ᠰᠢ ᠶᠢᠨ ᠫᠢᠩ ᠫᠤᠷᠲ᠋ᠦ᠋ᠭᠠᠯ ᠤᠨ ᠶᠡᠷᠤᠩᠬᠡᠶᠢᠯᠡᠭᠴᠢ ᠳ᠋ᠧᠰᠦ᠋ᠰᠠ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-05-08
     ᠤᠯᠤᠰ ᠤᠨ ᠲᠡᠷᠢᠬᠦᠯᠡᠭᠴᠢ ᠰᠢ ᠶᠢᠨ ᠫᠢᠩ 5 ᠰᠠᠷ᠎ᠠ ᠶᠢᠨ 7 ᠤ ᠤᠷᠤᠢ ᠫᠤᠷᠲ᠋ᠦ᠋ᠭᠠᠯ ᠤᠨ ᠶᠡᠷᠤᠩᠬᠡᠶᠢᠯᠡᠭᠴᠢ ᠳ᠋ᠧᠰᠦ᠋ᠰᠠ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠡ ᠤ ᠲᠠᠷᠠᠭ᠎ᠠ᠂ ᠲᠠ ᠵᠠᠬᠢᠳᠠᠯ ᠢᠷᠡᠬᠦᠯᠵᠥ ᠲᠤᠮᠳᠠᠳᠤ ᠤᠯᠤᠰ ᠤᠨ ᠠᠷᠠᠳ ᠲᠦᠮᠡᠨ ᠢ ᠲᠤᠬᠤᠨᠢᠭᠤᠯᠵᠥ ᠪᠠᠶᠢᠬᠤ ᠪᠠᠨ ᠢᠯᠡᠳᠬᠡᠪᠡ᠂ ᠡᠬᠦᠨ ᠳᠤ ᠪᠢ ᠲᠠᠯᠠᠷᠬᠠᠵᠥ ᠪᠠᠶᠢᠨ᠎ᠠ᠃ ᠲᠤᠮᠳᠠᠳᠤ ᠫᠤᠷᠲ᠋ᠦ᠋ᠭᠠᠯ ᠨᠢᠬᠡ ᠰᠡᠳᠬᠢᠯ ᠢᠶᠠᠷ ᠬᠠᠷᠢᠯᠴᠠᠨ ᠲᠤᠰᠠᠯᠠᠯᠴᠠᠵᠥ ᠪᠤᠢ᠂ ᠲᠤᠮᠳᠠᠳᠤ ᠤᠯᠤᠰ ᠫᠤᠷᠲ᠋ᠦ᠋ᠭᠠᠯ ᠤᠨ ᠬᠢᠨ ᠤ ᠬᠢᠵᠢᠭ ᠲᠠᠢ ᠲᠡᠮᠡᠴᠡᠬᠦ ᠴᠢᠷᠮᠡᠶᠢᠯᠭ᠎ᠠ ᠶᠢ ᠡᠷᠡᠰ ᠲᠡᠮᠵᠢᠵᠥ᠂ ᠲᠤᠷᠠᠳᠠᠶ᠎ᠠ ᠠᠯᠢ ᠪᠤᠯᠬᠤᠢᠢᠴᠠ ᠬᠠᠪᠰᠤᠷᠤᠯᠭ᠎ᠠ ᠬᠠᠩᠭᠠᠵᠥ᠂ ᠫᠤᠷᠲ᠋ᠦ᠋ᠭᠠᠯ ᠤᠨ ᠬᠢᠨ ᠤ ᠲᠤᠮᠳᠠᠳᠤ ᠤᠯᠤᠰ ᠠᠴᠠ ᠡᠮᠴᠢᠯᠡᠬᠡᠨ ᠤ ᠡᠳ᠋ ᠪᠤᠳᠠᠰ ᠬᠤᠳᠠᠯᠳᠤᠨ ᠠᠪᠴᠦ ᠵᠦᠬᠡᠬᠡᠪᠤᠷᠢᠯᠡᠬᠦ ᠳᠤ ᠢᠳᠡᠪᠬᠢᠳᠡᠢ ᠬᠠᠮᠵᠢᠯᠴᠠᠨ᠎ᠠ᠃ ᠬᠢᠵᠢᠭ ᠠᠷᠢᠯᠤᠭᠰᠠᠠ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠵᠥ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠵᠡᠷᠬᠡ ᠬᠦᠷᠢᠶᠡᠨ ᠤ ᠭᠤᠷᠪᠠᠨ ᠲᠠᠯ᠎ᠠ ᠶᠢᠨ ᠬᠠᠮᠳᠤᠷᠠᠯᠴᠠᠭ᠎ᠠ ᠶᠢ ᠰᠦᠪᠡᠭᠴᠢᠯᠡᠵᠥ᠂ ᠲᠤᠮᠳᠠᠳᠤ ᠫᠤᠷᠲ᠋ᠦ᠋ᠭᠠᠯ ᠤᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠨᠡᠩ ᠶᠡᠭᠡ ᠬᠦᠭᠵᠢᠯᠳᠡ ᠲᠠᠢ ᠪᠤᠯᠬᠤ ᠶᠢ ᠠᠬᠢᠭᠤᠯᠤᠨ᠎ᠠ᠃ ᠪᠢ ᠲᠠᠨ ᠯᠤᠭ᠎ᠠ ᠶᠢᠨ ᠨᠦᠬᠦᠷᠯᠡᠯ ᠢᠶᠠᠨ ᠨᠠᠨᠳᠢᠩᠨᠠᠨ ᠦᠵᠡᠵᠥ᠂ ᠲᠤᠷᠠᠳᠠᠶ᠎ᠠ ᠲᠠᠨ ᠯᠤᠭ᠎ᠠ ᠶᠢᠨ ᠶᠠᠪᠤᠯᠴᠠᠭ᠎ᠠ ᠪᠠᠨ ᠪᠠᠳᠤᠯᠠᠨ᠎ᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠬᠦᠮᠥᠨ ᠲᠦᠷᠦᠯᠬᠢᠳᠡᠨ ᠤ ᠪᠤᠯᠪᠠᠰᠤᠨ ᠤ ᠲᠡᠤᠬᠡ ᠪᠤᠯ ᠬᠦᠮᠥᠨ ᠲᠦᠷᠦᠯᠬᠢᠳᠡᠨ ᠤ ᠲᠠᠰᠤᠷᠠᠯᠳᠡ ᠦᠭᠡᠢ ᠲᠡᠮᠡᠴᠡᠭᠰᠡᠡ ᠪᠠ ᠡᠯ᠎ᠡ ᠵᠦᠢᠯ ᠤᠨ ᠭᠠᠢ ᠭᠠᠮᠰᠢᠭ ᠢ ᠢᠯᠠᠨ ᠲᠠᠪᠠᠭᠰᠠᠠ ᠲᠡᠤᠬᠡ ᠪᠤᠯᠤᠨ᠎ᠠ᠃ ᠡᠯ᠎ᠡ ᠤᠯᠤᠰ ᠤᠨ ᠠᠷᠠᠳ ᠲᠦᠮᠡᠨ ᠤ ᠡᠷᠡᠬᠦᠯ ᠮᠡᠨᠳᠦ ᠪᠤᠶᠠᠨ ᠵᠢᠷᠭᠠᠯ ᠢ ᠨᠡᠩ ᠰᠠᠶᠢᠳᠤᠷ ᠬᠠᠮᠠᠭᠠᠯᠠᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠪᠤᠯ ᠪᠢᠳᠡᠨ ᠤ ᠡᠬᠦᠷᠬᠡᠯᠡᠵᠥ ᠪᠠᠶᠢᠭ᠎ᠠ ᠲᠡᠤᠬᠡ ᠶᠢᠨ ᠬᠠᠷᠢᠭᠤᠴᠠᠯᠭ᠎ᠠ ᠪᠤᠯᠤᠨ᠎ᠠ᠃ ᠡᠯ᠎ᠡ ᠤᠯᠤᠰ ᠬᠤᠪᠢ ᠵᠠᠶᠠᠭ᠎ᠠ ᠪᠠᠨ ᠬᠠᠮᠳᠤᠳᠬᠠᠬᠤ ᠬᠠᠶᠢᠷ᠎ᠠ ᠰᠡᠳᠬᠢᠯᠬᠡ ᠪᠠᠷ ᠪᠦᠯᠬᠦᠮᠳᠡᠨ ᠬᠠᠮᠵᠢᠯᠴᠠᠪᠠᠯ ᠰᠠᠶᠢ ᠡᠯ᠎ᠡ ᠵᠦᠢᠯ ᠤᠨ ᠲᠡᠯᠡᠬᠡᠢ ᠶᠢᠨ ᠴᠢᠨᠠᠷᠳᠠᠢ ᠬᠦᠴᠢᠷ ᠠᠰᠠᠭᠤᠳᠠᠯ ᠪᠤᠯᠤᠨ ᠦᠷᠢᠰᠦᠯᠳᠦᠬᠡᠨ ᠢ ᠰᠢᠢᠳᠪᠤᠷᠢᠯᠡᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠠᠷᠠᠯᠳᠡ ᠲᠠᠶᠢᠰᠢ ᠤᠷᠤᠭᠰᠢᠯᠠᠵᠥ ᠴᠢᠳᠠᠨ᠎ᠠ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠤᠯᠤᠨ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢ ᠵᠤᠬᠢᠴᠠᠭᠤᠯᠬᠤ ᠲᠠᠯ᠎ᠠ ᠪᠠᠷ ᠦᠵᠡᠬᠦᠯᠪᠡᠰᠦ ᠵᠤᠬᠢᠬᠤ ᠦᠢᠯᠡᠳᠦᠯ ᠢᠶᠠᠨ ᠦᠵᠡᠬᠦᠯᠬᠦ ᠶᠢ ᠡᠷᠡᠰ ᠲᠡᠮᠵᠢᠵᠥ᠂ ᠪᠠᠰᠠ ᠬᠤᠷᠸ᠎ᠠ ᠠᠵᠥ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢ ᠴᠢᠩᠭᠠᠳᠬᠠᠵᠥ᠂ ᠪᠦᠬᠦ ᠪᠦᠮᠪᠦᠷᠴᠡᠭ ᠤᠨ ᠠᠵᠥ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠤᠭᠳᠠᠭᠤᠨ ᠢ ᠬᠠᠮᠠᠭᠠᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠳ᠋ᠧᠰᠦ᠋ᠰᠠ᠂ ᠫᠤᠷᠲ᠋ᠦ᠋ᠭᠠᠯ ᠤᠨ ᠬᠢᠨ ᠲᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ ᠲᠡᠮᠡᠴᠡᠬᠦ ᠲᠤᠮᠳᠠ ᠢᠯᠡᠷᠡᠬᠦᠯᠥᠭᠰᠡᠡ ᠡᠷᠡᠰ ᠪᠠᠲᠦ ᠢᠳᠡᠬᠡᠯ ᠵᠤᠷᠢᠭ ᠢ ᠪᠢᠰᠢᠷᠡᠵᠥ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠤᠯ ᠪᠦᠬᠦ ᠬᠦᠮᠥᠨ ᠲᠦᠷᠦᠯᠬᠢᠳᠡᠨ ᠤ ᠬᠠᠮᠳᠤ ᠶᠢᠨ ᠲᠠᠶᠢᠰᠤᠨ ᠪᠤᠯᠤᠨ᠎ᠠ᠂ ᠲᠡᠯᠡᠬᠡᠢ ᠨᠡᠶᠢᠬᠡᠮ ᠢᠶᠠᠷ ᠢᠶᠠᠨ ᠤᠯᠠᠨ ᠲᠠᠯᠠᠳᠤ ᠦᠵᠡᠯ ᠢ ᠪᠠᠷᠢᠮᠳᠠᠯᠠᠵᠥ᠂ ᠭᠠᠷ ᠬᠤᠯᠪᠤᠨ ᠠᠷᠭᠠᠴᠠᠭᠠᠪᠠᠯ ᠵᠤᠬᠢᠨ᠎ᠠ᠃ ᠲᠤᠮᠳᠠᠳᠤ ᠤᠯᠤᠰ ᠤᠨ ᠨᠠᠨᠳᠢᠨ ᠲᠡᠮᠵᠢᠯᠬᠡ ᠪᠤᠯᠤᠨ ᠬᠠᠪᠰᠤᠷᠤᠯᠭ᠎ᠠ ᠦᠵᠡᠬᠦᠯᠥᠭᠰᠡᠡ ᠳᠤ ᠲᠠᠯᠠᠷᠬᠠᠵᠥ ᠪᠠᠶᠢᠨ᠎ᠠ᠂ ᠡᠨᠡ ᠨᠢ ᠫᠤᠷᠲ᠋ᠦ᠋ᠭᠠᠯ ᠤᠨ ᠬᠢᠨ ᠤ ᠬᠢᠵᠢᠭ ᠲᠠᠢ ᠲᠡᠮᠡᠴᠡᠬᠦ ᠳᠤ ᠴᠢᠬᠤᠯᠠ ᠬᠤᠪᠢ ᠨᠡᠮᠡᠷᠢ ᠦᠵᠡᠬᠦᠯᠵᠡᠢ᠃ ᠫᠤᠷᠲ᠋ᠦ᠋ᠭᠠᠯ ᠲᠤᠮᠳᠠᠳᠤ ᠶᠢᠨ ᠨᠦᠬᠦᠷᠯᠡᠯ ᠢᠷᠡᠬᠡᠳᠤᠢ ᠳᠤ ᠬᠠᠨᠳᠤᠵᠥ ᠪᠠᠶᠢᠨ᠎ᠠ᠂ ᠬᠠᠮᠳᠤ ᠪᠠᠷ ᠬᠢᠵᠢᠭ ᠲᠠᠢ ᠲᠡᠮᠡᠴᠡᠬᠦ ᠪᠠᠷ ᠲᠡᠮᠵᠢᠨ᠂ ᠬᠤᠶᠠᠷ ᠤᠯᠤᠰ ᠤᠨ ᠠᠷᠠᠳ ᠲᠦᠮᠡᠨ ᠤ ᠨᠦᠬᠦᠷᠯᠡᠯ ᠤᠯᠠᠮ ᠴᠢᠨᠠᠬᠰᠢᠳᠠ ᠵᠤᠵᠠᠭᠠᠳᠴᠦ᠂ ᠫᠤᠷᠲ᠋ᠦ᠋ᠭᠠᠯ ᠲᠤᠮᠳᠠᠳᠤ ᠶᠢᠨ ᠬᠠᠨᠢᠳᠠᠨ ᠤ ᠬᠠᠷᠢᠯᠴᠠᠭ᠎ᠠ ᠤᠯᠠᠮ ᠪᠠᠳᠤᠵᠢᠬᠤ ᠶᠤᠮ᠃ ᠬᠢᠵᠢᠭ ᠠᠷᠢᠯᠤᠬᠰᠠᠠ ᠤ ᠲᠠᠷᠠᠭ᠎ᠠ ᠲᠠᠨ ᠲᠠᠢ ᠲᠠᠷᠦ᠋ᠢᠬᠠᠨ ᠠᠭᠤᠯᠵᠠᠵᠥ᠂ ᠫᠤᠷᠲ᠋ᠦ᠋ᠭᠠᠯ ᠲᠤᠮᠳᠠᠳᠤ ᠶᠢᠨ ᠨᠦᠬᠦᠷᠰᠡᠭ ᠬᠠᠮᠳᠤᠷᠠᠯᠴᠠᠭ᠎ᠠ ᠶᠢ ᠬᠠᠮᠳᠤ ᠪᠠᠷ ᠠᠬᠢᠭᠤᠯᠬᠤ ᠶᠢ ᠪᠢ ᠬᠦᠰᠡᠨ ᠬᠦᠯᠢᠶᠡᠵᠥ ᠪᠠᠶᠢᠨ᠎ᠠ ᠬᠡᠵᠥ ᠢᠯᠡᠳᠬᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号