ᠨᠠᠷᠢᠨᠭᠤᠣᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠵᠥ ᠪᠤᠢ
ᠨᠡᠶᠢᠲᠡᠯᠡᠭᠰᠡᠨ ᠴᠠᠭ᠄
2020-06-16
    ᠣᠢᠢᠷ᠎ᠠ ᠶᠢᠨ ᠡᠳᠦᠷ᠂ ᠣᠷᠳᠣᠰ ᠤᠨ ᠨᠠᠷᠢᠨᠭᠤᠣᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠳᠡᠪᠬᠢᠲᠡᠢ ᠬᠥᠳᠡᠯᠦᠯᠴᠡᠨ᠂ ᠭᠦᠢᠴᠡᠳ ᠪᠠᠶᠢᠷᠢᠯᠠᠭᠤᠯᠤᠯᠲᠠ ᠬᠢᠵᠦ᠂ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠡ᠊ᠨᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃     ᠣᠢᠢᠷ᠎ᠠ ᠶᠢᠨ ᠡᠳᠦᠷ ᠤᠳ ᠲᠤ᠂ ᠨᠠᠷᠢᠨᠭᠤᠣᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨ ᠠᠵᠤ ᠠᠬᠤᠢᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠡᠯ᠎ᠡ ᠵᠦᠢᠯ ᠤᠨ ᠳᠦᠷᠢᠮ ᠳᠤᠭᠳᠠᠭᠠᠯ ᠢ ᠦᠨᠡᠨ ᠬᠦ ᠨᠠᠶᠢᠳᠠᠪᠤᠷᠢᠵᠢᠭᠤᠯᠤᠨ᠂ ᠳᠦᠷᠢᠮ ᠲᠣᠭᠲᠠᠭᠠᠯ ᠪᠠ ᠨᠠᠶᠢᠳᠠᠪᠤᠷᠢᠵᠢᠭᠤᠯᠤᠯᠳᠠ ᠶᠢᠨ ᠡᠷᠡᠰ ᠤᠨᠳᠤᠤ ᠪᠠᠶᠢᠬᠤ ᠦᠵᠡᠭᠳᠡᠯ ᠢ ᠡᠷᠡᠰ ᠬᠤᠷᠢᠭᠯᠠᠨ ᠵᠣᠭᠰᠣᠭᠠᠵᠠᠢ︔ ᠪᠣᠳᠠᠲᠠᠢ ᠠᠳᠬᠤᠬᠤ᠂ ᠨᠠᠷᠢᠯᠢᠭ ᠠᠳᠬᠤᠬᠤ᠂ ᠰᠠᠶᠢᠳᠤᠷ ᠠᠳᠬᠤᠬᠤ ᠪᠠᠷ ᠲᠡᠮᠵᠢᠨ ᠺᠣᠮᠫᠠᠨᠢ ᠶᠢᠨ ᠨᠢᠭᠡᠳᠦᠭᠡᠷ ᠹᠷᠣᠨᠲ ᠲᠠᠬᠢ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭ᠎ᠠ ᠠᠳᠬᠤᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠣᠢᠢᠯᠠᠭᠠᠨ ᠮᠡᠳᠡᠵᠦ ᠠᠪᠬᠤ ᠶᠢ ᠦᠨᠡᠨ ᠬᠦ ᠪᠠᠲᠤᠯᠠᠨ᠂ ᠦᠢᠯᠡᠳᠪᠦᠷᠢ ᠳᠤ ᠣᠷᠣᠵᠤ ᠢᠷᠡᠭᠰᠡᠨ ᠡᠯ᠎ᠡ ᠲᠥᠷᠥᠯ ᠤᠨ ᠬᠥᠮᠦᠰ᠂ ᠭᠠᠳᠠᠭᠰᠢ ᠳᠠᠭᠠᠭᠠᠴᠢᠯᠠᠭᠰᠠᠨ ᠨᠢᠭᠡᠴᠢ ᠶᠢᠨ ᠠᠵᠢᠯᠲᠠᠳ ᠢ ᠦᠢᠯᠡᠳᠪᠦᠷᠢ ᠳᠤ ᠳᠠᠪᠲᠠᠨ ᠪᠣᠯᠪᠠᠰᠤᠷᠠᠭᠤᠯᠵᠤ᠂ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠠᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ᠂ ᠠᠵᠤ ᠠᠬᠤᠢᠢᠯᠠᠯ ᠤᠨ ᠠᠵᠢᠯᠲᠠᠨ ᠤ ᠰᠡᠳᠭᠢᠴᠡ ᠶᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠠᠵᠢᠯᠲᠠᠨ ᠠᠵᠢᠯᠴᠢᠳ ᠤᠨ ᠠᠶᠤᠯᠬᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠥᠴᠦᠬᠡᠨ ᠴᠦ ᠰᠤᠯᠠᠷᠠᠭᠤᠯᠬᠤ ᠥᠬᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠬᠦᠢ ᠦᠢᠯᠡᠳᠪᠦᠷᠢᠯᠡᠯ ᠢ ᠰᠠᠭᠠᠲᠠᠭᠠᠬᠤ ᠥᠬᠡᠢ ᠪᠠᠶᠢᠬᠤ ᠶᠢ ᠪᠡᠶᠡᠯᠡᠬᠦᠯᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号