ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋ ᠨᠡᠷ ᠣᠷᠳᠣᠰ ᠨᠢᠰᠬᠡᠯ ᠤᠨ ᠪᠠᠭᠤᠳᠠᠯ ᠤᠨ ᠬᠠᠮᠢᠶᠠᠷᠤᠯᠳᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠨᠡᠶᠢᠲᠡ  ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠵᠥᠪᠳᠡᠯᠴᠡᠪᠡ
ᠨᠡᠶᠢᠲᠡᠯᠡᠭᠰᠡᠨ ᠴᠠᠭ᠄
2020-06-11
     6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋ ᠨᠡᠷ ᠣᠷᠳᠣᠰ ᠨᠢᠰᠬᠡᠯ ᠤᠨ ᠪᠠᠭᠤᠳᠠᠯ ᠤᠨ ᠬᠠᠮᠢᠶᠠᠷᠤᠯᠳᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠮᠠᠨ ᠤ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠵᠥᠪᠳᠡᠯᠴᠡᠪᠡ᠃ ᠬᠤᠰᠢᠭᠤ ᠤᠳᠤᠷᠢᠳᠤᠯᠭ᠎ᠠ ᠵᠧᠦ ᠱᠤᠸᠠᠢ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠡᠮᠦᠷ ᠵᠠᠮ ᠠᠭᠠᠷ ᠤᠨ ᠠᠶᠠᠯᠠᠯ ᠤᠨ ᠪᠥᠳᠥᠭᠡᠨ ᠪᠠᠶᠢᠭᠤᠯᠤᠯᠳᠠ ᠶᠢᠨ ᠠᠯᠪᠠᠨ ᠭᠡᠷ᠂ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠷᠢᠭᠤᠴᠠᠯᠭᠠᠳᠠᠨ ᠵᠥᠪᠳᠡᠯᠴᠠᠭᠦ ᠳᠤ ᠤᠷᠤᠯᠴᠠᠵᠤ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠵᠢᠶᠠᠨ ᠳ᠋ᠦ᠋ᠩ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠪᠠᠷᠠᠳᠠᠪᠠ᠃
     ᠵᠤᠤ ᠹᠸᠢ ᠯᠤ᠋ ᠨᠡᠷ ᠣᠷᠳᠣᠰ ᠤᠨ ᠨᠢᠰᠬᠡᠯ ᠤᠨ ᠪᠠᠭᠤᠳᠠᠯ ᠢᠶᠠᠷ ᠣᠷᠣᠵᠤ ᠭᠠᠷᠬᠤ ᠶᠠᠪᠤᠴᠠ᠂ ᠡᠭᠡᠯᠵᠢ ᠶᠢᠨ ᠳᠤᠭᠤᠶᠢᠯᠠᠩ ᠤᠨ ᠪᠠᠶᠢᠭᠤᠯᠤᠯᠲᠠ᠂ ᠮᠡᠷᠭᠡᠵᠢᠯ ᠤᠨ ᠰᠢᠨ᠎ᠡ ᠶᠢ ᠡᠭᠦᠳᠦᠯᠲᠡ᠂ ᠬᠠᠮᠢᠶᠠᠷᠤᠯᠲᠠ ᠡᠵᠡᠩᠨᠠᠯᠳᠠ ᠵᠡᠷᠭᠡ ᠠᠵᠢᠯ ᠳᠤ ᠰᠢᠨᠵᠢᠯᠡᠨ ᠪᠠᠶᠢᠴᠠᠭᠠᠯᠳᠠ ᠭᠢᠭᠦ ᠶᠢᠨ ᠬᠠᠮᠳᠤ ᠨᠢᠰᠬᠡᠯ ᠤᠨ ᠪᠠᠭᠤᠳᠠᠯ ᠤᠨ ᠬᠠᠮᠢᠶᠠᠷᠤᠯᠳᠠ ᠶᠢᠨ ᠪᠥᠯᠥᠭᠯᠠᠯ  ᠤᠨ ᠬᠢᠵᠠᠭᠠᠷᠲᠤ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠬᠤᠰᠢᠭᠤ ᠲᠡᠮᠦᠷ ᠵᠠᠮ ᠠᠭᠠᠷ ᠤᠨ ᠠᠶᠠᠯᠠᠯ ᠤᠨ ᠪᠥᠳᠥᠭᠡᠨ ᠪᠠᠶᠢᠭᠤᠯᠤᠯᠳᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ ᠬᠤᠶᠠᠷ ᠲᠠᠯ᠎ᠠ ᠪᠠᠷ ᠢᠶᠠᠨ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠶ ᠲᠤᠷᠰᠢᠯᠭ᠎ᠠ ᠰᠠᠨᠠᠯ ᠢᠶᠠᠨ ᠭᠦᠨᠵᠡᠭᠡᠶ ᠰᠤᠯᠢᠯᠴᠠᠪᠠ᠃
     ᠯᠢᠦ ᠵᠢᠶᠠᠨ ᠳ᠋ᠦ᠋ᠩ ᠢᠯᠡᠷᠬᠡᠶᠢᠯᠡᠬᠦ ᠳᠡᠭᠡᠨ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠵᠤ ᠠᠶᠠᠯᠠᠯ ᠨᠡᠪᠲᠡᠷᠡᠬᠦ ᠠᠵᠤ ᠥᠢᠯᠡᠰ ᠢ ᠬᠥᠭᠵᠢᠭᠦᠯᠬᠦ ᠨᠢ ᠭᠠᠵᠠᠷ ᠣᠷᠣᠨ ᠤ ᠠᠵᠤ ᠥᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠬᠤ ᠳᠤ ᠴᠢᠬᠤᠯᠠ ᠥᠢᠯᠡᠳᠤᠯ ᠲᠠᠢ ᠶᠤᠮ᠃ ᠨᠢᠰᠬᠡᠯ ᠤᠨ ᠪᠠᠭᠤᠳᠠᠯ ᠤᠨ ᠬᠠᠮᠢᠶᠠᠷᠤᠯᠳᠠ ᠶᠢᠨ ᠪᠦᠯᠦᠭᠯᠡᠯ ᠨᠢ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠳᠤ ᠠᠵᠤ ᠠᠬᠤᠶᠢᠯᠠᠯ ᠪᠣᠯᠤᠭᠰᠠᠨ ᠤ ᠬᠤᠪᠢ ᠳᠤ ᠨᠡᠶᠢᠭᠡᠮ ᠤᠨ ᠬᠠᠷᠢᠭᠤᠴᠠᠯᠭ᠎ᠠ ᠪᠠᠨ ᠭᠥᠢᠴᠡᠳᠭᠡᠭᠦ ᠶᠢᠨ ᠬᠠᠮᠲᠤ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠢᠳᠡᠪᠬᠢᠲᠡᠶ ᠣᠷᠣᠯᠴᠠᠨ ᠡᠮᠦᠨᠡᠬᠢ ᠬᠤᠭᠤᠴᠠᠭᠠᠨ ᠤ ᠲᠤᠷᠰᠢᠯᠭ᠎ᠠ ᠪᠠᠨ ᠬᠤᠷᠠᠮᠳᠤᠭᠤᠯᠤᠨ ᠬᠠᠮᠳᠤᠷᠠᠨ ᠠᠵᠢᠯᠯᠠᠵᠤ ᠥᠥᠰᠢᠨ ᠬᠤᠰᠢᠭᠤᠨ ᠤ ᠨᠡᠶᠢᠲᠡ  ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠠᠭᠢᠭᠤᠯᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠡᠮᠦᠨᠡᠲᠦ ᠬᠡᠰᠡᠭ ᠤᠨ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠰᠦᠷᠦᠭᠵᠢᠯ ᠢ ᠴᠣᠭᠴᠠᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠡᠢ᠃
     ᠵᠤᠤ ᠹᠸᠢ ᠯᠦ ᠵᠢᠭᠠᠵᠤ ᠭᠠᠷᠭᠠᠭᠰᠠᠨ ᠨᠢ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠣᠯ ᠮᠠᠨ ᠤ ᠬᠤᠰᠢᠭᠤᠨ ᠤ ᠤᠯᠤᠰ ᠲᠥᠷᠥ ᠠᠵᠤ ᠠᠬᠤᠶ ᠶᠢᠨ ᠠᠮᠢᠳᠤᠷᠠᠯ ᠳᠠᠬᠢ ᠨᠢᠭᠡᠨ ᠲᠣᠮᠣ ᠠᠵᠢᠯ ᠮᠥᠨ᠂ ᠮᠠᠨ ᠤ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠳᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ ᠲᠤᠰ ᠤᠳᠠᠭᠠᠨ ᠤ ᠵᠥᠪᠳᠡᠯᠴᠠᠭᠡᠷ ᠤᠨ ᠦᠷ᠎ᠡ ᠪᠦᠲᠦᠮᠵᠢ ᠶᠢᠨ ᠰᠠᠭᠤᠷᠢᠨ ᠳᠡᠭᠡᠷ᠎ᠡ ᠬᠤᠶᠠᠷ ᠲᠠᠯ᠎ᠠ ᠪᠠᠷ ᠢᠶᠠᠨ ᠬᠠᠮᠳᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠥᠷᠭᠡᠨ ᠪᠠᠶᠢᠭᠤᠯᠵᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠭᠢᠭᠤᠯᠤᠨ ᠡᠷᠲᠡᠬᠡᠨ ᠪᠠᠶᠢᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号