ᠮᠠᠨ ᠤ ᠬᠤᠰᠢᠭᠤ ᠭᠡᠷ ᠪᠦᠯᠢ ᠶᠢᠨ ᠰᠣᠷᠭᠠᠨ ᠬᠦᠮᠦᠵᠢᠯ ᠤᠨ ᠠᠵᠢᠯ ᠢ ᠡᠷᠴᠢᠮᠳᠠᠢ ᠠᠳᠬᠤᠵᠣ ᠪᠣᠢ
ᠨᠡᠶᠢᠲᠡᠯᠡᠭᠰᠡᠨ ᠴᠠᠭ᠄
2020-06-11
     ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠨᠢ ᠭᠡᠷ ᠪᠦᠯᠢ ᠶᠢᠨ ᠬᠦᠮᠦᠵᠢᠯ ᠪᠣᠯᠣᠨ ᠰᠡᠳᠬᠢᠴᠡ ᠶᠢᠨ ᠵᠦᠪᠯᠡᠭᠴᠢᠳ ᠤᠨ ᠡᠯ᠎ᠡ ᠨᠡᠶᠢᠬᠡᠮᠯᠢᠭ ᠤᠨ ᠢᠳᠡᠪᠬᠢᠳᠡᠢ ᠳᠡᠮᠵᠢᠯᠭᠡ ᠪᠠᠷ ᠭᠡᠷ ᠪᠦᠯᠢ ᠶᠢᠨ ᠬᠦᠮᠣᠵᠢᠯ ᠤᠨ ᠵᠢᠭᠠᠨ ᠵᠢᠯᠣᠭᠤᠳᠣᠭᠴᠢ ᠶᠢᠨ ᠪᠦᠯᠬᠦᠮ ᠢ ᠪᠠᠶᠢᠭᠤᠯᠬᠤ᠂ ᠵᠢᠯᠣᠭᠤᠳᠣᠭᠴᠢ ᠪᠠᠭᠰᠢᠨᠠᠷ ᠢ ᠣᠷᠢᠨ ᠬᠡᠷᠡᠭᠯᠡᠬᠦ᠂ ᠭᠡᠷ ᠪᠦᠯᠢ ᠶᠢᠨ ᠬᠦᠮᠣᠵᠢᠯ ᠢ ᠬᠦᠳᠡᠭᠡ ᠳᠣᠰᠬᠤᠨ ᠳᠤ ᠭᠦᠨᠵᠡᠭᠡᠶᠢᠷᠡᠬᠦᠯᠣᠨ ᠣᠬᠠᠭᠤᠯᠬᠤ ᠵᠡᠷᠭᠡ ᠪᠣᠳᠠᠳᠡᠢ ᠠᠷᠭ᠎ᠠ ᠶᠢ ᠬᠡᠷᠡᠭᠵᠢᠭᠦᠯᠵᠥ ᠪᠠᠶᠢᠭᠠᠳ ᠦᠷ᠎ᠡ ᠪᠦᠳᠣᠮᠵᠢ ᠶᠢ ᠳᠡᠭᠡᠭᠰᠢᠯᠡᠭᠦᠯᠵᠥ ᠪᠠᠶᠢᠨ᠎ᠠ᠃      ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ  ᠭᠠᠯᠠᠭᠤᠳᠣ ᠪᠠᠯᠭᠠᠰᠣᠨ ᠳᠤ ᠪᠦᠬᠦ ᠬᠤᠰᠢᠭᠤᠨ ᠤ ᠭᠡᠷ ᠪᠦᠯᠢ ᠶᠢᠨ ᠬᠦᠮᠣᠵᠢᠯ ᠲᠠᠢ ᠬᠤᠯᠪᠣᠭᠳᠠᠭᠰᠠᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢ ᠪᠠᠭᠳᠠᠭᠭᠠᠰᠠᠨ ︽ᠭᠡᠷ ᠪᠦᠯᠢ ᠶᠢᠨ ᠬᠦᠮᠦᠵᠢᠯ︾ ᠤᠨ ᠵᠢᠭᠠᠨ ᠵᠢᠯᠤᠭᠤᠳᠤᠭᠴᠢ ᠶᠢᠨ ᠪᠦᠯᠬᠦᠮ ᠢ ᠪᠠᠶᠢᠭᠤᠯᠵᠤ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠭᠴᠢ ᠪᠠᠭᠰᠢ ᠨᠠᠷ ᠢ ᠤᠷᠢᠨ ᠬᠡᠷᠡᠭᠯᠡᠬᠦ ᠠᠵᠢᠯᠯᠠᠭ᠎ᠠ ᠶᠢ ᠶᠠᠪᠣᠭᠳᠠᠭᠤᠯᠣᠨ 59 ᠨᠡᠷ᠎ᠡ ᠭᠡᠷ ᠪᠦᠯᠢ ᠶᠢᠨ ᠬᠦᠮᠦᠵᠢᠯ ᠤᠨ ᠵᠢᠯᠤᠭᠤᠳᠤᠭᠴᠢ ᠪᠠᠭᠰᠢ ᠶᠢ ᠤᠷᠢᠨ ᠬᠡᠷᠡᠭᠯᠡᠬᠦ ᠪᠢᠴᠢᠭ ᠲᠠᠷᠬᠠᠭᠠᠵᠤ ᠬᠡᠷ ᠪᠦᠯᠢ ᠶᠢᠨ ᠬᠦᠮᠣᠵᠢᠯ ᠤᠨ ᠢᠳᠡᠪᠬᠢ ᠤᠢᠢᠯᠠᠳᠤᠯ ᠢ ᠪᠠᠳᠠᠷᠠᠭᠤᠯᠣᠨ ᠰᠣᠷᠭᠠᠨ ᠬᠦᠮᠣᠵᠢᠯ ᠲᠠᠢ ᠠᠭᠤᠰᠣᠯᠴᠠᠭᠤᠯᠣᠨ ᠬᠡᠤᠬᠡᠳ ᠪᠠᠭᠠᠴᠤᠳ ᠤᠨ ᠪᠣᠯᠪᠠᠰᠣᠨ ᠮᠣᠷᠠᠯ ᠲᠠᠢ ᠪᠠᠷ ᠡᠷᠡᠭᠦᠯ ᠮᠡᠨᠳᠣ ᠦᠰᠣᠨ ᠪᠣᠶᠢᠵᠢᠬᠤ ᠳᠤ ᠰᠠᠭᠤᠷᠢ ᠳᠠᠯᠪᠢᠵᠣ ᠪᠠᠶᠢᠨ᠎ᠠ᠃      ᠦᠥᠰᠢᠨ ᠬᠤᠰᠢᠭᠤᠨ ᠤ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠲᠡᠳ᠋ ᠵᠠᠬᠢᠷᠤᠯ ᠰᠦᠮᠪᠦᠷ᠄ ︽ᠦᠨᠳᠦᠰᠦᠨ ᠱᠠᠲᠤᠨ ᠤ ᠭᠡᠷ ᠪᠦᠯᠢ ᠶᠢᠨ ᠬᠦᠮᠦᠵᠢᠯ ᠨᠢ ᠪᠤᠰᠤᠳ ᠬᠤᠰᠢᠭᠤ᠂ ᠬᠤᠲᠠ᠂ ᠬᠦᠭᠵᠢᠭᠰᠡᠨ ᠭᠠᠵᠠᠷ ᠲᠠᠢ ᠡᠭᠡᠭᠡ ᠠᠳᠠᠯᠢᠬᠠᠨ ᠶᠠᠪᠤᠭᠳᠠᠵᠤ ᠪᠠᠶᠢᠨ᠎ᠠ᠃ ᠡᠴᠢᠬᠡ ᠡᠬᠡ ᠪᠤᠯᠤᠭᠰᠠᠳ ᠦᠪᠡᠷ ᠤᠨ ᠬᠡᠥᠬᠡᠳ ᠤᠨ ᠨᠢᠯᠬ᠎ᠠ ᠪᠠᠭ᠎ᠠ ᠨᠠᠰᠤᠨ ᠳᠤ  ᠦᠢᠯᠡᠳᠦᠯᠬᠡ ᠳᠤ ᠤᠷᠤᠯᠴᠠᠭᠤᠯᠬᠤ ᠨᠢ ᠮᠠᠨ ᠤ ᠰᠤᠷᠭᠠᠨ ᠬᠦᠮᠦᠵᠢᠯ ᠳᠤ ᠮᠠᠰᠢ ᠶᠡᠭᠡ ᠲᠡᠮᠵᠢᠯᠬᠡ ᠪᠤᠯᠤᠭᠰᠠᠨ ᠪᠠᠶᠢᠨ᠎ᠠ᠃ ᠭᠡᠷ ᠪᠦᠯᠢ ᠶᠢᠨ ᠰᠤᠷᠭᠠᠨ ᠬᠦᠮᠦᠵᠢᠯ ᠪᠤᠯ ᠰᠤᠷᠭᠠᠭᠤᠯᠢ ᠶᠢᠨ ᠰᠤᠷᠭᠠᠨ ᠬᠦᠮᠦᠵᠢᠯ ᠳᠤ ᠤᠷᠤᠯᠠᠵᠤ ᠪᠤᠯᠤᠰᠢ ᠦᠬᠡᠢ ᠬᠦᠮᠦᠵᠢᠯ ᠭᠡᠵᠦ  ᠦᠵᠡᠵᠦ ᠪᠠᠶᠢᠨ᠎ᠠ︾ ᠬᠡᠵᠦ ᠪᠠᠶᠢᠪᠠ᠃      ᠮᠠᠨ ᠤ ᠬᠤᠰᠢᠭᠤ ᠡᠨ᠋ᠨ ᠵᠢᠯ ᠠᠴᠠ ᠡᠬᠢᠯᠡᠨ ᠬᠦᠳᠡᠭᠡ ᠳᠣᠰᠬᠤᠨ ᠮᠠᠯᠵᠢᠬᠤ ᠣᠷᠣᠨ ᠤ ᠮᠠᠯᠴᠢᠨ ᠲᠠᠷᠢᠶᠠᠴᠢᠨ ᠡᠷᠤᠬᠡ  ᠳᠤ ᠬᠦᠷᠴᠤ ᠭᠡᠷ ᠪᠦᠯᠢ ᠶᠢᠨ ᠬᠦᠮᠦᠵᠢᠯ ᠤᠨ ᠣᠶᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠣᠯ᠎ᠡ᠃ ᠣᠶᠢᠷ᠎ᠠ ᠶᠢᠨ ᠡᠳᠣᠷ᠂ ᠦᠪᠦᠷ ᠮᠤᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠣᠳᠣᠯᠭᠠᠨ ᠤ ᠨᠡᠶᠢᠬᠡᠮᠯᠢᠭ ᠤᠨ ᠵᠣᠯ ᠵᠢᠷᠭᠠᠯᠲᠣ ᠭᠡᠷ ᠪᠦᠯᠢ ᠪᠤᠯᠤᠨ ᠦᠪᠦᠷ ᠮᠤᠩᠭᠤᠯ ᠤᠨ ᠬᠤᠩ ᠪᠦᠸᠧ ᠰᠡᠳᠬᠢᠴᠡ ᠶᠢᠨ ᠣᠬᠠᠭᠠᠨ ᠤ ᠬᠦᠷᠢᠶᠡᠯᠡᠩ ᠤᠨ ᠰᠣᠳᠣᠯᠣᠨ ᠰᠣᠷᠣᠯᠴᠠᠬᠤ ᠰᠠᠭᠤᠷᠢᠨ ᠭᠠᠵᠠᠷ ᠭᠠᠯᠠᠭᠤᠲᠤ ᠪᠠᠯᠭᠠᠰᠤᠨ ᠤ ᠬᠦᠭᠡᠲᠤᠯᠤᠭᠠᠢ ᠭᠠᠴᠠᠭᠠᠨ ᠤ ᠮᠠᠯᠴᠢᠨ ᠬᠠᠰᠪᠤᠯᠤᠷ  ᠤᠨ ᠭᠡᠷ ᠲᠤ ᠪᠠᠶᠢᠭᠤᠯᠣᠭᠳᠠᠨ ᠣᠷᠣᠨ᠂ ᠬᠤᠲᠠ᠂ ᠬᠤᠰᠢᠭᠤ ᠵᠡᠷᠭᠡ ᠬᠡᠳᠣᠨ ᠱᠠᠳᠣᠨ ᠤ ᠭᠡᠷ ᠪᠦᠯᠢ ᠶᠢᠨ ᠰᠤᠷᠭᠠᠨ ᠬᠦᠮᠦᠵᠢᠯ ᠤᠨ ᠪᠠᠭᠰᠢᠨᠠᠷ ᠠᠴᠠ ᠤᠶᠢᠷ᠎ᠠ ᠬᠠᠪᠢ ᠶᠢᠨ ᠮᠠᠯᠴᠢᠳ ᠲᠤ ᠭᠡᠷ ᠪᠦᠯᠢ ᠶᠢᠨ ᠬᠦᠮᠦᠵᠢᠯ ᠤᠨ ᠲᠤᠭᠤᠷᠢᠨ ᠳᠤ ᠶᠠᠷᠢᠶ᠎ᠠ ᠲᠠᠶᠢᠯᠣᠮᠵᠢ ᠬᠢᠯ᠎ᠡ᠃ ᠭᠠᠯᠠᠭᠤᠳᠣ ᠪᠠᠯᠭᠠᠰᠣᠨ ᠤ ᠬᠦᠬᠡᠨᠠᠭᠤᠷ ᠭᠠᠴᠠᠭᠠᠨ ᠤ ᠮᠠᠯᠴᠢᠨ ᠪᠤᠯᠠᠭ ᠡᠨᠡ ᠣᠳᠠᠭᠠᠨ ᠤ ᠮᠡᠷᠭᠡᠵᠢᠯᠲᠡᠨ ᠪᠠᠭᠰᠢ ᠨᠠᠷ ᠤᠨ ᠭᠢᠴᠢᠶᠡᠯᠡᠯᠬᠡ ᠶᠢ ᠰᠣᠨᠣᠰᠣᠭᠠᠳ ᠰᠠᠭᠤᠭᠳᠠᠯ ᠲᠦᠷᠦᠭᠳᠡᠯ ᠶᠡᠭᠡ ᠪᠠᠶᠢᠯ᠎ᠠ᠃      ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠤ ᠮᠠᠯᠴᠢᠨ ᠪᠤᠯᠠᠭ᠄ ︽ᠮᠢᠨᠦ ᠤᠶᠢᠯᠠᠭᠠᠯᠲᠠ ᠪᠤᠯ ᠮᠠᠰᠢ ᠶᠡᠭᠡ  ᠪᠠᠶᠢᠨ᠎ᠠ᠃ ᠪᠢᠳᠠ ᠬᠡᠳᠦᠶᠢᠪᠡᠷ ᠮᠤᠩᠭᠤᠯ ᠨᠤᠲᠤᠭ ᠲᠤ ᠪᠠᠨ ᠲᠦᠷᠦᠵᠦ ᠦᠰᠴᠤ ᠠᠪᠤ ᠡᠵᠢ ᠪᠠᠷ ᠢᠶᠠᠨ ᠬᠠᠯᠠᠮᠵᠢᠯᠠᠭᠤᠯᠵᠤ ᠬᠠᠶᠢᠷᠠᠯᠠᠭᠤᠯᠤᠨ ᠰᠤᠶᠤᠯ ᠲᠡᠤᠭᠡ ᠪᠠᠨ ᠰᠤᠷᠴᠤ ᠤᠯᠠᠮᠵᠢᠯᠠᠵᠤ ᠶᠠᠪᠤᠭᠰᠠᠨ ᠪᠤᠯᠪᠠᠴᠤ ᠰᠢᠨ᠎ᠡ ᠴᠠᠭ ᠡᠷᠡᠨ ᠤ ᠬᠦᠭᠵᠢᠯᠲᠠ  ᠶᠢᠨ ᠲᠤᠮᠳᠠ ᠦᠪᠡᠷ ᠤᠨ ᠵᠠᠩ ᠦᠢᠯᠡ ᠠᠴᠠ ᠡᠬᠢᠯᠡᠬᠡᠳ ᠮᠠᠰᠢ ᠠᠷᠪᠢᠨ ᠰᠤᠶᠤᠯ ᠢᠶᠠᠨ ᠦᠪᠡᠷ ᠤᠨ ᠦᠷ᠎ᠡ ᠬᠡᠥᠬᠡᠳ ᠲᠤ  ᠪᠠᠨ  ᠪᠦᠷᠢᠨ ᠪᠦᠲᠦᠨ ᠤᠯᠠᠮᠵᠢᠯᠠᠵᠤ ᠴᠢᠳᠠᠭᠰᠠᠨ ᠦᠬᠡᠢ᠂ ᠦᠪᠡᠷ ᠢᠶᠠᠨ ᠴᠤ ᠰᠠᠶᠢᠬᠠᠨ ᠤᠯᠠᠮᠵᠢᠯᠠᠵᠤ ᠲᠡᠶᠢᠯᠦᠭᠰᠡᠨ ᠦᠬᠡᠢ᠃ ᠡᠶᠢᠮᠦ ᠲᠤᠲᠠᠭᠳᠠᠯ ᠲᠠᠢ ᠲᠠᠯ᠎ᠠ ᠪᠠᠨ ᠠᠳᠡ ᠢᠷᠡᠵᠦ ᠤᠶᠢᠯᠠᠭᠠᠭᠰᠠᠨ ᠪᠠᠶᠢᠨ᠎ᠠ᠃ ᠡᠭᠦᠨ ᠠᠴᠠ ᠬᠤᠶᠢᠰᠢ ᠭᠡᠷ ᠪᠦᠯᠢ ᠶᠢᠨ ᠵᠠᠩ ᠦᠢᠯᠡ ᠶᠢᠨ ᠰᠤᠷᠭᠠᠨ ᠬᠦᠮᠦᠵᠢᠯ ᠤᠨ ᠲᠠᠯ᠎ᠠ ᠪᠠᠷ ᠪᠢᠳᠠ ᠢᠯᠡᠬᠦᠬᠡᠨ ᠤᠷᠤᠯᠴᠠᠵᠤ ᠦᠪᠡᠷ ᠤᠨ ᠢᠶᠠᠨ ᠦᠷ᠎ᠡ ᠬᠡᠤᠭᠡᠳ ᠲᠤ ᠪᠠᠨ ᠤᠯᠠᠮᠵᠢᠯᠠᠵᠤ ᠢᠳᠡᠪᠬᠢᠲᠡᠢ ᠰᠠᠶᠢᠨ ᠲᠠᠨᠢᠯᠴᠠᠭᠤᠯᠤᠨ ᠦᠨᠳᠦᠰᠦᠲᠡᠨ ᠤ ᠰᠤᠶᠤᠯ ᠢᠶᠠᠨ ᠤᠯᠠᠮᠵᠢᠯᠠᠨ ᠵᠠᠯᠭᠠᠮᠵᠢᠯᠠᠬᠤ ᠳᠤ ᠨᠢᠭᠡ ᠬᠤᠪᠢ ᠬᠦᠴᠦ ᠪᠠᠨ ᠡᠷᠬᠦᠶ᠎ᠡ ᠭᠡᠰᠡᠨ ᠪᠤᠳᠤᠯ ᠤᠷᠤᠯ᠎ᠠ︾ ᠬᠡᠵᠦ ᠪᠠᠶᠢᠯ᠎ᠠ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠮᠳᠣᠷᠠᠯᠴᠠᠨ  ᠪᠣᠯᠪᠠᠰᠣᠨ ᠬᠤᠰᠢᠭᠤᠨ ᠤ ᠡᠭᠦᠳᠦᠨ ᠪᠠᠶᠢᠭᠤᠯᠤᠯᠲᠠ ᠲᠠᠢ ᠣᠶᠠᠯᠳᠣᠭᠤᠯᠣᠨ ᠪᠠᠭᠠᠴᠣᠣᠨ ᠬᠡᠣᠬᠡᠳ ᠪᠣᠯᠣᠨ ᠭᠡᠷ ᠤᠨ ᠠᠬᠠᠮᠠᠳ ᠤᠨ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ᠂ ︽ᠮᠢᠩᠭᠠᠨᠪᠤᠤ ᠭᠡᠷ ᠤᠨ ᠬᠦᠮᠦᠵᠢᠯ ᠤᠨ ᠦᠢᠯᠡᠴᠢᠯᠡᠭᠡᠨ ᠤ ᠲᠦᠪ︾᠂ ︽ᠬᠠᠨ ᠰᠤᠷᠭᠠᠯ︾ ᠭᠡᠷ ᠪᠦᠯᠢ ᠶᠢᠨ ᠬᠦᠮᠦᠵᠢᠯ ᠤᠨ ᠦᠢᠯᠡᠴᠢᠯᠡᠭᠡᠨ ᠤ ᠲᠥᠪ᠂ ᠦᠪᠦᠷ ᠮᠤᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠣᠳᠣᠯᠭᠠᠨ ᠤ ᠨᠡᠶᠢᠬᠡᠮᠯᠢᠭ ᠤᠨ ᠵᠣᠯ ᠵᠢᠷᠭᠠᠯᠲᠣ ᠭᠡᠷ ᠪᠦᠯᠢ ᠶᠢ ᠴᠣᠭᠴᠠᠯᠠᠬᠤ ᠰᠠᠭᠤᠷᠢᠨ ᠭᠠᠵᠠᠷ ᠵᠡᠷᠭᠡ ᠳᠣᠰᠬᠠᠢ ᠪᠠᠶᠢᠭᠤᠯᠣᠮᠵᠢ ᠪᠣᠯᠣᠨ ᠵᠢᠭᠠᠨ ᠵᠢᠯᠣᠭᠤᠳᠣᠭᠴᠢ ᠶᠢᠨ ᠪᠦᠯᠬᠦᠮ ᠢ ᠤᠷᠢᠳ ᠬᠤᠵᠢᠳ ᠪᠠᠶᠢᠭᠤᠯᠵᠣ ᠵᠢᠯᠣᠭᠤᠳᠣᠭᠴᠢ ᠪᠠᠭᠰᠢᠨᠠᠷ ᠢ ᠣᠷᠢᠨ ᠬᠡᠷᠡᠭᠯᠡᠵᠦ ᠣᠯᠠᠨ ᠳᠦᠮᠡᠨ ᠳᠤ ᠪᠣᠳᠠᠳᠡᠢ ᠪᠠᠷ ᠣᠶᠢᠯᠡᠴᠢᠯᠠᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号