ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠲᠦᠪᠯᠡᠷᠡᠭᠦᠯᠦᠨ ᠪᠠᠶᠢᠴᠠᠭᠠᠵᠤ ᠰᠢᠯᠭᠠᠨ ᠦᠨᠡᠯᠡᠬᠦ ᠪᠠ ᠰᠤᠳᠤᠯᠤᠨ ᠮᠠᠭᠠᠳᠯᠠᠬᠤ ᠬᠠᠷᠢᠭᠤ ᠮᠡᠳᠡᠬᠦᠯᠦᠯᠲᠡ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-01
     5 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠥᠪᠯᠡᠷᠡᠭᠦᠯᠦᠨ ᠪᠠᠶᠢᠴᠠᠭᠠᠵᠤ ᠰᠢᠯᠭᠠᠨ ᠦᠨᠡᠯᠡᠬᠦ ᠪᠠ ᠰᠤᠳᠤᠯᠤᠨ ᠮᠠᠭᠠᠳᠯᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢᠨ ᠶᠦᠩ ᠭᠠᠩ᠂ ᠬᠤᠰᠢᠭᠤ ᠤᠳᠤᠷᠢᠳᠤᠯᠭ᠎ᠠ ᠸᠠᠩ ᠶᠦᠩ ᠴᠢᠩ᠂ ᠪᠠᠶᠠᠠᠴᠠᠩᠭᠡᠯ᠂ ᠯᠧᠢ · ᠬᠠᠰ ᠪᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠶᠠᠳᠠᠭᠤ ᠶᠢ ᠳᠡᠳᠬᠦᠬᠦ ᠨᠡᠭᠡᠭᠡᠨ ᠬᠦᠭᠵᠢᠬᠦᠯᠦᠯᠲᠡ ᠶᠢᠨ ᠶᠡᠷᠦᠩᠬᠡᠶᠢᠯᠡᠭᠰᠡᠨ ᠥᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠳᠠᠨ᠂ ᠪᠠᠶᠢᠴᠠᠭᠠᠨ ᠦᠨᠡᠯᠡᠬᠦ ᠡᠯ᠎ᠡ ᠳᠤᠭᠤᠶᠢᠯᠠᠩ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠰᠬᠠᠶ ᠠᠩᠭᠢ ᠶᠢᠨ ᠪᠥᠬᠦ ᠬᠥᠮᠦᠰ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ ᠬᠤᠰᠢᠭᠤ ᠶᠠᠳᠠᠭᠤ ᠶᠢ ᠳᠡᠳᠬᠦᠬᠦ ᠨᠡᠭᠡᠭᠡᠨ ᠬᠦᠭᠵᠢᠬᠦᠯᠦᠯᠲᠡ ᠶᠢᠨ ᠶᠡᠷᠦᠩᠬᠡᠶᠢᠯᠡᠭᠰᠡᠨ ᠥᠢᠯᠡᠴᠢᠯᠡᠭᠡᠨ ᠤ ᠲᠥᠪ ᠪᠣᠯᠤᠨ ᠪᠠᠶᠢᠴᠠᠭᠠᠨ ᠦᠨᠡᠯᠡᠬᠦ ᠡᠯ᠎ᠡ ᠳᠤᠭᠤᠶᠢᠯᠠᠩ ᠤᠨ ᠬᠠᠷᠢᠭᠤᠴᠠᠯᠭᠠᠲᠠᠨ ᠠᠴᠠ ︽ᠬᠤᠶᠠᠷ ᠲᠤ ᠰᠠᠨᠠᠭᠠᠰᠢᠷᠠᠬᠤ ᠥᠬᠡᠶ ᠭᠤᠷᠪᠠ ᠶᠢ ᠪᠠᠲᠤᠯᠠᠵᠤ ᠨᠢᠭᠡ ᠶᠢ ᠪᠠᠷᠢᠮᠵᠢᠶ᠎ᠠ ᠳᠤ ᠬᠦᠷᠭᠡᠬᠦ︾᠂ ᠶᠠᠳᠠᠭᠤ ᠬᠦᠴᠢᠷᠳᠡᠯᠲᠡᠶ ᠡᠷᠦᠬᠡ ᠶᠢᠨ ᠲᠠᠩᠰᠠ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠶᠠᠳᠠᠭᠤ ᠭᠥᠴᠢᠷᠳᠠᠯᠳᠠᠢ ᠡᠷᠦᠬᠡ ᠶᠢᠨ ᠣᠶᠢᠯᠠᠭᠠᠨ ᠮᠡᠳᠡᠵᠣ ᠪᠠᠶᠢᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ ᠢᠯᠡᠷᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠭᠢᠪᠠ᠃ ᠡᠷᠳᠡᠨᠢᠪᠢᠯᠢᠭ ᠰᠣᠨᠣᠰᠬᠤ ᠶᠢᠨ ᠳᠠᠭᠠᠤ ᠲᠠᠮᠳᠡᠭᠯᠠᠯ ᠭᠢᠵᠤ ᠣᠯᠠᠨ ᠲᠠᠢ ᠰᠠᠨᠠᠯ ᠢᠶᠠᠨ ᠰᠤᠯᠢᠯᠴᠠᠪᠠ᠃
     ᠡᠷᠳᠡᠨᠢᠪᠢᠯᠢᠭ  ᠪᠠᠶᠢᠴᠠᠭᠠᠨ ᠦᠨᠡᠯᠡᠬᠦ ᠠᠵᠢᠯ ᠳᠤ ᠨᠤᠳᠠᠯᠠᠯᠳᠠ ᠭᠢᠵᠤ ᠵᠢᠭᠠᠵᠤ ᠭᠠᠷᠭᠠᠭᠰᠠᠨ ᠨᠢ᠂ ᠪᠠᠶᠢᠴᠠᠭᠠᠨ ᠦᠨᠡᠯᠡᠬᠦ ᠠᠵᠢᠯ ᠪᠣᠯ ᠳᠠᠷᠤᠶ ᠠᠰᠠᠭᠤᠳᠠᠯ ᠢ ᠤᠨᠤᠪᠴᠢᠳᠠᠢ ᠡᠷᠢᠨ ᠠᠵᠢᠯ ᠢᠶᠠᠨ ᠨᠠᠷᠢᠯᠢᠭ ᠬᠢᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠨ ᠭᠢᠭᠦ ᠶᠠᠪᠤᠳᠠᠯ ᠪᠤᠯᠤᠨ᠎ᠠ᠃ ᠪᠠᠶᠢᠴᠠᠭᠠᠨ ᠥᠨᠠᠯᠠᠭᠦ ᠠᠵᠢᠯ ᠤᠨ ᠳᠤᠭᠤᠶᠢᠯᠠᠩ  ᠨᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠤᠳᠤᠷᠢᠳᠤᠮᠵᠢ ᠪᠣᠯᠭᠠᠨ ᠳᠠᠬᠢᠨ ᠭᠦᠨᠵᠡᠭᠡᠶ ᠪᠠᠶᠢᠴᠠᠭᠠᠨ ᠦᠵᠡᠵᠦ ᠠᠰᠠᠭᠤᠳᠠᠯ ᠢ ᠦᠨᠳᠦᠰᠦᠨ ᠠᠴᠠ ᠨᠢ ᠣᠯᠵᠤ ᠦᠵᠡᠬᠦ ᠦᠭᠡᠢ ᠪᠣᠯ ᠰᠤᠯᠠᠷᠠᠭᠤᠯᠬᠤ ᠦᠭᠡᠢ᠂ ᠴᠡᠭᠴᠡᠯᠡᠨ ᠰᠠᠶᠢᠵᠢᠷᠠᠭᠤᠯᠬᠤ ᠦᠭᠡᠢ ᠪᠣᠯ ᠲᠠᠯᠪᠢᠬᠤ ᠦᠭᠡᠢ᠂ ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠬᠤ ᠭᠥᠴᠤᠷᠭᠡᠭ ᠡᠩᠨᠡᠭᠡ ᠶᠢ ᠪᠠᠶᠢᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠭᠢᠵᠢᠭᠦᠯᠭᠦ ᠶᠢ ᠠᠭᠢᠭᠤᠯᠬᠤ ᠭᠡᠷᠡᠭᠳᠠᠢ᠃ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠬᠢᠬᠦ ᠬᠡᠷᠡᠭᠴᠡᠭᠡ ᠱᠠᠭᠠᠷᠳᠠᠯᠭ᠎ᠠ ᠪᠠ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠰᠠᠭᠤᠳᠠᠯ ᠢ ᠨᠠᠩ ᠠᠩᠬᠠᠷᠤᠨ ᠭᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠣᠯᠤᠨ ᠠᠰᠢᠭ ᠲᠤᠰᠠ ᠶᠢᠨ ᠬᠤᠯᠪᠤᠭᠠᠳᠤ ᠲᠣᠭᠲᠠᠴᠠ ᠶᠢᠨ ᠥᠢᠯᠡᠳᠤᠯ ᠢ ᠪᠠᠳᠠᠷᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠤᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠵᠡᠷᠭᠡ ᠠᠵᠢᠯᠯᠠᠭ᠎ᠠ ᠶᠢ ᠥᠷᠨᠢᠭᠦᠯᠭᠦ ᠲᠣᠭᠤᠷᠢᠨ ᠳᠤ ᠪᠠᠶᠢᠴᠠᠭᠠᠯᠳᠠ ᠬᠢᠵᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡ ᠴᠣᠭᠴᠠᠵᠢᠭᠤᠯᠤᠨ ᠠᠭᠢᠭᠤᠯᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠲᠣᠰ ᠤᠳᠠᠭᠠᠨ ᠤ ᠪᠠᠶᠢᠴᠠᠭᠠᠨ ᠥᠨᠠᠯᠡᠯᠳᠠ ᠠᠴᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠴᠢᠬᠤᠯᠠ ᠠᠵᠢᠯ ᠪᠣᠯᠭᠠᠨ ᠠᠳᠬᠤᠵᠤ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠬᠠᠷᠢᠴᠠᠭᠤᠯᠤᠨ ᠢᠯᠡᠷᠡᠭᠦᠯᠦᠭᠰᠡᠨ ᠠᠰᠠᠭᠤᠳᠠᠯ ᠢ ᠡᠮᠭᠢᠯᠠᠨ ᠲᠠᠩᠰᠠᠯᠠᠵᠤ ᠵᠠᠳᠠᠯᠤᠨ ᠰᠤᠳᠤᠯᠵᠤ ᠮᠠᠭᠠᠳᠯᠠᠨ ᠪᠠᠷᠢᠨ ᠬᠡᠷᠡᠭᠵᠢᠭᠦᠯᠵᠦ ᠪᠠᠷᠢᠨ ᠴᠡᠭᠴᠡᠯᠠᠨ ᠰᠠᠶᠢᠵᠢᠷᠠᠭᠤᠯᠵᠤ ᠴᠡᠭᠴᠡᠯᠡᠨ ᠰᠠᠶᠢᠵᠢᠷᠠᠭᠤᠯᠤᠭᠰᠠᠨ ᠥᠷ᠎ᠠ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠭᠡᠷᠡᠭᠳᠠᠢ ᠃ ᠨᠠᠮ ᠤᠨ ᠪᠠᠶᠢᠭᠤᠯᠤᠯᠲᠠ ᠶᠢᠨ ᠭᠥᠳᠤᠯᠤᠨ ᠲᠠᠭᠠᠭᠤᠯᠬᠤ ᠦᠢᠯᠡᠳᠦᠯ ᠢ ᠴᠢᠩᠭᠠᠳᠬᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ ᠤᠨ ᠳᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠦᠢᠯᠡᠳᠦᠯ ᠢ ᠦᠨᠡᠨᠬᠦ ᠪᠠᠳᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠᠬᠢ ᠰᠢᠯᠢᠳᠡᠭ ᠰᠠᠶᠢᠨ ᠠᠷᠭ᠎ᠠ ᠲᠤᠷᠰᠢᠯᠭ᠎ᠠ ᠶᠢ ᠴᠠᠭ ᠲᠤᠬᠠᠢ ᠳᠤᠨᠢ ᠳ᠋ᠥᠩᠨᠡᠨ ᠤᠬᠠᠭᠤᠯᠬᠤ ᠬᠡᠷᠡᠭᠲᠡᠶ᠃ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠳᠤ ᠳᠠᠮᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠣᠷᠭᠠᠨᠢᠭ ᠢᠶᠠᠷ ᠤᠶᠠᠯᠳᠤᠭᠤᠯᠤᠨ ᠠᠰᠢᠭ ᠲᠤᠰᠠ ᠶᠢᠨ ᠬᠤᠯᠪᠤᠭᠠᠳᠤ ᠲᠣᠭᠲᠠᠴᠠ ᠶᠢ ᠲᠡᠭᠦᠯᠳᠡᠷᠵᠢᠭᠦᠯᠵᠦ ᠲᠠᠩᠰᠠ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠭᠡᠷᠡᠭᠳᠠᠢ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠤᠷᠢᠳᠤ ᠢᠯᠠᠯᠲᠠ ᠶᠢ ᠤᠯᠬᠤ ᠬᠡᠷᠡᠭᠲᠡᠶ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号