ᠳᠦᠷᠦᠬᠦᠭᠡᠨ᠂ ᠦᠤᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠯᠪᠠᠨ ᠪᠠᠶᠢᠭᠤᠯᠭ᠎ᠠ ᠶᠢᠨ ᠨᠠᠮ ᠤᠨ | ᠡᠭᠦᠷ ᠤᠨ ᠨᠠᠮ ᠤᠨ ᠭᠡᠰᠢᠭᠦᠳ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠦᠷᠴᠦ᠂ ᠠᠮᠢ | ᠠᠬᠤᠢ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠪᠡ᠃ | ᠲᠤᠰ ᠠᠮᠢ ᠠᠬᠤᠶ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠨᠢ ᠰᠢᠨ᠎ᠡ ᠮᠡᠷᠭᠡᠵᠢᠯ ᠢ ᠶᠡᠷᠦᠩᠬᠡᠶᠢᠯᠡᠨ | ᠠᠰᠢᠬᠯᠠᠬᠤ ᠪᠠᠷ ᠳᠠᠮᠵᠢᠭᠤᠯᠤᠨ ᠦᠤᠰᠢᠨ ᠬᠤᠰᠢᠭᠤᠨ ᠤ ᠠᠮᠢ ᠠᠬᠤᠶ ᠶᠢᠨ ᠵᠤᠭᠠᠴᠠᠯ ᠤᠨ ᠡᠬᠢ ᠪᠠᠶᠠᠯᠢᠭ᠂ | ᠪᠠᠶᠢᠴᠠᠭᠠᠬᠤ ᠪᠠᠶᠢᠭᠤᠯᠭ᠎ᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠦᠶ᠋ᠯᠡᠴᠢᠯᠡᠬᠦ ᠭᠤᠤᠯ ᠡᠭᠦᠷᠭᠡ | ᠴᠢᠳᠠᠪᠤᠷᠢ᠂ ᠦᠤᠰᠢᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ | ᠥᠷᠨᠢᠭᠦᠯᠦᠭᠰᠡᠨ ᠦᠨᠳᠦᠰᠦᠨ ᠪᠠᠶᠢᠳᠠᠯ ᠪᠠ ᠭᠤᠤᠯ ᠦᠷ᠎ᠡ ᠪᠦᠲᠦᠮᠵᠢ ᠵᠡᠷᠭᠡ ᠠᠭᠤᠯᠭᠠᠶᠢ ᠳᠡᠯᠭᠡᠨ ᠦᠵᠡᠭᠦᠯᠵᠦ᠂ | ᠰᠡᠷᠡᠮᠵᠢᠯᠡᠭᠦᠯᠬᠦ ᠬᠥᠮᠦᠵᠢᠯ᠂ ᠬᠠᠤᠯᠢ ᠪᠠᠷ ᠵᠠᠰᠠᠬᠤ ᠤᠬᠠᠭᠤᠯᠤᠨ ᠬᠥᠮᠦᠵᠢᠭᠦᠯᠬᠦ ᠦᠶ᠋ᠯᠡᠳᠦᠯ ᠢ ᠪᠠᠳᠠᠷᠠᠭᠤᠯᠤᠬᠰᠠᠨ | ᠪᠠᠶᠢᠨ᠎ᠠ᠃ ᠳᠡᠳᠡ ᠪᠦᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠲᠤᠰᠬᠠᠶ ᠰᠡᠳᠦᠪᠲᠦ ᠹᠢᠯᠢᠮ ᠢ ᠦᠵᠡᠵᠦ | ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠰᠤᠷᠭᠠᠯ ᠢ ᠳᠠᠬᠢᠨᠲᠠ ᠡᠷᠭᠢᠴᠡᠭᠦᠯᠤᠨ᠂ ︽ᠦᠵᠡᠯ ᠰᠠᠨᠠᠭ᠎ᠠ ᠪᠠᠷ | ᠬᠥᠲᠥᠯᠥᠨ ᠳᠠᠭᠠᠭᠤᠯᠬᠤ᠂ ᠡᠭᠦᠷᠭᠡ ᠬᠠᠷᠢᠭᠤᠴᠠᠯᠭ᠎ᠠ ᠪᠠᠨ ᠳᠡᠭᠡᠳᠤᠯᠡᠬᠦ᠂ ᠪᠣᠬᠢᠷᠲᠤᠯ ᠦᠭᠡᠢ ᠪᠠᠶᠢᠬᠤ ᠶᠢ | ᠳᠤᠪᠤᠶᠢᠯᠭᠠᠬᠤ︾ ᠭᠤᠷᠪᠠᠨ ᠶᠡᠭᠡ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠢ ᠨᠠᠷᠢᠨ ᠬᠢᠨᠠᠮᠠᠭᠠᠢ ᠲᠣᠭᠤᠷᠢᠨ | ᠦᠵᠡᠪᠡ᠃ ︽ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ︾ ᠳᠤᠭᠤᠷᠢᠭ ᠲᠤ᠂ ᠨᠠᠮ ᠤᠨ ᠭᠡᠰᠢᠭᠦᠳ ᠶᠡᠷᠦᠩᠬᠡᠶ | ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠴᠢ ᠳᠠᠷᠤᠭ᠎ᠠ ᠵᠠᠩ ᠵᠢᠶᠦ᠋ᠨ ᠵᠡᠷᠭᠡ ᠤᠳᠤᠷᠢᠳᠤᠯᠭ᠎ᠠ ᠶᠢᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠳᠤ ᠬᠢᠭᠰᠡᠨ ᠴᠢᠬᠤᠯᠠ ᠪᠠᠶᠢᠷᠢᠯᠠᠭᠤᠯᠤᠯᠲᠠ ᠪᠠ ᠵᠢᠭᠠᠪᠤᠷᠢ ᠶᠢ ᠰᠤᠷᠤᠯᠴᠠᠪᠠ᠃ ︽ᠡᠬᠦᠷᠭᠡ | ᠬᠠᠷᠢᠭᠤᠴᠠᠯᠭ᠎ᠠ ᠪᠠᠨ ᠳᠡᠭᠡᠳᠦᠯᠡᠬᠦ︾ ᠲᠣᠭᠤᠷᠢᠭ ᠲᠤ᠂ ᠦᠦᠰᠢᠨ ᠬᠤᠰᠢᠭᠤᠨ ᠤ ᠥᠨᠢ ᠤᠳᠠᠭᠠᠨ ᠲᠡᠦᠬᠡ ᠶᠢᠨ | ᠬᠥᠰᠢᠭᠡ ᠶᠢᠨ ᠬᠡᠷᠡᠮ ᠪᠣᠯᠤᠨ ᠦᠦᠰᠢᠨ ᠬᠤᠰᠢᠭᠤᠨ ᠤ ᠰᠢᠷᠬᠤᠰᠤᠨ ᠤ ᠦᠵᠡᠰᠬᠦᠯᠡᠩᠲᠦ ᠰᠠᠶᠢᠬᠠᠨ ᠦᠵᠡᠮᠵᠢ ᠶᠢᠨ | ᠳᠡᠯᠭᠡᠨ ᠦᠵᠡᠭᠦᠯᠭᠡ ᠨᠠᠮ ᠤᠨ ᠭᠡᠰᠢᠭᠦᠳ ᠤᠨ ᠠᠩᠬᠠᠷᠤᠯ ᠢ ᠶᠡᠬᠡᠳᠡ ᠲᠠᠲᠠᠵᠠᠢ᠃ ᠪᠠᠶᠢᠴᠠᠭᠠᠬᠤ ᠪᠠᠶᠢᠭᠤᠯᠭ᠎ᠠ ᠶᠢᠨ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠶᠢᠨ ᠴᠢᠬᠤᠯᠠ ᠦᠶ᠋ᠯᠡᠳᠦᠯ ᠪᠠ ᠨᠥᠯᠥᠭᠡ ᠶᠢ ᠤᠯᠠᠮ | ᠨᠢᠭᠡ ᠠᠯᠬᠤᠮ ᠣᠶᠢᠯᠠᠭᠠᠭᠰᠠᠨ ᠤ ᠲᠠᠷᠠᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠣᠯᠤᠭᠰᠠᠨ ᠠᠮᠵᠢᠯᠲᠠ ᠪᠦᠳᠤᠮᠵᠢ ᠶᠢ ᠲᠣᠭᠤᠷᠢᠨ ᠦᠵᠡᠵᠡᠭᠡᠪᠡ᠃ | ᠦᠤᠰᠢᠨ ᠬᠤᠰᠢᠭᠤᠨ ᠤ ᠪᠠᠶᠢᠴᠠᠭᠠᠬᠤ ᠬᠤᠷᠢᠶᠠᠨ ᠤ ᠠᠮᠢ ᠠᠬᠤᠢ ᠶᠢᠨ ᠬᠥᠮᠦᠵᠢᠯ ᠤᠨ ᠦᠵᠡᠭᠦᠯᠭᠡ ᠶᠢᠨ | ᠲᠢᠩᠬᠢᠮ ᠪᠠᠶᠢᠭᠤᠯᠤᠭᠳᠠᠭᠰᠠᠨ ᠪᠠ ᠨᠡᠭᠡᠭᠡᠭᠳᠡᠭᠰᠡᠨ ᠨᠢ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠶᠠᠯᠠᠲᠤ | ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠪᠠᠭᠠᠰᠬᠠᠵᠤ᠂ ᠤᠷᠢᠳᠴᠢᠯᠠᠨ ᠰᠡᠷᠭᠡᠶᠢᠯᠡᠬᠦ ᠶᠢᠨ ᠤᠷᠢᠲᠠᠯ | ᠪᠠᠲᠤᠯᠠᠭ᠎ᠠ ᠶᠢᠨ ᠦᠢᠯᠡᠳᠤᠯ ᠢ ᠪᠠᠳᠠᠷᠠᠭᠤᠯᠵᠤ᠂ ᠨᠤᠮᠢᠨ ᠳᠠᠩᠰᠤᠭ ᠦᠦᠰᠢᠨ ᠢ ᠪᠦᠲᠦᠭᠡᠨ ᠪᠠᠶᠢᠭᠤᠯᠬᠤ ᠳᠤ | ᠪᠠᠶᠢᠴᠠᠭᠠᠬᠤ ᠠᠵᠢᠯ ᠤᠨ ᠬᠦᠴᠦᠨ ᠴᠢᠳᠠᠯ ᠢ ᠡᠷᠭᠦᠵᠤ ᠪᠤᠢ᠃ |