ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠥᠨᠠᠠᠴᠢ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠭᠢᠪᠠ
ᠨᠡᠶᠢᠲᠡᠯᠡᠭᠰᠡᠨ ᠴᠠᠭ᠄
2020-06-11
     6 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠺᠢᠨᠣ᠋ ᠶᠢᠨ ᠲᠣᠪᠴᠢᠶᠠᠨ ᠤ ᠳᠠᠷᠤᠭ᠎ᠠ ᠥᠨᠠᠠᠴᠢ ᠨᠠᠷ ᠮᠠᠨ ᠤ ᠬᠤᠰᠢᠭᠤᠨ ᠳᠤ ᠢᠷᠡᠵᠦ ᠰᠢᠨ᠎ᠡ ᠴᠠᠭ ᠦᠶ᠎ᠡ‌‍ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠤᠨ ᠪᠠᠶᠢᠭᠤᠯᠤᠯᠲᠠ᠂ ᠤᠯᠠᠭᠠᠨᠮᠥ᠋ᠴᠢᠷ ᠤᠨ ᠠᠵᠢᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠾᠧ ᠬᠠᠶ ᠷᠦᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ‌‍ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠥᠨᠠᠠᠴᠢ ᠨᠡᠷ ᠤᠷᠢᠳ ᠬᠤᠵᠢᠳ ᠥᠥᠰᠢᠨᠵᠤᠤ ᠪᠠᠯᠭᠠᠰᠤᠨ ᠤ ︽ᠮᠠᠯᠵᠢᠬᠤ ᠳ᠋ᠠᠵᠠᠶ ︾ ᠶᠢᠨ ᠰᠢᠨ᠎ᠠ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠴᠡᠭ᠂ ᠥᠥᠰᠢᠨᠵᠤᠤ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠥᠷᠳᠡᠭᠡ᠂ ᠬᠤᠰᠢᠭᠤ ᠤᠯᠠᠭᠠᠨᠮᠥ᠋ᠴᠢᠷ᠂ ᠰᠣᠶᠣᠯ ᠤᠨ ᠪᠥᠳᠥᠭᠡᠯᠳᠠ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠦ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ ᠤᠯᠠᠭᠠᠨᠮᠥ᠋ᠴᠢᠷ ᠤᠨ ᠠᠵᠢᠯ ᠤᠨ ᠪᠠᠶᠢᠳᠠᠯ ᠢ ᠨᠠᠷᠢᠨ ᠤᠶᠢᠯᠠᠭᠠᠵᠠᠢ᠃      ᠥᠥᠰᠢᠨᠵᠤᠤ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠴᠡᠭ ︽ᠮᠠᠯᠵᠢᠬᠤ ᠳ᠋ᠠᠵᠠᠶ︾ ᠦᠵᠡᠭᠦᠯᠦᠯᠭᠡ ᠶᠢᠨ ᠣᠷᠳᠣᠨ ᠳᠤ ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ︽ᠮᠠᠯᠵᠢᠬᠤ ᠳ᠋ᠠᠵᠠᠶ︾ ᠥᠥᠰᠢᠨᠵᠤᠤ ᠶᠢᠨ ᠭᠡᠷᠡᠯ ᠰᠠᠴᠤᠷᠠᠩᠭᠤᠢ ᠲᠠᠤᠭᠡ ᠪᠣᠯᠤᠨ ᠮᠠᠯᠵᠢᠬᠤ ᠳ᠋ᠠᠵᠠᠶ ᠶᠢᠨ ᠵᠣᠷᠢᠭ ᠰᠠᠨᠠᠭ᠎ᠠ ᠶᠢᠨ ᠭᠦᠨ ᠠᠭᠤᠯᠤᠭᠳᠠᠬᠤᠨ ᠢ ᠨᠠᠷᠢᠨ ᠤᠶᠢᠯᠠᠭᠠᠵᠤ ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠤᠨ  ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠤᠭᠰᠠᠨ ᠯᠤᠲᠤ ᠶᠡᠭᠡ ᠦᠷ᠎ᠡ ᠪᠦᠲᠦᠮᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡ ᠪᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠳᠠ ᠶᠢ ᠭᠦᠨᠵᠡᠭᠡᠶ ᠥᠷᠨᠢᠭᠦᠯᠥᠭᠰᠠᠨ ᠰᠠᠳᠭᠢᠴᠠ ᠠᠷᠭ᠎ᠠ ᠪᠠᠷᠢᠯ ᠳᠤ ᠨᠤᠳᠠᠯᠠᠯᠳᠠ ᠥᠭᠪᠡ᠃ ᠲᠠᠷᠠ ᠵᠢᠭᠠᠵᠤ ᠭᠠᠷᠭᠠᠭᠰᠠᠨ ᠨᠢ᠂ ᠥᠥᠰᠢᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ  ᠤᠨ ᠭᠢᠨᠠᠨ ᠵᠥᠪᠯᠠᠭᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠥᠷᠭᠦᠯᠵᠢᠯᠠᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠨ ᠤᠬᠠᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠠᠳᠬᠤᠨ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠨᠡᠩ ᠤᠯᠠᠨ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠬᠠᠮᠲᠤ ᠪᠠᠷ ᠥᠢᠯᠡᠳᠤᠯᠭᠡᠵᠢᠭᠦᠯᠭᠦ ᠭᠡᠷᠡᠭᠳᠠᠢ ᠭᠡᠵᠡᠢ᠃
           ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠤᠯᠠᠭᠠᠨᠮᠥ᠋ᠴᠢᠷ ᠪᠣᠯᠤᠨ ᠳᠤᠮᠳᠠᠳᠤ ᠤᠯᠤᠰ ᠤᠨ ᠥᠥᠰᠢᠨ ᠮᠣᠷᠢᠨ ᠬᠤᠭᠤᠷ ᠤᠨ ᠰᠢᠮᠫᠤᠨᠢ ᠨᠠᠶᠢᠷᠠᠯ ᠬᠥᠭᠵᠢᠮ ᠤᠨ ᠪᠦᠯᠬᠦᠮ ᠤᠨ ᠪᠣᠯᠪᠠᠰᠤᠷᠠᠯ ᠤᠨ ᠲᠢᠩᠬᠢᠮ‌‍ᠳᠦ ᠭᠥᠷᠴᠤ ᠲᠤᠭᠯᠠᠭᠴᠢᠳ ᠤᠨ ᠪᠣᠯᠪᠠᠰᠤᠷᠠᠯ ᠢ ᠰᠤᠨᠢᠷᠬᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠲᠠᠷᠠᠭ᠎ᠠ ᠵᠢᠭᠠᠵᠤ ᠭᠠᠷᠭᠠᠬᠤ ᠳᠤ ᠪᠠᠨ᠂ ᠤᠯᠠᠭᠠᠨᠮᠥ᠋ᠴᠢᠷ ᠤᠨ ᠲᠤᠭᠯᠠᠭᠴᠢᠳ ᠶᠡᠷᠦᠩᠬᠡᠶ ᠱᠦᠵᠢ ᠰᠢ ᠶᠢᠨ ᠫᠢᠩ ᠤᠨ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠬᠡᠷᠡᠭᠲᠡᠶ︾ ᠭᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ ᠢᠮᠠᠭᠲᠠ ᠦᠨᠳᠦᠰᠦᠨ ᠱᠠᠳᠤ ᠠᠷᠠᠳ ᠲᠦᠮᠡᠨ ᠳᠤ ᠦᠨᠳᠦᠰᠦᠯᠡᠵᠦ ᠣᠯᠠᠨ ᠲᠦᠮᠡᠨ ᠳᠤ ᠤᠶᠢᠯᠠᠴᠢᠯᠠᠨ ᠠᠷᠠᠳ ᠣᠯᠠᠨ ᠤ ᠪᠠᠭ᠋ᠠᠷᠬᠠᠯ ᠢ ᠲᠠᠲᠠᠭᠰᠠᠨ᠂ ᠣᠯᠠᠨ ᠲᠦᠮᠡᠨ ᠲᠠᠢ ᠤᠶᠢᠷᠠᠳᠤᠭᠰᠠᠨ ᠨᠠᠩ ᠤᠯᠠᠨ ᠰᠣᠳᠣᠨ ᠪᠦᠲᠦᠭᠡᠯ ᠭᠠᠷᠭᠠᠵᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠦᠮᠡᠨ ᠤ ᠳᠤᠮᠳᠠ ᠣᠴᠢᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠤᠨ ᠥᠥᠰᠢᠨ ᠬᠥᠮᠦᠨ ᠤ ᠤᠶᠤᠨ ᠰᠠᠨᠠᠭᠠᠨ ᠤ ᠴᠤᠭ ᠵᠢᠪᠬᠤᠭ᠎ᠠ ᠶᠢ ᠭᠥᠢᠴᠡᠳ ᠢᠯᠠᠷᠠᠭᠦᠯᠵᠤ ᠳᠤᠮᠳᠠᠳᠤ ᠤᠯᠤᠰ‌‍ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠡᠷᠭᠦᠭᠦ ᠭᠡᠷᠡᠭᠳᠠᠢ ᠭᠡᠵᠡᠢ᠃
     ᠡᠷᠳᠡᠨᠢᠪᠢᠯᠢᠭ ᠢᠯᠡᠷᠬᠡᠶᠢᠯᠡᠬᠦ ᠳᠡᠭᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠠᠵᠢᠯ ᠪᠤᠯ ᠤᠯᠤᠰ ᠲᠥᠷᠥ ᠶᠢᠨ ᠴᠢᠨᠠᠷ᠂ ᠡᠭᠦᠳᠦᠯᠲᠡ ᠶᠢᠨ ᠴᠢᠨᠠᠷ᠂ ᠥᠢᠯᠡᠳᠤᠯᠭᠡ ᠶᠢᠨ ᠴᠢᠨᠠᠷ ᠢᠶᠠᠷ ᠴᠢᠩᠭ᠎ᠠ ᠠᠵᠢᠯ ᠪᠣᠯᠤᠨ᠎ᠠ᠃ ᠬᠤᠶᠢᠰᠢᠳᠠ ᠮᠠ ᠤ ᠬᠤᠰᠢᠭᠤ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠵᠢᠯᠣᠭᠤᠳᠬᠤ ᠰᠠᠨᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠤᠩᠭᠤᠯ‌‍ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠤᠯᠭᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠤᠨ ᠲᠤᠷᠰᠢᠯᠲᠠ ᠶᠢᠨ ᠠᠵᠢᠯ ᠢ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ᠂ ᠮᠠᠯᠴᠢᠨ ᠲᠠᠷᠢᠶᠠᠴᠢᠨ ᠤ ᠬᠡᠪ ᠴᠢᠨᠠᠷ ᠤᠨ ︽ᠲᠠᠪᠤ ᠶᠢ ᠥᠭᠡᠷᠡᠴᠢᠯᠡᠵᠦ ᠲᠠᠪᠤ ᠶᠢ ᠳᠡᠭᠡᠭᠰᠢᠯᠡᠭᠦᠯᠬᠦ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠤᠯᠤᠨ ᠦᠨᠳᠦᠰᠦᠨ ᠱᠠᠲᠤᠨ ᠤ ᠨᠠᠶᠢᠭᠡᠮ ᠤᠨ ᠵᠠᠰᠠᠯᠲᠠ ᠲᠠᠢ ᠤᠶᠠᠯᠳᠤᠭᠤᠯᠤᠨ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠤᠨ ᠲᠤᠷᠰᠢᠯᠲᠠ ᠶᠢᠨ ᠴᠡᠭ ᠤᠨ ᠠᠵᠢᠯ ᠤᠨ ᠭᠢᠯᠠᠰ ᠴᠡᠭ ᠢ ᠡᠭᠦᠳᠤᠨ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠬᠤ ᠪᠠᠷ ᠴᠢᠷᠮᠠᠶᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠪᠣᠯᠪᠠᠰᠤᠨ ᠤ ᠦᠢᠯᠡᠳᠦᠯᠭᠡᠵᠢᠬᠦᠯᠬᠡ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯ ᠤᠨ ᠡᠷᠭᠢᠯᠳᠠ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠵᠣᠷᠢᠭᠲᠠᠶ ᠪᠠᠷ ᠥᠢᠯᠡᠳᠤᠯᠭᠡᠵᠢᠭᠦᠯᠤᠨ ᠵᠣᠷᠢᠭᠲᠠᠶ ᠪᠠᠷ ᠰᠢᠨ᠎ᠡ ᠶᠢ ᠡᠭᠦᠳᠴᠦ ᠪᠠᠷᠠᠭᠤᠨ ᠬᠡᠰᠡᠭ ᠤᠨ ᠭᠠᠵᠠᠷ ᠣᠷᠣᠨ ᠤ ᠢᠯᠡ ᠲᠣᠳᠣ ᠮᠠᠯᠵᠢᠬᠤ ᠣᠷᠣᠨ ᠤ ᠣᠨᠴᠠᠯᠢᠭ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ︽ᠥᠥᠰᠢᠨ ᠵᠠᠭᠪᠤᠷ︾ ᠢ ᠡᠭᠦᠳᠤᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号