ᠰᠢᠷᠬᠤᠰᠤᠨ ᠪᠠᠯᠭᠠᠰᠤ ᠨᠢ ᠰᠠᠭᠤᠭ᠎ᠠ ᠭᠠᠵᠠᠷ ᠤᠨ ᠠᠵᠤ ᠠᠬᠤᠶᠢᠯᠠᠯ ᠲᠠᠢ ᠬᠠᠷᠢᠯᠴᠠᠭ᠎ᠠ ᠬᠤᠯᠪᠤᠭ᠎ᠠ ᠪᠠᠨ | ᠴᠢᠩᠭᠠᠳᠬᠠᠨ ᠶᠠᠳᠠᠭᠤ ᠭᠦᠴᠢᠷᠳᠡᠯᠲᠡᠢ ᠣᠯᠠᠨ ᠲᠦᠮᠡᠨ ᠢ ᠵᠣᠬᠢᠶᠠᠨ ᠪᠠᠶᠢᠭᠤᠯᠵᠦ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠪᠠᠷ ᠲᠤᠰ ᠭᠠᠵᠠᠷ ᠣᠷᠣᠨ ᠤ ᠳᠠᠪᠠᠭᠤᠯᠢᠭ ᠪᠦᠬᠦᠢ ᠣᠨᠴᠠᠯᠢᠭᠲᠤ ᠮᠠᠯ ᠤᠨ ᠠᠰᠢᠭ ᠰᠢᠮ᠎ᠡ ᠶᠢᠨ | ᠦᠢᠯᠡᠳᠭᠦᠨ᠂ ᠲᠠᠷᠢᠶᠠᠯᠠᠩ ᠤᠨ ᠪᠦᠲᠦᠭᠡᠭᠳᠡᠭᠦᠨ ᠢ ᠬᠥᠭᠵᠢᠭᠦᠯᠤᠨ ᠬᠠᠩᠭᠠᠯᠭ᠎ᠠ ᠶᠢᠨ ᠬᠡᠯᠬᠢᠶᠡᠵᠢᠯ ᠢ ᠨᠡᠪᠲᠡᠷᠡᠭᠦᠯᠵᠦ | ᠬᠤᠳᠠᠯᠳᠤᠨ ᠠᠪᠬᠤ ᠪᠠ ᠪᠣᠷᠣᠯᠠᠭᠤᠯᠬᠤ ᠬᠠᠷᠢᠴᠠᠭ᠎ᠠ ᠶᠢ ᠲᠤᠭᠲᠠᠪᠤᠷᠢᠵᠢᠭᠤᠯᠤᠨ ᠠᠰᠢᠭ ᠤᠷᠤᠯᠭ᠎ᠠ ᠪᠠᠨ ᠪᠠᠲᠤᠯᠠᠵᠤ | ᠪᠠᠶᠢᠨ᠎ᠠ᠃ | | | | | | | ᠣᠶᠢᠷ᠎ᠠ ᠳᠤ᠂ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠣᠰᠬᠤᠨ ᠳᠠᠩᠰᠠᠯᠠᠵᠤ ᠺᠠᠷᠲᠯᠠᠭᠰᠠᠨ ᠶᠠᠳᠠᠭᠤ | ᠭᠦᠴᠢᠷᠳᠡᠯᠲᠡᠢ ᠡᠷᠦᠬᠡ ᠶᠢ ᠤᠷᠤᠯᠠᠨ ᠲᠠᠬᠢᠶ᠎ᠠ ᠲᠡᠵᠢᠭᠡᠵᠦ ᠶᠠᠳᠠᠭᠤ ᠶᠢ ᠳᠡᠳᠭᠦᠭᠦ ᠠᠵᠢᠯᠯᠠᠭᠠᠨ ᠢ ᠡᠷᠴᠢᠮᠳᠡᠢ | ᠦᠷᠨᠢᠬᠦᠯᠵᠦ ᠪᠠᠶᠢᠨ᠎ᠠ᠃ ᠤᠳᠠ ᠶᠢᠨ ᠭᠤᠤᠯ ᠲᠣᠰᠬᠤᠨ ᠳᠤ 6 ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ | ᠡᠷᠦᠬᠡ ᠲᠠᠢ ᠪᠠᠶᠢᠵᠤ᠂ ᠤᠳᠤᠬᠠᠨ ᠳᠤ ᠪᠥᠭᠦᠨ ᠢᠶᠠᠷ ᠢᠶᠠᠨ ᠶᠠᠳᠠᠭᠤ ᠠᠴᠠ ᠠᠩᠬᠢᠵᠢᠷᠠᠭᠰᠠᠨ ᠪᠠᠶᠢᠨ᠎ᠠ᠃ ᠳᠠᠩᠰᠠᠯᠠᠵᠤ | ᠺᠠᠷᠲᠯᠠᠭᠰᠠᠨ ᠶᠠᠳᠠᠭᠤ ᠭᠦᠴᠢᠷᠳᠡᠯᠲᠡᠢ ᠡᠷᠦᠬᠡ ᠶᠢ ᠤᠷᠤᠯᠠᠨ ᠲᠠᠬᠢᠶ᠎ᠠ ᠲᠡᠵᠢᠭᠡᠵᠦ ᠶᠠᠳᠠᠭᠤ ᠶᠢ ᠳᠡᠳᠭᠦᠭᠦ ᠲᠤᠰ | ᠠᠵᠢᠯᠯᠠᠭᠠᠨ ᠨᠢ ᠳᠠᠷᠣᠢ ᠶᠠᠳᠠᠭᠤ ᠭᠦᠴᠢᠷᠳᠡᠯᠲᠡᠢ ᠡᠷᠦᠬᠡ ᠶᠢᠨ ᠲᠠᠬᠢᠶ᠎ᠠ ᠶᠢ ᠯᠢᠶᠠᠩ ᠰᠢᠶᠤᠤ ᠫᠢᠩ ᠤᠨ ᠡᠷᠬᠢᠯᠡᠭᠰᠡᠨ | ᠮᠠᠯ ᠲᠠᠷᠢᠶᠠᠯᠠᠩ ᠤᠨ ᠦᠢᠯᠡᠰ ᠤᠨ ᠺᠤᠮᠫᠠᠨᠢ ᠳᠤ ᠬᠦᠷᠭ᠊ ᠠᠷᠠᠴᠢᠯᠡᠨ ᠳᠡᠵᠢᠭᠡᠭᠰᠡᠨ ᠦᠪᠡᠷ ᠤᠨ ᠦᠷᠳᠡᠭ 100 | ᠲᠦᠭᠦᠷᠢᠭ ᠢ ᠺᠤᠮᠫᠠᠨᠢ ᠳᠤ ᠳᠣᠰᠢᠶᠠᠵᠣ ᠦᠯᠡᠳᠡᠭᠰᠡᠨ ᠬᠡᠰᠡᠭ ᠢ ᠨᠢ ᠶᠠᠳᠠᠭᠤ ᠬᠦᠴᠢᠷᠳᠡᠯᠳᠡᠢ ᠡᠷᠤᠬᠡ ᠳᠤ ᠳᠣᠭᠠᠴᠠᠨ | ᠦᠭᠭᠦᠨ᠎ᠡ᠃ ᠲᠠᠬᠢᠶᠠᠨ ᠦᠨᠳᠡᠭᠡ ᠶᠢ ᠬᠤᠳᠠᠯᠳᠤᠭᠰᠠᠨ ᠤ ᠳᠠᠷᠠᠭ᠎ᠠ ᠮᠦᠩᠬᠦ ᠶᠢ ᠨᠢ ᠮᠦᠨ ᠠᠳᠠᠯᠢ ᠶᠠᠳᠠᠭᠤ | ᠬᠦᠴᠢᠷᠳᠡᠯᠳᠡᠢ ᠡᠷᠤᠭᠡ ᠳᠤ ᠳᠣᠭᠠᠴᠠᠨ ᠦᠭᠭᠦᠨ᠎ᠡ᠃ ᠤᠳᠠ ᠶᠢᠨ ᠭᠤᠤᠯ ᠲᠤᠰᠬᠤᠨ ᠨᠢ ᠲᠣᠰᠬᠤᠨ ᠳᠤ ᠰᠠᠭᠤᠭ᠎ᠠ | ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠤᠯᠤᠨ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠭᠡᠰᠢᠭᠦᠨ | ᠺᠠᠳ᠋ᠷ ᠵᠢᠴᠢ ᠲᠣᠰᠬᠤᠨ ᠤ ᠭᠤᠷᠪᠠᠨ ᠵᠥᠪᠯᠡᠯ ᠤᠨ ᠤᠳᠤᠷᠢᠳᠬᠤ ᠪᠠᠭ ᠵᠡᠷᠭᠡ ᠶᠢᠨ 43 ᠬᠥᠮᠦᠨ ᠢ ᠲᠠᠶᠢᠴᠢᠯᠠᠨ | ᠶᠠᠳᠠᠭᠤ ᠬᠦᠴᠢᠷᠳᠡᠯᠳᠡᠢ ᠡᠷᠤᠬᠡ ᠶᠢᠨ ᠳᠠᠬᠢᠶ᠎ᠠ ᠪᠣᠯᠤᠨ ᠥᠨᠳᠡᠭᠡ ᠶᠢ ᠬᠤᠳᠠᠯᠳᠤᠨ ᠠᠪᠬᠤ ᠪᠠᠷ ᠳᠠᠮᠵᠢᠭᠤᠯᠤᠨ 1. | 22 ᠲᠦᠮᠡᠨ ᠲᠥᠭᠦᠷᠢᠭ ᠴᠤᠭᠯᠠᠭᠤᠯᠵᠤ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠠᠴᠠ ᠭᠠᠳᠠᠨ᠎ᠠ | ᠥᠯᠡᠳᠡᠭᠰᠠᠨ 6100 ᠲᠥᠭᠦᠷᠢᠭ ᠢ ᠶᠠᠳᠠᠭᠤ ᠬᠦᠴᠢᠷᠳᠡᠯᠲᠡᠶ ᠡᠷᠦᠬᠡ ᠳᠤ ᠬᠤᠪᠢᠶᠠᠨ ᠦᠭᠴᠦ ᠡᠷᠦᠬᠡ ᠪᠦᠷᠢ | 1000 ᠲᠥᠭᠦᠷᠢᠭ ᠣᠷᠴᠢᠮ ᠤᠨ ᠣᠷᠣᠯᠭ᠎ᠠ ᠤᠯᠵᠠᠢ᠃ | | | | | | | ᠡᠨᠡ ᠵᠢᠯ ᠰᠢᠷᠬᠤᠰᠤᠨ ᠪᠠᠯᠭᠠᠰᠤ ᠶᠡᠷᠦᠩᠬᠡᠶ ᠱᠦᠵᠢ ᠰᠢ ᠶᠢᠨ ᠫᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ | ᠠᠵᠢᠯᠯᠠᠭ᠎ᠠ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠪᠥᠬᠦ ᠪᠠᠯᠭᠠᠰᠤᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠦᠯᠦᠪᠯᠡᠨ | ᠴᠢᠬᠤᠯᠠ ᠠᠷᠭ᠎ᠠ ᠬᠡᠮᠵᠢᠶ᠎ᠡ ᠠᠪᠴᠤ ᠰᠢᠷᠬᠤᠰᠤᠨ ᠪᠠᠯᠭᠠᠰᠤᠨ ᠳᠤ ᠪᠠᠶᠢᠭ᠎ᠠ ᠠᠵᠤ ᠠᠬᠤᠶᠢᠯᠠᠯ᠂ 3+1 ᠬᠠᠪᠰᠤᠷᠤᠨ | ᠲᠡᠳᠬᠦᠬᠦ ᠨᠢᠭᠡᠴᠢ ᠨᠢ ᠶᠠᠳᠠᠭᠤ ᠬᠦᠴᠢᠷᠳᠡᠯᠲᠡᠶ ᠡᠷᠦᠬᠡ ᠲᠠᠢ ᠣᠷᠣᠯᠠᠨ ᠪᠣᠷᠣᠯᠠᠭᠤᠯᠬᠤ᠂ ᠬᠤᠳᠠᠯᠳᠤᠨ ᠠᠪᠴᠤ | ᠣᠷᠣᠯᠠᠨ ᠲᠡᠵᠢᠭᠡᠬᠦ ᠬᠡᠯᠡᠯᠴᠡᠭᠡᠷ ᠲᠤᠭᠳᠠᠬᠤ ᠶᠢ ᠠᠭᠢᠭᠤᠯᠤᠨ ᠣᠯᠠᠨ ᠲᠠᠯ᠎ᠠ ᠪᠠᠷ ᠬᠦᠴᠦ ᠬᠠᠮᠳᠤᠳᠬᠠᠵᠤ | ᠬᠤᠳᠠᠯᠳᠤᠨ ᠠᠪᠤᠭᠰᠠᠨ ᠪᠠᠯᠡ ᠮᠥᠩᠭᠦ 16 ᠲᠦᠮᠡᠨ ᠲᠥᠭᠦᠷᠢᠭ ᠢ 82 ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠭᠦ ᠳᠤ ᠲᠠᠮᠵᠢᠯᠭᠡ ᠪᠤᠯᠭᠠᠪᠠ᠃ | | | | | | | ᠰᠢᠷᠬᠤᠰᠤᠨ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠳᠠᠯᠠᠨ ᠵᠠᠭᠤᠨ ᠠᠵᠤ | ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠬᠠᠪᠰᠤᠷᠤᠨ ᠲᠠᠳᠭᠦᠭᠦ ᠦᠢᠯᠡᠳᠦᠯ ᠶᠢ ᠬᠦᠢᠴᠡᠳ ᠪᠠᠳᠠᠷᠠᠭᠤᠯᠵᠤ ︽ | ᠨᠠᠮ ᠤᠨ ᠡᠭᠦᠷ + ᠠᠵᠤ ᠠᠬᠤᠶᠢᠯᠠᠯ + ᠬᠤᠷᠰᠢᠶᠠᠵᠢᠯ + ᠶᠠᠳᠠᠭᠤ ᠬᠦᠴᠢᠷᠳᠡᠯᠲᠡᠶ ᠡᠷᠦᠬᠡ︾ ᠶᠢᠨ | ᠬᠥᠭᠵᠢᠯᠲᠡ ᠶᠢᠨ ᠬᠡᠪ ᠵᠠᠭᠪᠤᠷ ᠢᠶᠠᠷ ᠲᠠᠮᠵᠢᠭᠤᠯᠤᠨ ᠠᠵᠤ ᠠᠬᠤᠶᠢᠯᠠᠯ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢᠨ | ᠬᠠᠮᠳᠤᠪᠠᠷ ᠬᠥᠭᠵᠢᠬᠦ ᠵᠠᠮ ᠢ ᠨᠡᠪᠲᠡᠷᠡᠭᠦᠯᠵᠦ ᠠᠰᠢᠭ ᠲᠤᠰᠠ ᠶᠢ ᠭᠦᠨᠵᠡᠭᠡᠢ ᠬᠤᠯᠪᠤᠨ ᠬᠠᠩᠭᠠᠯᠭ᠎ᠠ ᠬᠡᠷᠡᠭᠴᠡᠭᠡ ᠶᠢ | ᠭᠦᠨᠵᠡᠭᠡᠢ ᠨᠢᠭᠡᠳᠬᠡᠵᠦ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠭᠰᠠᠨ ᠪᠠᠶᠢᠨ᠎ᠠ᠃ |