6 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ | ᠹᠸᠢ ᠯᠦ 2020 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ | ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ | ᠪᠠᠶᠠᠨᠴᠡᠩᠭᠡᠯ᠂ ᠯᠢᠦ ᠵᠧᠩ ᠬᠤᠷᠠᠯ ᠳᠤ ᠤᠷᠤᠯᠴᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠰᠢᠦ ᠹᠧᠩ᠂ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠠᠶ᠃ ᠬᠤᠰᠢᠭᠤ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ | ᠤᠷᠤᠯᠴᠠᠪᠠ᠃ | ᠬᠤᠷᠠᠯ ᠠᠴᠠ ︽ᠥᠥᠰᠢᠨ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ | ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠬᠦᠷᠢᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ︵ᠵᠠᠰᠠᠪᠤᠷᠢ | ᠣᠷᠣᠭᠤᠯᠤᠭᠰᠠᠨ︶︾ ᠶᠢ ᠬᠢᠨᠠᠨ ᠵᠥᠪᠯᠡᠪᠡ᠃ | ᠵᠤᠤ ᠹᠸᠢ ᠯᠦ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠠᠷᠪᠠᠨ ᠭᠤᠷᠪᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠤᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦᠳᠦ ᠣᠷᠣᠯᠴᠠᠬᠤ ᠪᠠ ᠥᠪᠥᠷ ᠮᠣᠩᠭᠤᠯ ᠳᠤ ᠬᠤᠶᠠᠷ ᠤᠳᠠᠭ᠎ᠠ | ᠪᠠᠶᠢᠴᠠᠭᠠᠨ ᠰᠤᠳᠤᠯᠬᠤ ᠳᠠᠭᠠᠨ ᠴᠥᠮ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠠᠮᠢ | ᠠᠬᠤᠶ ᠶᠢ ᠤᠷᠢᠳ ᠢᠶᠠᠷ ᠪᠤᠳᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠠᠮᠢ | ᠠᠬᠤᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠬᠠᠷᠢᠶ᠎ᠠ ᠭᠠᠵᠠᠷ ᠤᠨ | ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠪᠠᠨ | ᠬᠤᠪᠢᠷᠠᠭᠤᠯᠬᠤ ᠶᠢ ᠬᠥᠲᠥᠯᠥᠨ ᠵᠢᠯᠣᠭᠤᠳᠴᠤ ᠪᠠᠯᠴᠢᠭᠡᠷᠯᠠᠭᠦᠯᠭᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠬᠦᠬᠡᠬᠦ᠂ | ᠠᠲᠠᠷ ᠬᠠᠭᠠᠯᠪᠤᠷᠢᠯᠠᠬᠤ ᠶᠢ ᠬᠤᠷᠢᠭᠯᠠᠬᠤ᠂ ᠮᠠᠯ ᠪᠡᠯᠴᠢᠭᠡᠷ ᠢ ᠲᠡᠩᠴᠡᠬᠦᠷᠢᠲᠠᠢ ᠪᠠᠶᠢᠯᠭᠠᠬᠤ ᠵᠡᠷᠭᠡ ᠳᠦᠷᠢᠮ ᠢ | ᠴᠢᠩᠭ᠎ᠠ ᠬᠡᠷᠡᠭᠵᠢᠭᠦᠯᠵᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ | ᠭᠡᠷᠡᠭᠳᠠᠢ ᠭᠡᠵᠡᠢ᠃ | ᠬᠤᠷᠠᠯ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠬᠤ | ᠠᠵᠢᠯ ᠤᠨ ᠲᠥᠰᠦᠯ ᠢ ᠬᠢᠨᠠᠨ ᠵᠥᠪᠯᠡᠪᠡ᠃ ᠵᠣᠣ ᠹᠸᠢ ᠯᠦ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠬᠡᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠲᠠᠰᠢ ᠤᠷᠤᠭᠰᠢᠯᠠᠬᠤ ᠵᠠᠩᠭᠢᠯᠠᠭ᠎ᠠᠶᠢᠨ ᠴᠠᠭ ᠦᠶ᠎ᠡ ᠮᠥᠨ᠃ ᠡᠯ᠎ᠡ ᠰᠠᠯᠠᠭ᠎ᠠ ᠮᠥᠴᠢᠷ᠂ ᠡᠯ᠎ᠡ ᠰᠤᠮᠤ | ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠰᠡᠳᠦᠪ ᠢ ᠰᠤᠳᠤᠯᠬᠤ ᠪᠣᠯᠤᠨ ᠲᠤᠰᠬᠠᠶ | ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠬᠤ ᠠᠵᠢᠯ ᠢ ᠬᠢᠨᠠᠮᠠᠭᠠᠶ | ᠥᠷᠨᠢᠭᠦᠯᠵᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠥᠷᠥᠯ ᠵᠥᠢᠯ ᠢ ᠲᠥᠰᠦᠪᠯᠡᠨ | ᠴᠢᠨᠠᠷ ᠰᠠᠶᠢᠲᠠᠶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠭᠳᠠᠯᠴᠠᠭ᠎ᠠ ᠶᠢ | ᠪᠥᠷᠢᠯᠳᠤᠭᠦᠯᠵᠤ ᠰᠢᠨ᠎ᠡ ᠴᠠᠭ ᠦᠶ᠎ᠡ ᠶᠢᠨ ᠥᠥᠰᠢᠨ ᠤ ᠬᠥᠭᠵᠢᠯᠲᠡ ᠶᠢᠨ ᠲᠥᠰᠦᠪ ᠢ ᠰᠠᠶᠢᠲᠤᠷ ᠵᠢᠷᠤᠭᠯᠠᠬᠤ | ᠭᠡᠷᠡᠭᠳᠠᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |