ᠴᠠᠭᠠᠨᠨᠠᠭᠤᠷ ᠤᠨ ᠲᠠᠨᠵᠢ ᠳᠤ ᠮᠢᠩᠭ᠎ᠠ ᠭᠠᠷᠣᠢ ᠪᠣᠷᠣ ᠴᠠᠬᠤᠯᠠᠢ ᠦᠨᠳᠡᠭᠡᠯᠡᠨ ᠨᠠᠪᠴᠢᠵᠣ ᠪᠠᠶᠢᠨ᠎ᠠ
ᠨᠡᠶᠢᠲᠡᠯᠡᠭᠰᠡᠨ ᠴᠠᠭ᠄
2020-06-11
   6 ᠳ᠋ᠤᠭᠠᠷ ᠰᠠᠷ᠎ᠠ ᠪᠤᠯᠵᠤ ᠤᠷᠳᠤᠰ ᠨᠣᠳᠤᠭ ᠤᠨ ᠠᠭᠠᠷ ᠤᠨ ᠳᠤᠯᠠᠭᠠᠨ ᠲᠦᠷᠭᠡᠨ ᠢᠶᠠᠷ ᠳᠡᠭᠡᠭᠰᠢᠯᠡᠭᠦ ᠶᠢ ᠳᠠᠭᠠᠯᠳᠣᠨ ᠦᠥᠰᠢᠨᠵᠤᠤ ᠪᠠᠯᠭᠠᠰᠤᠨ ᠤ ᠴᠠᠭᠠᠡᠨᠠᠭᠤᠷ ᠤᠨ ᠳᠠᠨᠵᠢ ᠪᠠᠷ ᠨᠡᠭᠦᠳᠡᠯᠯᠡᠨ ᠪᠠᠭᠤᠭᠰᠠᠨ ᠮᠢᠩᠭ᠎ᠠ ᠭᠠᠷᠣᠢ ᠪᠣᠷᠣ ᠴᠠᠬᠤᠯᠠᠶ ᠦᠡᠳᠡᠭᠡᠯᠡᠨ ᠨᠡᠪᠴᠢᠬᠦ ᠬᠤᠭᠤᠴᠠᠭᠠᠨ ᠳᠠᠭᠠᠨ ᠣᠷᠣᠵᠤ ᠬᠥᠭᠡᠷᠦᠬᠦᠨ ᠴᠣᠪᠣᠭᠤ ᠪᠢᠴᠢᠬᠠᠨ ᠴᠠᠬᠤᠯᠠᠶ ᠡᠬᠡ ᠶᠢᠨ ᠢᠶᠠᠨ ᠬᠠᠮᠠᠭᠠᠯᠠᠯ ᠳᠣᠤᠷ᠎ᠠ ᠢᠳᠡᠷᠡᠭᠦᠨ ᠢᠶᠠᠷ ᠦᠰᠦᠨ ᠪᠤᠶᠢᠵᠢᠵᠤ ᠪᠠᠶᠢᠨ᠎ᠠ᠃    ᠦᠥᠰᠢᠨᠵᠤᠤ ᠪᠠᠯᠭᠠᠰᠤᠨ ᠤ ᠴᠠᠭᠠᠡᠨᠠᠭᠤᠷ ᠤᠨ ᠲᠠᠯ᠎ᠠ ᠨᠤᠲᠤᠭ ᠲᠤ ᠰᠢᠭᠡᠳᠭᠡᠭᠰᠡᠨ ᠲᠣᠯᠢ ᠮᠡᠲᠤ ᠴᠠᠶᠢᠷᠠᠨ ᠮᠡᠯᠳᠡᠯᠵᠡᠬᠦ ᠨᠠᠭᠤᠷ ᠤᠨ ᠳᠣᠮᠳᠠᠬᠢ ᠨᠣᠮᠢᠨ ᠨᠣᠭᠤᠭᠠᠨ ᠵᠢᠵᠢᠭᠭᠡᠨ ᠠᠷᠡᠯ ᠳᠡᠭᠡᠷ᠎ᠡ ᠦᠷᠳᠡᠭᠡᠯᠡᠨ ᠨᠡᠭᠦᠳᠡᠯᠯᠡᠭᠰᠡᠨ ᠪᠣᠷᠣ ᠴᠠᠬᠤᠯᠠᠢ ᠶᠢᠨ ᠰᠦᠷᠣᠭ᠌ ᠤᠨ ︽ᠬᠡᠷ ᠪᠦᠯᠢ︾᠎ ᠶᠢᠨ ᠬᠢᠨ ᠦᠨᠳᠡᠭᠡ ᠨᠡᠪᠴᠢᠭᠦᠯᠣᠨ ᠳᠡᠭᠳᠡᠭᠡᠭᠡᠢ ᠪᠠᠨ ᠰᠠᠭᠠᠳᠠᠭᠤᠯᠵᠣ ᠪᠠᠶᠢᠯ᠎ᠠ᠃ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ ᠴᠠᠭᠠᠠᠨᠠᠭᠤᠷ ᠤᠨ ᠳᠠᠨᠵᠢ ᠶᠢᠨ ᠬᠠᠮᠤᠭ ᠤᠨ ᠥᠨᠳᠥᠷ ᠳᠤᠯᠠᠭᠠᠨ ᠨᠢ 30 ᠭᠷᠠᠳᠦ᠋ᠰ ᠣᠷᠴᠢᠮ ᠬᠦᠷᠴᠦ ᠴᠠᠬᠤᠯᠠᠶ ᠶᠢᠨ ᠨᠡᠪᠴᠢᠯᠲᠠ ᠶᠢᠨ ᠬᠤᠭᠤᠴᠠᠭᠠᠨ ᠤ ᠣᠷᠭᠢᠯ ᠎ ᠳᠤ ᠬᠦᠷᠣᠭ᠍ᠰᠡᠨ ᠪᠠᠶᠢᠨ᠎ᠠ᠃ ᠨᠢᠭᠡ ᠪᠦᠯᠦᠭ ᠨᠢ ᠨᠢᠭᠡᠨᠲᠡ ᠨᠠᠪᠴᠢᠨ ᠭᠠᠷᠴᠣ ᠰᠠᠭᠠᠷᠠᠯ ᠥᠩᠭᠡ ᠲᠠᠢ ᠨᠤᠤᠯᠤᠷ ᠥᠲᠥ ᠪᠤᠯᠤᠨ ᠣᠨᠴᠠ ᠶᠢᠨ ᠬᠠᠷ᠎ᠠ ᠦᠩᠬᠡ ᠲᠠᠢ ᠬᠤᠰᠢᠭᠤ ᠪᠠᠨ ᠠᠩᠭᠠᠶᠢᠵᠣ ᠡᠴᠢᠭᠡ ᠡᠬᠡ ᠴᠠᠬᠤᠯᠠᠢ ᠪᠠᠷ ᠢᠶᠠᠨ ᠲᠡᠵᠢᠬᠡᠯᠬᠡᠵᠦ ᠠᠮᠤᠷ ᠲᠤᠭᠲᠠᠭᠤᠨ ᠢᠶᠠᠷ ᠳᠣᠷᠨᠢᠵᠣ ᠪᠠᠶᠢᠯ᠎ᠠ᠃
    ᠦᠥᠰᠢᠨᠵᠤᠤ ᠪᠠᠯᠭᠠᠰᠤᠨ ᠤ ᠤᠢ ᠰᠢᠭᠤᠢ ᠶᠢᠨ ᠳᠣᠮᠢᠯᠠᠭᠰᠠᠨ ᠰᠠᠯᠪᠣᠷᠢ ᠶᠢᠨ ᠠᠵᠢᠯᠲᠠᠨ ᠡᠨᠡᠷ᠎ᠠ᠄ ︽ᠵᠢᠯ ᠳᠤ ᠪᠠᠷᠤᠭ ᠠᠷᠪᠠᠭᠠᠳ ᠲᠦᠷᠦᠯ ᠤᠨ ᠰᠢᠪᠠᠭᠤ ᠢᠷᠡᠵᠦ ᠪᠠᠶᠢᠨ᠎ᠠ᠃ ᠬᠤᠨ ᠭᠠᠯᠠᠭᠤ᠂ ᠨᠤᠭᠤᠰᠤ᠂ ᠴᠠᠬᠤᠯᠠᠢ ᠵᠡᠷᠭᠡ ᠲᠦᠷᠦᠯ ᠤᠨ ᠰᠢᠪᠠᠭᠤ ᠲᠤᠶᠢᠯ ᠤᠨ ᠠᠷᠪᠢᠨ ᠢᠷᠡᠳᠡᠭ᠃ ᠪᠠᠷᠤᠭ 3000 — 4000᠎ ᠶᠢ ᠲᠠᠪᠠᠵᠤ ᠪᠠᠶᠢᠨ᠎ᠠ︾ ᠭᠡᠵᠦ ᠪᠠᠶᠢᠯ᠎ᠠ᠃     ᠪᠣᠷᠣ ᠴᠠᠬᠤᠯᠠᠶ ᠪᠣᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠰᠢᠪᠠᠭᠤ ᠪᠠᠶᠢᠵᠤ ᠲᠤᠭ᠎ᠠ ᠲᠤᠯᠤᠭᠠᠢ ᠨᠢ ᠴᠥᠭᠡᠨ ᠪᠣᠯᠬᠤᠷ ︽ᠰᠢᠪᠠᠭᠤᠨ ᠤ ᠳᠣᠲᠣᠷᠠᠬᠢ ᠮᠠᠯᠤᠷ ᠥᠲᠡᠭᠡ︾ ᠭᠡᠳᠡᠭ ᠨᠡᠷ᠎ᠡ ᠲᠠᠢ᠃ ᠲᠡᠳᠡ ᠵᠢᠯ ᠪᠦᠷᠢ ᠪᠦᠸᠧᠬᠠᠶ ᠲᠠᠩᠭᠢᠰ ᠶᠢᠨ ᠪᠤᠯᠤᠩ ᠳᠡᠭᠡᠷ᠎ᠡ ᠡᠪᠤᠯᠵᠢᠵᠤ ᠬᠠᠪᠤᠷ ᠤᠨ ᠤᠯᠠᠷᠢᠯ ᠳᠤ ᠤᠮᠠᠷᠠᠰᠢ ᠨᠡᠭᠦᠳᠡᠯᠯᠡᠨ ᠮᠣᠩᠭᠤᠯ ᠤᠯᠤᠰ᠂ ᠺᠠᠽᠠᠭᠰᠲ᠋ᠠᠨ ᠪᠤᠯᠤᠨ ᠮᠠᠨ ᠤ ᠤᠯᠤᠰ ᠤᠨ ᠪᠠᠷᠠᠭᠤᠨ ᠬᠤᠶᠢᠲᠤ ᠤᠷᠤᠨ ᠳᠤ ᠦᠷᠡᠵᠢᠨ ᠠᠮᠢᠳᠤᠷᠠᠵᠦ ᠦᠷᠡᠵᠢᠯ ᠤᠨ ᠬᠤᠭᠤᠴᠠᠭ᠎ᠠ ᠨᠢ ᠲᠠᠪᠤᠳᠤᠭᠠᠷ ᠰᠠᠷ᠎ᠠ ᠠᠴᠠ ᠳᠣᠯᠣᠳᠤᠭᠠᠷ ᠰᠠᠷ᠎ᠠ ᠶᠢᠨ ᠡᠬᠢᠨ ᠪᠣᠯᠲᠠᠯ᠎ᠠ ᠦᠷᠬᠦᠯᠵᠢᠯᠡᠳᠡᠭ ᠪᠠᠶᠢᠨ᠎ᠠ᠃
    ᠦᠥᠰᠢᠨᠵᠤᠤ ᠪᠠᠯᠭᠠᠰᠣ ᠨᠢ ᠣᠶᠢᠷ᠎ᠠ ᠶᠢᠨ ᠵᠢᠯ ᠠᠴᠠ ᠨᠠᠰᠢ ᠪᠣᠷᠣ ᠴᠠᠬᠤᠯᠠᠶ ᠶᠢᠨ ᠬᠠᠮᠠᠭᠠᠯᠠᠯᠲᠠ ᠪᠤᠯᠤᠨ ᠡᠯᠡᠰᠦᠨ ᠴᠦᠯ ᠤᠨ ᠨᠤᠭᠤ ᠭᠠᠵᠠᠷ ᠤᠨ ᠣᠷᠴᠢᠨ ᠳᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠦᠴᠣᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠣᠭ᠍ᠰᠡᠨ ᠢᠶᠠᠷ ᠣᠳᠣ ᠪᠤᠯᠬᠤ ᠳᠤ ᠴᠠᠭᠠᠠᠨᠠᠭᠤᠷ ᠤᠨ ᠤᠰᠤᠨ ᠤ ᠲᠠᠯᠠᠪᠠᠢ ᠨᠢ ᠨᠢᠭᠡᠨᠲᠡ 20 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ ᠪᠣᠷᠣ ᠴᠠᠬᠤᠯᠠᠶ᠂ ᠠᠯᠠᠭ ᠨᠤᠭᠤᠰᠤ᠂ ᠤᠷᠠᠨ ᠬᠠᠵᠢᠨ ᠵᠡᠷᠭᠡ 20 ᠭᠠᠷᠤᠶ ᠲᠥᠷᠥᠯ ᠤᠨ ᠰᠢᠪᠠᠭᠤᠨ ᠤ ᠨᠡᠭᠦᠳᠡᠯᠯᠡᠨ ᠦᠷᠳᠡᠭᠡᠯᠡᠵᠣ ᠦᠨᠳᠡᠬᠡᠯᠡᠨ ᠦᠷᠡᠵᠢᠬᠦ ᠴᠢᠬᠤᠯᠠ ᠪᠠᠭᠤᠴᠠ ᠪᠣᠯᠤᠭᠰᠠᠨ ᠪᠠᠶᠢᠨ᠎ᠠ᠃
    ᠦᠥᠰᠢᠨᠵᠤᠤ ᠪᠠᠯᠭᠠᠰᠤᠨ ᠤ ᠤᠢ ᠰᠢᠭᠤᠢ ᠶᠢᠨ ᠳᠣᠮᠢᠯᠠᠭᠰᠠᠨ ᠰᠠᠯᠪᠣᠷᠢ ᠶᠢᠨ ᠠᠵᠢᠯᠲᠠᠨ ᠡᠨᠡᠷ᠎ᠠ᠄ ︽ᠮᠠᠨ ᠤ ᠦᠥᠰᠢᠨᠵᠤᠤ ᠪᠠᠯᠭᠠᠰᠤᠨ ᠤ ᠤᠢ ᠰᠢᠭᠤᠢ ᠶᠢᠨ ᠦᠷᠲᠡᠭᠡ᠂ ᠤᠢ ᠬᠠᠮᠠᠭᠠᠯᠠᠬᠤ ᠭᠡᠰᠢᠬᠦᠨ᠂ ᠵᠠᠰᠠᠭ ᠤᠨ ᠤᠷᠳᠤᠨ ᠎ ᠲᠠᠢ ᠬᠠᠮᠲᠤᠷᠴᠤ ᠪᠠᠶᠢᠭᠠᠳ ᠨᠠᠭᠤᠷ ᠤᠨ ᠤᠷᠴᠢᠨ ᠲᠤᠭᠤᠷᠢᠨ ᠢ ᠠᠷᠢᠭᠤᠨ ᠴᠡᠪᠡᠷ ᠪᠠᠶᠢᠯᠭᠠᠵᠤ ᠬᠦᠨᠦᠬᠡᠯ ᠪᠤᠬᠢᠷᠳᠣᠯ ᠎ ᠳᠤ ᠤᠴᠠᠷᠠᠭᠤᠯᠬᠤ ᠠᠴᠠ ᠰᠡᠷᠭᠡᠶᠢᠯᠡᠳᠡᠭ᠃ ᠢᠩᠬᠢᠵᠦ ᠬᠢᠳᠡᠭ ᠤᠨ ᠵᠤᠷᠢᠯᠭ᠎ᠠ ᠨᠢ ᠵᠤᠭᠠᠴᠠᠭᠰᠠᠳ ᠪᠤᠯᠤᠨ ᠮᠠᠯᠴᠢᠨ ᠲᠦᠮᠡᠨ ᠳᠤ ᠠᠮᠢ ᠠᠬᠤᠢ ᠤᠷᠴᠢᠨ ᠲᠤᠭᠤᠷᠢᠨ ᠢ ᠤᠯᠠᠮ ᠰᠠᠶᠢᠬᠠᠨ ᠰᠡᠷᠭᠦᠬᠡᠵᠦ ᠦᠭᠬᠦ ᠶᠢᠨ ᠲᠦᠯᠦᠬᠡ ᠶᠤᠮ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号