ᠰᠢ ᠶᠢᠨ ᠫᠢᠩ ᠹᠢᠯᠢᠫᠢᠨ ᠤ ᠶᠡᠷᠤᠩᠬᠡᠶᠢᠯᠡᠭᠴᠢ ᠳ᠋ᠦᠲ᠋ᠧᠷᠲ᠋ᠧ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-06-12
     ᠤᠯᠤᠰ ᠤᠨ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 11 ᠤ ᠤᠷᠤᠢ ᠹᠢᠯᠢᠫᠢᠨ ᠤ ᠶᠡᠷᠤᠩᠬᠡᠶᠢᠯᠡᠭᠴᠢ ᠳ᠋ᠦᠲ᠋ᠧᠷᠲ᠋ᠧ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠠᠴᠠ ᠨᠠᠭᠠᠰᠢ᠂ ᠲᠤᠮᠳᠠᠳᠤ ᠹᠢᠯᠢᠫᠢᠨ ᠬᠤᠶᠠᠷ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠬᠠᠷᠢᠯᠴᠠᠨ ᠬᠠᠪᠰᠤᠷᠤᠯᠴᠠᠵᠥ᠂ ᠬᠠᠮᠳᠤ ᠪᠠᠷ ᠬᠢᠵᠢᠭ ᠲᠠᠢ ᠲᠡᠮᠡᠴᠡᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠭᠰᠠᠠ ᠠᠬ᠎ᠠ ᠲᠡᠬᠦᠤ ᠶᠢᠨ ᠬᠠᠶᠢᠷ᠎ᠠ ᠰᠡᠳᠭᠢᠯᠭᠡ ᠶᠢ ᠢᠯᠡᠷᠡᠭᠦᠯᠪᠡ᠃ ᠲᠠᠨ ᠤ ᠤᠳᠤᠷᠢᠳᠤᠯᠭ᠎ᠠ ᠲᠤᠤᠷ᠎ᠡ᠂ ᠹᠢᠯᠢᠫᠢᠨ ᠤ ᠬᠢᠨ ᠰᠡᠷᠬᠡᠶᠢᠯᠡᠨ ᠡᠵᠡᠮᠳᠡᠬᠦ ᠠᠯᠢ ᠤᠯᠠᠨ ᠬᠦᠴᠦᠳᠠᠢ ᠠᠷᠭ᠎ᠠ ᠬᠡᠮᠵᠢᠶ᠎ᠡ ᠲᠤᠭᠳᠠᠭᠠᠵᠥ᠂ ᠢᠳᠡᠪᠬᠢᠳᠡᠢ ᠦᠷ᠎ᠡ ᠪᠦᠳᠦᠬᠡᠯ ᠤᠯᠤᠬᠰᠠᠠ ᠢ ᠪᠢ ᠪᠠᠶᠠᠷᠲᠡᠢ ᠪᠠᠷ ᠤᠯᠵᠥ ᠬᠠᠷᠠᠯ᠎ᠠ᠃ ᠹᠢᠯᠢᠫᠢᠨ ᠤ ᠠᠷᠠᠳ ᠲᠦᠮᠡᠨ ᠯᠠᠪᠳᠠᠢ ᠪᠦᠯᠬᠦᠮᠳᠡᠨ ᠬᠠᠮᠵᠢᠯᠴᠠᠬᠤ ᠵᠤᠷᠢᠭ ᠰᠠᠨᠠᠭ᠎ᠠ ᠶᠢ ᠪᠠᠳᠠᠷᠠᠭᠤᠯᠵᠥ᠂ ᠬᠢᠵᠢᠭ ᠤᠨ ᠪᠠᠶᠢᠳᠠᠯ ᠢ ᠡᠷᠳᠡᠬᠡᠨ ᠠᠮᠵᠢᠯᠳᠠ ᠲᠠᠢ ᠢᠯᠠᠨ ᠲᠠᠪᠠᠵᠥ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠰᠡᠷᠬᠦᠬᠡᠵᠥ ᠴᠢᠳᠠᠨ᠎ᠠ ᠬᠡᠳᠡᠭ ᠢ ᠢᠳᠡᠬᠡᠵᠥ ᠪᠠᠶᠢᠨ᠎ᠠ᠃ ᠲᠤᠮᠳᠠᠳᠤ ᠤᠯᠤᠰ ᠹᠢᠯᠢᠫᠢᠨ ᠤ ᠬᠢᠨ ᠤ ᠬᠡᠷᠡᠭᠴᠡᠭᠡ ᠶᠢ ᠦᠨᠳᠦᠰᠦᠯᠡᠵᠥ᠂ ᠹᠢᠯᠢᠫᠢᠨ ᠳᠤ ᠦᠷᠬᠦᠯᠵᠢᠯᠡᠨ ᠡᠷᠡᠰ ᠲᠡᠮᠵᠢᠯᠬᠡ ᠦᠵᠡᠭᠦᠯᠤᠨ᠎ᠡ᠃ ᠲᠤᠮᠳᠠᠳᠤ ᠤᠯᠤᠰ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠪᠦᠬᠦ ᠪᠦᠮᠪᠦᠷᠴᠡᠭ ᠤᠨ ᠰᠡᠷᠬᠡᠶᠢᠯᠡᠨ ᠡᠵᠡᠮᠳᠡᠬᠦ ᠳᠤ ᠪᠡᠯᠡ ᠮᠥᠩᠬᠦ᠂ ᠲᠤᠷᠰᠢᠯᠭ᠎ᠠ᠂ ᠢᠳᠡᠬᠡᠯ ᠵᠤᠷᠢᠬ ᠤᠯᠭᠤᠵᠦ᠂ ᠬᠡᠷᠡᠭᠴᠡᠭᠡ ᠲᠠᠢ ᠤᠯᠤᠰ ᠲᠤ ᠲᠤᠰᠠᠯᠠᠮᠵᠢ ᠬᠠᠩᠭᠠᠨ᠎ᠠ᠃ ᠲᠤᠮᠳᠠᠳᠤ ᠤᠯᠤᠰ ᠲᠤᠷᠠᠳᠠᠶ᠎ᠠ ᠹᠢᠯᠢᠫᠢᠨ ᠯᠦᠭᠡ ᠨᠢᠬᠳᠠ ᠬᠠᠮᠳᠤᠷᠠᠯᠴᠠᠵᠥ᠂ ᠲᠡᠯᠡᠬᠡᠢ ᠨᠡᠶᠢᠬᠡᠮ ᠤᠨ ᠬᠢᠨ ᠤ ᠪᠦᠯᠬᠦᠮᠳᠡᠨ ᠨᠢᠬᠳᠠᠷᠠᠵᠦ ᠬᠢᠵᠢᠭ ᠲᠠᠢ ᠲᠡᠮᠡᠴᠡᠬᠦ ᠶᠢ ᠲᠡᠮᠵᠢᠵᠥ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢᠶᠠᠨ ᠤᠯᠠᠮ ᠰᠠᠶᠢᠨ ᠪᠠᠳᠠᠷᠠᠭᠤᠯᠬᠤ ᠶᠢ ᠲᠡᠮᠵᠢᠵᠥ᠂ ᠬᠦᠮᠥᠨ ᠲᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠬᠠᠮᠳᠤ ᠶᠢᠨ ᠴᠤᠭᠴᠠ ᠶᠢ ᠬᠠᠮᠳᠤ ᠪᠠᠷ ᠪᠠᠶᠢᠭᠤᠯᠤᠨ᠎ᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠤᠯ ᠨᠢᠭᠡ ᠤᠳᠠᠭ᠎ᠠ ᠶᠢᠨ ᠬᠢᠮᠤᠷᠠᠯ ᠪᠤᠯᠤᠨ᠎ᠠ᠂ ᠭᠡᠪᠡᠴᠦ ᠪᠢᠳᠠ ᠵᠤᠷᠢᠬᠳᠠᠢ ᠪᠠᠷ ᠬᠢᠮᠤᠷᠠᠯ ᠤᠨ ᠲᠤᠮᠳᠠ ᠠᠴᠠ ᠰᠢᠨ᠎ᠡ ᠠᠵᠠ ᠲᠤᠬᠢᠶᠠᠯ ᠢ ᠤᠯᠵᠦ᠂ ᠬᠤᠪᠢᠷᠠᠯᠳᠠ ᠶᠢᠨ ᠲᠤᠮᠳᠠ ᠰᠢᠨ᠎ᠡ ᠪᠠᠶᠢᠳᠠᠯ ᠢ ᠡᠭᠦᠳᠪᠡᠯ ᠵᠤᠬᠢᠨ᠎ᠡ᠃ ᠲᠤᠮᠳᠠᠳᠤ ᠹᠢᠯᠢᠫᠢᠨ ᠬᠤᠶᠠᠷ ᠲᠠᠯ᠎ᠡ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠡᠭᠭᠤᠵᠢᠭᠤᠯᠤᠬᠰᠡᠨ ᠤᠷᠢᠳᠠᠯ ᠲᠤᠤᠷ᠎ᠡ᠂ ᠰᠡᠳᠬᠢᠴᠠ ᠪᠠ ᠠᠷᠭ᠎ᠠ ᠬᠡᠮᠵᠢᠶ᠎ᠡ ᠪᠠᠨ ᠰᠢᠨᠡᠴᠢᠯᠡᠵᠤ᠂ ᠴᠢᠬᠤᠯᠠ ᠪᠦᠬᠦᠢ ᠬᠦᠮᠦᠰ ᠤᠨ ᠶᠠᠪᠤᠯᠴᠠᠭ᠎ᠠ ᠪᠠᠨ ᠠᠭᠠᠵᠢᠮ ᠢᠶᠠᠷ ᠰᠡᠷᠬᠦᠭᠡᠵᠤ᠂ ᠡᠯ᠎ᠡ ᠬᠦᠷᠢᠶᠠᠨ ᠳᠠᠬᠢ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠲᠤᠰ ᠲᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠤ ᠨᠡᠮᠡᠷᠢᠯᠡᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠤᠶ᠎ᠡ᠃ ᠬᠢᠵᠢᠭ ᠲᠠᠢ ᠲᠡᠮᠡᠴᠡᠬᠦ ᠪᠠ ᠬᠦᠭᠵᠢᠯᠳᠠ ᠪᠠᠨ ᠰᠡᠷᠭᠦᠭᠡᠬᠦ ᠠᠬᠢᠴᠠ ᠲᠤᠮᠳᠠ ᠲᠤᠮᠳᠠᠳᠤ ᠹᠢᠯᠢᠫᠢᠨ ᠤ ᠨᠦᠬᠦᠷᠯᠡᠯ ᠪᠠ ᠬᠠᠷᠢᠯᠴᠠᠨ ᠢᠳᠡᠭᠡᠯᠴᠡᠭᠡ ᠤᠯᠠᠮ ᠬᠦᠨᠵᠡᠭᠡᠶᠢᠷᠠᠨ ᠪᠠᠬᠢᠵᠢᠵᠤ᠂ ᠬᠤᠶᠠᠷ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠷᠢᠯᠴᠠᠭ᠎ᠠ ᠨᠡᠩ ᠦᠷᠭᠡᠨ ᠠᠭᠤᠳᠠᠮ ᠬᠦᠭᠵᠢᠯᠳᠠ ᠶᠢᠨ ᠢᠷᠡᠭᠡᠳᠦᠢ ᠪᠠᠨ ᠤᠬᠳᠤᠨ ᠠᠪᠬᠤ ᠪᠤᠯᠤᠨ᠎ᠡ᠃ ᠲᠤᠮᠳᠠᠳᠤ ᠹᠢᠯᠢᠫᠢᠨ ᠬᠤᠶᠠᠷ ᠤᠯᠤᠰ ᠨᠦᠬᠦᠷᠰᠡᠭ ᠬᠠᠷᠢᠯᠴᠠᠭ᠎ᠠ ᠪᠠᠨ ᠪᠠᠷᠢᠮᠳᠠᠯᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠤᠰᠤᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠲᠠᠢ ᠪᠦᠷᠢᠮᠤᠰᠤᠨ ᠨᠠᠶᠢᠴᠡᠨ᠎ᠡ᠂ ᠲᠡᠤᠭᠡ ᠯᠠᠪᠳᠠᠢ ᠡᠬᠦᠨ ᠢ ᠭᠡᠷᠡᠴᠢᠯᠡᠬᠦ ᠶᠤᠮ ᠭᠡᠵᠤ ᠴᠢᠬᠤᠯᠠᠴᠢᠯᠠᠪᠠ᠃      ᠳ᠋ᠦᠲ᠋ᠧᠷᠲ᠋ᠧ᠂ ᠡᠨᠡ ᠵᠢᠯ ᠪᠤᠯ ᠹᠢᠯᠢᠫᠢᠨ ᠲᠤᠮᠲᠠᠲᠤ ᠶᠢᠨ ᠬᠠᠷᠢᠯᠴᠠᠭ᠎ᠠ ᠪᠠᠶᠢᠭᠤᠯᠤᠭᠰᠠᠠ 45 ᠵᠢᠯ ᠤᠨ ᠤᠢ ᠪᠤᠯᠤᠨ᠎ᠠ᠂ ᠡᠨᠡ ᠨᠢ ᠬᠤᠶᠠᠷ ᠤᠯᠤᠰ ᠤᠨ ᠬᠠᠷᠢᠯᠴᠠᠭ᠎ᠠ ᠳᠠᠬᠢ ᠴᠢᠬᠤᠯᠠ ᠪᠡᠯᠭᠡ ᠲᠡᠮᠲᠡᠭ ᠪᠤᠯᠤᠨ᠎ᠠ᠃ ᠲᠠᠠ ᠤ ᠪᠠᠳᠤ ᠴᠢᠩᠭ᠎ᠠ ᠤᠲᠤᠷᠢᠲᠤᠯᠭ᠎ᠠ ᠲᠤᠤᠷ᠎ᠠ᠂ ᠲᠤᠮᠲᠠᠲᠤ ᠤᠯᠤᠰ ᠬᠢᠵᠢᠭ ᠤᠨ ᠪᠠᠶᠢᠲᠠᠯ ᠢ ᠦᠪᠡᠷ ᠢᠶᠠᠨ ᠠᠮᠵᠢᠯᠲᠠᠲᠠᠢ ᠡᠵᠡᠮᠲᠡᠵᠦ ᠴᠢᠲᠠᠭᠰᠠᠠ ᠪᠦᠭᠡᠳ ᠪᠠᠰᠠ ᠹᠢᠯᠢᠫᠢᠨ ᠵᠡᠷᠭᠡ ᠬᠠᠨᠢᠲᠠᠳ ᠲᠠᠭᠠᠨ ᠬᠠᠷᠠᠮ ᠦᠭᠡᠢ ᠲᠤᠰᠠᠯᠠᠮᠵᠢ ᠬᠠᠩᠭᠠᠪᠠ᠂ ᠢᠯᠠᠩᠭᠤᠶ᠎ᠠ ᠲᠡᠷᠢᠭᠦᠯᠡᠭᠴᠢ ᠰᠢ ᠶᠢᠨ ᠫᠢᠩ ᠲᠤᠮᠲᠠᠲᠤ ᠤᠯᠤᠰ ᠸᠠᠺᠼᠢᠨ ᠢ ᠠᠮᠵᠢᠯᠲᠠᠲᠠᠢ ᠰᠤᠲᠤᠯᠤᠨ ᠭᠠᠷᠭᠠᠵᠦ ᠠᠰᠢᠠᠠᠯᠠᠯᠲᠠ ᠳᠤ ᠤᠷᠤᠭᠤᠯᠤᠭᠰᠠᠠ ᠤ ᠲᠠᠷᠠᠭ᠎ᠠ ᠪᠦᠬᠦ ᠲᠡᠯᠡᠭᠡᠢ ᠶᠢᠨ ᠤᠯᠠᠠ ᠨᠡᠶᠢᠲᠡ ᠶᠢᠨ ᠦᠢᠯᠡᠳᠭᠦᠨ ᠪᠤᠯᠭᠠᠨ᠎ᠠ ᠭᠡᠵᠦ ᠨᠡᠶᠢᠲᠡᠯᠡᠪᠡ᠂ ᠡᠨᠡ ᠨᠢ ᠪᠦᠬᠦ ᠬᠦᠮᠦᠨ ᠲᠦᠷᠦᠯᠬᠢᠲᠠᠠ ᠳᠤ ᠠᠰᠢᠭ ᠬᠦᠷᠲᠡᠭᠡᠨ᠎ᠠ᠃ ᠹᠢᠯᠢᠫᠢᠨ ᠭᠡᠵᠢᠶᠠᠲᠠ ᠲᠤᠮᠲᠠᠲᠤ ᠤᠯᠤᠰ ᠤᠨ ᠠᠷᠠᠳ ᠲᠦᠮᠠᠠ ᠲᠠᠢ ᠨᠠᠶᠢᠵᠠᠯᠠᠨ᠎ᠠ᠂ ᠶᠠᠮᠠᠷᠪᠠ ᠬᠦᠮᠦᠨ ᠹᠢᠯᠢᠫᠢᠨ ᠢ ᠠᠰᠢᠠᠠᠯᠠᠵᠦ ᠲᠤᠮᠲᠠᠲᠤ ᠤᠯᠤᠰ ᠢ ᠡᠰᠡᠷᠭᠦᠴᠡᠬᠦ ᠠᠵᠢᠯᠯᠠᠭ᠎ᠠ ᠬᠢᠬᠦ ᠶᠢ ᠵᠦᠪᠰᠢᠶᠡᠷᠡᠬᠦ ᠦᠭᠡᠢ᠃ ᠹᠢᠯᠢᠫᠢᠨ ᠤ ᠬᠢᠨ ᠬᠤᠶᠠᠷ ᠤᠯᠤᠰ ᠤᠨ ᠠᠷᠠᠳ ᠲᠦᠮᠠᠠ ᠤ ᠨᠦᠬᠦᠷᠯᠡᠯ ᠢ ᠲᠠᠰᠤᠷᠠᠯᠲᠠ ᠦᠭᠡᠢ ᠬᠦᠨᠵᠡᠭᠡᠶᠢᠷᠡᠭᠦᠯᠬᠦ ᠪᠠᠷ ᠴᠢᠷᠮᠠᠶᠢᠵᠦ᠂ ᠲᠤᠮᠲᠠᠲᠤ ᠤᠯᠤᠰ ᠯᠤᠭ᠎ᠠ ᠡᠯ᠎ᠠ ᠬᠦᠷᠢᠶᠡᠡ ᠳᠠᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠦᠷᠭᠡᠳᠭᠡᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠹᠢᠯᠢᠫᠢᠨ ᠤ ᠬᠢᠨ ᠲᠤᠷᠠᠲᠠᠶ᠎ᠠ ᠲᠤᠮᠲᠠᠲᠤ ᠤᠯᠤᠰ ᠪᠤᠯᠤᠨ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ ᠪᠠᠨ ᠦᠷᠬᠦᠯᠵᠢᠯᠡᠡ ᠴᠢᠩᠭᠠᠳᠬᠠᠨ᠎ᠠ ᠭᠡᠵᠦ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号