1. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠠᠯᠢ ᠠᠯᠢ ᠪᠣᠢ︖ | ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠵᠦ ᠪᠠᠶᠢᠭ᠎ᠠ ᠵᠣᠬᠢᠶᠠᠨ ᠪᠠᠶᠢᠭᠤᠯᠤᠯᠲᠠ ︵ᠳᠣᠣᠷ᠎ᠠ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠶᠢᠵᠤ᠂ ᠡᠭᠦᠨ ᠳᠤ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠷᠠᠮᠳᠤᠯ ᠨᠥᠬᠦᠪᠦᠷᠢ ᠪᠠ ᠲᠤᠰᠠᠭᠠᠷ ᠨᠥᠬᠦᠪᠦᠷᠢ ᠶᠢᠨ ᠦᠢᠯᠡᠳᠬᠦᠨ ᠢ ᠵᠥᠪᠬᠡᠨ ᠮᠠᠯᠴᠢᠨ ᠪᠠ | ᠮᠠᠯᠴᠢᠨ ᠤ ᠦᠢᠯᠡᠳᠪᠦᠷᠢᠯᠡᠯ ᠡᠵᠡᠩᠨᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠪᠠᠷ ᠬᠢᠵᠠᠭᠠᠷᠯᠠᠵᠤ᠂ ᠮᠠᠯᠴᠢᠨ ᠪᠠ ᠦᠢᠯᠡᠳᠪᠦᠷᠢᠯᠡᠯ ᠡᠵᠡᠩᠨᠡᠵᠦ ᠪᠠᠶᠢᠭ᠎ᠠ | ᠮᠠᠯᠴᠢᠨ ᠤ ᠵᠣᠬᠢᠶᠠᠨ ᠪᠠᠶᠢᠭᠤᠯᠤᠯᠲᠠ ᠶᠢᠨ ᠵᠠᠭᠠᠭ ᠢ ᠲᠣᠭᠲᠠᠭᠠᠬᠤ ᠳᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠭᠡᠷᠡᠴᠢ ᠪᠠᠶᠢᠬᠤ ᠪᠠᠷ ᠦᠨᠳᠦᠰᠦᠯᠡᠯ | ᠪᠣᠯᠭᠠᠨ᠎ᠠ᠃ ᠨᠥᠬᠦᠪᠦᠷᠢ ᠶᠢᠨ ᠡᠲᠡᠭᠡᠳ ᠳᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ | ᠲᠡᠵᠢᠭᠡᠵᠦ ᠪᠠᠶᠢᠭ᠎ᠠ ᠬᠥᠮᠥᠰ ᠪᠠᠭᠲᠠᠬᠤ ᠦᠭᠡᠢ᠃ | 2. ᠶᠠᠮᠠᠷ ᠶᠠᠮᠠᠷ ᠲᠠᠷᠢᠶᠠᠯᠠᠩ ᠤᠨ ᠮᠠᠰᠢᠨ ᠪᠠᠭᠠᠵᠢ ᠶᠢ ᠮᠠᠨ ᠤ ᠣᠷᠣᠨ ᠤ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠭᠰᠠᠨ ᠪᠣᠢ︖ | ᠬᠠᠷᠢᠭᠤᠯᠲᠠ᠄ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠳᠠᠩᠰᠠ ᠡᠪᠬᠡᠮᠡᠯ ᠳᠤ ᠣᠷᠣᠭᠤᠯᠤᠭᠰᠠᠨ ᠦᠢᠯᠡᠳᠬᠦᠨ ᠤ ᠬᠡᠪᠴᠢᠶ᠎ᠡ ᠳᠤ 12 ᠶᠡᠭᠡ | ᠲᠥᠷᠥᠯ 26 ᠪᠠᠭ᠎ᠠ ᠲᠥᠷᠥᠯ ᠤᠨ 60 ᠦᠢᠯᠡᠳᠬᠦᠨ ᠤ ᠭᠠᠷᠴᠠᠭ ᠪᠠᠭᠲᠠᠨ᠎ᠠ᠃ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠬᠡᠪᠴᠢᠶ᠎ᠡ ᠳᠤ 2 ᠶᠡᠭᠡ | ᠲᠥᠷᠥᠯ 3 ᠪᠠᠭ᠎ᠠ ᠲᠥᠷᠥᠯ ᠤᠨ 3 ᠦᠢᠯᠡᠳᠬᠦᠨ ᠤ ᠭᠠᠷᠴᠠᠭ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠠᠩ ᠢᠶᠠᠷ | ᠨᠥᠬᠦᠪᠦᠷᠢᠯᠡᠬᠦ ᠦᠢᠯᠡᠳᠬᠦᠨ ᠤ ᠬᠡᠪᠴᠢᠶ᠎ᠡ ᠳᠤ 1 ᠶᠡᠭᠡ ᠲᠥᠷᠥᠯ 3 ᠪᠠᠭ᠎ᠠ ᠲᠥᠷᠥᠯ ᠤᠨ 10 ᠦᠢᠯᠡᠳᠬᠦᠨ ᠤ ᠭᠠᠷᠴᠠᠭ ᠪᠠᠭᠲᠠᠨ᠎ᠠ᠃ ᠨᠥᠬᠦᠪᠦᠷᠢ ᠶᠢᠨ | ᠬᠡᠪᠴᠢᠶ᠎ᠡ ᠵᠢᠴᠢ ᠨᠥᠬᠦᠪᠦᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ | ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ᠃ | 3. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠨᠥᠬᠦᠪᠦᠷᠢᠯᠡᠬᠦ ᠪᠠᠷᠢᠮᠵᠢᠶ᠎ᠠ ᠨᠢ ᠶᠠᠭᠤ ᠪᠣᠢ︖ | ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠳᠤ ᠲᠣᠭᠲᠠᠭᠰᠠᠨ ᠲᠣᠭᠠᠨ ᠤ ᠨᠥᠬᠦᠪᠦᠷᠢ ᠶᠢ ᠬᠡᠷᠡᠭᠵᠢᠭᠦᠯᠵᠦ᠂ | ᠪᠣᠳᠠᠲᠠᠢ ᠪᠠᠷ ᠨᠥᠬᠦᠪᠦᠷᠢᠯᠡᠬᠦ ᠮᠠᠰᠢᠨ ᠪᠠᠭᠠᠵᠢ ᠶᠢᠨ ᠨᠥᠬᠦᠪᠦᠷᠢ ᠶᠢᠨ ᠲᠤᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ | ᠪᠣᠯᠭᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ᠃ | 4. ᠣᠨ ᠤ ᠳᠣᠲᠣᠷ᠎ᠠ ᠬᠤᠳᠠᠯᠳᠤᠨ ᠠᠪᠬᠤ ᠨᠥᠬᠦᠪᠦᠷᠢ ᠶᠢᠨ ᠮᠠᠰᠢᠨ ᠪᠠᠭᠠᠵᠢ ᠶᠢᠨ ᠲᠤᠭ᠎ᠠ ᠬᠡᠮᠵᠢᠶ᠎ᠡ ᠨᠢ ᠬᠡᠳᠦᠢ ᠪᠣᠢ︖ | ᠬᠠᠷᠢᠭᠤᠯᠲᠠ᠄ 2020 ᠣᠨ ᠳᠤ᠂ ︽ᠥᠪᠥᠷ ᠮᠣᠩᠭᠤᠯ ᠤᠨ 2018 — 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ︹2018︺ 115 ᠳ᠋ᠤᠭᠠᠷ ᠲᠣᠭᠠᠲᠤ︶ | ᠳᠠᠬᠢ ︽ᠨᠢᠭᠡ ᠡᠷᠦᠬᠡ ᠮᠠᠰᠢᠨ ᠬᠤᠳᠠᠯᠳᠤᠨ ᠠᠪᠤᠭᠴᠢ ᠶᠢᠨ ᠣᠨ ᠤ ᠳᠣᠲᠣᠷᠠᠬᠢ ᠬᠦᠷᠲᠡᠬᠦ ᠨᠥᠬᠦᠪᠦᠷᠢ ᠶᠢᠨ ᠮᠠᠰᠢᠨ ᠤ ᠲᠤᠭ᠎ᠠ ᠬᠡᠮᠵᠢᠶ᠎ᠡ ᠨᠢ ᠵᠠᠷᠴᠢᠮ | ᠳᠡᠭᠡᠷ᠎ᠡ ᠪᠠᠨ 1 ᠰᠠᠤᠷᠢ ᠢᠵᠢ ᠠᠴᠠ ᠳᠠᠪᠠᠭ᠋ᠤ ᠦᠭᠡᠢ᠂ ᠲᠤᠬᠠᠶᠢᠯᠠᠪᠠᠯ 1 ᠰᠠᠤᠷᠢ ᠲᠷᠠᠺᠲ᠋ᠣᠷ ᠪᠤᠶᠤ 1 ᠰᠠᠤᠷᠢ ᠥᠪᠡᠷ ᠢᠶᠠᠨ ᠶᠠᠪᠤᠬᠤ ᠮᠠᠶ᠋ᠢᠭ ᠤᠨ ᠮᠠᠰᠢᠨ | ᠮᠧᠬᠠᠨᠢᠭ ᠪᠠ 3 ᠰᠠᠭᠤᠷᠢ ᠠᠵᠢᠯ ᠤᠨ ᠮᠠᠰᠢᠨ ᠪᠠᠭᠠᠵᠢ ᠪᠣᠯᠣᠨ᠎ᠠ᠃ ᠡᠭᠦᠨ ᠳᠤ ᠨᠥᠬᠦᠪᠦᠷᠢᠯᠡᠭᠰᠡᠨ ᠲᠠᠷᠢᠶᠠᠯᠠᠩ ᠤᠨ ᠪᠢᠴᠢᠯ ᠮᠠᠰᠢᠨ ᠤ ᠲᠤᠭ᠎ᠠ ᠨᠢ 1 | ᠰᠠᠤᠷᠢ ᠠᠴᠠ ᠬᠡᠲᠦᠷᠡᠬᠦ ᠦᠭᠡᠢ︔ ᠨᠢᠭᠡᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡᠨ ᠤ ᠣᠨ ᠤ ᠳᠣᠲᠣᠷ᠎ᠠ ᠬᠦᠷᠲᠡᠬᠦ ᠨᠥᠬᠦᠪᠦᠷᠢ ᠶᠢᠨ ᠲᠣᠮᠣ | ᠬᠡᠯᠪᠡᠷᠢ ᠶᠢᠨ ᠰᠦ ᠰᠠᠭᠠᠬᠤ ᠮᠠᠰᠢᠨ ᠤ ᠲᠤᠭ᠎ᠠ ᠨᠢ 1 ᠰᠠᠤᠷᠢ ᠠᠴᠠ ᠬᠡᠲᠦᠷᠡᠬᠦ ᠦᠭᠡᠢ︾ ᠭᠡᠬᠦ ᠲᠣᠭᠲᠠᠭᠠᠯ ᠢ ᠵᠦᠢ ᠵᠣᠬᠢᠰᠲᠠᠢ ᠪᠠᠷ ᠠᠭᠤᠵᠢᠭᠤ ᠲᠠᠯᠪᠢᠨ᠎ᠠ᠃ | ᠪᠣᠳᠠᠲᠠᠢ ᠪᠠᠷ ᠬᠡᠷᠡᠭᠵᠢᠭᠦᠯᠬᠦ ᠶᠠᠪᠤᠴᠠ ᠳᠤ᠂ ᠨᠢᠭᠡ ᠡᠷᠦᠬᠡ ᠶᠢᠨ ᠲᠤᠬᠠᠢ ᠶᠢᠨ ᠵᠢᠯ ᠤᠨ ᠣᠯᠠᠨ ᠰᠠᠤᠷᠢ ᠢᠵᠢ ᠶᠢᠨ ᠳᠠᠪᠬᠤᠷᠳᠠᠭᠤᠯᠤᠭᠰᠠᠨ ᠨᠥᠬᠦᠪᠦᠷᠢ ᠪᠠᠷ | ᠳᠡᠭᠡᠷ᠎ᠡ ᠳᠤᠷᠠᠳᠤᠭᠰᠠᠨ ᠮᠠᠰᠢᠨ ᠪᠠᠭᠠᠵᠢ ᠶᠢ ᠬᠤᠳᠠᠯᠳᠤᠨ ᠠᠪᠬᠤ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠨᠥᠬᠦᠪᠦᠷᠢ ᠶᠢᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠪᠣᠯᠪᠠᠴᠤ᠂ ᠭᠤᠣᠯᠳᠠᠯᠭ᠎ᠠ ᠲᠠᠢ ᠮᠠᠰᠢᠨ ᠪᠠᠭᠠᠵᠢ ᠶᠢᠨ ᠬᠠᠷᠭᠤᠭᠤᠯᠤᠨ | ᠪᠠᠶᠢᠴᠠᠭᠠᠬᠤ ᠬᠡᠪᠴᠢᠶ᠎ᠡ ᠪᠠ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠥᠪᠡᠰᠦᠪᠡᠨ ᠬᠤᠳᠠᠯᠳᠤᠨ ᠥᠪᠡᠰᠦᠪᠡᠨ ᠨᠥᠬᠦᠪᠦᠷᠢᠯᠡᠬᠦ᠂ | ᠦᠢᠯᠡᠳᠪᠦᠷᠢᠯᠡᠯ ᠤᠨ ᠪᠤᠰᠤ ᠪᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠬᠤᠳᠠᠯᠳᠤᠵᠤ ᠳᠠᠪᠬᠤᠷᠳᠠᠭᠤᠯᠤᠨ ᠨᠥᠬᠦᠪᠦᠷᠢᠯᠡᠬᠦ ᠵᠡᠷᠭᠡ ᠠᠵᠢᠯᠯᠠᠭ᠎ᠠ | ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ | 5. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠬᠦ ᠴᠤᠪᠤᠷᠠᠯ ᠨᠢ ᠶᠠᠮᠠᠷ ᠪᠣᠢ︖ | | | 6. ᠣᠨ ᠠᠯᠤᠰᠯᠠᠭᠰᠠᠨ ᠨᠥᠬᠦᠪᠦᠷᠢ ᠶᠢ ᠶᠠᠮᠠᠷ ᠲᠥᠷᠥᠯ ᠤᠨ ᠪᠠᠷᠢᠮᠵᠢᠶ᠎ᠠ ᠪᠠᠷ ᠬᠡᠷᠡᠭᠵᠢᠭᠦᠯᠬᠦ ᠪᠣᠢ︖ | ᠬᠠᠷᠢᠭᠤᠯᠲᠠ᠄ ᠨᠥᠬᠦᠪᠦᠷᠢ ᠶᠢᠨ ᠲᠤᠰᠠᠯᠠᠬᠤ ᠰᠢᠰᠲ᠋ᠧᠮ ᠤᠨ 2020 ᠣᠨ ᠠᠴᠠ ᠡᠮᠦᠨᠡᠬᠢ ᠴᠠᠭ ᠬᠤᠭᠤᠴᠠᠭ᠎ᠠ ᠳᠤ ᠰᠣᠯᠢᠨ ᠭᠠᠷᠴᠤ᠂ ᠨᠢᠭᠡᠨᠲᠡ | ᠬᠦᠯᠢᠶᠡᠨ ᠠᠪᠴᠤ ᠭᠦᠢᠴᠡᠳᠬᠡᠭᠰᠡᠨ ᠮᠥᠷᠲᠡᠭᠡᠨ ᠨᠢᠭᠡᠨᠲᠡ ᠨᠥᠬᠦᠪᠦᠷᠢ ᠶᠢᠨ ᠲᠤᠰᠠᠯᠠᠬᠤ ᠰᠢᠰᠲ᠋ᠧᠮ ︵ᠭᠠᠷ ᠤᠲᠠᠰᠤᠨ ᠤ APP ᠳᠤ ᠲᠡᠮᠳᠡᠭᠯᠡᠨ | ᠣᠷᠣᠭᠤᠯᠤᠭᠰᠠᠨ ᠢ ᠪᠠᠭᠲᠠᠭᠠᠨ᠎ᠠ︶ ᠳᠤ ᠲᠡᠮᠳᠡᠭᠯᠡᠨ ᠣᠷᠣᠭᠤᠯᠤᠭᠰᠠᠨ ᠦᠢᠯᠡᠳᠬᠦᠨ ᠢ ᠦᠷᠭᠦᠯᠵᠢᠯᠡᠨ 2019 ᠣᠨ ᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ | ᠬᠡᠷᠡᠭᠵᠢᠭᠦᠯᠵᠦ᠂ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠪᠠ ᠲᠣᠭᠲᠠᠭᠰᠠᠨ ᠬᠤᠭᠤᠴᠠᠭᠠᠨ ᠳᠤ ᠲᠡᠮᠳᠡᠭᠡᠯᠡᠨ ᠣᠷᠣᠭᠤᠯᠤᠭ᠎ᠠ ᠦᠭᠡᠢ ᠦᠢᠯᠡᠳᠬᠦᠨ ᠢ | 2020 ᠣᠨ ᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ 7. ᠮᠠᠰᠢᠨ ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ ᠪᠠ ᠦᠯᠡᠳᠡᠭᠰᠡᠨ | ᠵᠣᠭᠤᠰ ᠢᠶᠠᠨ ᠬᠡᠷᠬᠢᠨ ᠬᠠᠶᠢᠨ ᠯᠠᠪᠠᠯᠬᠤ ᠪᠣᠢ︖ ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠲᠤᠰᠠᠯᠠᠬᠤ ᠰᠢᠰᠲ᠋ᠧᠮ ᠤᠨ | ᠲᠡᠷᠢᠭᠦᠨ ᠨᠢᠭᠤᠷ ᠲᠤ ᠡᠳᠦᠷ ᠪᠦᠷᠢ ᠨᠢᠭᠡ ᠤᠳᠠᠭ᠎ᠠ ᠬᠤᠰᠢᠭᠤ ᠰᠢᠶᠠᠨ ︵ᠲᠠᠯᠠᠪᠠᠢ︶ ᠤ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠭᠰᠡᠨ ᠵᠢᠴᠢ ᠦᠯᠡᠳᠡᠵᠦ | ᠪᠠᠶᠢᠭ᠎ᠠ ᠪᠡᠯᠡ ᠮᠥᠩᠭᠦ ᠶᠢᠨ ᠮᠡᠳᠡᠭᠡ ᠵᠠᠩᠭᠢ ᠶᠢ ᠠᠦ᠋ᠲ ᠢᠶᠠᠷ ᠨᠡᠶᠢᠲᠡᠯᠡᠵᠦ᠂ ᠮᠠᠰᠢᠨ ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ | ᠭᠤᠶᠤᠴᠢᠯᠠᠬᠤ ᠳᠤ ᠯᠠᠪᠯᠠᠯᠲᠠ ᠪᠣᠯᠭᠠᠨ ᠬᠠᠩᠭᠠᠨ᠎ᠠ᠃ |