳᠤ ᠠᠰᠢᠭ ᠭᠦᠷᠳᠡᠭᠡᠭᠦ︾ ᠤᠷᠤᠨ ᠪᠦᠰᠡ ᠶᠢᠨ ᠭᠦᠭᠵᠢᠯᠳᠠ ᠶᠢᠨ ᠭᠡᠪ ᠵᠠᠬᠪᠤᠷ ᠢ ᠪᠤᠢ ᠪᠤᠯᠭᠠᠬᠤ ᠪᠤᠯᠤᠨ᠎ᠠ᠃
ᠢᠷᠡᠯᠲᠡ᠄ ᠣᠷᠳᠣᠰ ᠮᠣᠩᠭᠤᠯ ᠰᠦᠯᠵᠢᠶ᠎ᠠ