ᠰᠢ ᠶᠢᠨ ᠫᠢᠩ ᠦᠽᠪᠧᠺᠰᠲ᠋ᠠᠨ ᠤ ᠶᠡᠷᠦᠩᠭᠡᠶᠢᠯᠡᠭᠴᠢ ᠮᠢᠷᠵᠢᠶᠤᠸᠧᠶᠧᠹ ᠲᠠᠢ ᠤᠳᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2020-05-08
     ᠤᠯᠤᠰ ᠤᠨ ᠲᠡᠷᠢᠬᠦᠯᠡᠭᠴᠢ ᠰᠢ ᠶᠢᠨ ᠫᠢᠩ 5 ᠰᠠᠷ᠎ᠠ ᠶᠢᠨ 7 ᠤ ᠤᠷᠤᠢ ᠦᠽᠪᠧᠺᠰᠲ᠋ᠠᠨ ᠤ ᠶᠡᠷᠦᠩᠭᠡᠶᠢᠯᠡᠭᠴᠢ ᠮᠢᠷᠵᠢᠶᠤᠸᠧᠶᠧᠹ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ᠂ ᠦᠽᠪᠧᠺᠰᠲ᠋ᠠᠨ ᠤ ᠵᠠᠰᠠᠭ ᠤᠨ ᠤᠷᠳᠤᠨ ᠪᠠ ᠦᠽᠪᠧᠺᠰᠲ᠋ᠠᠨ ᠤ ᠠᠷᠠᠳ ᠲᠦᠮᠡᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠵᠦ ᠪᠠᠶᠢᠭ᠎ᠠ ᠳᠤ ᠴᠢᠩ ᠰᠡᠳᠬᠢᠯ ᠢᠶᠠᠷ ᠲᠤᠬᠤᠨᠢᠭᠤᠯᠵᠦ ᠪᠠᠶᠢᠬᠤ ᠪᠠ ᠡᠷᠡᠰ ᠪᠠᠳᠤ ᠳᠡᠮᠵᠢᠵᠦ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠭᠠᠭᠴᠠ ᠬᠦ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠪᠠᠶᠢᠭᠤᠯᠬᠤ ᠪᠤᠯ ᠰᠠᠶᠢ ᠶᠢᠷᠳᠢᠨᠴᠦ ᠶᠢᠨ ᠲᠦᠪ ᠶᠤᠰᠤ ᠪᠤᠯᠬᠤ ᠶᠢ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠲᠠᠬᠢᠨᠳᠠ ᠭᠡᠷᠡᠴᠢᠯᠡᠪᠡ᠃ ᠡᠨᠡ ᠬᠦ ᠪᠦᠬᠦ ᠬᠦᠮᠦᠨ ᠲᠦᠷᠦᠯᠬᠢᠳᠡᠨ ᠤ ᠡᠷᠡᠬᠦᠯ ᠮᠡᠨᠳᠦ ᠪᠤᠶᠠᠨ ᠵᠢᠷᠭᠠᠯ᠂ ᠳᠡᠯᠡᠭᠡᠢ ᠶᠢᠨ ᠬᠦᠭᠵᠢᠯ ᠴᠡᠴᠡᠭᠯᠡᠯ ᠳᠤ ᠬᠤᠯᠪᠤᠭᠳᠠᠬᠤ ᠲᠡᠮᠡᠴᠡᠯ ᠳᠤᠮᠳᠠ᠂ ᠪᠦᠯᠬᠦᠮᠳᠡᠨ ᠬᠠᠮᠳᠤᠷᠠᠯᠴᠠᠬᠤ ᠪᠤᠯ ᠬᠠᠮᠤᠭ ᠤᠨ ᠬᠦᠴᠦᠳᠠᠢ ᠵᠡᠪᠰᠡᠭ ᠮᠦᠨ᠃ ᠳᠡᠯᠡᠭᠡᠢ ᠶᠢᠨ ᠡᠯ᠎ᠠ ᠤᠯᠤᠰ ᠪᠦᠯᠬᠦᠮᠳᠡᠯ ᠢᠶᠠᠷ ᠵᠦᠷᠢᠴᠡᠯ ᠢ ᠤᠷᠤᠯᠠᠭᠤᠯᠵᠦ᠂ ᠤᠶᠤᠨᠯᠢᠬ ᠦᠵᠡᠯ ᠢᠶᠠᠷ ᠭᠡᠯᠪᠠᠶᠢᠬᠦᠦ ᠦᠵᠡᠯ ᠢ ᠠᠷᠢᠯᠭᠠᠵᠦ᠂ ᠬᠢᠵᠢᠭ ᠲᠠᠢ ᠲᠡᠮᠡᠴᠡᠬᠦ ᠬᠦᠴᠦᠳᠠᠢ ᠬᠠᠮᠳᠤᠷᠠᠯ ᠬᠦᠴᠦᠨ ᠢ ᠨᠢᠬᠳᠠᠷᠠᠭᠤᠯᠵᠦ᠂ ᠬᠠᠮᠳᠤᠷᠠᠯᠴᠠᠭ᠎ᠠ ᠪᠠᠨ ᠴᠢᠩᠭᠠᠳᠬᠠᠨ᠂ ᠴᠠᠭ ᠤᠨ ᠪᠡᠷᠭᠡ ᠶᠢ ᠬᠠᠮᠳᠤ ᠪᠠᠷ ᠲᠤᠭᠤᠯᠵᠦ᠂ ᠬᠦᠮᠦᠨ ᠲᠦᠷᠦᠯᠬᠢᠳᠡᠨ ᠤ ᠬᠠᠮᠲᠦ ᠶᠢᠨ ᠭᠡᠷ ᠤᠷᠤᠨ ᠢᠶᠠᠨ ᠬᠠᠮᠠᠭᠠᠯᠠᠪᠠᠯ ᠵᠤᠬᠢᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠠᠳᠠᠭᠤ ᠪᠡᠷᠭᠡᠰᠢᠶᠠᠯ ᠢ ᠬᠠᠮᠳᠤ ᠪᠠᠷ ᠲᠤᠭᠤᠯᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠤᠯ ᠳᠤᠮᠳᠠᠳᠤ ᠦᠽᠪᠧᠺᠰᠲ᠋ᠠᠨ ᠤ ᠬᠠᠷᠢᠯᠴᠠᠭᠠᠨ ᠤ ᠰᠢᠯᠢᠳᠡᠭ ᠤᠯᠠᠮᠵᠢᠯᠠᠯ ᠮᠦᠨ᠃ ᠳᠤᠮᠳᠠᠳᠤ ᠤᠯᠤᠰ ᠬᠢᠵᠢᠭ ᠲᠠᠢ ᠲᠡᠮᠡᠴᠡᠬᠦ ᠬᠠᠮᠤᠭ ᠤᠨ ᠬᠦᠴᠢᠷ ᠪᠡᠷᠭᠡᠰᠢᠶᠠᠯ ᠲᠠᠢ ᠦᠶ᠎ᠠ ᠳᠤ᠂ ᠡᠷᠬᠢᠮ ᠤᠯᠤᠰ ᠤᠨ ᠵᠠᠰᠠᠭ ᠤᠨ ᠤᠷᠳᠤᠨ ᠪᠠ ᠨᠡᠶᠢᠭᠡᠮ ᠤᠨ ᠡᠯ᠎ᠠ ᠡᠳᠡᠭᠡᠳ ᠤᠨ ᠬᠢᠨ ᠴᠦᠮ ᠳᠤᠮᠳᠠᠳᠤ ᠤᠯᠤᠰ ᠲᠤ ᠲᠤᠰᠠᠯᠠᠮᠵᠢ ᠶᠢᠨ ᠬᠠᠯᠠᠭᠤᠨ ᠭᠠᠷ ᠢᠶᠠᠨ ᠰᠤᠩᠭᠠᠪᠠ᠃ ᠦᠽᠪᠧᠺᠰᠲ᠋ᠠᠨ ᠤ ᠬᠢᠵᠢᠭ ᠤᠨ ᠪᠠᠶᠢᠳᠠᠯ ᠨᠢ ᠴᠦ ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠢ ᠡᠮᠵᠡᠭᠯᠡᠬᠦᠯᠵᠦ ᠪᠤᠢ᠃ ᠳᠤᠮᠳᠠᠳᠤ ᠤᠯᠤᠰ ᠤᠨ ᠵᠠᠰᠠᠭ ᠤᠨ ᠤᠷᠳᠤᠨ᠂ ᠬᠤᠯᠪᠤᠭᠳᠠᠯ ᠪᠦᠬᠦᠢ ᠤᠷᠤᠨ ᠨᠤᠳᠤᠭ ᠪᠠ ᠠᠵᠤ ᠠᠬᠤᠢᠢᠯᠠᠯ ᠤᠨ ᠲᠤᠰᠠᠯᠠᠮᠵᠢ ᠶᠢᠨ ᠡᠳ᠋ ᠪᠤᠳᠠᠰ ᠤᠷᠢᠳ ᠬᠤᠵᠢᠳ ᠡᠷᠬᠢᠮ ᠤᠯᠤᠰ ᠲᠤ ᠵᠦᠭᠡᠭᠡᠪᠦᠷᠢᠯᠡᠭᠳᠡᠨ ᠬᠦᠷᠴᠦ᠂ ᠬᠤᠶᠠᠷ ᠤᠯᠤᠰ ᠤᠨ ᠲᠤᠰᠬᠠᠢ ᠮᠡᠷᠭᠡᠵᠢᠯᠳᠠᠳ ᠸᠢᠳᠢᠣ᠋ ᠪᠠᠷ ᠬᠤᠯᠪᠤᠭ᠎ᠠ ᠠᠪᠴᠦ ᠬᠢᠵᠢᠭ ᠲᠠᠢ ᠲᠡᠮᠡᠴᠡᠬᠦ ᠲᠤᠷᠰᠢᠯᠭ᠎ᠠ ᠪᠠᠨ ᠰᠤᠯᠢᠯᠴᠠᠪᠠ᠃ ᠳᠤᠮᠳᠠᠳᠤ ᠶᠢᠨ ᠲᠠᠯ᠎ᠠ ᠦᠷᠬᠦᠯᠵᠢᠯᠡᠨ ᠦᠽᠪᠧᠺᠰᠲ᠋ᠠᠨ ᠤ ᠲᠠᠯ᠎ᠠ ᠶᠢᠨ ᠬᠢᠵᠢᠭ ᠲᠠᠢ ᠲᠡᠮᠡᠴᠡᠬᠦ ᠳᠤ ᠳᠡᠮᠵᠢᠯᠭᠡ ᠪᠠ ᠬᠠᠪᠰᠤᠷᠤᠯᠭ᠎ᠠ ᠦᠵᠡᠬᠦᠯᠦᠨ᠎ᠠ᠃ ᠦᠽᠪᠧᠺᠰᠲ᠋ᠠᠨ ᠤ ᠬᠢᠨ ᠦᠷᠬᠦᠯᠵᠢᠯᠡᠨ ᠦᠽᠪᠧᠺᠰᠲ᠋ᠠᠨ ᠳᠤ ᠰᠠᠭᠤᠭ᠎ᠠ ᠲᠤᠮᠳᠠᠳᠤ ᠤᠯᠤᠰ ᠤᠨ ᠠᠷᠠᠳ ᠢᠷᠭᠡᠳ ᠤᠨ ᠬᠡᠪ ᠤᠨ ᠠᠵᠢᠯ ᠠᠮᠢᠳᠤᠷᠠᠯ ᠳᠤ ᠪᠠᠳᠤᠯᠠᠭ᠎ᠠ ᠬᠠᠨᠭ᠍ᠭᠠᠬᠤ ᠶᠢ ᠬᠦᠰᠡᠵᠤ ᠪᠠᠶᠢᠨ᠎ᠡ᠃ ᠲᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠦᠽᠪᠧᠺᠰᠲ᠋ᠠᠨ ᠤ ᠠᠷᠠᠳ ᠲᠦᠮᠡᠨ ᠯᠠᠪᠳᠠᠢ ᠬᠢᠵᠢᠭ ᠤᠨ ᠪᠠᠶᠢᠳᠠᠯ ᠢ ᠢᠯᠡᠨ ᠲᠠᠪᠠᠵᠤ ᠴᠢᠳᠠᠨ᠎ᠡ ᠭᠡᠳᠡᠭ ᠢ ᠢᠳᠡᠭᠡᠵᠤ ᠪᠠᠶᠢᠨ᠎ᠡ᠃ ᠲᠤᠮᠳᠠᠳᠤ ᠦᠽᠪᠧᠺᠰᠲ᠋ᠠᠨ ᠤ ᠬᠠᠷᠢᠯᠴᠠᠭ᠎ᠠ ᠶᠢᠨ ᠰᠠᠭᠤᠷᠢ ᠪᠠᠳᠤ ᠪᠠᠬᠢ᠂ ᠲᠠᠯᠳᠠ ᠬᠦᠴᠤᠨ ᠯᠤᠳᠤ ᠶᠡᠭᠡ ᠶᠤᠮ᠃ ᠬᠤᠶᠠᠷ ᠲᠠᠯ᠎ᠡ ᠪᠠᠷ ᠢᠶᠠᠨ ᠦᠷᠬᠦᠯᠵᠢᠯᠡᠨ ᠬᠠᠷᠢᠯᠴᠠᠨ ᠡᠷᠡᠰ ᠲᠠᠮᠵᠢᠯᠴᠠᠵᠤ᠂ ᠦᠷᠢᠰᠦᠯᠳᠤᠭᠡᠨ ᠢ ᠠᠵᠠ ᠲᠤᠬᠢᠶᠠᠯ ᠪᠤᠯᠭᠠᠨ ᠬᠤᠪᠢᠷᠠᠭᠤᠯᠵᠤ᠂ ᠭᠠᠷ ᠬᠤᠯᠪᠤᠨ ᠬᠢᠵᠢᠭ ᠲᠠᠢ ᠲᠡᠮᠡᠴᠡᠬᠦ ᠶᠢᠨ ᠵᠡᠷᠭᠡ ᠪᠠᠷ᠂ ᠬᠤᠶᠠᠷ ᠤᠯᠤᠰ ᠤᠨ ᠪᠦᠬᠦ ᠲᠠᠯ᠎ᠡ ᠶᠢᠨ ᠬᠠᠮᠳᠤᠷᠠᠯᠴᠠᠭ᠎ᠠ ᠶᠢ ᠠᠮᠢᠳᠤᠯᠢᠭ ᠢᠶᠠᠷ ᠠᠬᠢᠭᠤᠯᠵᠤ᠂ ᠬᠤᠶᠠᠷ ᠲᠠᠯ᠎ᠡ ᠪᠠᠷ ᠢᠶᠠᠨ ᠵᠦᠪᠳᠡᠯᠴᠡᠨ ᠲᠤᠭᠳᠠᠭᠰᠠᠨ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠤᠨ ᠠᠮᠵᠢᠯᠳᠠ ᠲᠠᠢ ᠭᠡᠷᠡᠭᠵᠢᠬᠦᠯᠦᠭᠳᠡᠬᠦ ᠶᠢ ᠦᠨᠡᠨ ᠬᠦ ᠪᠠᠳᠤᠯᠠᠵᠤ᠂ ᠲᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠵᠡᠷᠭᠡ ᠤᠯᠠᠨ ᠲᠠᠯ᠎ᠡ ᠶᠢᠨ ᠪᠤᠷᠤ ᠲᠦᠯᠦᠪ ᠤᠨ ᠲᠤᠳᠤᠷᠠᠬᠢ ᠬᠠᠮᠵᠢᠯᠴᠠᠭ᠎ᠠ ᠶᠢ ᠲᠠᠰᠤᠷᠠᠯᠳᠠ ᠦᠭᠡᠢ ᠬᠦᠨᠵᠡᠭᠡᠶᠢᠷᠠᠬᠦᠯᠵᠤ᠂ ᠲᠡᠯᠡᠭᠡᠢ ᠶᠢᠨ ᠡᠩᠭᠡ ᠲᠠᠶᠢᠪᠤᠩ ᠪᠠ ᠬᠦᠭᠵᠢᠯᠳᠠ ᠶᠢ ᠬᠠᠮᠠᠭᠠᠯᠠᠬᠤ ᠶᠢᠨ ᠲᠦᠯᠦᠭᠡ ᠬᠠᠮᠳᠤ ᠪᠠᠷ ᠴᠢᠷᠮᠠᠶᠢᠶ᠎ᠡ ᠭᠡᠵᠤ ᠴᠢᠬᠤᠯᠠᠴᠢᠯᠠᠪᠠ᠃      ᠮᠢᠷᠵᠢᠶᠤᠸᠧᠶᠧᠹ᠂ ᠲᠠᠨ ᠤ ᠰᠤᠳᠤ ᠮᠡᠷᠭᠡᠨ ᠤᠳᠤᠷᠢᠳᠤᠯᠭ᠎ᠠ ᠲᠤᠤᠷ᠎ᠡ᠂ ᠲᠤᠮᠳᠠᠳᠤ ᠤᠯᠤᠰ ᠤᠨ ᠵᠠᠰᠠᠭ ᠤᠨ ᠤᠷᠳᠤᠨ ᠡᠷᠡᠰ ᠪᠠᠳᠤ᠂ ᠡᠷᠡᠰ ᠰᠢᠭᠤᠷᠬᠠᠢ᠂ ᠦᠨᠳᠤᠷ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠤᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠡᠵᠡᠮᠳᠠᠵᠤ᠂ ᠲᠤᠮᠳᠠᠳᠤ ᠤᠯᠤᠰ ᠤᠨ ᠠᠷᠠᠳ ᠲᠦᠮᠡᠨ ᠤ ᠬᠦᠮᠦᠰ ᠢ ᠭᠠᠶᠢᠬᠠᠰᠢᠷᠠᠭᠤᠯᠤᠮ᠎ᠡ ᠪᠦᠯᠬᠦᠮᠳᠡᠯ᠂ ᠬᠠᠮᠳᠤᠷᠠᠯᠴᠠᠭ᠎ᠠ ᠪᠤᠯᠤᠨ ᠰᠦᠰᠤ ᠵᠤᠷᠢᠭ ᠢ ᠢᠯᠡᠷᠡᠬᠦᠯᠵᠤ᠂ ᠡᠯ᠎ᠡ ᠤᠯᠤᠰ ᠲᠤ ᠦᠯᠢᠭᠡᠷ ᠲᠠᠭᠤᠷᠢᠶᠠᠯ ᠦᠵᠡᠬᠦᠯᠪᠡ᠃ ᠦᠽᠪᠧᠺᠰᠲ᠋ᠠᠨ ᠬᠠᠮᠤᠭ ᠤᠨ ᠬᠦᠴᠢᠷᠳᠡᠯᠳᠠᠢ ᠪᠠᠶᠢᠭᠰᠠᠠ ᠦᠶ᠎ᠡ ᠳᠤ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠬᠠᠷᠠᠮ ᠦᠭᠡᠢ ᠬᠦᠮᠦᠯᠢᠭ ᠦᠵᠡᠯ ᠤᠨ ᠲᠠᠮᠵᠢᠯᠭᠡ ᠦᠵᠡᠬᠦᠯᠦᠭᠰᠡᠨ ᠳᠤ ᠲᠠᠯᠠᠷᠬᠠᠵᠦ ᠪᠠᠶᠢᠨ᠎ᠠ᠃ ᠲᠤᠮᠳᠠᠳᠤ ᠤᠯᠤᠰ ᠤᠨ ᠡᠷᠬᠢᠮ ᠨᠠᠨᠳᠢᠨ ᠲᠤᠷᠰᠢᠯᠭ᠎ᠠ ᠪᠤᠯᠤᠨ ᠬᠠᠪᠰᠤᠷᠤᠯᠭ᠎ᠠ ᠶᠢᠨ ᠠᠴᠢ ᠪᠠᠷ᠂ ᠦᠽᠪᠧᠺᠰᠲ᠋ᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠡ ᠪᠠᠷ ᠢᠯᠡᠳᠳᠠ ᠦᠷ᠎ᠡ ᠪᠦᠳᠦᠮᠵᠢ ᠤᠯᠪᠠ᠃ ᠲᠤᠮᠳᠠᠳᠤ ᠤᠯᠤᠰ ᠪᠤᠯ ᠦᠽᠪᠧᠺᠰᠲ᠋ᠠᠨ ᠤ ᠨᠠᠶᠢᠳᠠᠪᠤᠷᠢᠳᠠᠢ ᠨᠠᠶᠢᠵᠠ ᠮᠦᠨ ᠭᠡᠳᠡᠭ ᠢ ᠪᠤᠳᠠᠳᠤ ᠶᠠᠪᠤᠳᠠᠯ ᠭᠡᠷᠡᠴᠢᠯᠡᠪᠡ᠃ ᠲᠠᠨ ᠰᠠᠨᠠᠭ᠎ᠠ ᠠᠮᠤᠷ ᠪᠠᠶᠢᠭᠠᠷᠠᠢ᠂ ᠦᠽᠪᠧᠺᠰᠲ᠋ᠠᠨ ᠤ ᠬᠢᠨ ᠲᠤᠰ ᠤᠯᠤᠰ ᠤᠨ ᠢᠶᠠᠨ ᠠᠷᠠᠳ ᠢᠷᠭᠡᠳ ᠢᠶᠠᠨ ᠬᠠᠯᠠᠮᠵᠢᠯᠠᠵᠤ ᠪᠠᠶᠢᠭ᠎ᠠ ᠰᠢᠭ᠋ ᠦᠽᠪᠧᠺᠰᠲ᠋ᠠᠨ ᠳᠤ ᠪᠠᠶᠢᠭ᠎ᠠ ᠲᠤᠮᠳᠠᠳᠤᠴᠤᠳ ᠢ ᠬᠠᠯᠠᠮᠵᠢᠯᠠᠨ᠎ᠡ᠃ ᠪᠢ ᠲᠠᠨ ᠤ ᠦᠵᠡᠯᠳᠠ ᠶᠢ ᠪᠥᠷᠢᠮᠤᠰᠤᠨ ᠵᠦᠪᠰᠢᠶᠡᠷᠡᠵᠤ ᠪᠠᠶᠢᠨ᠎ᠡ᠂ ᠤᠳᠤᠬᠠᠨ ᠤ ᠪᠠᠶᠢᠳᠠᠯ ᠲᠤᠤᠷ᠎ᠡ᠂ ᠲᠡᠯᠡᠭᠡᠢ ᠨᠡᠶᠢᠭᠡᠮ ᠢᠶᠠᠷ ᠢᠶᠠᠨ ᠪᠦᠯᠬᠦᠮᠳᠡᠯ ᠢᠶᠠᠨ ᠴᠢᠩᠭᠠᠳᠬᠠᠵᠤ᠂ ᠲᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠵᠡᠷᠭᠡ ᠤᠯᠠᠨ ᠲᠠᠯ᠎ᠡ ᠶᠢᠨ ᠪᠤᠷᠤ ᠲᠦᠯᠦᠪ ᠤᠨ ᠲᠤᠤᠷ᠎ᠡ ᠨᠢᠬᠳᠠ ᠬᠠᠮᠳᠤᠷᠠᠯᠴᠠᠪᠡᠯ ᠵᠤᠬᠢᠨ᠎ᠠ᠃ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠠᠯᠢ ᠲᠦᠷᠭᠡᠨ ᠢᠶᠠᠷ ᠲᠠᠨ ᠲᠠᠢ ᠠᠭᠤᠯᠵᠠᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠵᠤ᠂ ᠦᠽᠪᠧᠺᠰᠲ᠋ᠠᠨ ᠲᠤᠮᠳᠠᠳᠤ ᠬᠤᠶᠠᠷ ᠤᠯᠤᠰ ᠤᠨ ᠡᠯ᠎ᠡ ᠬᠦᠷᠢᠶᠠᠨ ᠳᠠᠬᠢ ᠬᠠᠮᠳᠤᠷᠠᠯᠴᠠᠭ᠎ᠠ ᠲᠠᠰᠤᠷᠠᠯᠳᠠ ᠦᠭᠡᠢ ᠬᠦᠭᠵᠢᠬᠦ ᠶᠢ ᠠᠬᠢᠭᠤᠯᠬᠤ ᠪᠠᠷ ᠬᠦᠰᠡᠨ ᠬᠦᠯᠢᠶᠡᠵᠤ ᠪᠠᠶᠢᠨ᠎ᠡ ᠃ ᠦᠽᠪᠧᠺᠰᠲ᠋ᠠᠨ ᠤ ᠬᠢᠨ ᠲᠤᠷᠠᠳᠠᠶ᠎ᠡ ᠲᠤᠮᠳᠠᠳᠤ ᠶᠢᠨ ᠲᠠᠯ᠎ᠠ ᠲᠠᠢ ᠬᠠᠮᠳᠤ ᠪᠠᠷ ᠴᠢᠷᠮᠠᠶᠢᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠲᠠ ᠶᠢ ᠠᠬᠢᠭᠤᠯᠤᠨ᠎ᠡ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号