ᠤᠯᠤᠰ ᠤᠨ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 11 ᠤ ᠤᠷᠤᠢ ᠪᠧᠯᠤᠷᠦ᠋ᠰᠢᠶ᠎ᠡ ᠶᠢᠨ | ᠶᠡᠷᠤᠩᠬᠡᠶᠢᠯᠡᠭᠴᠢ ᠯᠥᠺᠠᠱᠧᠨᠺᠧ ᠲᠠᠢ ᠤᠳᠠᠰᠤ ᠪᠠᠷ ᠶᠠᠷᠢᠯᠴᠠᠪᠠ᠃ | ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠠᠴᠠ | ᠨᠠᠭᠠᠰᠢ᠂ ᠲᠤᠮᠳᠠᠳᠤ ᠪᠧᠯᠤᠷᠦ᠋ᠰᠢᠶ᠎ᠡ ᠬᠤᠶᠠᠷ ᠤᠯᠤᠰ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠵᠥ᠂ ᠰᠠᠬᠢᠨ | ᠪᠠᠷᠠᠯᠠᠵᠥ ᠬᠠᠷᠢᠯᠴᠠᠨ ᠬᠠᠪᠰᠤᠷᠤᠯᠴᠠᠵᠥ᠂ ︽ᠰᠠᠶᠢᠨ ᠠᠬ᠎ᠠ ᠲᠡᠬᠦᠤ︾ ᠶᠢᠨ ᠭᠦᠨ ᠵᠤᠵᠠᠭᠠᠨ ᠬᠠᠶᠢᠷ᠎ᠠ | ᠰᠡᠳᠭᠢᠯᠭᠡ ᠶᠢ ᠢᠯᠡᠷᠡᠬᠦᠯᠵᠥ᠂ ᠲᠤᠮᠳᠠᠳᠤ ᠪᠧᠯᠤᠷᠦ᠋ᠰᠢᠶ᠎ᠡ ᠶᠢᠨ ᠬᠠᠷᠢᠯᠴᠠᠭ᠎ᠠ ᠶᠢᠨ ᠦᠨᠳᠤᠷ ᠲᠦᠪᠰᠢᠨ ᠪᠤᠯᠤᠨ | ᠤᠨᠴᠠᠭᠠᠢ ᠴᠢᠨᠠᠷ ᠢ ᠢᠯᠡᠷᠡᠭᠦᠯᠪᠡ᠃ ᠲᠤᠮᠳᠠᠳᠤ ᠤᠯᠤᠰ ᠪᠧᠯᠤᠷᠦ᠋ᠰᠢᠶ᠎ᠡ ᠶᠢᠨ ᠬᠢᠨ ᠤ ᠲᠤᠰ ᠤᠯᠤᠰ ᠤᠨ | ᠪᠠᠶᠢᠳᠠᠯ ᠳᠠᠭᠠᠨ ᠲᠤᠬᠢᠷᠠᠬᠰᠠᠠ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠦ ᠪᠠᠶᠢᠬᠤ ᠶᠢ ᠡᠷᠡᠰ ᠲᠡᠮᠵᠢᠵᠥ᠂ | ᠲᠤᠷᠠᠳᠠᠶ᠎ᠠ ᠪᠧᠯᠤᠷᠦ᠋ᠰᠢᠶ᠎ᠡ ᠶᠢᠨ ᠬᠢᠨ ᠲᠠᠢ ᠰᠡᠷᠬᠡᠶᠢᠯᠡᠨ ᠡᠵᠡᠮᠳᠡᠬᠦ ᠲᠤᠷᠰᠢᠯᠭ᠎ᠠ ᠪᠤᠯᠤᠨ ᠤᠨᠤᠰᠢᠯᠠᠨ ᠡᠮᠨᠡᠬᠦ | ᠲᠦᠰᠦᠯ ᠢᠶᠠᠨ ᠦᠴᠦᠬᠡᠨ ᠴᠦ ᠦᠯᠡᠳᠡᠭᠡᠯ ᠦᠬᠡᠢ ᠪᠠᠷ ᠬᠤᠪᠢᠶᠠᠯᠴᠠᠨ᠎ᠠ᠃ ᠲᠠᠨ ᠤ ᠪᠠᠳᠤ ᠴᠢᠩᠭ᠎ᠠ ᠤᠳᠤᠷᠢᠳᠤᠯᠭ᠎ᠠ | ᠲᠤᠤᠷ᠎ᠡ᠂ ᠪᠧᠯᠤᠷᠦ᠋ᠰᠢᠶ᠎ᠡ ᠶᠢᠨ ᠠᠷᠠᠳ ᠲᠦᠮᠡᠨ ᠬᠢᠵᠢᠭ ᠤᠨ ᠪᠠᠶᠢᠳᠠᠯ ᠢ ᠯᠠᠪᠳᠠᠢ ᠠᠯᠢ ᠲᠦᠷᠬᠡᠨ ᠢᠶᠠᠷ ᠢᠯᠡᠨ | ᠲᠠᠪᠠᠨ᠎ᠠ ᠬᠡᠳᠡᠭ ᠢ ᠪᠢ ᠢᠳᠡᠬᠡᠵᠥ ᠪᠠᠶᠢᠨ᠎ᠠ᠃ ᠪᠧᠯᠤᠷᠦ᠋ᠰᠢᠶ᠎ᠡ ᠶᠢᠨ ᠬᠢᠨ ᠤ ᠪᠧᠯᠤᠷᠦ᠋ᠰᠢᠶ᠎ᠡ ᠳᠤ ᠰᠤᠷᠤᠯᠴᠠᠵᠥ᠂ | ᠠᠵᠢᠯᠯᠠᠵᠥ᠂ ᠠᠮᠢᠳᠤᠷᠠᠵᠥ ᠪᠠᠶᠢᠭ᠎ᠠ ᠲᠤᠮᠳᠠᠳᠤ ᠶᠢᠨ ᠢᠷᠬᠡᠳ ᠲᠤ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠥ | ᠪᠠᠶᠢᠨ᠎ᠠ᠂ ᠪᠧᠯᠤᠷᠦ᠋ᠰᠢᠶ᠎ᠡ ᠶᠢᠨ ᠬᠢᠨ ᠲᠡᠳᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ | ᠡᠷᠡᠬᠦᠯ ᠮᠡᠨᠳᠤ ᠳᠤ ᠦᠷᠬᠦᠯᠵᠢᠯᠡᠨ ᠪᠦᠳᠦᠮᠵᠢᠳᠡᠢ ᠪᠠᠳᠤᠯᠠᠭ᠎ᠠ ᠬᠠᠩᠭᠠᠨ᠎ᠠ ᠬᠡᠳᠡᠭ ᠢ ᠢᠳᠡᠬᠡᠵᠥ ᠪᠠᠶᠢᠨ᠎ᠠ᠃ ᠲᠤᠮᠳᠠᠳᠤ | ᠤᠯᠤᠰ ᠲᠤᠷᠠᠳᠠᠶ᠎ᠠ ᠪᠧᠯᠤᠷᠦ᠋ᠰᠢᠶ᠎ᠡ ᠶᠢ ᠪᠠᠭᠳᠠᠭᠠᠭᠰᠠᠠ ᠲᠡᠯᠡᠬᠡᠢ ᠨᠡᠶᠢᠬᠡᠮ ᠤᠨ ᠬᠢᠨ ᠲᠠᠢ ᠬᠠᠮᠳᠤ ᠪᠠᠷ᠂ | ᠬᠠᠮᠳᠤᠷᠠᠯᠴᠠᠭ᠎ᠠ ᠪᠠᠨ ᠴᠢᠩᠭᠠᠳᠬᠠᠵᠥ᠂ ᠬᠦᠮᠥᠨ ᠲᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ | ᠬᠠᠮᠳᠤ ᠶᠢᠨ ᠴᠤᠭᠴᠠ ᠶᠢ ᠬᠠᠮᠳᠤ ᠪᠠᠷ ᠪᠠᠶᠢᠭᠤᠯᠤᠨ᠎ᠠ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠤᠲᠤᠬᠠᠠ ᠳᠤ᠂ ᠲᠤᠮᠲᠠᠲᠤ ᠪᠧᠯᠤᠷᠦ᠋ᠰᠢᠶ᠎ᠠ ᠶᠢᠨ ᠬᠠᠷᠢᠯᠴᠠᠨ ᠢᠳᠡᠬᠡᠯᠴᠡᠬᠦ᠂ | ᠬᠠᠮᠲᠤᠷᠠᠯᠴᠠᠭ᠎ᠠ ᠬᠢᠵᠥ ᠬᠠᠮᠲᠤ ᠪᠠᠷ ᠠᠰᠢᠭ ᠬᠦᠷᠲᠡᠬᠦ ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ | ᠬᠠᠷᠢᠯᠴᠠᠭ᠎ᠠ ᠦᠨᠲᠦᠷ ᠲᠦᠪᠰᠢᠨ ᠲᠠᠢ ᠪᠤᠯᠵᠦ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠤᠯᠯᠠᠬᠴᠢ | ᠠᠰᠢᠭ ᠲᠤᠰᠠ ᠳᠤ ᠬᠤᠯᠪᠤᠭᠲᠠᠬᠤ ᠪᠠ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠲᠠᠯ ᠢ ᠦᠴᠦᠭᠡᠡ | ᠴᠤ ᠡᠷᠡᠭᠡᠯᠵᠡᠯ ᠦᠭᠡᠢ ᠬᠠᠷᠢᠯᠴᠠᠠ ᠲᠡᠮᠵᠢᠵᠦ᠂ ᠨᠡᠷ᠎ᠠ ᠨᠢᠲᠡᠷ ᠲᠡᠭᠡᠨ ᠨᠡᠶᠢᠴᠡᠭᠰᠡᠡ ᠪᠦᠬᠦ ᠲᠠᠯ᠎ᠠ ᠶᠢᠨ ᠬᠠᠨᠢᠲᠠᠠ | ᠪᠤᠯᠵᠠᠢ᠃ ᠲᠤᠮᠲᠠᠲᠤ ᠤᠯᠤᠰ ᠥᠩᠭᠡᠷᠡᠭᠰᠡᠨ ᠲᠠᠢ ᠪᠠᠨ ᠠᠲᠠᠯᠢ ᠪᠠᠷ ᠪᠧᠯᠤᠷᠦ᠋ᠰᠢᠶ᠎ᠠ ᠶᠢᠨ ᠬᠢᠨ ᠤ ᠲᠤᠰ | ᠤᠯᠤᠰ ᠤᠨ ᠢᠶᠠᠨ ᠪᠠᠶᠢᠲᠠᠯ ᠢ ᠦᠨᠲᠦᠰᠦᠯᠡᠵᠦ ᠰᠤᠩᠭᠤᠭᠰᠠᠠ ᠬᠦᠭᠵᠢᠯᠲᠠ ᠶᠢᠨ ᠵᠠᠮ ᠢ ᠲᠡᠮᠵᠢᠨ᠎ᠠ᠃ ᠬᠢᠵᠢᠭ ᠤᠨ | ᠪᠠᠶᠢᠲᠠᠯ ᠨᠢ ᠬᠤᠶᠠᠷ ᠤᠯᠤᠰ ᠤᠨ ᠬᠤᠶᠠᠷ ᠲᠠᠯ᠎ᠠ ᠶᠢᠨ ᠶᠠᠪᠤᠯᠴᠠᠭ᠎ᠠ ᠪᠠ ᠪᠤᠲᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠳᠤ | ᠨᠦᠯᠦᠭᠡ ᠪᠤᠯᠬᠤ ᠨᠢ ᠭᠠᠷᠴᠠᠭ᠎ᠠ ᠦᠭᠡᠢ᠂ ᠬᠡᠪᠡᠴᠦ ᠲᠤᠮᠲᠠᠲᠤ ᠪᠧᠯᠤᠷᠦ᠋ᠰᠢᠶ᠎ᠠ ᠶᠢᠨ ᠬᠠᠷᠢᠯᠴᠠᠭ᠎ᠠ ᠶᠢᠨ ᠰᠠᠭᠤᠷᠢ | ᠪᠠᠳᠤ᠂ ᠬᠠᠮᠲᠤᠷᠠᠯᠴᠠᠭ᠎ᠠ ᠶᠢᠨ ᠲᠠᠯᠲᠠ ᠬᠦᠴᠤᠨ ᠯᠤᠲᠦ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ | ᠦᠷᠢᠰᠦᠯᠲᠦᠭᠡᠡ ᠢᠶᠠᠨ ᠠᠵᠠ ᠲᠤᠬᠢᠶᠠᠯ ᠪᠤᠯᠭᠠᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ | ᠪᠠᠶᠢᠭᠤᠯᠬᠤ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠦᠨ᠂ ᠲᠤᠮᠲᠠᠲᠤ ᠪᠧᠯᠤᠷᠦ᠋ᠰᠢᠶ᠎ᠠ ᠶᠢᠨ ᠠᠵᠦ ᠦᠢᠯᠡᠳᠪᠦᠷᠢ ᠶᠢᠨ | ᠬᠦᠷᠢᠶᠡᠯᠡᠩ ᠤᠨ ᠪᠦᠲᠦᠭᠡᠡ ᠪᠠᠶᠢᠭᠤᠯᠤᠯᠲᠠ ᠵᠢᠴᠢ ᠡᠯ᠎ᠠ ᠬᠦᠷᠢᠶᠡᠡ ᠳᠠᠬᠢ ᠬᠠᠷᠢᠯᠴᠠᠠ ᠠᠰᠢᠭ ᠲᠠᠢ ᠬᠠᠮᠲᠤᠷᠠᠯᠴᠠᠭ᠎ᠠ | ᠨᠡᠩ ᠤᠯᠠᠠ ᠠᠮᠵᠢᠯᠲᠠ ᠤᠯᠬᠤ ᠶᠢ ᠲᠦᠷᠭᠡᠡ ᠠᠬᠢᠭᠤᠯᠵᠦ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠲᠠ ᠦᠭᠡᠢ | ᠰᠢᠨ᠎ᠠ ᠲᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠯᠦᠺᠠᠱᠧᠨᠺᠧ᠂ ᠲᠤᠮᠳᠠᠳᠤ ᠤᠯᠤᠰ ᠢᠮᠠᠬᠳᠠ ᠪᠧᠯᠤᠷᠦ᠋ᠰᠢᠶ᠎ᠡ ᠶᠢᠨ ᠬᠢᠨ ᠤ ᠦᠪᠡᠷᠳᠡᠭᠡᠨ ᠡᠵᠡᠨ ᠮᠡᠳᠡᠨ | ᠬᠦᠭᠵᠢᠯᠳᠠ ᠶᠢᠨ ᠵᠠᠮ ᠢᠶᠠᠨ ᠰᠤᠩᠭᠤᠬᠤ ᠶᠢ ᠬᠦᠨᠳᠦᠳᠭᠡᠵᠤ᠂ ᠪᠧᠯᠤᠷᠦ᠋ᠰᠢᠶ᠎ᠡ ᠶᠢᠨ ᠬᠢᠨ ᠤ ᠬᠢᠵᠢᠭ ᠲᠠᠢ | ᠲᠠᠮᠠᠴᠡᠬᠦ ᠳᠤ ᠬᠦᠴᠤᠳᠠᠢ ᠲᠠᠮᠵᠢᠯᠭᠡ ᠦᠵᠡᠬᠦᠯᠵᠤ᠂ ᠡᠷᠬᠢᠮ ᠨᠠᠨᠳᠢᠨ ᠲᠤᠷᠰᠢᠯᠭ᠎ᠠ ᠪᠠᠨ ᠬᠤᠪᠢᠶᠠᠯᠴᠠᠵᠤ᠂ | ᠪᠧᠯᠤᠷᠦ᠋ᠰᠢᠶ᠎ᠡ ᠶᠢᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠬᠤᠯᠠ ᠦᠢᠯᠡᠳᠦᠯ ᠦᠵᠡᠬᠦᠯᠵᠠᠢ᠂ | ᠪᠧᠯᠤᠷᠦ᠋ᠰᠢᠶ᠎ᠡ ᠶᠢᠨ ᠬᠢᠨ ᠡᠬᠦᠨ ᠳᠤ ᠬᠦᠨ ᠲᠠᠯᠠᠷᠬᠠᠵᠤ ᠪᠠᠶᠢᠨ᠎ᠡ᠃ ᠪᠧᠯᠤᠷᠦ᠋ᠰᠢᠶ᠎ᠡ ᠲᠤᠮᠳᠠᠳᠤ ᠤᠯᠤᠰ ᠪᠤᠯ ᠰᠠᠶᠢᠨ | ᠨᠠᠶᠢᠵᠠ᠂ ᠰᠠᠶᠢᠨ ᠠᠬ᠎ᠠ ᠲᠡᠬᠦᠤ ᠮᠦᠨ᠃ ᠪᠧᠯᠤᠷᠦ᠋ᠰᠢᠶ᠎ᠡ ᠶᠢᠨ ᠬᠢᠨ ᠸᠢᠷᠦ᠋ᠰ ᠢ ᠤᠯᠤᠰ ᠲᠦᠷᠦᠴᠢᠯᠡᠬᠦ᠂ | ᠲᠠᠮᠳᠡᠭᠴᠢᠯᠡᠬᠦ ᠶᠢ ᠡᠷᠡᠰ ᠡᠰᠡᠷᠬᠦᠴᠡᠵᠤ᠂ ᠲᠤᠮᠳᠠᠳᠤ ᠤᠯᠤᠰ ᠤᠨ ᠭᠤᠤᠯᠯᠠᠬᠤ ᠠᠰᠢᠭ ᠲᠤᠰᠠ ᠶᠢᠨ ᠠᠰᠠᠭᠤᠳᠠᠯ ᠳᠤ | ᠦᠷᠬᠦᠯᠵᠢᠯᠡᠨ ᠲᠤᠮᠳᠠᠳᠤ ᠶᠢᠨ ᠲᠠᠯ᠎ᠡ ᠳᠤ ᠪᠠᠳᠤ ᠵᠤᠬᠰᠤᠨᠡ᠃ ᠪᠧᠯᠤᠷᠦ᠋ᠰᠢᠶ᠎ᠡ ᠶᠢᠨ ᠬᠢᠨ ᠲᠤᠷᠠᠳᠠᠶ᠎ᠡ ᠲᠤᠮᠳᠠᠳᠤ | ᠤᠯᠤᠰ ᠲᠠᠢ ᠬᠠᠮᠳᠤ ᠪᠠᠷ᠂ ᠲᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠲᠡᠷᠭᠡ ᠶᠢ ᠬᠦᠢᠴᠡᠳ ᠠᠰᠢᠬᠯᠠᠵᠤ | ᠬᠤᠶᠠᠷ ᠲᠠᠯ᠎ᠡ ᠶᠢᠨ ᠠᠷᠠᠯᠵᠢᠶ᠎ᠡ ᠪᠠᠨ ᠦᠷᠭᠡᠳᠭᠡᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ | ᠪᠠᠶᠢᠭᠤᠯᠵᠤ᠂ ᠡᠯ᠎ᠡ ᠬᠦᠷᠢᠶᠠᠨ ᠳᠠᠬᠢ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠠᠬᠢᠭᠤᠯᠤᠨ᠎ᠡ᠃ ᠪᠢ ᠬᠢᠵᠢᠭ ᠤᠨ | ᠪᠠᠶᠢᠳᠠᠯ ᠦᠡᠭᠭᠡᠷᠡᠭᠰᠡᠨ ᠤ ᠲᠠᠷᠠᠭ᠎ᠠ ᠲᠠᠨ ᠤ ᠲᠠᠬᠢᠨ ᠠᠶᠢᠯᠴᠢᠯᠠᠬᠤ ᠪᠠᠷ ᠢᠷᠠᠬᠦ ᠶᠢ ᠬᠦᠰᠡᠨ ᠬᠦᠯᠢᠶᠠᠵᠤ ᠪᠠᠶᠢᠨ᠎ᠡ | ᠭᠡᠵᠤ ᠢᠯᠡᠳᠭᠡᠪᠡ᠃ | |